ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2021-08-09 11:03:03

ᠵᠣᠬᠢᠶᠠᠭ᠍ᠴᠢ᠄ ᠶᠤᠸᠠᠨ ᠪᠦᠦ ᠨᠢᠶᠠᠨ ᠣᠩᠱᠢᠭ᠍ᠰᠠᠨ ᠣᠳᠠᠭ᠎ᠠ᠄ 3

ᠤᠢᠷ᠎ᠠ᠎ᠶᠢᠨ ᠬᠤᠭᠤᠴᠠᠭᠠᠨ᠎ᠳ᠋ᠤ᠂ ᠬᠢᠯᠢ᠎ᠶᠢᠨ ᠭᠠᠳᠠᠨ᠎ᠠ᠎ᠡᠴᠠ ᠣᠷᠣᠵᠤ ᠢᠷᠡᠭᠰᠡᠨ᠎ᠡᠴᠠ ᠪᠣᠯᠤᠭᠰᠠᠨ ᠬᠢᠵᠢᠭ᠎ᠤᠨ ᠪᠠᠶᠢᠳᠠᠯ ᠮᠠᠨ᠎ᠤ ᠤᠯᠤᠰ᠎ᠤᠨ ᠤᠯᠠᠨ ᠮᠤᠵᠢ᠎ᠶᠢ ᠨᠥᠯᠥᠭᠡᠯᠡᠵᠦ᠂ ᠮᠠᠨ᠎ᠤ ᠣᠷᠣᠨ᠎ᠤ ᠣᠨᠴᠠ ᠵᠠᠷᠢᠮ ᠭᠠᠵᠠᠷ ᠣᠷᠣᠨ ᠴᠤ ᠠᠳᠠᠯᠢ ᠪᠤᠰᠤ ᠬᠡᠮᠵᠢᠶ᠎ᠡ ᠪᠠᠷ ᠨᠥᠯᠥᠭᠡᠯᠡᠭᠳᠡᠵᠦ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠭᠠᠳᠠᠨ᠎ᠠ᠎ᠡᠴᠠ ᠬᠠᠯᠳᠠᠪᠤᠷᠢᠯᠠᠨ ᠣᠷᠣᠵᠤ ᠢᠷᠡᠬᠦ᠎ᠶᠢ ᠰᠡᠷᠭᠡᠶᠢᠯᠡᠬᠦ᠂ ᠳᠣᠲᠣᠭᠠᠳᠤ᠎ᠳᠠᠭᠠᠨ ᠲᠠᠬᠢᠨ ᠳᠡᠯᠭᠡᠷᠡᠬᠦ᠎ᠶᠢ ᠰᠡᠷᠭᠡᠶᠢᠯᠡᠬᠦ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠨ᠎ᠠ᠃ ᠡᠯ᠎ᠡ ᠭᠠᠵᠠᠷ᠎ᠤᠨ ᠣᠯᠠᠨ ᠲᠦᠮᠡᠨ ᠬᠤᠪᠢ ᠬᠥᠮᠦᠨ᠎ᠤ ᠰᠡᠷᠭᠡᠶᠢᠯᠡᠨ ᠬᠠᠮᠠᠭᠠᠯᠠᠯᠲᠠ᠎ᠪᠠᠨ ᠬᠢᠨᠠᠮᠠᠭᠠᠶ ᠰᠠᠶᠢᠲᠤᠷ ᠬᠢᠵᠦ᠂ ᠸᠠᠺᠼᠢᠨ᠎ᠢ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠡᠴᠠ᠎ᠪᠠᠨ ᠳᠠᠷᠢᠬᠤ ᠬᠡᠷᠡᠭᠲᠡᠢ︔ ᠰᠠᠨᠠᠭᠠᠴᠢᠯᠠᠭ᠎ᠠ᠎ᠡᠴᠠ᠎ᠪᠠᠨ ᠮᠡᠳᠡᠭᠦᠯᠬᠦ ᠤᠬᠠᠮᠰᠠᠷ᠎ᠢᠶᠡᠨ ᠴᠢᠩᠭᠠᠳᠬᠠᠵᠤ᠂ ᠲᠤᠰᠠᠭᠠᠷᠯᠠᠬᠤ᠎ᠶᠢ ᠳᠡᠮᠵᠢᠨ ᠬᠠᠮᠵᠢᠯᠴᠠᠬᠤ ᠬᠡᠷᠡᠭᠲᠡᠢ︔ ᠭᠠᠳᠠᠨ᠎ᠠ ᠣᠷᠣᠨ᠎ᠳ᠋ᠤ ᠪᠠᠶᠢᠭ᠎ᠠ ᠮᠠᠨ᠎ᠤ ᠣᠷᠣᠨ᠎ᠤ ᠰᠤᠷᠭᠠᠭᠤᠯᠢ᠎ᠶᠢᠨ ᠪᠠᠭᠰᠢ ᠰᠤᠷᠤᠭᠴᠢᠳ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠤᠷᠢᠶᠠᠯᠠᠭ᠎ᠠ᠎ᠶᠢ ᠴᠤᠤᠷᠢᠶᠠᠳᠤᠨ ᠳᠠᠭᠠᠵᠤ᠂ ᠤᠷᠢᠳᠴᠢᠯᠠᠨ ᠨᠤᠲᠤᠭ᠎ᠲᠠᠭᠠᠨ ᠪᠤᠴᠠᠵᠤ ᠬᠡᠷ᠎ᠲᠡᠭᠡᠨ ᠰᠠᠭᠤᠵᠤ ᠠᠵᠢᠠᠠᠯᠠᠯᠳᠠ ᠬᠢᠬᠥ ᠬᠡᠷᠡᠭᠲᠡᠶ︔ ᠵᠠᠷᠢᠮ ᠬᠥᠮᠦᠰ ᠰᠠᠨᠠᠭᠠᠴᠢᠯᠠᠭ᠎ᠠ᠎ᠡᠴᠠ᠎ᠪᠠᠨ ᠵᠢᠭᠤᠯᠴᠢᠯᠠᠯ᠎ᠤᠨ ᠲᠥᠯᠥᠪᠯᠡᠭᠡ᠎ᠪᠠᠨ ᠬᠦᠴᠦᠨ ᠦᠭᠡᠢ ᠪᠣᠯᠭᠠᠵᠤ᠂ ᠠᠷᠭ᠎ᠠ᠎ᠲᠠᠢ ᠯᠡ ᠪᠤᠯ ᠭᠠᠳᠠᠭᠰᠢ ᠭᠠᠷᠬᠤ ᠦᠭᠡᠢ ᠪᠠᠶᠢᠬᠤ᠎ᠶᠢ ᠪᠠᠷᠢᠮᠲᠠᠯᠠᠵᠤ᠂ ᠬᠥᠮᠦᠨ ᠤᠯᠠᠨ ᠴᠤᠭᠯᠠᠷᠠᠬᠤ᠎ᠡᠴᠠ ᠵᠠᠶᠢᠯᠠᠰᠬᠢᠬᠦ ᠬᠡᠷᠡᠭᠲᠡᠢ᠁ ᠤᠢᠷ᠎ᠠ᠎ᠶᠢᠨ ᠡᠳᠦᠷ᠎ᠤᠳ᠎ᠲᠤ᠂ ᠪᠦᠬᠦ ᠣᠷᠣᠨ᠎ᠤ ᠡᠯ᠎ᠡ ᠭᠠᠵᠠᠷ᠎ᠤᠨ ᠤᠯᠠᠨ ᠲᠦᠮᠡᠨ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠲᠤᠬᠠᠢ᠎ᠶᠢᠨ ᠭᠠᠵᠠᠷ᠎ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠳᠠᠷᠤᠶᠢᠬᠠᠨ ᠬᠥᠳᠡᠯᠦᠯᠴᠡᠵᠦ᠂ ᠬᠦᠷᠦᠯᠴᠡᠬᠦ ᠦᠭᠡᠢ ᠲᠠᠯ᠎ᠠ᠎ᠪᠠᠨ ᠨᠥᠬᠥᠪᠥᠷᠢᠯᠡᠵᠦ᠂ ᠳᠤᠲᠠᠭᠤᠳᠠᠯ᠎ᠢᠶᠡᠨ ᠨᠥᠬᠥᠪᠥᠷᠢᠯᠡᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠴᠢᠩᠭ᠎ᠠ ᠰᠡᠷᠭᠡᠶᠢᠯᠡᠨ ᠰᠠᠬᠢᠵᠤ᠂ ᠬᠢᠵᠢᠭ᠎ᠲᠠᠢ ᠲᠡᠮᠡᠴᠡᠬᠦ ᠨᠢᠭᠲᠠ ᠴᠢᠩᠭ᠎ᠠ ︽ ᠬᠠᠮᠠᠭᠠᠯᠠᠯᠲᠠ᠎ᠶᠢᠨ ᠲᠣᠣᠷ︾᠎ᠢ ᠨᠢᠭᠲᠠ ᠰᠦᠯᠵᠢᠭᠰᠡᠨ ᠪᠠᠶᠢᠨ᠎ᠠ᠃

ᠬᠢᠵᠢᠭ᠎ᠤᠨ ᠪᠠᠶᠢᠳᠠᠯ ᠪᠣᠯ ᠰᠡᠷᠡᠮᠵᠢ᠎ᠶᠢᠨ ᠬᠤᠩᠬᠤ᠂ ᠬᠢᠵᠢᠭ᠎ᠤᠨ ᠪᠠᠶᠢᠳᠠᠯ ᠪᠣᠯ ᠵᠠᠷᠯᠢᠭ ᠮᠥᠨ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ‍ᠤᠨ ᠰᠢᠨ᠎ᠡ ᠪᠠᠶᠢᠳᠠᠯ᠂ ᠰᠢᠨ᠎ᠡ ᠠᠰᠠᠭᠤᠳᠠᠯ᠎ᠨᠢ ᠪᠢᠳᠡᠨ᠎ᠳ᠋ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠢ ᠨᠢᠭᠡ ᠮᠥᠴᠡ ᠴᠦ ᠰᠤᠯᠠᠷᠠᠭᠤᠯᠵᠤ ᠪᠣᠯᠬᠤ ᠥᠬᠡᠶ ᠭᠡᠳᠡᠭ᠎ᠢ ᠰᠡᠷᠡᠮᠵᠢᠯᠡᠭᠦᠯᠵᠦ ᠪᠠᠶᠢᠨ᠎ᠠ᠃ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠣᠯ ᠨᠢᠭᠡ ᠤᠳᠠᠭ᠎ᠠ᠎ᠶᠢᠨ ᠪᠦᠬᠦ ᠠᠷᠠᠳ᠎ᠤᠨ ᠳᠠᠶᠢᠯᠠᠯᠳᠤᠭᠠᠨ ᠮᠥᠨ᠂ ︽ ᠬᠢᠵᠢᠭ︾᠎ᠲᠠᠢ ᠲᠡᠮᠡᠴᠡᠬᠦ᠎ᠳ᠋ᠤ ᠬᠠᠵᠠᠭᠤ᠎ᠡᠴᠠ᠎ᠨᠢ ᠬᠠᠷᠠᠵᠦ ᠰᠠᠭᠤᠵᠦ ᠪᠤᠯᠬᠤ ᠦᠭᠡᠢ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠡᠯᠬᠢᠶ᠎ᠡ ᠳᠡᠭᠡᠷ᠎ᠡ ᠬᠥᠮᠦᠨ ᠪᠦᠬᠦᠨ ᠴᠥᠮ ᠵᠠᠩᠭᠢᠯᠠᠭ᠎ᠠ᠎ᠶᠢᠨ ᠭᠣᠭᠴᠣᠭ᠎ᠠ ᠪᠣᠯᠤᠨ᠎ᠠ᠃ ᠬᠢᠵᠢᠭ᠎ᠤᠨ ᠡᠮᠦᠨ᠎ᠡ᠂ ᠪᠢᠳᠡ ᠬᠥᠮᠦᠨ ᠪᠣᠯᠭᠠᠨ ᠭᠠᠳᠠᠨᠠᠬᠢ ᠬᠥᠮᠦᠨ ᠪᠣᠯᠵᠤ ᠪᠣᠯᠬᠤ ᠦᠭᠡᠢ᠂ ᠭᠠᠭᠴᠠ ᠬᠦ ᠲᠦᠮᠡᠨ ᠣᠯᠠᠨ᠎ᠢᠶᠠᠷ᠎ᠢᠶᠡᠨ ᠰᠡᠳᠬᠢᠯ ᠨᠢᠭᠡᠳᠪᠡᠯ ᠰᠠᠶᠢ ᠪᠡᠷᠬᠡ ᠴᠠᠭ᠎ᠢ ᠬᠠᠮᠲᠤ᠎ᠪᠠᠷ ᠲᠤᠭᠤᠯᠵᠤ ᠴᠢᠳᠠᠨ᠎ᠠ᠃ ᠬᠢᠵᠢᠭ᠎ᠤᠨ ᠪᠠᠶᠢᠳᠠᠯ ᠪᠢᠳᠡᠨ᠎ᠳ᠋ᠤ ᠥᠴᠦᠬᠡᠨ ᠲᠡᠳᠦᠢ ᠴᠦ ᠬᠠᠰᠢ ᠶᠠᠰᠢ᠎ᠪᠠᠷ ᠬᠠᠠᠲᠤᠬᠤ ᠰᠢᠯᠲᠠᠭ ᠥᠭᠬᠦ ᠦᠭᠡᠢ ᠶᠤᠮ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ᠎ᠢᠶᠠᠷ ᠪᠠᠷᠠᠬᠤ ᠦᠭᠡᠢ ᠪᠠᠰᠠ ᠮᠠᠨ᠎ᠤ ᠬᠥᠮᠦᠨ ᠨᠢᠭᠡᠪᠦᠷᠢ ᠴᠥᠮ ᠠᠷᠪᠠᠨ ᠬᠣᠶᠠᠷ ᠬᠤᠪᠢ᠎ᠶᠢᠨ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠨ ᠠᠵᠢᠯ᠎ᠤᠨ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠢ᠃ ᠸᠠᠺᠼᠢᠨ᠎ᠢ ᠶᠡᠬᠡ ᠬᠡᠪᠴᠢᠶ᠎ᠡ᠎ᠪᠠᠷ ᠳᠠᠷᠢᠬᠤ ᠪᠣᠯ ᠣᠳᠣᠬᠠᠨ᠎ᠤ ᠬᠠᠮᠤᠭ᠎ᠤᠨ ᠬᠢᠮᠳᠠ᠂ ᠬᠠᠮᠤᠭ᠎ᠤᠨ ᠪᠦᠲᠦᠮᠵᠢᠲᠡᠶ᠂ ᠬᠠᠮᠤᠭ᠎ᠤᠨ ᠳᠥᠭᠥᠮ ᠳᠥᠲᠡ ᠰᠡᠷᠭᠡᠶᠢᠯᠡᠨ ᠬᠣᠷᠢᠠᠠᠯᠠᠬᠤ ᠠᠷᠭ᠎ᠠ ᠪᠠᠷᠢᠯ ᠮᠥᠨ᠂ ᠭᠠᠭᠴᠠ ᠬᠦ ᠤᠯᠠᠠ ᠬᠥᠮᠦᠰ᠎ᠤᠨ ᠡᠭᠡᠯᠢᠯᠡᠭᠡ᠎ᠶᠢᠨ ᠬᠠᠯᠬᠠᠪᠴᠢ᠎ᠶᠢ ᠲᠦᠷᠭᠡᠨ ᠪᠠᠶᠢᠭᠤᠯᠪᠠᠯ ᠰᠠᠶᠢ ᠪᠢᠳᠡᠨ᠎ᠤ ᠬᠢᠵᠢᠭ᠎ᠢ ᠰᠡᠷᠭᠡᠶᠢᠯᠡᠨ ᠬᠣᠷᠢᠠᠠᠯᠠᠬᠤ ᠠᠵᠢᠯ᠎ᠢ ᠨᠠᠩ ᠯᠠᠪᠳᠠᠭᠤᠨ ᠲᠣᠭᠲᠠᠭᠤᠨ᠎ᠢᠶᠠᠷ ᠪᠠᠶᠢᠩᠭᠤᠵᠢᠭᠤᠯᠵᠤ ᠴᠢᠳᠠᠨ᠎ᠠ ᠭᠡᠳᠡᠭ᠎ᠢ ᠪᠣᠳᠠᠲᠤ ᠶᠠᠪᠤᠳᠠᠯ ᠭᠡᠷᠡᠴᠢᠯᠡᠪᠡ᠃ ᠡᠶᠢᠮᠦ᠎ᠡᠴᠠ ᠸᠠᠺᠼᠢᠨ᠎ᠤ ᠲᠠᠷᠢᠯᠭ᠎ᠠ ᠬᠢᠭᠡᠳᠦᠶ ᠬᠥᠮᠦᠰ ᠸᠠᠺᠼᠢᠨ᠎ᠤ ᠲᠠᠷᠢᠯᠭ᠎ᠠ᠎ᠪᠠᠨ ᠳᠠᠷᠤᠶ ᠲᠦᠷᠭᠡᠨ ᠬᠢᠵᠦ᠂ ᠸᠠᠺᠼᠢᠨ᠎ᠤ ᠲᠠᠷᠢᠯᠭ᠎ᠠ ᠬᠢᠪᠡᠯ ᠵᠤᠬᠢᠭᠴᠢᠳ ᠠᠯᠢ ᠴᠢᠲᠠᠬᠤ᠎ᠪᠠᠷ ᠲᠠᠷᠢᠯᠭ᠎ᠠ ᠬᠢᠵᠦ᠂ ᠥᠪᠡᠷ᠎ᠢ᠎ᠪᠠᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠡᠯᠬᠢᠶ᠎ᠠ ᠳᠡᠭᠡᠷᠡᠬᠢ ᠬᠠᠮᠤᠭ᠎ᠤᠨ ᠪᠠᠭᠤᠷᠠᠶ ᠭᠣᠭᠴᠣᠭ᠎ᠠ ᠪᠣᠯᠬᠤ᠎ᠡᠴᠠ ᠵᠠᠶᠢᠯᠠᠰᠬᠢᠬᠦ ᠬᠡᠷᠡᠭᠲᠡᠶ᠃ ᠡᠭᠦᠨ᠎ᠤ ᠵᠡᠷᠭᠡ᠎ᠪᠠᠷ᠂ ᠶᠡᠬᠡ ᠲᠠᠯ᠎ᠠ᠎ᠶᠢᠨ ᠤᠬᠠᠮᠰᠠᠷ᠂ ᠬᠠᠷᠢᠭᠤᠴᠠᠯᠭ᠎ᠠ᠎ᠶᠢᠨ ᠤᠬᠠᠮᠰᠠᠷ᠎ᠢᠶᠡᠨ ᠲᠠᠰᠤᠷᠠᠯᠲᠠ ᠦᠭᠡᠢ ᠴᠢᠩᠭᠠᠳᠬᠠᠵᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ᠎ᠶᠢ ᠴᠢᠩᠭ᠎ᠠ ᠵᠢᠷᠤᠮᠯᠠᠵᠤ᠂ ᠲᠤᠰ ᠪᠡᠶ᠎ᠡ᠎ᠶᠢᠨ ᠬᠠᠮᠠᠭᠠᠯᠠᠯᠲᠠ᠎ᠪᠠᠨ ᠰᠠᠶᠢᠲᠤᠷ ᠬᠢᠵᠦ᠂ ᠠᠮᠤᠷ ᠲᠦᠪᠰᠢᠨ᠎ᠢᠶᠠᠷ ᠶᠠᠪᠤᠵᠤ ᠰᠠᠭᠤᠬᠤ᠎ᠪᠠᠨ ᠵᠢᠷᠤᠮᠵᠢᠭᠤᠯᠵᠤ᠂ ᠴᠤᠤᠷᠬᠠᠯ᠎ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠨᠢᠭᠤᠭᠠᠳ ᠮᠡᠲᠡᠭᠦᠯᠬᠦ ᠦᠭᠡᠢ ᠪᠠᠢᠵᠦ ᠪᠤᠯᠬᠤ ᠦᠭᠡᠢ᠂ ᠬᠤᠳᠠᠯ᠎ᠢᠶᠠᠷ ᠮᠡᠳᠡᠭᠦᠯᠵᠦ ᠪᠤᠯᠬᠤ ᠦᠭᠡᠢ᠃

ᠰᠡᠳᠬᠢᠯ ᠨᠢᠭᠡᠳᠪᠡᠯ ᠲᠠᠶᠢᠱᠠᠨ ᠠᠭᠤᠯᠠ᠎ᠶᠢ ᠨᠡᠭᠦᠯᠭᠡᠵᠦ ᠴᠢᠲᠠᠨ᠎ᠠ᠃ ᠬᠢᠵᠢᠭ᠎ᠤᠨ ᠪᠠᠶᠢᠳᠠᠯ᠎ᠤᠨ ᠰᠢᠨ᠎ᠡ ᠪᠠᠶᠢᠳᠠᠯ᠎ᠤᠨ ᠡᠮᠦᠨ᠎ᠡ᠂ ᠬᠥᠮᠦᠨ ᠨᠢᠭᠡᠪᠦᠷᠢ ᠬᠠᠷᠢᠭᠤᠴᠠᠯᠭ᠎ᠠ᠎ᠶᠢᠨ ᠬᠡᠯᠬᠢᠶ᠎ᠡ ᠳᠡᠭᠡᠷᠡᠬᠢ ᠥᠪᠡᠷ᠎ᠤᠨ ᠲᠡᠷᠡ ᠬᠦ ᠭᠣᠭᠴᠣᠭ᠎ᠠ᠎ᠪᠠᠨ ᠴᠢᠩᠭᠠᠯᠠᠵᠦ᠂ ᠬᠤᠪᠢ ᠬᠥᠮᠦᠨ᠎ᠤ ᠡᠷᠡᠭᠦᠯ ᠮᠡᠨᠳᠦ᠎ᠶᠢᠨ ᠨᠢᠭᠡᠳᠦᠭᠡᠷ ᠬᠠᠷᠢᠭᠤᠴᠠᠯᠭᠠᠲᠠᠨ ᠪᠤᠯᠵᠤ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ︽ ᠡᠮᠦᠨ᠎ᠡ ᠹᠷᠣᠨᠲ︾᠎ᠢ ᠰᠠᠬᠢᠵᠤ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ︽ ᠢᠵᠢᠯᠢ ᠲᠥᠪᠲᠦ ᠲᠣᠭᠣᠷᠢᠭ᠋︾᠎ᠢ ᠰᠠᠶᠢᠲᠤᠷ ᠵᠢᠷᠤᠭᠯᠠᠵᠤ᠂ ᠬᠢᠯᠪᠠᠷ ᠪᠤᠰᠤ᠎ᠪᠠᠷ ᠣᠯᠤᠭᠰᠠᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ᠎ᠢᠶᠡᠨ ᠡᠷᠡᠰ᠎ᠢᠶᠠᠷ ᠰᠠᠶᠢᠲᠤᠷ ᠬᠠᠮᠠᠭᠠᠯᠠᠬᠤ ᠬᠡᠷᠡᠭᠲᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面