2021-08-09 11:08:36
ᠳ᠋ᠸᠯᠲ᠋ᠠ ᠣᠨᠳᠣᠣᠰᠢᠭᠰᠠᠨ ᠸᠢᠷᠦᠢᠰ ᠪᠣᠯ ᠣᠳᠣᠬᠠᠨ᠎ᠳ᠋ᠤ ᠪᠦᠬᠦ ᠪᠥᠮᠪᠥᠷᠴᠡᠭ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠳᠡᠯᠭᠡᠷᠡᠭᠰᠡᠨ ᠭᠣᠣᠯ ᠬᠣᠣᠷᠲᠤ ᠪᠣᠳᠠᠰ ᠪᠣᠯᠤᠨ᠎ᠠ᠃ ᠳ᠋ᠸᠯᠲ᠋ᠠ᠎ᠶᠢᠨ ᠣᠨᠳᠣᠣᠰᠢᠯ᠎ᠤᠨ ᠣᠨᠴᠠᠯᠢᠭ᠋᠂ ᠤᠳᠤ᠎ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠦᠲᠦᠮᠵᠢᠲᠡᠢ ᠪᠠᠶᠢᠬᠤ ᠡᠰᠡᠬᠦ ᠵᠡᠷᠭᠡ ᠠᠰᠠᠭᠤᠳᠠᠯ᠎ᠳ᠋ᠤ ᠴᠢᠭᠯᠡᠭᠦᠯᠦᠨ᠂ 8 ᠰᠠᠷ᠎ᠠ᠎ᠶᠢᠨ 5᠎ᠤ ᠡᠳᠦᠷ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠶᠢᠯᠡᠵᠦ ᠬᠣᠯᠪᠣᠭᠠᠯᠠᠨ ᠡᠵᠡᠮᠳᠡᠬᠦ ᠲᠣᠭᠲᠠᠴᠠ᠎ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ᠎ᠡᠴᠠ ᠡᠷᠬᠡ ᠰᠦᠷᠲᠦ ᠬᠠᠷᠢᠭᠤᠯᠲᠠ ᠥᠭᠪᠡ᠃ ᠳ᠋ᠸᠯᠲ᠋ᠠ᠎ᠶᠢᠨ ᠣᠨᠳᠣᠣᠰᠢᠭᠰᠠᠨ ᠸᠢᠷᠦᠢᠰᠢ 2020 ᠣᠨ᠎ᠤ9 ᠰᠠᠷ᠎ᠠ᠎ᠳ᠋ᠤ ᠡᠨᠡᠳᠬᠡᠭ᠎ᠲᠤ ᠮᠡᠳᠡᠭᠦᠯᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠡᠪᠡᠳᠴᠢᠨ᠎ᠤ ᠵᠢᠱᠢᠶ᠎ᠡ ᠡᠴᠠ ᠬᠠᠮᠤᠭ᠎ᠤᠨ ᠠᠩᠬ᠎ᠠ ᠢᠯᠡᠷᠡᠭᠦᠯᠵᠡᠢ᠃ ᠣᠳᠣᠬᠠᠨ᠎ᠳ᠋ᠤ ᠨᠢᠭᠡᠨᠲᠡ 130 ᠭᠠᠷᠤᠶ ᠤᠯᠤᠰ ᠪᠠ ᠭᠠᠵᠠᠷ ᠣᠷᠣᠨ᠎ᠳ᠋ᠤ ᠲᠠᠷᠬᠠᠵᠤ᠂ ᠪᠥᠬᠥ ᠳᠡᠯᠡᠬᠡᠶ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠶᠡᠬᠡ᠎ᠪᠠᠷ ᠲᠠᠷᠬᠠᠭᠰᠠᠨ ᠭᠤᠤᠯ ᠸᠢᠷᠦ᠋ᠰ ᠪᠣᠯᠵᠣ᠂ ᠲᠣᠰ ᠸᠢᠷᠦ᠋ᠰ᠎ᠨᠢ ᠲᠠᠷᠬᠠᠬᠤ ᠬᠤᠷᠳᠤᠴᠠ ᠲᠦᠷᠭᠡᠨ᠂ ᠪᠡᠶ᠎ᠡ ᠳᠣᠲᠣᠷ᠎ᠠ ᠦᠷᠡᠵᠢᠬᠦ᠎ᠨᠢ ᠲᠦᠷᠭᠡᠨ ᠵᠡᠷᠭᠡ ᠣᠨᠴᠠᠯᠢᠭ᠎ᠲᠠᠢ ᠶᠤᠮ᠃
ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠯᠪᠣᠭᠳᠠᠯ ᠪᠦᠬᠦᠢ ᠰᠢᠨᠵᠢᠯᠡᠬᠦ ᠤᠬᠠᠭᠠᠨ᠎ᠤ ᠰᠤᠳᠤᠯᠭᠠᠨ ᠪᠣᠯᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠦᠢᠯᠡᠳᠦᠯᠭᠡ᠎ᠶᠢᠨ ᠭᠡᠷᠡᠴᠢᠯᠡᠭᠰᠡᠨ᠎ᠢᠶᠠᠷ᠂ ᠳ᠋ᠸᠯᠲ᠋ᠠ᠎ᠶᠢᠨ ᠣᠨᠳᠣᠣᠰᠢᠭᠰᠠᠨ ᠸᠢᠷᠦᠢᠰᠨᠢ ᠰᠢᠨ᠎ᠡ ᠲᠢᠲᠢᠮᠯᠢᠭ ᠸᠢᠷᠦ᠋ᠰ᠎ᠤᠨ ᠠᠮᠢᠳᠤ ᠪᠣᠳᠠᠰ᠎ᠤᠨ ᠤᠬᠠᠭᠠᠨ᠎ᠤ ᠣᠨᠴᠠᠭᠠᠢ ᠴᠢᠨᠠᠷ᠎ᠲᠤ ᠨᠤᠷᠠᠭᠠᠯᠲᠠ᠎ᠶᠢᠨ ᠴᠢᠨᠠᠷᠲᠠᠢ ᠬᠤᠪᠢᠷᠠᠯᠲᠠ ᠭᠠᠷᠭᠠᠭᠰᠠᠨ ᠦᠭᠡᠢ᠂ ᠬᠠᠯᠳᠠᠪᠤᠷᠢᠯᠠᠬᠤ ᠡᠬᠢ ᠰᠤᠷᠪᠤᠯᠵᠢ᠂ ᠬᠠᠯᠳᠠᠪᠤᠷᠢᠯᠠᠬᠤ ᠠᠷᠭ᠎ᠠ ᠵᠠᠮ᠎ᠨᠢ ᠦᠨᠳᠦᠰᠦᠨ᠎ᠳ᠋ᠡᠭᠡᠨ ᠲᠣᠳᠣᠷᠬᠠᠢ᠂ ᠤᠳᠤ᠎ᠶᠢᠨ ᠬᠡᠷᠡᠭᠵᠢᠬᠦᠯᠵᠤ ᠪᠠᠢᠭ᠎ᠠ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠨᠢ ᠴᠦ ᠳ᠋ᠸᠯᠲ᠋ᠠ᠎ᠶᠢᠨ ᠣᠨᠳᠣᠣᠰᠢᠭᠰᠠᠨ ᠸᠢᠷᠦᠢᠰᠢ ᠪᠦᠲᠦᠮᠵᠢᠳᠠᠢ ᠰᠡᠷᠭᠡᠢᠯᠡᠵᠤ ᠴᠢᠳᠠᠨ᠎ᠠ᠃ ᠣᠲᠣ᠎ᠶᠢᠨ ᠸᠠᠺᠼᠢᠨ᠎ᠨᠢ ᠮᠥᠨ ᠤᠷᠢᠳᠴᠢᠯᠠᠨ ᠰᠡᠷᠭᠡᠶᠢᠯᠡᠬᠦ ᠪᠠ ᠬᠠᠮᠠᠭᠠᠯᠠᠬᠤ ᠦᠢᠯᠡᠳᠦᠯ᠎ᠲᠠᠢ ᠪᠠᠶᠢᠵᠤ᠂ ᠸᠢᠷᠦ᠋ᠰ᠎ᠤᠨ ᠬᠥᠮᠦᠰ᠎ᠤᠨ ᠳᠤᠮᠳᠠ ᠬᠠᠯᠳᠠᠪᠤᠷᠢᠯᠠᠬᠤ ᠲᠦᠭᠰᠢᠭᠦᠷᠢ᠎ᠶᠢ ᠪᠠᠭᠤᠷᠠᠭᠤᠯᠵᠤ᠂ ᠬᠠᠯᠳᠠᠪᠤᠷᠢᠯᠠᠭᠳᠠᠭᠰᠠᠳ᠎ᠤᠨ ᠬᠠᠯᠳᠠᠪᠤᠷᠢᠯᠠᠬᠤ ᠬᠦᠴᠦᠨ᠎ᠢ ᠪᠠᠭᠠᠰᠬᠠᠵᠤ᠂ ᠬᠠᠯᠳᠠᠪᠤᠷᠢᠯᠠᠭᠰᠠᠨ᠎ᠤ ᠳᠠᠷᠠᠭᠠᠬᠢ ᠬᠦᠨᠳᠦ ᠡᠪᠡᠳᠴᠢᠨ᠎ᠤ ᠡᠭᠦᠰᠬᠦ ᠨᠣᠷᠮ᠎ᠠ ᠪᠠ ᠡᠪᠡᠳᠴᠢᠨ᠎ᠢᠶᠠᠷ ᠥᠭᠦᠬᠦ ᠨᠣᠷᠮ᠎ᠠ᠎ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ ᠲᠦᠷᠦᠭᠦᠦ ᠨᠢᠭᠡ ᠬᠤᠭᠤᠴᠠᠭᠠᠨ᠎ᠳ᠋ᠤ ᠮᠠᠨ᠎ᠤ ᠤᠯᠤᠰ᠎ᠤᠨ ᠬᠥᠮᠦᠨ ᠠᠮᠠ ᠤᠯᠠᠨ᠂ ᠨᠡᠭᠦᠳᠡᠯ᠎ᠤᠨ ᠴᠢᠨᠠᠷ᠎ᠢᠶᠠᠷ ᠴᠢᠡᠭᠭ᠎ᠠ ᠭᠤᠸᠠᠩᠳᠦ᠋ᠩ ᠮᠤᠵᠢ᠎ᠶᠢᠨ ᠬᠡᠳᠦᠨ ᠲᠤᠰᠬᠠᠶ ᠣᠷᠣᠨ ᠬᠣᠲᠠᠳ᠋ᠠᠬᠢ ᠳ᠋ᠸᠯᠲ᠋ᠠ᠎ᠶᠢᠨ ᠤᠨᠳᠤᠤᠰᠢᠭᠰᠠᠨ ᠸᠢᠷᠦᠢᠰᠤᠨ ᠲᠤᠰ ᠭᠠᠵᠠᠷ ᠤᠷᠤᠨ᠎ᠤ ᠴᠢᠨᠠᠷᠲᠠᠢ ᠬᠢᠵᠢᠭ᠎ᠤᠨ ᠲᠠᠷᠬᠠᠯᠲᠠ᠎ᠶᠢ ᠠᠩᠬ᠎ᠠ ᠤᠳᠠᠭ᠎ᠠ ᠠᠮᠵᠢᠯᠲᠠ᠎ᠲᠠᠢ ᠬᠣᠷᠢᠭᠯᠠᠵᠤ᠂ ᠸᠠᠺᠼᠢᠨ ᠳᠠᠷᠢᠬᠤ᠂ ᠠᠮᠠᠪᠴᠢ ᠵᠡᠭᠦᠬᠦ᠂ ᠭᠠᠷ᠎ᠢᠶᠡᠨ ᠦᠷᠭᠦᠯᠵᠢ ᠤᠬᠢᠶᠠᠬᠤ᠂ ᠨᠡᠶᠢᠭᠡᠮ᠎ᠤᠨ ᠬᠠᠷᠢᠯᠴᠠᠭᠠᠨ᠎ᠤ ᠵᠠᠶ᠎ᠶᠢ ᠪᠠᠲᠤᠯᠠᠬᠤ᠂ ᠬᠥᠮᠦᠨ ᠣᠯᠠᠨ ᠴᠤᠭᠯᠠᠷᠠᠬᠤ᠎ᠡᠴᠠ ᠵᠠᠶᠢᠯᠠᠰᠬᠢᠬᠦ ᠵᠡᠷᠭᠡ ᠠᠷᠭ᠎ᠠ ᠬᠡᠮᠵᠢᠶ᠎ᠡ ᠪᠣᠯ ᠮᠥᠨ ᠪᠦᠲᠦᠮᠵᠢᠲᠡᠶ ᠭᠡᠳᠡᠭ᠎ᠢ ᠭᠡᠷᠡᠴᠢᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃