2021-08-13 10:54:14
ᠣᠶᠢᠷ᠎ᠠ᠎ᠶᠢᠨ ᠡᠳᠦᠷ᠎ᠤᠳ᠎ᠲᠤ᠂ ᠨᠠᠨᠵᠢᠩ᠎ᠤᠨ ᠯᠦᠺᠸᠦ ᠨᠢᠰᠬᠡᠯ᠎ᠤᠨ ᠪᠠᠭᠤᠳᠠᠯ ᠤᠨ ᠬᠢᠵᠢᠭ᠎ᠤᠨ ᠪᠠᠶᠢᠳᠠᠯ ᠨᠢᠭᠡᠨᠲᠡ ᠣᠯᠠᠨ ᠮᠤᠵᠢ ᠬᠣᠲᠠ᠎ᠳ᠋ᠤ ᠳᠡᠯᠭᠡᠷᠡᠪᠡ᠃ ᠡᠨᠡ ᠤᠳᠠᠭ᠎ᠠ᠎ᠶᠢᠨ ᠬᠢᠵᠢᠭ᠎ᠤᠨ ᠪᠠᠶᠢᠳᠠᠯ᠎ᠤᠨ ᠦᠷᠪᠢᠰᠦᠨ ᠳᠡᠯᠭᠡᠷᠡᠬᠦ ᠬᠤᠷᠳᠤᠴᠠ ᠲᠦᠷᠭᠡᠨ᠂ ᠬᠠᠯᠳᠠᠪᠤᠷᠢᠯᠠᠬᠤ ᠬᠡᠯᠬᠢᠶ᠎ᠡ ᠤᠷᠳᠤ ᠪᠠᠶᠢᠭ᠎ᠠ᠎ᠨᠢ ᠬᠢᠵᠢᠭ᠎ᠤᠨ ᠪᠠᠶᠢᠳᠠᠯ᠎ᠢ ᠪᠠᠢᠩᠭᠤᠵᠢᠭᠤᠯᠤᠨ ᠰᠡᠷᠭᠡᠶᠢᠯᠡᠨ ᠡᠵᠡᠮᠳᠡᠬᠦ᠎ᠳ᠋ᠤ ᠰᠡᠷᠡᠮᠵᠢ᠎ᠶᠢᠨ ᠲᠤᠬᠢᠶ᠎ᠠ ᠥᠭᠴᠡᠢ᠃
ᠲᠣᠰ ᠡᠭᠡᠯᠵᠢ᠎ᠶᠢᠨ ᠬᠢᠵᠢᠭ᠎ᠤᠨ ᠪᠠᠶᠢᠳᠠᠯ᠎ᠳ᠋ᠤ᠂ ᠨᠢᠭᠲᠠ ᠣᠶᠢᠷᠠᠲᠤᠭᠰᠠᠳ ᠠᠮᠠᠪᠴᠢ ᠵᠡᠭᠦᠭᠰᠡᠨ᠎ᠡᠴᠠ ᠪᠣᠯᠵᠣ ᠬᠠᠯᠳᠠᠪᠤᠷᠢᠯᠠᠬᠤ᠎ᠡᠴᠠ ᠵᠠᠶᠢᠯᠠᠰᠬᠢᠵᠦ᠂ ᠵᠠᠷᠢᠮ ᠮᠠᠵᠢᠶᠠᠩ᠎ᠤᠨ ᠭᠠᠵᠠᠷ ᠵᠡᠷᠭᠡ ᠬᠥᠮᠦᠨ ᠬᠠᠷ᠎ᠡ ᠣᠯᠠᠨ ᠴᠤᠭᠯᠠᠷᠠᠬᠤ ᠲᠠᠯᠠᠪᠤᠷ᠎ᠨᠢ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠪᠠᠨ ᠴᠢᠩᠭᠠᠳᠬᠠᠵᠤ ᠴᠢᠳᠠᠭᠰᠠᠨ ᠥᠬᠡᠶ᠎ᠡᠴᠠ ᠪᠣᠯᠵᠣ᠂ ᠬᠢᠵᠢᠭ ᠲᠠᠷᠬᠠᠬᠤ ᠭᠤᠤᠯ ᠤᠷᠤᠨ ᠪᠣᠯᠵᠠᠶ᠃ ᠡᠨᠡ᠎ᠨᠢ ᠣᠲᠣ᠎ᠶᠢᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠮᠥᠨ ᠬᠦ ᠪᠦᠲᠦᠮᠵᠢᠲᠡᠶ ᠪᠠᠶᠢᠵᠤ᠂ ᠦᠷᠭᠦᠯᠵᠢ ᠰᠠᠯᠬᠢ ᠨᠡᠪᠲᠡᠷᠡᠭᠦᠯᠬᠦ᠂ ᠠᠮᠠᠪᠴᠢ ᠵᠡᠭᠦᠬᠦ᠂ ᠭᠠᠷ᠎ᠢᠶᠡᠨ ᠦᠷᠭᠦᠯᠵᠢ ᠤᠬᠢᠶᠠᠬᠤ᠂ ᠨᠡᠶᠢᠭᠡᠮ᠎ᠤᠨ ᠬᠠᠷᠢᠯᠴᠠᠭᠠᠨ᠎ᠤ ᠵᠠᠶ᠎ᠶᠢ ᠪᠠᠲᠤᠯᠠᠬᠤ ᠵᠡᠷᠭᠡ ᠡᠩ᠎ᠤᠨ ᠠᠷᠭ᠎ᠡ ᠬᠢᠳᠠᠯ᠂ ᠬᠥᠮᠦᠨ ᠪᠦᠬᠦᠨ ᠬᠢᠵᠦ ᠪᠣᠯᠬᠤ ᠦᠨᠳᠦᠰᠦᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ᠎ᠨᠢ ᠸᠢᠷᠦ᠋ᠰ᠎ᠤᠨ ᠬᠥᠮᠦᠰ᠎ᠤᠨ ᠳᠤᠮᠳᠠ ᠬᠠᠯᠳᠠᠪᠤᠷᠢᠯᠠᠬᠤ ᠠᠶᠤᠯ ᠲᠦᠭᠰᠢᠭᠦᠷᠢ᠎ᠶᠢ ᠪᠦᠲᠦᠮᠵᠢᠲᠡᠶ ᠪᠠᠭᠤᠷᠠᠭᠤᠯᠵᠤ᠂ ᠸᠢᠷᠦ᠋ᠰ᠎ᠤᠨ ᠬᠠᠯᠳᠠᠪᠤᠷᠢᠯᠠᠬᠤ ᠬᠦᠴᠦᠨ᠎ᠢ ᠪᠠᠭᠠᠰᠬᠠᠵᠤ ᠂ ᠬᠢᠵᠢᠭ᠎ᠤᠨ ᠪᠠᠶᠢᠳᠠᠯ ᠶᠡᠬᠡ ᠬᠡᠪᠴᠢᠶ᠎ᠡ᠎ᠪᠠᠷ ᠳᠠᠷᠬᠠᠨ ᠳᠡᠯᠭᠡᠷᠡᠬᠦ᠎ᠶᠢ ᠰᠡᠷᠭᠡᠶᠢᠯᠡᠵᠦ ᠴᠢᠳᠠᠨ᠎ᠠ ᠭᠡᠳᠡᠭ᠎ᠢ ᠭᠦᠢᠴᠡᠳ ᠬᠡᠷᠡᠴᠢᠯᠡᠪᠡ᠃
ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠳ᠋ᠤ ᠬᠥᠮᠦᠨ ᠪᠦᠬᠦᠨ ᠬᠠᠷᠢᠭᠤᠴᠠᠯᠭ᠎ᠠ᠎ᠲᠠᠢ᠃ ᠬᠤᠪᠢ ᠬᠥᠮᠦᠨ᠎ᠤ ᠰᠡᠷᠭᠡᠶᠢᠯᠡᠨ ᠬᠠᠮᠠᠭᠠᠯᠠᠯᠲᠠ᠎ᠶᠢ ᠰᠠᠶᠢᠲᠤᠷ ᠬᠢᠬᠦ ᠪᠣᠯ ᠸᠢᠷᠦ᠋ᠰ᠎ᠤᠨ ᠬᠠᠯᠳᠠᠪᠤᠷᠢᠯᠠᠬᠤ᠂ ᠲᠠᠷᠬᠠᠬᠤ ᠪᠠ ᠦᠷᠪᠢᠰᠤᠨ ᠲᠡᠯᠭᠡᠷᠡᠬᠦ᠎ᠶᠢ ᠰᠡᠷᠭᠡᠶᠢᠯᠡᠬᠦ ᠪᠦᠲᠦᠮᠵᠢᠲᠡᠶ ᠠᠷᠭ᠎ᠠ ᠵᠠᠮ ᠮᠥᠨ᠂ ᠬᠥᠮᠦᠨ ᠨᠢᠭᠡ ᠪᠦᠷᠢ᠎ᠶᠢᠨ ᠠᠮᠢᠳᠤᠷᠠᠯ᠎ᠤᠨ ᠪᠠᠷᠢᠮᠵᠢᠶ᠎ᠠ ᠪᠣᠯᠭᠠᠪᠠᠯ ᠵᠣᠬᠢᠨ᠎ᠠ᠃ ᠭᠡᠲᠡᠯ᠎ᠡ᠂ ᠡᠮᠦᠨ᠎ᠡ ᠬᠡᠰᠡᠭ ᠬᠤᠭᠤᠴᠠᠭᠠᠨ᠎ᠳ᠋ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ ᠵᠣᠬᠢᠬᠤ ᠦᠷ᠎ᠡ ᠪᠦᠲᠦᠮᠵᠢ ᠣᠯᠵᠤ ᠂ ᠵᠠᠷᠢᠮ ᠬᠥᠮᠦᠰ ᠠᠯᠮᠠᠶᠢᠷᠠᠨ ᠲᠠᠶᠢᠪᠤᠰᠢᠷᠠᠬᠤ ᠪᠣᠳᠣᠯ ᠪᠠ ᠰᠤᠯᠠᠷᠠᠬᠤ ᠪᠣᠳᠣᠯ ᠣᠷᠣᠵᠤ ᠂ ᠵᠠᠷᠢᠮ ᠬᠥᠮᠦᠨ ᠭᠠᠳᠠᠭᠰᠢ ᠭᠠᠷᠬᠤ᠎ᠳᠠᠭᠠᠨ ︽ ᠠᠮᠠᠪᠴᠢ ᠵᠡᠭᠦᠬᠦ︾ ᠪᠢᠰᠢ ᠬᠠᠷᠢᠨ ︽ ᠠᠮᠠᠪᠴᠢ᠎ᠪᠠᠨ ᠠᠪᠴᠤ ᠶᠠᠪᠤᠬᠤ ᠲᠠᠳᠤᠢ︾ ᠪᠣᠯᠵᠣ ᠂ ᠵᠠᠷᠢᠮ ᠬᠥᠮᠦᠨ ᠠᠮᠠᠪᠴᠢ᠎ᠪᠠᠨ ᠡᠷᠡᠤᠳ᠋ᠡᠭᠡᠨ ᠵᠡᠭᠦᠵᠦ ᠂ ᠵᠡᠭᠦᠬᠦ ᠥᠬᠡᠶ ᠪᠠᠶᠢᠬᠤ᠎ᠲᠠᠢ ᠶᠠᠮᠠᠷ ᠴᠤ ᠢᠯᠭᠠᠭ᠎ᠠ ᠥᠬᠡᠶ ᠪᠣᠯᠵᠠᠶ ᠂ ᠵᠠᠷᠢᠮ ᠬᠥᠮᠦᠨ ᠣᠯᠠᠨ ᠨᠡᠶᠢᠲᠡ᠎ᠶᠢᠨ ᠲᠠᠯᠠᠪᠤᠷ᠎ᠲᠤ ᠪᠡᠶ᠎ᠡ᠎ᠶᠢᠨ ᠬᠠᠯᠠᠭᠤᠨ᠎ᠢᠶᠡᠨ ᠬᠡᠮᠵᠢᠬᠦ ᠥᠬᠡᠶ᠂ ᠪᠥᠭᠡᠮᠨᠡᠷᠡᠨ ᠴᠤᠭᠯᠠᠷᠠᠳᠠᠭ ᠁ ᠡᠲᠡᠭᠡᠷ ᠵᠦᠢᠯ ᠨᠢ ᠪᠡᠶ᠎ᠡ᠎ᠪᠠᠨ ᠬᠠᠭᠤᠷᠴᠤ ᠪᠤᠰᠤᠳ᠎ᠢ ᠮᠡᠬᠡᠯᠡᠬᠦ᠎ᠶᠢᠨ ᠲᠤᠶᠢᠯ᠎ᠳ᠋ᠤ ᠬᠦᠷᠴᠦ᠂ ᠪᠤᠰᠤᠳ᠎ᠢ ᠬᠤᠤᠷᠯᠠᠬᠤ ᠪᠦᠭᠡᠳ ᠦᠪᠡᠷ᠎ᠢ᠎ᠪᠠᠨ ᠬᠤᠤᠷᠯᠠᠵᠤ᠂ ᠬᠥᠮᠦᠰ᠎ᠢ ᠬᠢᠯᠢᠩᠨᠡᠭᠦᠯᠬᠦ᠎ᠶᠢᠨ ᠬᠠᠮᠲᠤ ᠰᠠᠨᠠᠭ᠎ᠠ ᠵᠣᠪᠠᠭᠤᠯᠤᠨᠡ᠃
ᠶᠡᠷᠦ᠎ᠶᠢᠨ ᠦᠭᠡᠨ᠎ᠳ᠋ᠤ᠂ ᠲᠡᠪᠡᠨᠡ᠎ᠶᠢᠨ ᠴᠢᠨᠡᠭᠡ ᠨᠦᠬᠡ᠎ᠪᠠᠷ ᠲᠡᠮᠡᠭᠡᠨ ᠴᠢᠨᠡᠭᠡ ᠰᠠᠯᠬᠢ ᠣᠷᠣᠨ᠎ᠠ ᠭᠡᠳᠡᠭ᠃ ᠸᠢᠷᠦ᠋ᠰ ᠤᠯᠠᠮ᠎ᠡᠴᠠ ᠤᠯᠠᠮ ᠬᠤᠯᠵᠢᠨ ᠪᠣᠯᠵᠤ ᠂ ᠶᠠᠮᠠᠷ ᠨᠢᠭᠡᠨ ᠬᠥᠮᠦᠨ ᠠᠯᠮᠠᠢᠷᠠᠨ ᠲᠠᠶᠢᠪᠤᠰᠢᠷᠠᠪᠠᠯ᠂ ᠮᠠᠰᠢ ᠣᠯᠠᠨ ᠬᠥᠮᠦᠨ᠎ᠤ ᠴᠢᠷᠮᠠᠶᠢᠯᠭ᠎ᠠ ᠪᠦᠷ ᠬᠣᠭᠣᠰᠣᠨ ᠪᠣᠯᠵᠤ ᠮᠡᠳᠡᠨ᠎ᠡ᠃ ᠣᠳᠣᠬᠠᠨ᠎ᠳ᠋ᠤ ︽ ᠳ᠋ᠸᠯᠲ᠋ᠠ︾ ᠣᠨᠳᠣᠣᠰᠢᠨ ᠬᠤᠪᠢᠷᠠᠬᠰᠡᠨ ᠸᠢᠷᠦ᠋ᠰ᠎ᠤᠨ ᠰᠠᠭᠤᠷᠢ ᠲᠠᠭᠠᠷᠢᠵᠥ᠂ ᠤᠯᠤᠰ᠎ᠤᠨ ᠳᠣᠲᠣᠭᠠᠳᠤ᠎ᠶᠢᠨ ᠬᠢᠵᠢᠭ᠎ᠤᠨ ᠪᠠᠶᠢᠳᠠᠯ ᠤᠯᠠᠨ ᠴᠡᠭ᠎ᠲᠤ ᠲᠠᠷᠬᠠᠨ ᠳᠡᠯᠭᠡᠷᠡᠵᠦ ᠪᠠᠶᠢᠭ᠎ᠠ ᠪᠠᠶᠢᠳᠠᠯ ᠳᠣᠣᠷ᠎ᠠ᠂ ᠬᠥᠮᠦᠨ ᠪᠦᠬᠦᠨ ᠬᠠᠷᠢᠭᠤᠴᠠᠯᠭᠠᠲᠤ ᠤᠬᠠᠮᠰᠠᠷ᠎ᠢᠶᠡᠨ ᠴᠢᠩᠭᠠᠳᠬᠠᠵᠤ᠂ ᠠᠮᠠᠪᠴᠢ ᠵᠡᠭᠦᠬᠦ ᠂ ᠭᠠᠷ᠎ᠢᠶᠡᠨ ᠦᠷᠭᠦᠯᠵᠢ ᠤᠬᠢᠶᠠᠬᠤ᠂ ᠪᠡᠶ᠎ᠡ᠎ᠶᠢᠨ ᠬᠠᠯᠠᠭᠤᠨ᠎ᠢᠶᠡᠨ ᠬᠡᠮᠵᠢᠬᠦ ᠂ ᠴᠥᠭᠡᠨ ᠴᠤᠭᠯᠠᠷᠠᠬᠤ ᠵᠡᠷᠭᠡ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠴᠢᠩᠭ᠎ᠠ ᠬᠡᠷᠡᠭᠵᠢᠭᠦᠯᠵᠦ᠂ ᠬᠤᠪᠢ ᠬᠥᠮᠦᠨ᠎ᠤ ᠰᠡᠷᠭᠡᠶᠢᠯᠡᠨ ᠬᠠᠮᠠᠭᠠᠯᠠᠯᠲᠠ᠎ᠶᠢ ᠡᠷᠡᠰ ᠰᠠᠶᠢᠲᠤᠷ ᠬᠢᠵᠦ᠂ ᠡᠯ᠎ᠡ ᠵᠦᠢᠯ᠎ᠤᠨ ᠲᠣᠭᠲᠠᠭᠠᠯ᠎ᠢ ᠴᠢᠩᠭ᠎ᠠ ᠵᠢᠷᠤᠮᠯᠠᠵᠤ ᠂ ᠥᠪᠡᠷ᠎ᠢ᠎ᠪᠠᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠶᠢᠨ ︽ ᠳᠤᠲᠠᠭᠤᠳᠠᠯ︾ ᠪᠣᠯᠭᠠᠬᠤ ᠦᠭᠡᠢ ᠪᠠᠶᠢᠬᠤ ᠬᠡᠷᠡᠭᠲᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃