ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2021-08-17 09:43:08

ᠵᠣᠬᠢᠶᠠᠭ᠍ᠴᠢ᠄ ᠶᠤᠸᠠᠨ ᠪᠦᠦ ᠨᠢᠶᠠᠨ ᠣᠩᠱᠢᠭ᠍ᠰᠠᠨ ᠣᠳᠠᠭ᠎ᠠ᠄ 3

ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠵᠦ ᠪᠠᠶᠢᠭ᠎ᠠ ᠲᠠᠰᠢᠷᠠᠮ᠎ᠳ᠋ᠤ᠂ ᠣᠨᠴᠠ ᠵᠠᠷᠢᠮ ᠬᠥᠮᠦᠨ ᠬᠠᠷᠢᠨ ︽ ᠤᠬᠠᠭᠠᠨ ᠭᠠᠷᠭᠠᠵᠤ︾ ᠢᠯᠡ᠎ᠪᠠᠷ ᠬᠠᠤᠯᠢ᠎ᠡᠴᠠ ᠵᠥᠷᠢᠴᠡᠵᠦ᠂ ᠠᠶᠠᠯᠠᠯ᠎ᠢᠶᠡᠨ ᠨᠢᠭᠤᠨ ᠳᠠᠯᠳᠠᠯᠠᠵᠤ᠂ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠨ ᠲᠠᠷᠬᠠᠭᠠᠵᠤ᠂ ᠪᠦᠷᠢᠳᠬᠡᠭᠦᠯᠬᠦ ᠪᠠ ᠪᠡᠶ᠎ᠡ᠎ᠶᠢᠨ ᠬᠠᠯᠠᠭᠤᠨ᠎ᠤ ᠪᠠᠶᠢᠴᠠᠭᠠᠯᠲᠠ ᠬᠢᠬᠦ᠎ᠶᠢ ᠲᠡᠪᠴᠢᠵᠦ᠂ ᠴᠢᠨᠠᠭᠰᠢᠯᠠᠪᠠᠯ ᠪᠥᠭᠡᠮ ᠬᠦᠴᠢᠯ᠎ᠤᠨ ᠪᠠᠶᠢᠴᠠᠭᠠᠯᠲᠠ᠎ᠶᠢᠨ ᠮᠡᠳᠡᠭᠦᠯᠦᠯᠲᠡ ᠵᠡᠷᠭᠡ᠎ᠶᠢ ᠬᠠᠭᠤᠷᠮᠠᠭᠯᠠᠨ ᠦᠢᠯᠡᠳᠴᠤ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠶᠢ ᠬᠠᠷᠰᠢᠯᠠᠵᠤ ᠪᠠᠶᠢᠨ᠎ᠠ᠃ ᠡᠲᠡᠭᠡᠷ ᠬᠥᠮᠦᠰ᠎ᠤᠨ ᠦᠢᠯᠡ ᠠᠵᠢᠯᠯᠠᠭ᠎ᠠ᠎ᠨᠢ ᠦᠪᠡᠷ ᠪᠤᠰᠤᠳ᠎ᠢ ᠬᠤᠤᠷᠯᠠᠬᠤ᠎ᠪᠠᠷ ᠪᠠᠷᠠᠬᠤ ᠥᠬᠡᠶ ᠪᠠᠰᠠ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠶᠡᠬᠡ ᠲᠠᠯ᠎ᠠ᠎ᠶᠢ ᠨᠦᠯᠦᠭᠡᠯᠡᠵᠦ᠂ ᠰᠢᠨ᠎ᠡ ᠲᠢᠲᠢᠮᠯᠢᠭ ᠸᠢᠷᠦ᠋ᠰ᠎ᠲᠤ ᠵᠠᠪᠰᠢᠬᠤ ᠲᠣᠬᠢᠶᠠᠯ ᠣᠯᠭᠣᠵᠤ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠳ᠋ᠤ ᠬᠦᠨᠳᠦ ᠶᠡᠬᠡ ᠠᠶᠤᠯ ᠲᠦᠭᠰᠢᠭᠦᠷᠢ ᠤᠴᠠᠷᠠᠭᠤᠯᠵᠤ ᠮᠡᠳᠡᠨ᠎ᠡ᠃

ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠲᠠᠢ ᠬᠠᠮᠵᠢᠯᠴᠠᠵᠤ ᠰᠠᠨᠠᠭᠠᠴᠢᠯᠠᠭ᠎ᠠ ᠡᠴᠠ᠎ᠪᠠᠨ ᠬᠢᠬᠦ ᠭᠡᠳᠡᠭ᠎ᠨᠢ ᠬᠢᠬᠦ ᠲᠤᠷ᠎ᠠ᠎ᠲᠠᠢ ᠪᠤᠯ ᠬᠢᠬᠦ ᠰᠣᠩᠭᠣᠯᠲᠠ ᠪᠢᠰᠢ᠂ ᠬᠠᠷᠢᠨ ᠬᠠᠤᠯᠢ ᠴᠠᠭᠠᠵᠠ᠎ᠡᠴᠠ ᠠᠷᠠᠳ ᠢᠷᠭᠡᠨ ᠨᠢᠭᠡ ᠪᠦᠷᠢ᠎ᠶᠢ ᠱᠠᠭᠠᠷᠳᠠᠵᠤ ᠪᠠᠢᠭ᠎ᠠ ᠡᠷᠬᠡᠪᠰᠢ ᠭᠦᠢᠴᠡᠳᠬᠡᠬᠦ ᠬᠠᠷᠢᠭᠤᠴᠠᠯᠭ᠎ᠠ ᠪᠠ ᠡᠭᠦᠷᠭᠡ ᠶᠤᠮ᠃ ᠬᠠᠤᠯᠢ ᠴᠠᠭᠠᠵᠠ᠎ᠶᠢ ᠵᠥᠷᠢᠴᠡᠵᠦ ᠪᠤᠰᠤᠳ᠎ᠲᠤ ᠬᠤᠤᠷ ᠬᠦᠨᠦᠭᠡᠯ ᠤᠴᠠᠷᠠᠭᠤᠯᠪᠠᠯ ᠵᠠᠶᠢᠯᠠᠰᠢ ᠦᠭᠡᠢ ᠰᠢᠢᠳᠭᠡᠭᠳᠡᠬᠦ ᠶᠤᠰᠤᠳᠠᠢ᠃

ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠥᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ᠎ᠬᠢᠨ ᠴᠠᠭ ᠲᠤᠬᠠᠶ᠎ᠳ᠋ᠤᠨᠢ ᠬᠦᠳᠠᠯᠦᠯᠴᠡᠵᠦ᠂ ᠰᠠᠨᠠᠭᠠᠴᠢᠯᠠᠭ᠎ᠠ᠎ᠡᠴᠠ᠎ᠪᠠᠨ ᠠᠵᠢᠯᠯᠠᠵᠤ᠂ ᠬᠠᠤᠯᠢ ᠲᠣᠭᠲᠠᠭᠠᠯ ᠶᠣᠰᠣᠭᠠᠷ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠡᠯ᠎ᠡ ᠵᠦᠢᠯ᠎ᠤᠨ ᠠᠷᠭ᠎ᠠ ᠬᠡᠮᠵᠢᠶ᠎ᠡ᠎ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠶ᠃ ᠵᠠᠬ᠎ᠠ ᠳᠡᠯᠭᠡᠭᠦᠷ᠎ᠤᠨ ᠬᠢᠨᠠᠯᠳᠠ ᠬᠠᠮᠢᠶᠠᠷᠤᠯᠳᠠ᠎ᠶᠢᠨ ᠰᠠᠯᠠᠭ᠎ᠠ ᠮᠦᠴᠢᠷ᠎ᠤᠨ᠎ᠬᠢᠨ ᠪᠠᠷᠠᠭᠠᠨ᠎ᠤ ᠦᠨ᠎ᠠ᠎ᠶᠢ ᠦᠰᠭᠡᠬᠦ᠂ ᠬᠠᠳᠠᠭᠠᠯᠠᠨ ᠳᠠᠷᠤᠵᠤ ᠬᠤᠨᠵᠢᠨ ᠵᠠᠪᠰᠢᠬᠤ ᠵᠡᠷᠭᠡ ᠵᠠᠬ᠎ᠠ ᠳᠡᠯᠭᠡᠭᠦᠷ᠎ᠢ ᠰᠠᠮᠠᠭᠤᠷᠠᠭᠤᠯᠬᠤ ᠠᠵᠢᠯᠯᠠᠭ᠎ᠠ᠎ᠳ᠋ᠤ ᠴᠢᠩᠭ᠎ᠠ ᠴᠤᠬᠢᠯᠳᠠ ᠦᠭᠴᠤ᠂ ᠬᠦᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠢᠭᠡᠮ᠎ᠤᠨ ᠪᠠᠳᠤᠯᠠᠭ᠎ᠠ ᠵᠡᠷᠭᠡ ᠰᠠᠯᠠᠭ᠎ᠠ ᠮᠦᠴᠢᠷ᠎ᠤᠨ᠎ᠬᠢᠨ ᠲᠤᠰᠠᠭᠠᠷᠯᠠᠭᠳᠠᠵᠤ ᠪᠠᠢᠭ᠎ᠠ᠂ ᠡᠮᠨᠡᠭᠦᠯᠵᠤ ᠪᠠᠢᠭ᠎ᠠ ᠪᠤᠶᠤ ᠬᠢᠵᠢᠭ᠎ᠡᠴᠠ ᠪᠤᠯᠵᠤ ᠠᠵᠢᠯ᠎ᠢᠶᠡᠨ ᠰᠡᠷᠭᠦᠭᠡᠵᠤ ᠳᠡᠢᠯᠬᠦ ᠦᠭᠡᠢ ᠪᠠᠢᠭ᠎ᠠ ᠦᠶ᠎ᠠ᠎ᠶᠢᠨ ᠬᠦᠳᠡᠯᠮᠦᠷᠢ᠎ᠶᠢᠨ ᠭᠡᠷ᠎ᠠ᠂ ᠴᠠᠯᠢᠩ ᠬᠦᠯᠦᠰᠦ᠂ ᠡᠮᠴᠢᠯᠡᠭᠡᠨ᠎ᠤ ᠪᠠᠳᠤᠯᠠᠭ᠎ᠠ ᠵᠡᠷᠭᠡ ᠠᠰᠠᠭᠤᠳᠠᠯ᠎ᠤᠳ᠎ᠤᠨ ᠲᠤᠬᠠᠢ ᠲᠦᠷᠢᠮ ᠲᠤᠭᠳᠠᠭᠠᠯ ᠲᠤᠭᠳᠠᠭᠠᠬᠤ ᠬᠡᠷᠡᠭᠳᠠᠢ᠃ ᠬᠢᠵᠢᠭ᠎ᠡᠴᠠ ᠪᠤᠯᠤᠭᠰᠠᠨ ᠢᠷᠭᠡᠨ᠎ᠤ ᠬᠡᠷᠡᠭ᠎ᠤᠨ ᠮᠠᠷᠭᠤᠭᠠᠨ᠎ᠳ᠋ᠤ ᠰᠢᠭᠦᠨ ᠲᠠᠰᠤᠯᠬᠤ ᠪᠠᠢᠭᠤᠯᠤᠮᠵᠢ᠎ᠶᠢᠨ᠎ᠬᠢᠨ ᠬᠠᠤᠯᠢ ᠶᠤᠰᠤᠭᠠᠷ ᠡᠯ᠎ᠠ ᠲᠠᠯ᠎ᠠ᠎ᠶᠢᠨ᠎ᠬᠢᠨ᠎ᠤ ᠬᠠᠤᠯᠢ ᠶᠤᠰᠤᠨ᠎ᠤ ᠡᠷᠬᠡ ᠠᠰᠢᠭ᠎ᠢ ᠬᠠᠮᠠᠭᠠᠯᠠᠵᠤ᠂ ᠮᠠᠷᠭᠤᠭᠠᠨ᠎ᠢ ᠨᠠᠮᠳᠠᠭᠤᠯᠬᠤ᠎ᠪᠠᠷ ᠢᠳᠡᠪᠬᠢᠳᠠᠢ ᠴᠢᠷᠮᠠᠢᠵᠤ᠂ ᠠᠵᠤ ᠠᠬᠤᠢ᠎ᠶᠢᠨ ᠬᠦᠭᠵᠢᠯᠳᠡ ᠪᠠ ᠨᠡᠢᠭᠡᠮ᠎ᠤᠨ ᠲᠤᠭᠳᠠᠭᠤᠨ᠎ᠢ ᠪᠠᠳᠤᠯᠠᠬᠤ ᠬᠡᠷᠡᠭᠳᠠᠢ᠃ ᠡᠯ᠎ᠠ ᠵᠦᠢᠯ᠎ᠤᠨ ᠰᠡᠷᠭᠡᠢᠯᠡᠯᠳᠡ᠎ᠶᠢᠨ ᠠᠷᠭ᠎ᠠ ᠬᠡᠮᠵᠢᠶ᠎ᠠ᠎ᠨᠢ ᠬᠢᠵᠢᠭ᠎ᠢ ᠡᠵᠡᠮᠳᠡᠬᠦ ᠬᠠᠷᠠᠯᠳᠠ᠎ᠳᠠᠭᠠᠨ ᠬᠦᠷᠦᠭᠰᠡᠨ ᠤᠷᠢᠳᠠᠯ ᠳᠤᠤᠷ᠎ᠠ᠂ ᠤᠯᠠᠨ ᠲᠦᠮᠡᠨ᠎ᠤ ᠠᠮᠢᠳᠤᠷᠠᠯ᠎ᠳ᠋ᠤ ᠦᠵᠡᠭᠦᠯᠬᠦ ᠨᠦᠯᠦᠭᠡ᠎ᠶᠢ ᠬᠠᠮᠤᠭ᠎ᠤᠨ ᠶᠡᠬᠡ ᠬᠡᠮᠵᠢᠶ᠎ᠠ᠎ᠪᠠᠷ ᠪᠠᠭᠠᠰᠬᠠᠵᠤ᠂ ᠬᠡᠪ᠎ᠤᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠲᠢᠭᠯᠢᠮ᠎ᠢ ᠪᠠᠳᠤᠯᠠᠬᠤ ᠬᠡᠷᠡᠭᠳᠠᠢ᠃

ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠳ᠋ᠤ ︽ ᠠᠷᠭ᠎ᠠ︾᠎ᠡᠴᠠ ᠭᠠᠳᠠᠨ᠎ᠠ ᠪᠠᠰᠠ ︽ ᠬᠠᠤᠯᠢ︾᠎ᠶᠢ ᠴᠢᠬᠤᠯᠠᠴᠢᠯᠠᠬᠤ ᠬᠡᠷᠡᠭᠲᠡᠢ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳ᠋ᠤ᠂ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ ᠬᠠᠤᠯᠢ᠎ᠶᠢ ᠵᠢᠷᠤᠮᠯᠠᠨ᠂ ᠬᠠᠤᠯᠢ᠎ᠶᠢ ᠬᠦᠮᠦᠨ ᠪᠤᠯᠭᠠᠨ᠎ᠤ ᠠᠵᠢᠯᠯᠠᠭᠠᠨ᠎ᠤ ᠵᠢᠷᠤᠮᠵᠢᠯ ᠪᠤᠯᠭᠠᠵᠤ᠂ ᠬᠢᠵᠢᠭ᠎ᠤᠨ ᠪᠠᠢᠳᠠᠯ᠎ᠢ ᠰᠠᠢᠳᠤᠷ ᠰᠡᠷᠭᠡᠢᠯᠡᠨ ᠡᠵᠡᠮᠳᠡᠬᠦ᠎ᠳ᠋ᠤ ᠬᠦᠮᠦᠨ ᠪᠤᠯᠭᠠᠨ ᠬᠦᠴᠦ ᠭᠠᠷᠭᠠᠬᠤ ᠬᠡᠷᠡᠭᠳᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面