2022-01-29 10:23:41
ᠣᠢᠷ᠎ᠠ᠎ᠳᠤ ᠬᠥᠬᠡᠬᠣᠲᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ 2022 ᠣᠨ᠎ᠤ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠣᠯᠪᠣᠭ᠍ᠳᠠᠯ ᠪᠥᠬᠥᠶ ᠠᠵᠢᠯ᠎ᠢ ᠵᠠᠷᠯᠠᠨ ᠮᠡᠳᠡᠭ᠌ᠳᠡᠪᠡ᠃
ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠲᠥᠷᠥ᠎ᠶ᠋ᠢᠨ ᠪᠣᠳᠣᠯᠭ᠎ᠠ᠎ᠶ᠋ᠢ ᠦᠨᠳᠦᠰᠦᠯᠡᠨ᠂ 14 ᠡᠳᠦᠷ᠎ᠦᠨ ᠳᠣᠲᠣᠷ᠎ᠠ ᠤᠯᠤᠰ᠎ᠤᠨ ᠳᠣᠲᠣᠭᠠᠳᠤ᠎ᠶ᠋ᠢᠨ ᠳᠤᠮᠳᠠ ᠦᠨᠳᠦᠷ ᠲᠦᠭ᠌ᠰᠢᠭᠦᠷᠢᠲᠡᠢ ᠭᠠᠵᠠᠷ ᠣᠷᠣᠨ᠎ᠤ ᠪᠠᠢᠭ᠎ᠠ ᠭᠠᠵᠠᠷ᠎ᠤᠨ ᠬᠣᠲᠠ᠎ᠶ᠋ᠢᠨ ᠪᠤᠰᠤᠳ ᠱᠢᠶᠠᠨ(ᠬᠣᠲᠠ᠂ ᠲᠣᠭᠣᠷᠢᠭ᠂ ᠬᠣᠱᠢᠭᠤ)᠎ᠳ᠋ᠤ ᠵᠢᠭᠤᠯᠴᠢᠯᠠᠭᠰᠠᠨ ᠪᠤᠶᠤ ᠪᠠᠭᠤᠳᠠᠯᠯᠠᠭᠰᠠᠨ ᠲᠡᠦᠬᠡ᠎ᠲᠡᠶ ᠬᠦᠮᠦᠰ(ᠡᠷᠡᠭᠦᠯ ᠮᠡᠨᠳᠦ᠍᠎ᠶ᠋ᠢᠨ ᠺᠣᠳ᠋ ᠪᠤᠶᠤ ᠠᠶᠠᠯᠠᠯ᠎ᠤᠨ ᠺᠣᠳ᠋ ᠨᠢ ᠨᠣᠭᠣᠭᠠᠨ ᠺᠣᠳ᠋᠎ᠤᠨ ᠳᠡᠭᠡᠷ᠎ᠡ ᠪᠡᠨ ᠤᠳᠤᠨ ᠲᠡᠮᠳᠡᠭ ᠲᠠᠢ) ᠬᠥᠬᠡᠬᠣᠲᠠ᠎ᠳᠤ ᠢᠷᠡᠭ᠌ᠰᠡᠨ(ᠪᠤᠶᠤ ᠪᠤᠴᠠᠵᠤ ᠢᠷᠡᠭ᠌ᠰᠡᠨ)ᠪᠠᠢᠪᠠᠯ᠂ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠲᠡ᠎ᠶ᠋ᠢᠨ ᠪᠢᠯᠢᠭ ᠴᠢᠨᠠᠷ᠎ᠤᠨ ᠭᠡᠷᠡᠴᠢᠭᠠᠷᠭᠠᠵᠤ᠂ ᠬᠦᠬᠡᠬᠤᠲᠠ ᠳ᠋ᠤ ᠬᠦᠷᠬᠦ ᠡᠴᠡ ᠡᠮᠦᠨ᠎ᠡ ᠵᠤᠷᠢᠭᠰᠠᠨ ᠭᠠᠵᠠᠷ᠎ᠤᠨ᠎ᠢᠶᠡᠨ ᠨᠡᠢᠭᠡᠮ ᠲᠣᠭᠣᠷᠢᠭ(ᠲᠣᠰᠭᠣᠨ) ᠪᠤᠶᠤ ᠨᠢᠭᠡᠴᠢ᠎ᠳᠦ ᠮᠡᠳᠡᠭᠦᠯᠵᠦ᠍᠂ ᠬᠦᠬᠡᠬᠤᠲᠠ᠎ᠳᠤ ᠢᠷᠡᠭᠰᠡᠨ᠎ᠤ ᠳᠠᠷᠠᠭᠠᠬᠢ 1 ᠂ 3 ᠳ᠋ᠤᠭᠠᠷ ᠡᠳᠦᠷ᠎ᠲᠦ ᠲᠣᠰ ᠲᠣᠰ ᠨᠢᠭᠡ ᠤᠳᠠᠭ᠎ᠠ ᠪᠥᠭᠡᠮ ᠬᠦᠴᠢᠯ᠎ᠦᠨ ᠪᠠᠢᠴᠠᠭᠠᠯᠲᠡ ᠬᠢᠵᠦ᠍᠂ ᠬᠣᠶᠠᠳᠠᠬᠢ ᠤᠳᠠᠭᠠᠨ᠎ᠤ ᠪᠥᠭᠡᠮ ᠬᠦᠴᠢᠯ᠎ᠦᠨ ᠪᠠᠢᠴᠠᠭᠠᠯᠲᠡ᠎ᠶ᠋ᠢᠨ ᠦᠷ᠎ᠡ ᠳ᠋ᠦᠩ ᠭᠠᠷᠬᠤ ᠠᠴᠠ ᠡᠮᠦᠨ᠎ᠡ ᠲᠦᠷ ᠴᠠᠭ ᠬᠡᠷ᠎ᠲᠡᠬᠡᠨ ᠰᠠᠭᠤᠵᠤ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠬᠦ᠌ ᠬᠡᠷᠡᠭ᠌ᠲᠡᠶ᠂ ᠬᠥᠮᠦᠨ ᠬᠠᠷ᠎ᠠ ᠴᠤᠭ᠍ᠯᠠᠷᠠᠭ᠍ᠰᠠᠨ ᠲᠠᠯᠠᠪᠤᠷ᠎ᠲᠤ ᠬᠦᠷᠴᠦ᠍ ᠪᠣᠯᠬᠤ ᠥᠬᠡᠶ᠂ ᠡᠭᠦᠨ᠎ᠤ ᠬᠠᠮᠲᠤ 14 ᠡᠳᠦᠷ ᠥᠪᠡᠷ᠎ᠢᠶᠡᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠨ᠎ᠡ᠃
ᠬᠡᠷ᠎ᠲᠡᠬᠡᠨ ᠰᠠᠭᠤᠵᠤ ᠡᠷᠡᠭᠦᠯ ᠮᠡᠨᠳᠦ᠍᠎ᠶ᠋ᠢᠨ ᠬᠢᠨᠠᠯᠲᠠ ᠬᠢᠵᠦ᠍ ᠪᠠᠢᠬᠤ ᠬᠤᠭᠤᠴᠠᠭᠠᠨ᠎ᠳᠤ ᠡᠮᠨᠡᠯᠭᠡ᠎ᠳᠦ ᠣᠴᠢᠵᠤ ᠪᠥᠭᠡᠮ ᠬᠦᠴᠢᠯ᠎ᠤᠨ ᠪᠠᠢᠴᠠᠭᠠᠯᠲᠠ ᠬᠢᠯᠭᠡᠵᠦ᠍ ᠪᠣᠯᠤᠨᠠᠦᠦ᠂ ᠭᠠᠳᠠᠭ᠍ᠰᠢ ᠭᠠᠷᠴᠤ᠌ ᠪᠣᠯᠤᠨ᠎ᠠ ᠦᠦ?ᠭᠡᠳᠡᠭ ᠲᠤ᠌ ᠤᠯᠠᠨ ᠬᠦᠮᠦᠨ ᠡᠷᠡᠭᠡᠯᠵᠡᠭᠡ ᠲᠠᠢ ᠪᠠᠢᠨ᠎ᠠ᠃
ᠡᠭᠦᠨ᠎ᠦ ᠲᠤᠬᠠᠶ ᠰᠤᠷᠪᠤᠯᠵᠢᠯᠠᠭ᠍ᠴᠢ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠤᠢᠯᠠᠭᠠᠭᠰᠠᠨ ᠶᠤᠮ᠃ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠢᠯᠡᠷᠬᠡᠢᠯᠡᠬᠦ᠌᠎ᠳᠡᠭᠡᠨ᠂ ᠬᠡᠷ ᠪᠦᠯᠢ᠎ᠶ᠋ᠢᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠨᠢ ᠬᠡᠷ ᠪᠦᠯᠢ᠎ᠶ᠋ᠢᠨ ᠲᠤᠰᠠᠭᠠᠷᠯᠠᠯ᠎ᠲᠠᠶ ᠠᠳᠠᠯᠢ ᠥᠬᠡᠶ᠃
ᠭᠡᠷ᠎ᠲᠡᠬᠡᠨ ᠰᠠᠭᠤᠵᠤ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠵᠦ ᠪᠠᠢᠬᠤ ᠬᠤᠭᠤᠴᠠᠭᠠᠨ᠎ᠳᠤ ᠬᠤᠪᠢ ᠬᠥᠮᠦᠨ᠎ᠦ ᠬᠠᠮᠠᠭᠠᠯᠠᠯᠲᠠ᠎ᠶ᠋ᠢ ᠰᠠᠢᠲᠤᠷ ᠬᠢᠭ᠌ᠰᠡᠨ ᠪᠠᠢᠳᠠᠯ ᠳᠣᠣᠷ᠎ᠠ ᠬᠡᠪ᠎ᠦᠨ ᠪᠠᠢᠳᠠᠯ᠎ᠢᠶᠠᠷ ᠠᠵᠢᠯᠯᠠᠬᠤ᠂ ᠰᠤᠷᠭᠠᠭᠤᠯᠢ᠎ᠳᠤ ᠣᠷᠣᠬᠤ᠂ ᠡᠪᠡᠳᠴᠢᠨ ᠦᠵᠡᠭᠦᠯᠬᠦ᠂ ᠱᠢᠯᠭᠠᠯᠲᠠ ᠬᠢᠬᠦ᠌ ᠵᠡᠷᠭᠡ ᠠᠵᠢᠯ᠎ᠢ ᠬᠢᠵᠦ᠍ ᠪᠣᠯᠤᠨ᠎ᠠ᠃ ᠬᠡᠷᠪᠡ ᠬᠠᠯᠠᠭᠤᠷᠠᠬᠤ᠂ ᠬᠠᠨᠢᠶᠠᠬᠤ᠂ ᠦᠨᠦᠷᠯᠡᠬᠦ ᠰᠡᠷᠡᠯ ᠮᠠᠭᠤᠳᠠᠬᠤ ᠵᠡᠷᠭᠡ ᠬᠡᠪ᠎ᠦᠨ ᠪᠤᠰᠤ ᠪᠠᠢᠳᠠᠯ ᠭᠠᠷᠪᠠᠯ ᠲᠣᠭ᠍ᠲᠠᠭ᠍ᠰᠠᠨ ᠴᠡᠭ᠎ᠦᠨ ᠡᠮᠨᠡᠯᠭᠡ᠎ᠶ᠋ᠢᠨ ᠬᠣᠷᠢᠶᠠᠨ᠎ᠳᠤ ᠴᠠᠭ ᠲᠤᠬᠠᠶ᠎ᠳᠤᠨᠢ ᠬᠦᠷᠴᠦ᠍ ᠪᠠᠢᠴᠠᠭᠠᠯᠲᠠ ᠬᠢᠯᠭᠡᠨ᠎ᠡ᠃
ᠡᠭᠦᠨ᠎ᠡᠴᠡ ᠭᠠᠳᠠᠨ᠎ᠠ᠂ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠪᠠᠰᠠ ᠬᠡᠷ ᠪᠦᠯᠢ᠎ᠶ᠋ᠢᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢᠨ ᠬᠤᠭᠤᠴᠠᠭᠠᠨ᠎ᠳᠤ ᠬᠡᠳᠦᠢᠪᠡᠷ ᠭᠠᠳᠠᠭ᠍ᠰᠢ ᠭᠠᠷᠴᠤ᠌ ᠪᠣᠯᠬᠤ ᠪᠣᠯᠪᠠᠴᠤ᠌ ᠳᠣᠸ᠋ᠷᠠᠬᠢ ᠬᠡᠳᠦᠨ ᠲᠠᠯ᠎ᠠ᠎ᠶ᠋ᠢ ᠠᠩᠬᠠᠷᠬᠤ ᠬᠡᠷᠡᠭ᠌ᠲᠡᠶ ᠭᠡᠵᠦ ᠰᠠᠨᠠᠭᠤᠯᠵᠠᠢ ᠄
ᠬᠣᠶᠠᠷ᠎ᠢ ᠰᠠᠢᠲᠤᠷ ᠬᠢᠬᠦ᠌
ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢ ᠰᠠᠢᠲᠤᠷ ᠬᠢᠵᠦ᠍᠂ ᠡᠳᠦᠷ ᠪᠦᠷᠢ ᠪᠡᠶ᠎ᠡ᠎ᠶ᠋ᠢᠨ ᠳᠤᠯᠠᠭᠠᠨ᠎ᠢᠶᠡᠨ ᠬᠡᠮᠵᠢᠵᠦ᠍᠂ ᠱᠠᠭᠠᠷᠳᠠᠯᠭ᠎ᠠ ᠶᠣᠰᠣᠭᠠᠷ ᠪᠥᠭᠡᠮ ᠬᠦᠴᠢᠯ᠎ᠦᠨ ᠪᠠᠢᠴᠠᠭᠠᠯᠲᠠ ᠬᠢᠨ᠎ᠡ; ᠭᠠᠳᠠᠭ᠍ᠰᠢ ᠭᠠᠷᠬᠤ᠎ᠳᠠᠭᠠᠨ ᠬᠤᠪᠢ ᠬᠥᠮᠦᠨ᠎ᠦ ᠬᠠᠮᠠᠭᠠᠯᠠᠯᠲᠠ᠎ᠪᠠᠨ ᠰᠠᠢᠲᠤᠷ ᠬᠢᠵᠦ᠍ ᠂ ᠠᠮᠠᠪᠴᠢ ᠵᠡᠭᠦᠬᠦ᠌ ᠬᠡᠷᠡᠭ᠌ᠲᠡᠶ᠃
ᠲᠦᠷᠪᠡᠨ ᠪᠣᠯᠬᠤ ᠤᠢ᠍ᠭᠡᠢ
ᠴᠤᠭ᠍ᠯᠠᠭᠠᠨ᠎ᠤ ᠴᠢᠨᠠᠷᠲᠠᠶ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ;
ᠬᠥᠮᠦᠰ ᠴᠤᠭ᠍ᠯᠠᠷᠠᠭ᠍ᠰᠠᠨ ᠭᠠᠵᠠᠷ᠎ᠲᠤ ᠣᠴᠢᠵᠤ ᠪᠣᠯᠬᠤ ᠥᠬᠡᠶ;
ᠣᠯᠠᠨ ᠨᠡᠢᠲᠡ ᠶ᠋ᠢᠨ ᠵᠠᠮ ᠬᠠᠷᠢᠯᠴᠠᠭᠠᠨ᠎ᠤ ᠪᠠᠭᠠᠵᠢ ᠳ᠋ᠤ ᠰᠠᠭᠤᠵᠤ ᠪᠤᠯᠬᠤ ᠦᠭᠡᠢ;
ᠰᠦᠯᠵᠢᠶᠡᠨ ᠪᠠᠭᠠᠷ᠂ ᠺᠢᠨᠣ᠋᠎ᠶ᠋ᠢᠨ ᠣᠷᠳᠣᠨ᠂ ᠪᠡᠶ᠎ᠡ ᠴᠢᠭᠢᠷᠠᠭ᠍ᠵᠢᠭᠤᠯᠬᠤ ᠭᠠᠵᠠᠷ᠂ ᠮᠠᠵᠢᠶᠠᠩ᠎ᠤᠨ ᠭᠠᠵᠠᠷ᠂ ᠱᠢᠲᠠᠷ᠎ᠠ᠎ᠶ᠋ᠢᠨ ᠲᠠᠰᠤᠭ᠂ KTV ᠵᠡᠷᠭᠡ ᠪᠢᠲᠡᠭᠦᠮᠵᠢᠯᠡᠭ᠌ᠰᠡᠨ᠂ ᠬᠠᠭᠠᠰ ᠪᠢᠲᠡᠭᠦᠮᠵᠢᠯᠡᠭ᠌ᠰᠡᠨ ᠲᠠᠯᠠᠪᠤᠷ᠎ᠲᠤ ᠣᠴᠢᠵᠤ ᠪᠣᠯᠬᠤ ᠥᠬᠡᠶ᠃
ᠨᠢᠭᠡ 《ᠴᠠᠭ ᠲᠤᠬᠠᠢ ᠳ᠋ᠤᠨᠢ》
ᠬᠠᠯᠠᠭᠤᠷᠠᠬᠤ᠂ ᠬᠠᠭᠤᠷᠠᠶ᠎ᠪᠠᠷ ᠬᠠᠨᠢᠶᠠᠬᠤ᠂ ᠲᠠᠮᠢᠷᠳᠠᠬᠤ᠂ ᠬᠣᠭᠣᠯᠠᠶ ᠡᠪᠡᠳᠬᠦ᠂ ᠦᠨᠦᠷᠯᠡᠬᠦ᠌ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪ ᠦᠭᠡᠢ ᠪᠠᠢᠳᠠᠯ ᠢᠯᠡᠷᠡᠪᠡᠯ᠂ ᠳᠠᠷᠤᠢᠬᠠᠨ ᠨᠡᠢᠭᠡᠮ ᠲᠣᠭᠣᠷᠢᠭ ᠤᠨ《 ᠭᠤᠷᠪᠠᠨ ᠬᠥᠮᠦᠨ᠎ᠦ ᠳᠤᠭᠤᠢᠯᠠᠩ》᠎ᠳ᠋ᠤ ᠮᠡᠳᠡᠭᠦᠯᠵᠦ᠍᠂ ᠲᠣᠭ᠍ᠲᠠᠭ᠍ᠰᠠᠨᠡᠮᠡᠮᠨᠡᠯᠭᠡᠶ᠋ᠢᠨ ᠪᠠᠢᠭᠤᠯᠤᠮᠵᠢ᠎ᠳᠤ ᠴᠠᠭ ᠲᠤᠬᠠᠶ᠎ᠳᠤᠨᠢ ᠬᠦᠷᠴᠦ᠍ ᠪᠠᠢᠴᠠᠭᠠᠯᠭᠠᠬᠤ ᠬᠡᠷᠡᠭ᠌ᠲᠡᠶ᠃ ᠬᠠᠮᠲᠤ ᠰᠠᠭᠤᠭ᠎ᠠ ᠬᠥᠮᠦᠰ ᠡᠷᠡᠭᠦᠯ ᠮᠡᠨᠳᠦ᠍᠎ᠶ᠋ᠢᠨ ᠲᠠᠯ᠎ᠠ᠎ᠪᠠᠷ ᠶᠠᠮᠠᠷ ᠴᠤ᠌ ᠡᠪ ᠦᠭᠡᠶ ᠪᠠᠢᠳᠠᠯ ᠪᠠᠢᠬᠤ ᠦᠭᠡᠢ ᠪᠠᠢᠳᠠᠯ ᠳᠣᠣᠷ᠎ᠠ ᠭᠠᠳᠠᠭ᠍ᠰᠢ ᠭᠠᠷᠴᠤ᠌ ᠪᠣᠯᠤᠨ᠎ᠠ᠃
ᠢᠷᠡᠯᠲᠡ ᠄ ᠠᠷᠠᠳ᠎ᠤᠨ ᠡᠳᠦᠷ᠎ᠤᠨ ᠰᠤᠨᠢᠨ᠎ᠤ ᠰᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃