2022-02-22 11:07:11
ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠬᠥᠮᠦᠨ ᠪᠦᠬᠦᠨ ᠬᠠᠷᠢᠭᠤᠴᠠᠯᠭ᠎ᠠ ᠲᠠᠶ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠥᠪᠴᠢ᠎ᠶ᠋ᠢ ᠴᠠᠭ ᠢᠮᠠᠭ᠍ᠲᠠ ᠴᠢᠩᠭᠠᠯᠠᠵᠤ᠂ ᠠᠯᠮᠠᠢᠷᠠᠨ ᠴᠠᠯᠠᠭᠠᠢᠷᠠᠬᠤ ᠦᠭᠡᠢ᠂ ᠣᠮᠲᠣᠭᠠᠢᠯᠠᠵᠤ ᠪᠤᠯᠬᠤ ᠦᠭᠡᠢ᠃
ᠨᠢᠭᠡ᠂ ᠪᠣᠯᠭᠣᠮᠵᠢ ᠲᠠᠢ ᠪᠠᠢᠬᠤ ᠬᠡᠷᠡᠭᠲᠡᠢ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠠᠯ᠎ᠠ᠎ᠪᠠᠷ᠂ ᠥᠴᠦᠬᠡᠨ ᠲᠡᠳᠦᠢ ᠣᠮᠲᠣᠭᠠᠢᠯᠠᠪᠠᠯ ᠬᠢᠯᠪᠠᠷ ᠪᠤᠰᠤ ᠪᠠᠷ ᠣᠯᠤᠭ᠍ᠰᠠᠨ ᠬᠢᠵᠢᠭ ᠲᠡᠶ ᠲᠡᠮᠡᠴᠡᠭ᠌ᠰᠡᠨ ᠦᠷ᠎ᠡ ᠪᠦᠲᠦᠭᠡᠯ᠎ᠢᠶᠡᠨ ᠠᠯᠳᠠᠵᠤ ᠮᠡᠳᠡᠨ᠎ᠡ᠃
ᠬᠣᠶᠠᠷ᠂ ᠠᠮᠠᠪᠴᠢ ᠵᠡᠭᠦᠬᠦ᠌᠎ᠵᠢ ᠴᠢᠡᠭᠭ᠎ᠠ ᠪᠠᠷᠢᠮᠲᠠᠯᠠᠬᠤ ᠬᠡᠷᠡᠭ᠌ᠲᠡᠶ᠃ ᠱᠢᠨᠵᠢᠯᠡᠬᠦ᠌ ᠤᠬᠠᠭᠠᠨᠴᠢ ᠪᠠᠷ ᠠᠮᠠᠪᠴᠢ ᠵᠡᠭᠦᠵᠤ᠂ ᠢᠯᠠᠩᠭᠤᠶ᠎ᠠ ᠣᠯᠠᠨ ᠨᠡᠢᠲᠡ᠎ᠶ᠋ᠢᠨ ᠲᠠᠯᠠᠪᠤᠷ᠎ᠲᠤ ᠣᠴᠢᠬᠤ᠂ ᠪᠢᠲᠡᠭᠦᠮᠵᠢᠯᠡᠭ᠌ᠰᠡᠨ ᠣᠷᠣᠨ ᠲᠤᠭᠤᠷᠢᠭ᠂ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ ᠳᠤ ᠰᠠᠭᠤᠬᠤ᠎ᠳᠠᠭᠠᠨ ᠡᠷᠬᠡᠪᠰᠢ ᠠᠮᠠᠪᠴᠢ᠎ᠶ᠋ᠢ ᠵᠥᠪ ᠵᠡᠭᠦᠬᠦ᠌ ᠬᠡᠷᠡᠭ᠌ᠲᠡᠶ᠃
ᠭᠤᠷᠪᠠ᠂ ᠨᠠᠢᠲᠠᠭᠠᠵᠤ᠂ ᠬᠠᠨᠢᠶᠠᠬᠤ ᠦᠶᠡᠰ ᠵᠠᠪᠠᠯ ᠴᠠᠭᠠᠰᠤ᠂ ᠭᠠᠷ ᠠᠯᠴᠢᠭᠤᠷ᠂ ᠭᠠᠷᠤᠨ ᠲᠣᠬᠣᠢ᠎ᠪᠠᠷ ᠠᠮᠠ ᠬᠠᠮᠠᠷ᠎ᠢᠶᠠᠨ ᠪᠥᠭ᠌ᠯᠡᠬᠦ᠌ ᠬᠡᠷᠡᠭ᠌ᠲᠡᠶ᠃
ᠳᠥᠷᠪᠡ᠂ ᠭᠠᠷ᠎ᠢᠶᠠᠨ ᠦᠷᠭᠦᠯᠵᠢ ᠤᠬᠢᠶᠠᠨ᠂ ᠠᠷᠢᠭᠤᠨ ᠴᠡᠪᠡᠷ᠎ᠢ ᠡᠷᠬᠢᠮᠯᠡᠬᠦ᠌ ᠬᠡᠷᠡᠭ᠌ᠲᠡᠢ᠃ ᠬᠣᠭᠣᠯᠠᠨ᠎ᠤ ᠡᠮᠦᠨ᠎ᠡ ᠬᠣᠢᠨ᠎ᠠ᠂ ᠭᠠᠳᠠᠨᠠᠬᠢ ᠶᠠᠭᠤᠮ᠎ᠠ᠎ᠲᠠᠶ ᠬᠦᠷᠦᠯᠴᠡᠭ᠌ᠰᠡᠨᠦ ᠳᠠᠷᠠᠭ᠎ᠠ᠂ ᠠᠮᠠ ᠬᠠᠮᠠᠷ᠎ᠲᠠᠶ ᠬᠦᠷᠦᠯᠴᠡᠬᠦ᠌᠎ᠡᠴᠡ ᠡᠮᠦᠨ᠎ᠡ᠂ ᠵᠠᠪᠠᠯ ᠬᠣᠶᠠᠷ ᠭᠠᠷ᠎ᠢᠶᠠᠨ ᠨᠠᠷᠢᠨ ᠬᠢᠨᠠᠮᠠᠭᠠᠶ ᠤᠬᠢᠶᠠᠵᠤ᠂ ᠳᠣᠯᠣᠭᠠᠨ ᠠᠯᠬᠤᠮ᠎ᠢᠶᠠᠷ ᠭᠠᠷ ᠤᠬᠢᠶᠠᠬᠤ ᠠᠷᠭ᠎ᠠ ᠵᠢ ᠪᠠᠷᠢᠮᠲᠠᠯᠠᠬᠤ ᠬᠡᠷᠡᠭ᠌ᠲᠡᠶ᠃
ᠲᠠᠪᠤ᠂ ᠦᠷᠭᠦᠯᠵᠢ ᠰᠠᠯᠬᠢ ᠨᠡᠪᠲᠡᠷᠡᠭᠦᠯᠬᠦ᠌ ᠬᠡᠷᠡᠭᠲᠡᠢ᠃ ᠡᠳᠦᠷ ᠪᠦᠷᠢ ᠴᠣᠩᠬᠣ᠎ᠪᠠᠨ 2—3 ᠤᠳᠠᠭ᠎ᠠ ᠨᠡᠭᠡᠭᠡᠵᠦ᠍᠂ ᠤᠳᠠᠭ᠎ᠠ ᠪᠦᠷᠢ 20—30 ᠮᠢᠨᠦ᠋ᠲ᠂ ᠣᠨᠴᠠᠭᠠᠢᠯᠠᠨ ᠨᠢᠭ᠍ᠲᠠ ᠪᠢᠲᠡᠭᠦᠮᠵᠢᠯᠡᠭ᠌ᠰᠡᠨ ᠥᠷᠥᠭᠡ ᠪᠤᠯ ᠵᠠᠪᠠᠯ ᠲᠣᠭ᠍ᠲᠠᠭ᠍ᠰᠠᠨ ᠬᠤᠭᠤᠴᠠᠭ᠎ᠠ ᠲᠠᠶ ᠪᠡᠷ ᠴᠣᠩᠬᠣ ᠪᠠᠨ ᠨᠡᠭᠡᠭᠡᠵᠦ᠍ ᠰᠠᠯᠬᠢ ᠨᠡᠪᠲᠡᠷᠡᠭᠦᠯᠬᠦ᠌ ᠬᠡᠷᠡᠭ᠌ᠲᠡᠢ᠃
ᠵᠢᠷᠭᠤᠭ᠎ᠠ᠂ ᠨᠢᠭᠡ ᠮᠧᠲ᠋ᠷ᠎ᠦᠨ ᠵᠠᠶ᠎ᠳᠤ ᠨᠠᠩ ᠠᠮᠤᠷ ᠲᠦᠪᠱᠢᠨ ᠪᠠᠢᠬᠤ ᠬᠡᠷᠡᠭ᠌ᠲᠡᠶ᠃ ᠨᠢᠭᠡ ᠮᠧᠲ᠋ᠷ᠎ᠤᠨ ᠱᠤᠭᠤᠮ ᠢ ᠪᠠᠲᠤ ᠰᠠᠬᠢᠵᠤ᠂ ᠭᠠᠳᠠᠭ᠍ᠰᠢ ᠭᠠᠷᠬᠤ᠎ᠳᠤ ᠱᠢᠬᠠᠯᠳᠤᠬᠤ ᠦᠭᠡᠢ ᠪᠠᠢᠵᠤ᠂ ᠠᠮᠤᠷ ᠲᠦᠪᠱᠢᠨ ᠦ ᠵᠠᠢ ᠵᠢ ᠪᠠᠲᠤᠯᠠᠬᠤ ᠨᠢ ᠦᠪᠡᠷ᠎ᠲᠦ ᠴᠢᠨᠢ ᠪᠤᠰᠤᠳ᠎ᠲᠤ ᠪᠦᠷ ᠠᠱᠢᠭ᠍ᠲᠠᠢ ᠶᠤᠮ᠃
ᠳᠣᠯᠣᠭ᠎ᠠ᠂ ᠳᠤᠲᠠᠭᠤ ᠭᠠᠳᠠᠭ᠍ᠰᠢ ᠭᠠᠷᠴᠤ᠌᠂ ᠴᠤᠭ᠍ᠯᠠᠷᠠᠬᠤ ᠦᠭᠡᠢ᠃ ᠬᠥᠮᠦᠨ ᠣᠯᠠᠨ ᠲᠠᠯᠠᠪᠤᠷ᠎ᠲᠤ ᠣᠴᠢᠬᠤ ᠦᠭᠡᠢ᠂ ᠪᠦᠭᠡᠮᠨᠡᠷᠡᠵᠤ ᠱᠢᠬᠠᠯᠳᠤᠭ᠍ᠰᠠᠨ ᠲᠠᠯᠠᠪᠤᠷ᠎ᠠᠴᠠ ᠵᠠᠢᠯᠠᠬᠤ ᠬᠡᠷᠡᠭ᠌ᠲᠡᠶ᠃
ᠨᠠᠶ᠋ᠮᠠ᠂ ᠸᠠᠺᠼᠢᠨ᠎ᠤ ᠲᠠᠷᠢᠯᠭ᠎ᠠ ᠬᠢᠬᠦ᠌ ᠪᠣᠯ ᠮᠠᠰᠢ ᠴᠢᠬᠤᠯᠠ ᠶᠤᠮ᠃ ᠱᠢᠨ᠎ᠡ ᠲᠢᠲᠢᠮᠯᠢᠭ ᠸᠢᠷᠦ᠋ᠰ᠎ᠢ ᠰᠡᠷᠭᠡᠢᠯᠡᠨ ᠡᠵᠡᠮᠳᠡᠬᠦ᠌᠂ ᠸᠠᠺᠼᠢᠨ ᠲᠠᠷᠢᠬᠤ ᠪᠠ ᠬᠤᠪᠢ ᠬᠥᠮᠦᠨ᠎ᠦ ᠬᠠᠮᠠᠭᠠᠯᠠᠯᠲᠠ᠎ᠶ᠋ᠢ ᠨᠢᠭᠡ᠎ᠶ᠋ᠢ ᠴᠦ᠍ ᠣᠷᠬᠢᠭ᠍ᠳᠠᠭᠤᠯᠵᠤ ᠪᠣᠯᠬᠤ ᠦᠭᠡᠢ᠃
ᠶᠢᠰᠤ᠂ ᠱᠢᠨᠵᠢᠯᠡᠬᠦ᠌ ᠤᠬᠠᠭᠠᠨ᠎ᠢ ᠡᠷᠬᠢᠮᠯᠡᠵᠦ᠍᠂ ᠡᠭᠡᠯᠢᠯᠡᠭᠡ᠎ᠶ᠋ᠢ ᠴᠢᠩᠭᠠᠳᠭᠠᠨ᠎ᠠ᠃ ᠢᠳᠡᠭᠡᠨ ᠤᠮᠳᠠᠭᠠᠨ᠎ᠤ ᠱᠢᠮ᠎ᠡ ᠲᠡᠵᠢᠭᠡᠯ᠎ᠢ ᠲᠡᠩᠴᠡᠭᠦᠷᠢᠲᠡᠶ ᠪᠠᠢᠯᠭᠠᠵᠤ᠂ ᠵᠣᠬᠢᠬᠤ ᠬᠡᠮᠵᠢᠶᠡᠨ᠎ᠦ ᠬᠥᠳᠡᠯᠭᠡᠭᠡᠨ ᠬᠢᠵᠦ᠍ ᠪᠣᠯᠪᠠᠰᠤᠷᠠᠨ᠂ ᠵᠢᠮ᠎ᠡ ᠶᠣᠰᠣ ᠲᠠᠶ ᠠᠵᠢᠯᠯᠠᠵᠤ ᠠᠮᠠᠷᠠᠬᠤ᠎ᠶ᠋ᠢ ᠪᠠᠷᠢᠮᠲᠠᠯᠠᠵᠤ᠂ ᠰᠠᠢᠨ ᠰᠠᠢᠬᠠᠨ ᠰᠡᠳᠭᠢᠴᠡ᠎ᠶ᠋ᠢᠨ ᠪᠠᠢᠳᠠᠯ᠎ᠢᠶᠠᠨ ᠪᠠᠲᠤᠯᠠᠬᠤ ᠨᠢ ᠬᠥᠮᠦᠨ᠎ᠦ ᠪᠡᠶ᠎ᠡ᠎ᠶ᠋ᠢᠨ ᠡᠭᠡᠯᠢᠯᠡᠭᠡ᠎ᠶ᠋ᠢᠨ ᠴᠢᠳᠠᠪᠤᠷᠢ᠎ᠶ᠋ᠢ ᠪᠦᠲᠦᠮᠵᠢᠲᠡᠶ ᠨᠡᠮᠡᠭ᠌ᠳᠡᠭᠦᠯᠵᠦ᠍ ᠴᠢᠳᠠᠨ᠎ᠠ᠃
ᠠᠷᠪᠠ᠂ ᠡᠪᠡᠳᠴᠢᠨ᠎ᠦ ᠢᠯᠡᠷᠡᠯ᠎ᠲᠡᠶ ᠪᠣᠯ ᠡᠷᠲᠡ ᠡᠮᠨᠡᠭᠦᠯᠦᠨ᠎ᠡ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ᠎ᠦ ᠢᠯᠡᠷᠡᠯ᠎ᠲᠡᠶ ᠪᠣᠯ ᠴᠠᠭ ᠲᠤᠬᠠᠶ᠎ᠳᠤᠨᠢ ᠬᠠᠯᠠᠭᠤᠷᠠᠯ᠎ᠤᠨ ᠡᠭᠦᠳᠡᠨ ᠡᠮᠨᠡᠯᠭᠡ᠎ᠳᠦ ᠬᠦᠷᠴᠦ᠍ ᠡᠮᠨᠡᠭᠦᠯᠦᠨ᠂ ᠵᠠᠮ ᠵᠠᠭᠤᠷ᠎ᠠ ᠪᠠᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ᠎ᠳᠤ ᠰᠠᠭᠤᠬᠤ᠎ᠠᠴᠠ ᠵᠠᠢᠯᠠᠰᠭᠢᠵᠦ᠍᠂ ᠵᠢᠭᠤᠯᠴᠢᠯᠠᠭ᠍ᠰᠠᠨ ᠲᠡᠦᠬᠡ᠂ ᠨᠢᠭᠲᠠ ᠣᠢᠷᠠᠲᠤᠭ᠍ᠰᠠᠨ ᠲᠡᠦᠬᠡ ᠪᠡᠨ ᠰᠠᠨᠠᠭᠠᠴᠢᠯᠠᠭ᠎ᠠ ᠠᠴᠠ ᠪᠠᠨ ᠮᠡᠳᠡᠭ᠌ᠳᠡᠬᠦ᠌ ᠬᠡᠷᠡᠭ᠌ᠲᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃