2022-02-23 11:28:47
2ᠰᠠᠷ᠎ᠠ᠎ᠶ᠋ᠢᠨ 22᠎ᠤᠨ ᠡᠳᠦᠷ᠂ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠡᠷᠡᠭᠦᠯ ᠮᠡᠨᠳᠦ᠍᠎ᠶ᠋ᠢᠨ ᠺᠣᠳ᠋ ᠳᠡᠭᠡᠷ᠎ᠡ ᠪᠥᠭᠡᠮᠬᠦᠴᠢᠯᠦᠨ ᠪᠠᠢᠴᠠᠭᠠᠯᠲᠠ᠎ᠶ᠋ᠢᠨ ᠦᠷ᠎ᠡ ᠳ᠋ᠦᠩ᠎ᠢ ᠳᠠᠬᠢᠨ ᠢᠯᠡᠷᠡᠭᠦᠯᠬᠦ᠌ ᠥᠬᠡᠶ ᠪᠠᠢᠵᠤ᠂ ᠣᠲᠣ ᠨᠢᠭᠡᠨᠲᠡ 《ᠬᠥᠬᠡᠬᠣᠲᠠ᠎ᠶ᠋ᠢᠨ ᠡᠮᠴᠢᠯᠡᠭᠡ》 ᠵᠢᠷᠬᠢᠶ᠎ᠡ᠎ᠵᠢᠨ ᠣᠯᠠᠨ ᠨᠡᠢᠲᠡ᠎ᠶ᠋ᠢᠨ ᠲᠠᠪᠴᠠᠩ ᠵᠢᠴᠢ 《ᠮᠥᠩᠬᠡ ᠰᠤᠪᠠᠭ》APP ᠳ᠋ᠤ ᠱᠢᠯᠵᠢᠭᠦᠯᠦᠨ ᠤᠷᠤᠭᠤᠯᠪᠠ᠃ ᠬᠣᠶᠠᠷ ᠵᠦᠢᠯ᠎ᠦᠨ ᠪᠠᠢᠴᠠᠭᠠᠨ ᠦᠵᠡᠬᠦ ᠠᠷᠭ᠎ᠠ ᠨᠢ ᠳᠣᠣᠷᠠᠬᠢ ᠮᠡᠲᠦ᠄
ᠨᠢᠭᠡ᠂ 《ᠬᠥᠬᠡᠬᠣᠲᠠ᠎ᠶ᠋ᠢᠨ ᠡᠮᠴᠢᠯᠡᠭᠡ》 ᠵᠢᠷᠬᠢᠶ᠎ᠡ᠎ᠵᠢᠨ ᠣᠯᠠᠨ ᠨᠡᠢᠲᠡ᠎ᠶ᠋ᠢᠨ ᠲᠠᠪᠴᠠᠩ᠎ᠢᠶᠡᠷ ᠪᠠᠢᠴᠠᠭᠠᠨ ᠯᠠᠪᠯᠠᠬᠤ
《ᠬᠥᠬᠡᠬᠣᠲᠠ᠎ᠶ᠋ᠢᠨ ᠡᠮᠴᠢᠯᠡᠭᠡ》 ᠵᠢᠷᠬᠢᠶ᠎ᠡ᠎ᠵᠢᠨ ᠣᠯᠠᠨ ᠨᠡᠢᠲᠡ᠎ᠶ᠋ᠢᠨ ᠲᠠᠪᠴᠠᠩ ᠳ᠋ᠤ ᠣᠷᠣᠵᠤ᠂ 《ᠬᠤᠪᠢ ᠬᠥᠮᠦᠨ᠎ᠦ ᠲᠥᠪ》᠎ᠢ ᠲᠣᠪᠴᠢᠳᠠᠵᠦ᠂ 《ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠳ᠋ᠦᠩ ᠢ ᠪᠠᠢᠴᠠᠭᠠᠨ ᠯᠠᠪᠯᠠᠬᠤ》ᠵᠢ ᠲᠣᠪᠴᠢᠳᠠᠪᠠᠯ᠂ ᠡᠮᠴᠢᠯᠡᠭᠡᠨ᠎ᠦ ᠪᠠᠢᠭᠤᠯᠤᠮᠵᠢ᠎ᠳ᠋ᠤ ᠬᠢᠭᠰᠡᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠳ᠋ᠦᠩ᠎ᠢ ᠪᠠᠢᠴᠠᠭᠠᠨ ᠯᠠᠪᠯᠠᠵᠤ ᠪᠣᠯᠤᠨ᠎ᠠ᠃ 《ᠶᠡᠬᠡ ᠬᠡᠪᠴᠢᠶᠡᠨ᠎ᠦ ᠪᠥᠭᠡᠮ ᠬᠦᠴᠢᠯ᠎ᠦᠨ ᠪᠠᠢᠴᠠᠭᠠᠯᠳᠠ ᠵᠢᠨ ᠯᠠᠪᠯᠠᠯᠲᠠ ᠨᠢᠭᠡ ᠪᠤᠶᠤ ᠶᠡᠬᠡ ᠬᠡᠪᠴᠢᠶᠡᠨ᠎ᠦ ᠪᠥᠭᠡᠮ ᠬᠦᠴᠢᠯ᠎ᠦᠨ ᠪᠠᠢᠴᠠᠭᠠᠯᠳᠠ ᠵᠢᠨ ᠯᠠᠪᠯᠠᠯᠲᠠ ᠬᠤᠶᠠᠷ》᠎ᠢ ᠲᠣᠪᠴᠢᠳᠠᠪᠠᠯ᠂ ᠶᠡᠬᠡ ᠬᠡᠪᠴᠢᠶᠡᠨ᠎ᠦ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠳ᠋ᠦᠩ᠎ᠢ ᠪᠠᠢᠴᠠᠭᠠᠨ ᠯᠠᠪᠯᠠᠵᠤ ᠪᠣᠯᠤᠨ᠎ᠠ᠃
ᠬᠣᠶᠠᠷ᠂ 《ᠮᠥᠩᠬᠡ ᠰᠤᠪᠠᠭ》 APP ᠪᠡᠷ ᠪᠠᠢᠴᠠᠭᠠᠨ ᠯᠠᠪᠯᠠᠬᠤ
《ᠮᠥᠩᠬᠡ ᠰᠤᠪᠠᠭ》APP ᠵᠢ ᠪᠠᠭᠤᠯᠭᠠᠨ ᠠᠪᠴᠤ᠌᠂ ᠲᠡᠷᠢᠭᠦᠨ ᠨᠢᠭᠤᠷ᠎ᠲᠤ 《ᠪᠥᠭᠡᠮ ᠬᠦᠴᠢᠯ᠎ᠦᠨ ᠪᠠᠢᠴᠠᠭᠠᠯᠳᠠ ᠵᠢᠨ ᠦᠷ᠎ᠡ ᠳ᠋ᠦᠩ᠎ᠢ ᠪᠠᠢᠴᠠᠭᠠᠨ ᠯᠠᠪᠯᠠᠬᠤ》ᠵᠢ ᠲᠣᠪᠴᠢᠳᠠᠵᠤ᠂ ᠪᠠᠢᠭ᠎ᠠ ᠠᠢᠮᠠᠭ ᠬᠣᠲᠠ᠎ᠪᠠᠨ ᠰᠣᠩᠭᠣᠨ᠂ ᠰᠠᠨᠠᠭᠤᠯᠤᠮᠵᠢ᠎ᠶ᠋ᠢ ᠦᠨᠳᠦᠰᠦᠯᠡᠨ ᠮᠡᠳᠡᠭᠡ ᠵᠠᠩᠭᠢ ᠪᠠᠨ ᠣᠷᠣᠭᠤᠯᠤᠨ ᠪᠠᠢᠴᠠᠭᠠᠨ ᠯᠠᠪᠯᠠᠵᠤ ᠪᠤᠯᠤᠨ᠎ᠠ᠃
ᠢᠷᠡᠯᠲᠡ᠄ ᠤᠮᠠᠷᠠᠲᠦ᠎ᠵᠢᠨ ᠰᠦᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃