ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2022-03-02 11:23:48

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2 ᠰᠠᠷ᠎ᠠ ᠎ᠶ᠋ᠢᠨ 28 ᠎ᠦ ᠡᠳᠦᠷ᠂ ᠬᠦᠬᠡᠬᠤᠳᠠ᠎ᠳᠤ ᠠᠷᠪᠠᠳᠤᠭᠠᠷ ᠡᠭᠡᠯᠵᠢ᠎ᠶ᠋ᠢᠨ ᠪᠦᠬᠡᠮ ᠬᠦᠴᠢᠯ᠎ᠦᠨ ᠪᠠᠢᠴᠠᠭᠠᠯᠳᠠ ᠬᠢᠪᠡ᠃ ᠪᠠᠰᠠ ᠵᠠᠯᠭᠠᠭᠠᠳ ᠬᠢᠨ᠎ᠡ ᠤᠤ? ᠶᠠᠭᠤᠨ᠎ᠳᠤ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠳᠠᠬᠢᠨ ᠳᠠᠪᠲᠠᠨ ᠬᠢᠵᠦ᠍ ᠪᠠᠢᠬᠤ ᠪᠤᠢ?ᠣᠳᠣᠬᠠᠨ᠎ᠤ ᠬᠣᠲᠠ᠎ᠶ᠋ᠢᠨ ᠠᠷᠠᠳ᠎ᠤᠨ᠎ᠠᠩᠬᠠᠷᠴᠤ᠌ ᠪᠠᠢᠭ᠎ᠠ ᠡᠲᠡᠭᠡᠷ ᠬᠠᠯᠠᠮᠱᠢᠯ ᠠᠰᠠᠭᠤᠳᠠᠯ᠎ᠤᠨ ᠲᠤᠬᠠᠶ ᠰᠤᠷᠪᠤᠯᠵᠢᠯᠠᠭ᠍ᠴᠢ ᠬᠦᠬᠡᠬᠤᠳᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠮᠢᠺᠷᠣᠪ᠎ᠢ ᠱᠢᠯᠭᠠᠨ ᠪᠠᠢᠴᠠᠭᠠᠬᠤ ᠰᠠᠯᠠᠭᠠᠨ᠎ᠤ ᠳᠠᠷᠤᠭ᠎ᠠ ᠶᠠᠩ ᠶᠤᠸᠠᠢ ᠴᠢᠩ᠎ᠢ ᠰᠤᠷᠪᠤᠯᠵᠢᠯᠠᠵᠠᠢ᠃

ᠶᠠᠩ ᠶᠤᠸᠠᠢ ᠴᠢᠩ᠄ ᠣᠳᠣᠬᠠᠨ᠎ᠤ ᠪᠥᠬᠥ᠌ ᠬᠣᠲᠠ᠎ᠶ᠋ᠢᠨ ᠬᠢᠵᠢᠭ᠎ᠦᠨ ᠪᠠᠢᠳᠠᠯ᠎ᠳᠤ ᠪᠥᠭᠡᠮ ᠬᠦᠴᠢᠯ᠎ᠦᠨ ᠪᠠᠢᠴᠠᠭᠠᠯᠲᠠ ᠬᠢᠬᠦ᠌ ᠪᠣᠯ ᠲᠤᠢᠯ᠎ᠤᠨ ᠴᠢᠬᠤᠯᠠ ᠶᠤᠮ᠂ ᠪᠢᠳᠡ ᠣᠯᠠᠨ ᠤᠳᠠᠭ᠎ᠠ ᠪᠥᠭᠡᠮ ᠬᠦᠴᠢᠯ᠎ᠦᠨ ᠪᠠᠢᠴᠠᠭᠠᠯᠲᠠ ᠬᠢᠵᠦ᠍ ᠪᠠᠢᠭ᠎ᠠ᠎ᠨᠢ ᠭᠤᠤᠯᠳᠠᠭᠤ ᠪᠥᠭᠡᠮ ᠬᠦᠴᠢᠯ᠎ᠦᠨ ᠪᠠᠢᠴᠠᠭᠠᠯᠲᠠ᠎ᠨᠢ ᠠᠷᠭ᠎ᠠ ᠴᠢᠨᠠᠷ᠎ᠲᠠᠶ ᠬᠥᠮᠦᠰ᠎ᠢ ᠱᠢᠭ᠌ᠰᠢᠨ ᠪᠠᠢᠴᠠᠭᠠᠵᠤ᠂ ᠲᠤᠰᠠᠭᠠᠷᠯᠠᠨ ᠬᠠᠮᠢᠶᠠᠷᠤᠨ ᠡᠵᠡᠮᠳᠡᠬᠦ᠌ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ ᠶᠤᠮ᠃ ᠱᠢᠨ᠎ᠡ ᠲᠢᠲᠢᠮᠯᠢᠭ ᠸᠢᠷᠦ᠋ᠰ᠎ᠦᠨ ᠣᠨᠴᠠᠯᠢᠭ ᠪᠣᠯ ᠵᠣᠬᠢᠬᠤ ᠨᠢᠭᠤᠭ᠍ᠳᠠᠮᠠᠯ ᠬᠤᠭᠤᠴᠠᠭ᠎ᠠ᠎ᠪᠠ ᠨᠢᠭᠤᠭ᠍ᠳᠠᠮᠠᠯ ᠴᠢᠨᠠᠷ᠎ᠲᠠᠶ᠃ ᠨᠢᠭᠡ ᠲᠠᠯ᠎ᠠ᠎ᠪᠠᠷ᠂ ᠬᠥᠮᠦᠨ᠎ᠦ ᠪᠡᠶ᠎ᠡ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ᠎ᠤ ᠳᠠᠷᠠᠭ᠎ᠠ᠂ ᠸᠢᠷᠦ᠋ᠰ᠎ᠨᠢ ᠪᠡᠶ᠎ᠡ᠎ᠶ᠋ᠢᠨ ᠳᠣᠲᠣᠷ᠎ᠠ ᠦᠷᠡᠵᠢᠨ ᠨᠡᠮᠡᠭ᠌ᠳᠡᠬᠦ᠌᠎ᠳᠦ ᠵᠣᠬᠢᠬᠤ ᠴᠠᠭ ᠬᠡᠷᠡᠭ᠌ᠰᠡᠨ᠎ᠡ᠂ ᠪᠥᠭᠡᠮ ᠬᠦᠴᠢᠯ᠎ᠦᠨ ᠪᠠᠢᠴᠠᠭᠠᠯᠲᠠ ᠬᠢᠬᠦ᠌ ᠦᠶ᠎ᠡ᠎ᠳᠦ᠂ ᠬᠡᠷᠪᠡ ᠪᠡᠶ᠎ᠡ᠎ᠶ᠋ᠢᠨ ᠳᠣᠲᠣᠷᠠᠬᠢ ᠸᠢᠷᠦ᠋ᠰ᠎ᠦᠨ ᠥᠳᠭᠡᠴᠡ ᠬᠦᠷᠦᠯᠴᠡᠬᠦ᠌ ᠥᠬᠡᠶ᠂ ᠪᠠᠢᠴᠠᠭᠠᠬᠤ ᠬᠢᠵᠠᠭᠠᠷ ᠬᠡᠮᠵᠢᠭ᠌ᠳᠡᠯ᠎ᠡᠴᠡ ᠳᠤᠤᠷ᠎ᠠ ᠪᠣᠯ ᠪᠠᠢᠴᠠᠭᠠᠨ ᠭᠠᠷᠭᠠᠵᠦ᠍ ᠳᠡᠢᠯᠬᠦ᠌ ᠥᠬᠡᠶ ᠪᠠᠢᠵᠤ ᠮᠡᠳᠡᠨ᠎ᠡ᠃ ᠨᠥᠭᠥᠭᠡ ᠲᠠᠯ᠎ᠠ᠎ᠪᠠᠷ᠂ ᠴᠥᠭᠡᠨ ᠲᠣᠭᠠᠨ᠎ᠤ ᠬᠠᠯᠳᠠᠪᠦᠷᠢᠯᠠᠬ᠍ᠳᠠᠬ᠍ᠴᠢ ᠨᠢ ᠦᠷᠬᠦᠯᠵᠢ᠎ᠶ᠋ᠢᠨ ᠴᠢᠨᠠᠷᠳᠠᠢ ᠭᠠᠳᠠᠬ᠍ᠰᠢᠯᠠᠭᠤᠯᠵᠦ᠍ ᠪᠠᠢᠬᠤ ᠦᠭᠡᠢ ᠮᠠᠭᠠᠳ᠂ ᠥᠯᠢᠭᠡᠷ ᠠᠪᠬᠤ ᠦᠶ᠎ᠡ᠎ᠳᠦ ᠶᠠᠭ ᠰᠠᠶ᠍ᠢᠬᠠᠨ ᠨᠢᠭᠤᠬ᠍ᠳᠠᠮᠠᠯ ᠪᠠᠢᠳᠠᠯ᠎ᠳᠦ ᠪᠠᠢᠵᠦ᠍᠂ ᠪᠠᠢᠴᠠᠭᠠᠨ ᠭᠠᠷᠭᠠᠵᠦ᠍ ᠳᠡᠢᠯᠬᠦ᠌ ᠥᠬᠡᠶ ᠠᠰᠠᠭᠤᠳᠠᠯ ᠭᠠᠷᠴᠤ᠌ ᠮᠡᠳᠡᠨ᠎ᠡ᠃ ᠸᠢᠷᠦ᠋ᠰ᠎ᠦᠨ ᠲᠠᠷᠬᠠᠯᠲᠠ ᠪᠣᠯ ᠨᠢᠭᠡᠨ ᠬᠥᠳᠡᠯᠦᠩᠭᠦᠶ ᠶᠠᠪᠤᠴᠠ ᠮᠥᠨ᠂ ᠭᠡᠲᠡᠯ᠎ᠡ ᠪᠠᠢᠴᠠᠭᠠᠯᠲᠠ᠎ᠨᠢ ᠬᠠᠷᠢᠨ ᠨᠢᠭᠡ ᠲᠤᠬ᠍ᠳᠠᠮᠠᠯ ᠴᠠᠭ᠎ᠤᠨ ᠯᠡ ᠦᠷ᠎ᠡ ᠳ᠋ᠦᠡᠭ ᠪᠤᠯᠤᠨ᠎ᠠ᠃ ᠡᠢᠮᠦ᠍᠎ᠡᠴᠡ ᠨᠢᠭᠡ ᠯᠡ ᠤᠳᠠᠭ᠎ᠠ᠎ᠶ᠋ᠢᠨ ᠴᠢᠨᠠᠷᠲᠠᠶ᠂ ᠨᠢᠭᠡ ᠯᠡ ᠴᠠᠭ᠎ᠤᠨ ᠪᠠᠢᠴᠠᠭᠠᠯᠲᠠ᠎ᠪᠠᠷ ᠳᠠᠮᠵᠢᠭᠤᠯᠤᠨ ᠪᠥᠬᠥ ᠬᠠᠯᠳᠠᠪᠦᠷᠢᠯᠠᠬ᠍ᠳᠠᠬ᠍ᠴᠢ ᠪᠤᠶᠤ ᠬᠠᠯᠳᠠᠪᠤᠷᠢᠯᠠᠯ᠎ᠤᠨ ᠡᠬᠢ ᠰᠤᠷᠪᠤᠯᠵᠢ᠎ᠶ᠋ᠢ ᠴᠥᠮ ᠣᠯᠵᠤ ᠮᠡᠳᠡᠬᠦ᠌᠎ᠨᠢ ᠲᠡᠢᠮᠦ᠍ ᠠᠮᠠᠷᠬᠠᠨ ᠪᠦᠷᠢᠮᠦᠰᠦᠨ ᠪᠡᠶᠡᠯᠡᠭ᠌ᠳᠡᠵᠦ᠍ ᠴᠢᠳᠠᠬᠤ ᠤᠴᠢᠷ ᠪᠢᠰᠢ ᠶᠤᠮ᠂ ᠡᠢᠮᠦ᠍᠎ᠡᠴᠡ ᠣᠯᠠᠩᠬᠢ ᠰᠠᠭᠤᠭᠠᠯᠢ ᠠᠷᠠᠳ᠎ᠤᠨ ᠲᠦᠷᠦᠭᠦᠦ ᠬᠡᠳᠦᠨ ᠤᠳᠠᠭᠠᠨ᠎ᠤ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠳ᠋ᠦᠩ᠎ᠨᠢ ᠪᠢᠯᠢᠭ ᠴᠢᠨᠠᠷ ᠲᠠᠶ ᠪᠠᠢᠭ᠍ᠰᠠᠨ ᠴᠤ᠌ ᠨᠠᠩ ᠣᠨᠣᠴᠠᠲᠠᠶ᠎ᠪᠠᠷ ᠰᠡᠷᠭᠡᠢᠯᠡᠨ ᠡᠵᠡᠮᠳᠡᠬᠦ᠌᠎ᠶ᠋ᠢᠨ ᠲᠥᠯᠥᠭᠡ᠂ ᠪᠥᠬᠥ᠌ ᠬᠥᠮᠦᠰ᠎ᠦᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠤᠯᠠᠨ᠎ᠤᠳᠠᠭ᠎ᠠ ᠥᠷᠨᠢᠭᠦᠯᠬᠦ᠌᠎ᠨᠢ ᠮᠥᠨ ᠬᠦ᠌ ᠮᠠᠰᠢ ᠴᠢᠬᠤᠯᠠᠲᠠᠶ ᠶᠤᠮ᠃

ᠤᠳᠤᠬᠠᠨ᠎ᠳᠤ ᠬᠦᠬᠡᠬᠤᠳᠠ᠎ᠶ᠋ᠢᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠲᠤᠢᠯ᠎ᠤᠨ ᠵᠠᠩᠬᠢᠯᠠᠭ᠎ᠠ᠎ᠶ᠋ᠢᠨ ᠴᠠᠭ᠎ᠦᠶ᠎ᠡ᠎ᠳᠦ ᠪᠠᠢᠨ᠎ᠠ᠃ ᠤᠯᠠᠨ᠎ᠢᠶᠠᠷ ᠎ᠢᠶᠠᠨ ᠵᠠᠰᠠᠭ᠎ᠤᠨ ᠤᠷᠳᠣᠨ᠎ᠤ ᠤᠷᠢᠶᠠᠯᠠᠭ᠎ᠠ᠎ᠶ᠋ᠢ ᠲᠠᠭᠠᠵᠦ᠍᠂ ᠪᠦᠬᠡᠮ ᠬᠦᠴᠢᠯ᠎ᠦᠨ ᠪᠠᠢᠴᠠᠭᠠᠯᠳᠠ᠎ᠳᠤ ᠢᠳᠡᠪᠬᠢᠳᠡᠢ ᠤᠷᠤᠯᠴᠠᠬᠤ᠎ᠶ᠋ᠢ ᠬᠦᠰᠡᠵᠦ᠍ ᠪᠠᠢᠨ᠎ᠠ᠃

ᠢᠷᠡᠯᠳᠡ᠄ ᠬᠦᠬᠡᠬᠤᠳᠠ ᠎ᠶ᠋ᠢᠨ ᠰᠣᠨᠢᠨ ᠮᠡᠳᠡᠭᠡ ᠎ᠶ᠋ᠢᠨ ᠰᠦᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面