2022-03-21 16:57:19
3 ᠰᠠᠷ᠎ᠠ᠎ᠶ᠋ᠢᠨ 21᠎ᠦ ᠡᠳᠦᠷ᠂ ᠬᠥᠬᠡᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠳᠡᠳ᠋ ᠡᠷᠬᠢᠯᠡᠭ᠌ᠴᠢ ᠸᠠᠩ ᠳ᠋ᠠ ᠸᠧᠶ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( 28᠎ᠳ᠋ᠤᠭᠠᠷ ᠲᠠᠯᠠᠪᠠᠶ) ᠳᠡᠭᠡᠷ᠎ᠡ ᠥᠳᠥᠭᠡᠭ᠌ᠴᠢ᠎ᠪᠡᠷ ᠥᠪᠡᠰᠦᠪᠡᠨ ᠪᠠᠢᠴᠠᠭᠠᠬᠤ ᠬᠠᠮᠢᠶ᠎ᠠ ᠪᠥᠬᠥᠶ ᠠᠩᠬᠠᠷᠬᠤ ᠵᠦᠶ᠋ᠯᠡᠰ᠎ᠢ ᠲᠠᠨᠢᠯᠴᠠᠭᠤᠯᠪᠠ᠃
ᠸᠠᠩ ᠳ᠋ᠠ ᠸᠧᠶ ᠬᠡᠯᠡᠬᠦ᠌᠎ᠳᠡᠭᠡᠨ᠂ ᠥᠳᠥᠭᠡᠭ᠌ᠴᠢ᠎ᠪᠡᠷ ᠥᠪᠡᠷ᠎ᠵᠢᠡᠨ ᠪᠠᠢᠴᠠᠭᠠᠬᠤ ᠨᠢ ᠶᠡᠷᠦ᠍᠎ᠳᠡᠭᠡᠨ ᠪᠦᠬᠦᠢᠯᠡ ᠡᠪᠡᠳᠴᠢᠨ᠎ᠦ ᠶᠠᠪᠤᠴᠠ᠎ᠳᠠᠬᠢ ᠬᠠᠯᠳᠠᠪᠤᠷᠢᠯᠠᠯ᠎ᠤᠨ ᠠᠩᠬᠠᠨ᠎ᠤ ᠬᠤᠭᠤᠴᠠᠭᠠᠨ᠎ᠳᠤ ᠳᠣᠭᠢᠷᠠᠨ᠎ᠠ᠂ ᠤᠴᠢᠷ᠎ᠨᠢ ᠡᠨᠡ ᠦᠶ᠎ᠡ᠎ᠳᠦ ᠸᠢᠷᠦ᠋ᠰ᠎ᠨᠢ ᠪᠠᠰᠠ ᠠᠮᠢᠰᠭᠤᠯ ᠤᠨ ᠳᠡᠭᠡᠳᠦ ᠵᠠᠮ᠎ᠳᠤ ᠵᠣᠭ᠍ᠰᠣᠩᠭᠢᠷᠠᠵᠤ ᠪᠠᠢᠳᠠᠭ᠂ ᠡᠭᠦᠨ᠎ᠡᠴᠡ ᠭᠠᠳᠠᠨ᠎ᠠ ᠡᠨᠡ ᠬᠦ᠌ ᠠᠷᠭ᠎ᠠ᠎ᠨᠢ ᠪᠠᠴᠢᠮ ᠪᠠᠢᠳᠠᠯ ᠳᠤᠤᠷ᠎ᠠ ᠶᠡᠬᠡ ᠬᠡᠪᠴᠢᠶ᠎ᠡ᠎ᠪᠡᠷ ᠲᠦᠷᠭᠡᠨ ᠢᠯᠭᠠᠨ ᠳᠣᠲᠣᠯᠠᠬᠤ᠎ᠳᠤ ᠳᠣᠭᠢᠷᠠᠨ᠎ᠠ᠃ ᠬᠡᠷᠪᠡ ᠲᠤᠰᠠᠭᠠᠷᠯᠠᠨ ᠠᠵᠢᠭ᠍ᠯᠠᠬᠤ ᠬᠥᠮᠦᠰ ᠪᠠ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠥᠳᠥᠭᠡᠭ᠌ᠴᠢ᠎ᠪᠡᠷ ᠥᠪᠡᠷ᠎ᠢᠶᠡᠨ ᠪᠠᠢᠴᠠᠭᠠᠬᠤ ᠴᠢᠬᠤᠯᠠᠲᠠᠶ ᠪᠠᠢᠪᠠᠯ᠂ ᠤᠷᠢᠳ᠎ᠢᠶᠠᠷ ᠵᠠᠪᠠᠯ ᠲᠣᠳᠣᠷᠬᠠᠢᠯᠠᠯᠲᠠ᠎ᠶ᠋ᠢᠨ ᠪᠢᠴᠢᠭ᠎ᠢ ᠨᠠᠷᠢᠨ ᠬᠢᠨᠠᠮᠠᠭᠠᠶ ᠤᠩᠱᠢᠵᠤ᠂ ᠲᠣᠭ᠍ᠲᠠᠭᠠᠭ᠍ᠰᠠᠨ ᠱᠠᠭᠠᠷᠳᠠᠯᠭ᠎ᠠ ᠪᠠ ᠶᠠᠪᠤᠴᠠ ᠶᠣᠰᠣᠭᠠᠷ ᠥᠯᠢᠭᠡᠷ ᠠᠪᠬᠤ᠂ ᠥᠯᠢᠭᠡᠷ ᠨᠡᠮᠡᠬᠦ᠌᠂ ᠦᠷ᠎ᠡ ᠳ᠋ᠦᠩ᠎ᠢ ᠮᠠᠭᠠᠳᠯᠠᠨ ᠤᠩᠱᠢᠬᠤ ᠵᠡᠷᠭᠡ ᠠᠵᠢᠯᠯᠠᠭ᠎ᠠ᠎ᠶ᠋ᠢ ᠵᠢᠷᠤᠮᠵᠢᠭᠤᠨ ᠬᠢᠬᠦ᠌ ᠬᠡᠷᠡᠭ᠌ᠲᠡᠶ᠃ ᠢᠯᠠᠩᠭᠤᠶ᠎ᠠ ᠦᠯᠢᠭᠡᠷ ᠠᠪᠬᠤ ᠭᠣᠭ᠍ᠴᠣᠭ᠎ᠠ᠂ ᠦᠯᠢᠭᠡᠷ ᠠᠪᠬᠤ ᠪᠠᠢᠷᠢ ᠨᠢ ᠲᠠᠭᠠᠷᠠᠬᠤ ᠡᠰᠡᠬᠦ᠌᠂ ᠭᠦᠨᠴᠡ ᠨᠢ ᠭᠦᠢᠴᠡᠳ ᠡᠰᠡᠬᠦ᠌ ᠵᠢᠴᠢ ᠣᠨᠣᠪᠴᠢ᠎ᠶ᠋ᠢᠨ ᠬᠡᠮᠵᠢᠶ᠎ᠡ᠂ ᠡᠷᠴᠢᠮ ᠵᠡᠷᠭᠡ ᠨᠢ ᠦᠷ᠎ᠡ ᠳ᠋ᠦᠩ᠎ᠳᠦ ᠨᠡᠯᠢᠶᠡᠳ ᠶᠡᠬᠡ ᠨᠥᠯᠥᠭᠡ ᠦᠵᠡᠭᠦᠯᠬᠦ᠌ ᠪᠣᠯᠤᠨ᠎ᠠ᠃ ᠥᠪᠡᠷ ᠢᠶᠡᠨ ᠬᠡᠮᠵᠢᠭ᠌ᠰᠡᠨ ᠦᠷ᠎ᠡ ᠳ᠋ᠦᠩ᠎ᠳᠦ ᠠᠷᠭ᠎ᠠ ᠴᠢᠨᠠᠷᠲᠠᠶ ᠭᠡᠵᠦ᠍ ᠢᠯᠡᠷᠡᠪᠡᠯ᠂ ᠬᠡᠲᠦᠷᠬᠡᠶ ᠶᠠᠭᠠᠷᠠᠵᠤ ᠪᠣᠯᠬᠤ ᠥᠬᠡᠶ᠂ ᠳᠠᠷᠤᠶ ᠲᠦᠷᠭᠡᠨ ᠨᠡᠢᠭᠡᠮ ᠲᠣᠭᠣᠷᠢᠭ᠂ ᠨᠢᠭᠡᠴᠢ ᠵᠡᠷᠭᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠦ ᠮᠡᠳᠡᠭᠦᠯᠵᠦ᠍᠂ ᠲᠣᠭ᠍ᠲᠠᠭ᠍ᠰᠠᠨ ᠶᠠᠪᠤᠴᠠ ᠶᠣᠰᠣᠭᠠᠷ ᠬᠠᠯᠠᠭᠤᠷᠠᠯ᠎ᠤᠨ ᠡᠭᠦᠳᠡᠨ ᠡᠮᠨᠡᠯᠭᠡ᠎ᠳᠦ ᠱᠢᠯᠵᠢᠭᠦᠯᠦᠨ ᠬᠦᠷᠭᠡᠵᠦ᠍ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠯᠭᠡᠵᠦ᠍᠂ ᠤᠯᠠᠮ ᠨᠢᠭᠡ ᠠᠯᠬᠤᠮ ᠵᠢᠭ᠍ᠰᠠᠭᠠᠨ ᠪᠠᠢᠴᠠᠭᠠᠨ᠎ᠠ᠃
ᠸᠠᠩ ᠳ᠋ᠠ ᠸᠧᠶ ᠬᠡᠯᠡᠬᠦ᠌᠎ᠳᠡᠭᠡᠨ᠂ ᠥᠳᠥᠭᠡᠭ᠌ᠴᠢ᠎ᠵᠢᠨ ᠪᠠᠢᠴᠠᠭᠠᠯᠲᠠ ᠨᠢ ᠬᠡᠷᠡᠭᠯᠡᠬᠦ ᠳᠦ ᠲᠥᠬᠥᠮ᠂ ᠪᠠᠢᠴᠠᠭᠠᠯᠲᠠ ᠵᠢᠨ ᠬᠤᠷᠳᠤᠴᠠ ᠨᠢ ᠨᠡᠡᠭ ᠲᠦᠷᠭᠡᠨ ᠪᠣᠯᠪᠠᠴᠤ᠌ ᠰᠡᠷᠭᠡᠭ᠎ᠦᠨ ᠬᠡᠮᠵᠢᠶ᠎ᠡ ᠨᠢ ᠵᠢᠭᠠᠬᠠᠨ ᠠᠨᠠᠶ ᠪᠠᠢᠳᠠᠭ; ᠪᠥᠭᠡᠮ ᠬᠦᠴᠢᠯ᠎ᠦᠨ ᠪᠠᠢᠴᠠᠭᠠᠯᠲᠠ᠎ᠨᠢ ᠬᠠᠷᠢᠴᠠᠩᠭᠤᠶ᠎ᠪᠠᠷ ᠪᠤᠳᠤᠯᠢᠶᠠᠨᠲᠠᠶ᠂ ᠪᠠᠢᠴᠠᠭᠠᠯᠲᠠ ᠵᠢᠨ ᠴᠠᠭ᠎ᠨᠢ ᠣᠷᠳᠣ ᠪᠤᠯᠪᠠᠴᠤ ᠰᠡᠷᠭᠡᠭ᠎ᠦᠨ ᠬᠡᠮᠵᠢᠶ᠎ᠡ ᠨᠢ ᠴᠥᠮ ᠨᠡᠯᠢᠶᠡᠳ ᠥᠨᠳᠥᠷ ᠪᠠᠢᠳᠠᠭ᠂ ᠡᠢᠮᠦ᠍᠎ᠡᠴᠡ ᠣᠳᠣᠬᠠᠨ᠎ᠳᠤ ᠪᠥᠭᠡᠮ ᠬᠦᠴᠢᠯ᠎ᠦᠨ ᠪᠠᠢᠴᠠᠭᠠᠯᠲᠠ᠎ᠨᠢ ᠪᠠᠰᠠ ᠡᠮᠴᠢᠯᠡᠭᠡᠨ᠎ᠦ ᠣᠨᠣᠱᠢᠯᠠᠯᠲᠠ᠎ᠶ᠋ᠢᠨ ᠨᠤᠲᠠᠯᠠᠬᠤ ᠦᠨᠳᠦᠰᠦᠯᠡᠯ ᠪᠣᠯᠵᠣ ᠪᠠᠢᠨ᠎ᠠ᠂ ᠭᠡᠲᠡᠯ᠎ᠡ ᠥᠳᠥᠭᠡᠭ᠌ᠴᠢ᠎ᠶ᠋ᠢᠨ ᠪᠠᠢᠴᠠᠭᠠᠯᠲᠠ᠎ᠨᠢ ᠵᠥᠪᠬᠡᠨ ᠠᠱᠢᠭ᠍ᠲᠠᠶ ᠨᠥᠬᠥᠪᠥᠷᠢᠯᠡᠬᠦ᠌ ᠠᠷᠭ᠎ᠠ ᠪᠠᠷᠢᠯ ᠪᠣᠯᠤᠭ᠍ᠰᠠᠨ᠎ᠤ ᠬᠤᠪᠢ᠎ᠳᠤ᠂《ᠡᠷᠲᠡ ᠢᠯᠡᠷᠡᠭᠦᠯᠬᠦ᠌》ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠠᠱᠢᠭ᠍ᠲᠠᠶ ᠶᠤᠮ᠃ ᠬᠣᠶᠠᠷ ᠵᠦᠶ᠋ᠯ᠎ᠦᠨ ᠪᠠᠢᠴᠠᠭᠠᠨ ᠬᠡᠮᠵᠢᠬᠦ᠌ ᠮᠡᠷᠭᠡᠵᠢᠯ᠎ᠦᠨ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ 《ᠥᠳᠥᠭᠡᠭ᠌ᠴᠢ ᠵᠢᠨ ᠪᠠᠢᠴᠠᠭᠠᠯᠲᠠ ᠪᠡᠷ ᠥᠪᠡᠰᠦᠪᠡᠨ ᠲᠦᠷᠭᠡᠨ ᠪᠠᠢᠴᠠᠭᠠᠬᠤ + ᠪᠠᠢᠭᠤᠯᠤᠮᠵᠢ᠎ᠨᠢ ᠨᠠᠷᠢᠯᠢᠭ ᠣᠨᠣᠪᠴᠢᠲᠠᠶ ᠪᠥᠭᠡᠮ ᠬᠦᠴᠢᠯ᠎ᠦᠨ ᠪᠠᠢᠴᠠᠭᠠᠯᠲᠡ ᠬᠢᠬᠦ》 ᠬᠠᠮ ᠬᠡᠯᠪᠡᠷᠢ᠎ᠶ᠋ᠢᠨ ᠪᠠᠢᠴᠠᠭᠠᠨ ᠬᠡᠮᠵᠢᠬᠦ᠌ ᠵᠠᠭ᠍ᠪᠤᠷ᠎ᠢ ᠳᠡᠯᠭᠡᠷᠡᠭᠦᠯᠦᠨ ᠪᠠᠢᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠬᠢᠵᠢᠭ᠎ᠦᠨ ᠪᠠᠢᠳᠠᠯ᠎ᠢ ᠲᠦᠷᠭᠡᠨ ᠡᠵᠡᠮᠳᠡᠵᠤ ᠪᠤᠯᠤᠨ᠎ᠠ ᠭᠡᠪᠡ᠃
ᠢᠷᠡᠯᠲᠡ᠄ ᠤᠮᠠᠷᠠᠲᠤ᠎ᠶ᠋ᠢᠨ ᠱᠢᠨ᠎ᠡ ᠰᠤᠨᠢᠨ ᠤ ᠵᠢᠷᠭᠢᠶ᠎ᠡ ᠶ᠋ᠢᠨ ᠳᠠᠪᠴᠠᠡᠭ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃