ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2022-03-24 10:43:03

ᠵᠣᠬᠢᠶᠠᠭ᠍ᠴᠢ᠄ ᠪᠠᠢ ᠵᠢᠡᠭ ᠣᠩᠱᠢᠭ᠍ᠰᠠᠨ ᠣᠳᠠᠭ᠎ᠠ᠄ 3

ᠲᠤᠰ ᠡᠭᠡᠯᠵᠢ ᠎ᠶ᠋ᠢᠨ ᠬᠢᠵᠢᠭ ᠎ᠦᠨ ᠪᠠᠢᠳᠠᠯ᠎ᠳᠤ᠂ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠴᠢ ᠵᠢᠨ ᠬᠠᠷᠢᠴᠠᠯ ᠨᠡᠯᠢᠶᠡᠳ ᠦᠨᠳᠦᠷ ᠪᠠᠢᠨ᠎ᠠ᠃ ᠱᠠᠩᠬᠠᠢ᠎ᠳᠤ᠂ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠬᠴᠢ ᠵᠢᠨ ᠬᠠᠷᠢᠴᠠᠯ ᠴᠢᠨᠠᠭ᠍ᠰᠢᠯᠠᠪᠠᠯ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ ᠡᠴᠡ ᠬᠡᠲᠦᠨ ᠲᠠᠬᠢᠨ ᠤᠯᠠᠨ᠃

ᠡᠨᠡ ᠨᠢ ᠶᠠᠮᠠᠷ ᠱᠢᠯᠲᠠᠭᠠᠨ᠎ᠠᠴᠠ ᠪᠤᠯᠤᠬᠰᠠᠨ ᠪᠤᠢ? ᠪᠢᠲᠡ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠬᠢᠵᠢᠭ᠎ᠦᠨ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠠᠵᠢᠯ᠎ᠤᠨ ᠤᠳᠤᠷᠢᠳᠭᠤ ᠳᠤᠭᠤᠢᠯᠠᠩ ᠎ᠤᠨ ᠳᠠᠷᠤᠭ᠎ᠠ ᠯᠢᠶᠠᠩ ᠸᠠᠨ ᠨᠢᠶᠠᠨ᠎ᠤ ᠲᠠᠢᠯᠤᠮᠵᠢ᠎ᠡᠴᠡ ᠦᠵᠡᠶ᠎ᠡ᠃

ᠯᠢᠶᠠᠩ ᠸᠠᠨ ᠨᠢᠶᠠᠨ᠄ ᠨᠢᠬᠡᠲᠦᠬᠡᠷ ᠲᠤ᠌᠂ ᠤᠮᠢᠺᠷᠤᠨ ᠸᠢᠷᠦ᠋ᠰ᠎ᠤᠨ ᠤᠨᠳᠤᠤᠱᠢᠯ ᠎ᠤᠨ ᠲᠣᠰ ᠪᠡᠶ᠎ᠡ ᠎ᠶ᠋ᠢᠨ ᠣᠨᠴᠠᠯᠢᠭ ᠡᠴᠡ ᠪᠤᠯᠪᠠ᠃ ᠲᠡᠷᠡ᠎ᠨᠢ ᠳ᠋ᠸᠯᠲ᠋ᠠ᠎ᠸᠢᠷᠦ᠋ᠰ᠎ᠤᠨ ᠡᠪᠡᠳᠴᠢᠨ ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠴᠢ᠎ᠵᠢᠨ ᠬᠠᠷᠢᠴᠠᠯ᠎ᠠᠴᠠ ᠥᠨᠳᠥᠷ ᠪᠠᠢᠳᠠᠭ᠃ ᠬᠣᠶᠠᠳᠤᠭᠠᠷ᠎ᠲᠤ᠂ ᠮᠠᠨ ᠎ᠤ ᠤᠯᠤᠰ ᠎ᠤᠨ ᠠᠪᠤᠭ᠍ᠰᠠᠨ ᠴᠢᠩᠭ᠎ᠠ ᠨᠢᠭ᠍ᠲᠠ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠂ ᠢᠯᠠᠩᠭᠤᠶ᠎ᠠ ᠸᠠᠺᠼᠢᠨ ᠎ᠤ ᠲᠠᠷᠢᠯᠭ᠎ᠠ ᠲᠠᠷᠢᠬᠰᠠᠨ ᠡᠴᠡ ᠪᠤᠯᠵᠦ᠂ ᠨᠢᠭᠡ ᠪᠦᠯᠦᠭ ᠬᠥᠮᠦᠨ ᠬᠠᠯᠳᠠᠪᠤᠷᠢᠯᠠᠭ᠍ᠳᠠᠭ᠍ᠰᠠᠨ᠎ᠤ ᠳᠠᠷᠠᠭ᠎ᠠ ᠡᠪᠡᠳᠴᠢᠨ᠎ᠦ ᠢᠯᠡᠷᠡᠯ ᠭᠠᠷᠤᠬᠰᠠᠠ ᠥᠬᠡᠶ᠃ ᠭᠤᠷᠪᠠᠳᠤᠭᠠᠷ᠎ᠲᠤ᠂ ᠮᠥᠨ ᠴᠦ᠍ ᠬᠠᠮᠤᠬ᠎ᠤᠨ ᠴᠢᠬᠤᠯᠠ ᠰᠢᠯᠲᠠᠭᠠᠨ ᠨᠢ ᠪᠢᠳᠡ ᠡᠷᠲᠡ ᠢᠯᠡᠷᠡᠭᠦᠯᠵᠦ ᠡᠷᠲᠡ ᠱᠢᠶ᠋ᠳᠪᠦᠷᠢᠯᠡᠬᠦ᠌ ᠠᠷᠭ᠎ᠠ ᠬᠡᠮᠵᠢᠶ᠎ᠡ ᠠᠪᠴᠤ᠌᠂ ᠬᠠᠯᠳᠠᠪᠤᠷᠢᠯᠠᠭ᠍ᠳᠠᠬᠴᠢ ᠵᠢ ᠡᠷᠲᠡᠬᠡᠨ ᠢᠯᠡᠷᠡᠭᠦᠯᠦᠭᠰᠡᠨ ᠳ᠋ᠤ ᠪᠠᠢᠭ᠎ᠠ ᠶᠤᠮ᠃ ᠲᠡᠷᠡ ᠨᠢ ᠦᠨᠡᠨ᠎ᠳᠡᠭᠡᠨ ᠡᠪᠡᠳᠴᠢᠨ᠎ᠦ ᠢᠯᠡᠷᠡᠯ ᠭᠠᠷᠴᠤ᠌ ᠮᠡᠳᠡᠨ᠎ᠡ᠂ ᠭᠡᠪᠡᠴᠦ᠍ ᠪᠢᠳᠡ ᠴᠠᠭ ᠲᠤᠬᠠᠶ᠎ᠳᠤᠨᠢ ᠭᠠᠷ ᠳᠦᠷᠦᠵᠦ᠍ ᠱᠢᠶ᠋ᠳᠪᠦᠷᠢᠯᠡᠭ᠌ᠰᠡᠨ᠎ᠡᠴᠡ ᠪᠣᠯᠵᠣ᠂ ᠡᠪᠡᠳᠴᠢᠨ᠎ᠦ ᠢᠯᠡᠷᠡᠯ ᠡᠭᠦᠰᠦᠭᠰᠡᠨ ᠥᠬᠡᠶ᠂ ᠡᠪᠡᠳᠴᠢᠨ ᠎ᠦ ᠶᠠᠪᠤᠴᠠ ᠵᠢᠨ ᠬᠦᠨᠳᠦᠷᠡᠯ᠎ᠢ ᠬᠣᠷᠢᠭ᠍ᠯᠠᠵᠤ ᠴᠢᠳᠠᠪᠠ᠃ ᠮᠢᠨᠦ᠍ ᠦᠵᠡᠬᠦ᠌᠎ᠪᠡᠷ᠂ ᠲᠡᠭᠡᠷᠡᠬᠢ ᠭᠤᠷᠪᠠᠨ ᠵᠦᠶ᠋ᠯ ᠎ᠦᠨ ᠬᠦᠴᠦᠨ ᠵᠦᠶ᠋ᠯ ᠪᠤᠯ ᠮᠠᠨ᠎ᠤ ᠤᠯᠤᠰ᠎ᠤᠨ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ᠎ᠤᠨ ᠎ᠲᠤᠮᠳᠠ ᠡᠪᠡᠳᠴᠢᠨ᠎ᠤ ᠢᠯᠡᠷᠡᠯ ᠦᠬᠡᠢ ᠬᠠᠯᠲᠠᠪᠤᠷᠢᠯᠠᠬᠳᠠᠬᠴᠢ ᠤᠯᠠᠨ ᠪᠠᠢᠭ᠎ᠠ ᠵᠢᠨ ᠤᠴᠢᠷ ᠶᠤᠮ᠃ ᠡᠢᠮᠦ᠍ ᠡᠴᠡ᠂ ᠡᠪᠡᠳᠴᠢᠨ ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠴᠢ ᠵᠢᠨ ᠡᠵᠡᠯᠡᠬᠦ᠌ ᠬᠠᠷᠢᠴᠠᠯ ᠥᠨᠳᠥᠷ ᠪᠤᠯᠤᠬᠰᠠᠨ ᠨᠢ ᠸᠢᠷᠦ᠋ᠰ᠎ᠦᠨ ᠲᠣᠰ ᠪᠡᠶ᠎ᠡ᠎ᠡᠴᠡ ᠪᠣᠯᠤᠭ᠍ᠰᠠᠨ ᠪᠢᠰᠢ᠂ ᠬᠠᠷᠢᠨ ᠨᠡᠯᠢᠶᠡᠳ ᠨᠢᠭᠡ ᠬᠡᠰᠡᠭ ᠨᠢ ᠮᠠᠨ᠎ᠤ ᠰᠡᠷᠭᠡᠢᠯᠡᠨ ᠡᠵᠡᠮᠳᠡᠬᠦ᠌ ᠠᠵᠢᠯ ᠎ᠤᠨ ᠣᠯᠤᠭ᠍ᠰᠠᠨ ᠦᠷ᠎ᠡ ᠪᠦᠲᠦᠮᠵᠢ ᠪᠠᠢᠵᠤ ᠮᠡᠳᠡᠨ᠎ᠡ᠃

ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面