2022-03-24 15:38:02
3 ᠰᠠᠷ᠎ᠠ᠎ᠶ᠋ᠢᠨ 24 ᠦ ᠡᠳᠦᠷ᠂ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠤᠨ ᠰᠣᠨᠢᠨ ᠮᠡᠳᠡᠭᠡ ᠨᠡᠢᠲᠡᠯᠡᠬᠦ᠌ ᠬᠤᠷᠠᠯ (31 ᠳ᠋ᠦ᠍ᠭᠡᠷ ᠲᠠᠯᠠᠪᠠᠢ) ᠳᠡᠭᠡᠷ᠎ᠡ᠂ ᠬᠥᠬᠡᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠳᠡᠳ᠋ ᠡᠷᠬᠢᠯᠡᠭ᠌ᠴᠢ ᠸᠠᠩ ᠳ᠋ᠠ ᠸᠧᠶ 80 ᠨᠠᠰᠤᠨ ᠠᠴᠠ ᠳᠡᠭᠡᠭ᠌ᠰᠢᠬᠢ ᠨᠠᠰᠤᠲᠠᠢᠴᠤᠳ᠎ᠲᠤ ᠱᠢᠨ᠎ᠡ ᠲᠢᠲᠢᠮᠯᠢᠭ ᠠᠭᠤᠰᠭᠢᠨ ᠦᠷᠪᠢᠰᠦᠯ ᠦᠨ ᠸᠠᠺᠼᠢᠨ ᠳᠠᠷᠢᠬᠤ ᠳᠤ ᠠᠩᠬᠠᠷᠬᠤ ᠵᠦᠶ᠋ᠯᠡᠰ ᠢ ᠲᠠᠨᠢᠯᠴᠠᠭᠤᠯᠪᠠ᠃
ᠨᠠᠰᠤᠲᠠᠢᠴᠤᠳ ᠢᠯᠠᠩᠭᠤᠶ᠎ᠠ 80 ᠨᠠᠰᠤᠨ ᠠᠴᠠ ᠳᠡᠭᠡᠭ᠌ᠰᠢᠬᠢ ᠨᠠᠰᠤᠲᠠᠢᠴᠤᠳ ᠲᠤ ᠸᠠᠺᠼᠢᠨ᠎ᠤ ᠲᠠᠷᠢᠯᠭ᠎ᠠ ᠬᠢᠬᠦ᠌ ᠠᠵᠢᠯ ᠢ ᠰᠠᠢᠲᠤᠷ ᠬᠢᠬᠦ᠌᠎ᠶ᠋ᠢᠨ ᠲᠥᠯᠥᠭᠡ᠂ ᠬᠥᠬᠡᠬᠣᠲᠠ᠎ᠶ᠋ᠢᠨ ᠬᠢᠨ ᠲᠤᠰᠭᠠᠶ ᠮᠡᠷᠭᠡᠵᠢᠯ᠎ᠦᠨ ᠲᠦᠷᠭᠡᠨ ᠠᠪᠤᠷᠠᠯᠳᠠ ᠬᠢᠬᠦ᠌ ᠡᠮᠴᠢ ᠪᠠ ᠲᠣᠨᠣᠭ ᠲᠥᠬᠥᠭᠡᠷᠦᠮᠵᠢ ᠳᠣᠭᠢᠷᠠᠭᠤᠯᠤᠭ᠍ᠰᠠᠨ ᠲᠠᠷᠢᠯᠭ᠎ᠠ ᠬᠢᠬᠦ᠌ ᠴᠡᠭ ᠪᠠᠢᠪᠠᠯ ᠰᠠᠶᠢ 80 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠎ᠲᠤ ᠸᠠᠺᠼᠢᠨ᠎ᠤ ᠲᠠᠷᠢᠯᠭ᠎ᠠ ᠬᠢᠵᠦ᠍ ᠪᠣᠯᠤᠨ᠎ᠠ᠂ ᠤᠷᠢᠳᠴᠢᠯᠠᠨ ᠪᠠᠢᠴᠠᠭᠠᠬᠤ ᠭᠠᠵᠠᠷ ᠲᠤ ᠡᠮᠨᠡᠯᠭᠡ᠎ᠶ᠋ᠢᠨ ᠠᠵᠢᠯᠲᠠᠨ ᠳᠣᠭᠢᠷᠠᠭᠤᠯᠵᠤ ᠪᠠᠢᠭᠠᠳ ᠨᠠᠰᠤᠲᠠᠢᠴᠤᠳ᠎ᠲᠤ ᠴᠡᠭᠡᠷᠯᠡᠬᠦ᠌ ᠡᠪᠡᠳᠴᠢᠨ᠂ ᠴᠢᠰᠤᠨ ᠳᠠᠷᠤᠯᠲᠠ ᠵᠡᠷᠭᠡ ᠬᠣᠯᠪᠣᠭ᠍ᠳᠠᠯ ᠪᠥᠬᠥᠶ ᠴᠡᠭᠡᠷ᠎ᠲᠡᠶ ᠪᠠᠢᠳᠠᠯ᠎ᠢ ᠵᠢᠭ᠍ᠰᠠᠭᠠᠨ ᠪᠠᠢᠴᠠᠭᠠᠬᠤ ᠬᠡᠷᠡᠭ᠌ᠲᠡᠶ ᠭᠡᠵᠦ᠍ ᠱᠠᠭᠠᠷᠳᠠᠪᠠ᠃ ᠣᠳᠣᠬᠠᠨ᠎ᠳᠤ᠂ ᠬᠥᠬᠡᠬᠣᠲᠠ 3 - 18 ᠨᠠᠰᠤᠨ᠎ᠤ ᠬᠥᠮᠦᠰ᠎ᠦᠨ ᠲᠦᠷ ᠴᠠᠭ᠎ᠤᠨ ᠲᠠᠷᠢᠯᠭ᠎ᠠ ᠬᠢᠬᠦ᠌ ᠴᠡᠭ᠎ᠡᠴᠡ ᠭᠠᠳᠠᠨ᠎ᠠ᠂ ᠪᠤᠰᠤᠳ ᠲᠠᠷᠢᠯᠭ᠎ᠠ ᠬᠢᠬᠦ᠌ ᠴᠡᠭ ᠨᠢ ᠴᠥᠮ 80 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠎ᠲᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ ᠳᠠᠷᠢᠭᠤᠯᠵᠤ ᠪᠣᠯᠤᠨ᠎ᠠ᠃
ᠸᠠᠺᠼᠢᠨ᠎ᠤ ᠲᠠᠷᠢᠯᠭ᠎ᠠ ᠬᠢᠬᠦ᠌ ᠴᠡᠭ ᠨᠢ ᠨᠠᠰᠤᠲᠠᠢᠴᠤᠳ᠎ᠲᠤ ᠰᠠᠭᠠᠳ ᠥᠬᠡᠶ ᠨᠡᠪᠲᠡᠷᠡᠬᠦ᠌ ᠵᠠᠮ ᠨᠡᠭᠡᠭᠡᠵᠦ᠍ ᠥᠭ᠌ᠭᠦᠭ᠌ᠰᠡᠨ ᠦ ᠬᠠᠮᠲᠤ ᠬᠥᠳᠡᠯᠵᠦ᠍ ᠪᠠᠷᠢᠬᠤ᠎ᠳᠤ ᠳᠥᠭᠥᠮ ᠦᠭᠡᠢ ᠨᠠᠰᠤᠲᠠᠢᠴᠤᠳ ᠲᠤ ᠡᠯ᠎ᠡ ᠬᠣᠱᠢᠭᠤ ᠱᠢᠶᠠᠨ ᠲᠣᠭᠣᠷᠢᠭ ᠤᠨ᠎ᠬᠢᠨ ᠲᠡᠷᠭᠡ ᠪᠡᠷ ᠲᠤᠰᠴᠤ᠌ ᠬᠦᠷᠭᠡᠬᠦ᠌ ᠦᠶ᠋ᠯᠡᠴᠢᠯᠡᠭᠡ ᠵᠣᠬᠢᠶᠠᠨ ᠪᠠᠢᠭᠤᠯᠵᠤ ᠥᠷᠨᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠰᠠᠭᠤᠷᠢ ᠴᠢᠨᠠᠷᠲᠠᠶ ᠡᠪᠡᠳᠴᠢᠨ᠎ᠲᠡᠶ ᠨᠠᠰᠤᠲᠠᠢᠴᠤᠳ ᠲᠠᠷᠢᠯᠭ᠎ᠠ ᠬᠢᠬᠦ᠌᠎ᠡᠴᠡ᠎ᠪᠡᠨ ᠡᠮᠦᠨ᠎ᠡ ᠰᠠᠭᠤᠷᠢ ᠡᠪᠡᠳᠴᠢᠨ᠎ᠢ ᠰᠠᠢᠨ ᠡᠵᠡᠮᠳᠡᠵᠦ᠍ ᠪᠠᠢᠬᠤ ᠪᠥᠭᠡᠳ ᠲᠣᠭ᠍ᠲᠠᠪᠤᠷᠢᠲᠠᠶ ᠬᠤᠭᠤᠴᠠᠭᠠᠨ ᠳᠤ ᠪᠠᠢᠬᠤ ᠡᠰᠡᠬᠦ᠌᠎ᠶ᠋ᠢ ᠡᠷᠬᠡᠪᠰᠢ ᠨᠤᠲᠠᠯᠠᠬᠤ ᠬᠡᠷᠡᠭ᠌ᠲᠡᠶ᠂ ᠬᠡᠷᠪᠡ ᠲᠣᠭ᠍ᠲᠠᠭᠤᠨ ᠬᠤᠭᠤᠴᠠᠭᠠᠨ ᠳᠤ ᠪᠠᠢᠬᠤ ᠡᠰᠡᠬᠦ᠌᠎ᠶ᠋ᠢ ᠪᠠᠲᠤᠯᠠᠵᠤ ᠳᠡᠢᠯᠬᠦ᠌ ᠥᠬᠡᠶ ᠪᠣᠯ ᠤᠷᠢᠳᠴᠢᠯᠠᠨ ᠡᠮᠨᠡᠯᠭᠡ᠎ᠳᠦ ᠬᠦᠷᠴᠦ᠍ ᠪᠠᠢᠴᠠᠭᠠᠯᠲᠠ ᠬᠢᠯᠭᠡᠵᠦ᠍᠂ ᠡᠮᠴᠢᠯᠡᠭᠡᠨ᠎ᠦ ᠡᠮᠴᠢ᠎ᠡᠴᠡ ᠠᠰᠠᠭᠤᠨ ᠯᠠᠪᠯᠠᠵᠤ ᠪᠣᠯᠤᠨ᠎ᠠ᠂ ᠪᠠᠰᠠ ᠡᠪᠡᠳᠴᠢᠨ᠎ᠦ ᠲᠡᠮᠳᠡᠭ᠌ᠯᠡᠯ᠎ᠦᠨ ᠳᠡᠪᠲᠡᠷ ᠢᠶᠡᠨ ᠠᠪᠴᠤ᠌ ᠲᠠᠷᠢᠯᠭ᠎ᠠ ᠬᠢᠬᠦ᠌ ᠲᠤᠬᠠᠶ᠎ᠶ᠋ᠢᠨ ᠲᠠᠯᠠᠪᠤᠷ ᠲᠤ ᠬᠦᠷᠴᠦ᠍᠂ ᠲᠤᠬᠠᠶ᠎ᠶ᠋ᠢᠨ ᠲᠠᠯᠠᠪᠠᠶ᠎ᠶ᠋ᠢᠨ ᠡᠮᠴᠢ᠎ᠡᠴᠡ ᠮᠠᠭᠠᠳᠯᠠᠵᠤ ᠪᠣᠯᠤᠨ᠎ᠠ᠃ ᠡᠷᠬᠡᠪᠰᠢ ᠥᠪᠡᠷ᠎ᠦᠨ ᠪᠡᠶ᠎ᠡ᠎ᠶ᠋ᠢᠨ ᠡᠷᠡᠭᠦᠯ ᠮᠡᠨᠳᠦ᠍᠎ᠶ᠋ᠢᠨ ᠪᠠᠢᠳᠠᠯ᠎ᠢᠶᠠᠨ ᠡᠮᠴᠢ᠎ᠳᠦ ᠦᠨᠡᠨ ᠮᠥᠨ᠎ᠢᠶᠡᠷ᠎ᠨᠢ ᠮᠡᠳᠡᠭ᠌ᠳᠡᠵᠦ᠍᠂ ᠡᠮ᠎ᠢ ᠨᠡᠯᠢᠶᠡᠳ ᠰᠠᠢᠨ ᠡᠵᠡᠮᠳᠡᠵᠦ᠍᠂ ᠡᠪᠡᠳᠴᠢᠨ᠎ᠦ ᠪᠠᠢᠳᠠᠯ ᠲᠣᠭ᠍ᠲᠠᠭᠤᠨ ᠪᠠᠢᠬᠤ ᠪᠠᠢᠳᠠᠯ ᠳᠤᠤᠷ᠎ᠠ ᠰᠠᠶᠢ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠢ ᠳᠠᠷᠢᠬᠤ ᠬᠡᠷᠡᠭ᠌ᠲᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃