ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2022-03-30 09:27:53

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠡᠳᠦᠨ ᠡᠳᠦᠷ ᠳᠠᠷᠠᠭᠠᠯᠠᠨ ᠲᠤᠬᠠᠢ ᠵᠢᠨ ᠭᠠᠵᠠᠷ᠎ᠤᠨ ᠱᠢᠨ᠎ᠡ ᠲᠢᠲᠢᠮᠯᠢᠭ ᠠᠭᠤᠰᠬᠢᠨ ᠥᠷᠪᠢᠰᠦᠯ᠎ᠤᠨ ᠸᠢᠷᠦ᠋ᠰ᠎ᠲᠦ ᠱᠢᠨ᠎ᠡ᠎ᠪᠡᠷ ᠬᠠᠯᠳᠠᠪᠤᠷᠢᠯᠠᠭ᠍ᠳᠠᠭ᠍ᠰᠠᠨ ᠬᠦᠮᠦᠰ᠎ᠤᠨ ᠳᠣᠲᠣᠷ᠎ᠠ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ ᠨᠢ ᠲᠤᠳᠤᠯᠠᠭᠰᠠᠨ ᠡᠪᠡᠳᠴᠢᠲᠡᠨ᠎ᠡᠴᠡ ᠢᠯᠡᠭᠦᠦ ᠪᠠᠢᠨ᠎ᠠ᠃《ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ ᠵᠢᠨ ᠲᠣᠭ᠎ᠠ ᠣᠯᠠᠨ᠂ ᠬᠠᠷᠢᠴᠠᠯ᠎ᠨᠢ ᠥᠨᠳᠥᠷ ᠪᠠᠢᠬᠤ ᠪᠣᠯ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ᠎ᠤᠨ ᠢᠯᠡᠷᠬᠡᠶ ᠣᠨᠴᠠᠯᠢᠭ ᠪᠣᠯᠤᠨ᠎ᠠ》ᠬᠡᠵᠤ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ ᠎ᠦᠨ ᠠᠺᠠᠳᠧᠮᠢᠴᠢ ᠵᠠᠩ ᠪᠥᠸᠧ ᠯᠢ ᠲᠠᠢᠯᠪᠤᠷᠢᠯᠠᠪᠠ᠃


QQ截图20220330092901.png


ᠶᠠᠭᠠᠬᠢᠭᠠᠳ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ ᠦᠷᠭᠦᠯᠵᠢᠯᠡᠨ ᠶᠡᠬᠡ ᠬᠡᠮᠵᠢᠶ᠎ᠡ᠎ᠪᠡᠷ ᠢᠯᠡᠷᠡᠵᠦ᠍ ᠪᠠᠢᠬᠤ ᠪᠣᠶ?ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ ᠬᠠᠯᠳᠠᠪᠤᠷᠢᠯᠠᠬᠤ ᠬᠦᠴᠦᠨ᠎ᠲᠡᠶ ᠦᠦ? ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ ᠣᠯᠠᠱᠢᠷᠠᠪᠡᠯ ᠰᠡᠷᠭᠡᠢᠯᠡᠨ ᠡᠵᠡᠮᠳᠡᠬᠦ᠌᠎ᠳᠦ ᠨᠠᠩ ᠬᠦᠴᠢᠷᠲᠡᠶ ᠪᠢᠵᠡ?

ᠡᠳᠡᠭᠡᠷ ᠠᠰᠠᠭᠤᠳᠠᠯ᠎ᠤᠨ ᠲᠤᠬᠠᠢ ᠵᠠᠩ ᠪᠥᠸᠧ ᠯᠢ ᠲᠤᠤᠷᠠᠬᠢ ᠮᠡᠳᠦ ᠲᠠᠢᠯᠪᠤᠷᠢᠯᠠᠯᠲᠠ ᠬᠢᠪᠡ᠃

ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ ᠶᠡᠬᠡ ᠬᠡᠮᠵᠢᠶ᠎ᠡ ᠪᠡᠷ ᠢᠯᠡᠷᠡᠵᠤ

ᠪᠠᠢᠬᠤ ᠨᠢ ᠡᠨᠡ ᠭᠤᠷᠪᠠᠨ ᠲᠠᠯ᠎ᠠ᠎ᠠᠴᠠ ᠪᠣᠯᠵᠠᠶ

◆ᠤᠮᠢᠺᠷᠤᠨ᠎ᠤ ᠲᠤᠰ ᠪᠡᠶ᠎ᠠ ᠵᠢᠨ ᠬᠢᠨᠢ ᠣᠨᠴᠠᠯᠢᠭ᠎ᠲᠠᠶ ᠬᠣᠯᠪᠣᠭᠳᠠᠯ᠎ᠲᠠᠶ᠃ 《ᠱᠢᠨ᠎ᠡ ᠲᠢᠲᠢᠮᠯᠢᠭ ᠠᠭᠤᠰᠬᠢᠨ ᠥᠷᠪᠢᠰᠦᠯ᠎ᠤᠨ ᠸᠢᠷᠦ᠋ᠰ᠎ᠦᠨ ᠤᠨᠳᠤᠤᠱᠢᠭᠰᠠᠨ ᠸᠢᠷᠦ᠋ᠰ ᠎ᠤᠨ ᠬᠠᠯᠳᠠᠪᠤᠷᠢᠯᠠᠬᠤ ᠬᠦᠴᠦᠨ ᠴᠢᠩᠭᠠᠷᠠᠵᠤ᠂ ᠬᠤᠤᠷᠲᠤ ᠴᠢᠨᠠᠷ᠎ᠨᠢ ᠬᠠᠷᠢᠨ ᠬᠠᠷᠢᠴᠠᠩᠭᠤᠶ᠎ᠪᠠᠷ ᠪᠠᠭᠤᠷᠠᠵᠠᠢ᠃ ᠸᠢᠷᠦ᠋ᠰ᠎ᠦᠨ ᠬᠤᠤᠷᠲᠤ ᠴᠢᠨᠠᠷ ᠪᠠᠭᠤᠷᠠᠬᠤ᠎ᠶ᠋ᠢᠨ ᠡᠮᠴᠢᠯᠡᠭᠡᠨ᠎ᠦ ᠢᠯᠡᠷᠡᠯ ᠪᠣᠯ ᠳᠠᠷᠤᠶ ᠡᠮᠴᠢᠯᠡᠭᠡᠨ᠎ᠦ ᠢᠯᠡᠷᠡᠯ ᠨᠢ ᠨᠡᠯᠢᠶᠡᠳ ᠬᠥᠩᠭᠡᠨ ᠱᠢᠭ ᠪᠤᠯᠵᠤ᠂ ᠮᠠᠰᠢ ᠣᠯᠠᠨ ᠬᠠᠯᠳᠠᠪᠤᠷᠢᠯᠠᠭ᠍ᠳᠠᠭᠴᠢ ᠬᠠᠯᠳᠠᠪᠤᠷᠢᠯᠠᠭᠳᠠᠭ᠍ᠰᠠᠨ᠎ᠤ ᠳᠠᠷᠠᠭ᠎ᠠ ᠣᠬᠣᠷᠬᠠᠨ ᠬᠤᠭᠤᠴᠠᠭᠠᠨ᠎ᠤ ᠲᠤᠳᠤᠷ᠎ᠠ ᠡᠮᠴᠢᠯᠡᠭᠡᠨ᠎ᠦ ᠢᠯᠡᠷᠡᠯ ᠥᠬᠡᠶ ᠪᠠᠢᠳᠠᠭ᠃

◆ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ ᠣᠯᠠᠨ ᠪᠠᠢᠬᠤ ᠨᠢ ᠪᠠᠰᠠ ᠡᠷᠲᠡ ᠱᠢᠭ᠌ᠰᠢᠨ ᠪᠠᠢᠴᠠᠭᠠᠬᠰᠠᠨ᠎ᠲᠠᠶ ᠬᠤᠯᠪᠤᠭᠳᠠᠯ᠎ᠲᠠᠶ᠃ ᠬᠢᠵᠢᠭ᠎ᠦᠨ ᠪᠠᠢᠳᠠᠯ ᠭᠠᠷᠤᠭ᠍ᠰᠠᠨ ᠎ᠤ ᠳᠠᠷᠠᠭ᠎ᠠ ᠡᠯ᠎ᠡ ᠭᠠᠵᠠᠷ᠎ᠤᠨ᠎ᠬᠢᠨ ᠴᠥᠮ ᠶᠡᠬᠡ ᠬᠡᠪᠴᠢᠶᠡᠨ᠎ᠦ ᠱᠢᠭ᠌ᠰᠢᠨ ᠪᠠᠢᠴᠠᠭᠠᠯᠲᠠ ᠬᠢᠵᠤ᠂ ᠡᠷᠲᠡ ᠢᠯᠡᠷᠡᠭᠦᠯᠦᠭ᠌ᠰᠡᠨ᠎ᠡᠴᠡ ᠪᠣᠯᠵᠣ ᠴᠥᠭᠡᠨ ᠪᠤᠰᠤ ᠡᠪᠡᠳᠴᠢᠲᠡᠨ ᠬᠠᠯᠳᠠᠪᠤᠷᠢᠯᠠᠯ᠎ᠤᠨ ᠡᠬᠢᠨ ᠎ᠦ ᠬᠤᠭᠤᠴᠠᠭᠠᠨ᠎ᠳᠤ ᠪᠠᠢᠵᠤ ᠬᠠᠯᠳᠠᠪᠤᠷᠢᠯᠠᠭᠳᠠᠭᠰᠠᠨ ᠢᠯᠡᠷᠡᠯ ᠭᠠᠷᠬᠤ ᠪᠤᠯᠤᠭᠠᠳᠤᠢ᠃

ᠮᠠᠨ᠎ᠤ ᠤᠯᠤᠰ᠎ᠤᠨ ᠡᠯ᠎ᠡ ᠭᠠᠵᠠᠷ᠎ᠤᠨ ᠡᠷᠲᠡ ᠢᠯᠡᠷᠡᠭᠦᠯᠬᠦ᠌ ᠴᠢᠳᠠᠪᠤᠷᠢ᠎ᠶ᠋ᠢᠨ ᠴᠢᠩᠭᠠᠷᠠᠬᠤ᠎ᠶ᠋ᠢ ᠳᠠᠭᠠᠯᠳᠤᠨ᠂ ᠮᠠᠨ᠎ᠤ ᠤᠯᠤᠰ᠎ᠤᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠬᠠᠷᠠᠯᠲᠠ ᠪᠣᠯ 24 ᠴᠠᠭ᠎ᠤᠨ ᠳᠣᠲᠣᠷ᠎ᠠ ᠣᠷᠣᠨ ᠪᠦᠰᠡ ᠲᠣᠭ᠍ᠲᠠᠭᠠᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠡᠭᠦᠷᠭᠡ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠃ ᠪᠥᠭᠡᠮ ᠬᠦᠴᠢᠯ᠎ᠤᠨ ᠱᠢᠭ᠌ᠰᠢᠨ ᠪᠠᠢᠴᠠᠭᠠᠬᠤ ᠬᠠᠮᠤᠭ᠎ᠤᠨ ᠱᠢᠨ᠎ᠡ ᠠᠵᠢᠯ᠎ᠤᠨ ᠪᠠᠢᠷᠢᠯᠠᠭᠤᠯᠤᠯᠲᠠ᠎ᠨᠢ ᠮᠠᠨ᠎ᠤ ᠤᠯᠤᠰ ᠎ᠤᠨ ᠡᠯ᠎ᠡ ᠭᠠᠵᠠᠷ᠎ᠤᠨ᠎ᠬᠢᠨ᠎ᠢ ᠨᠠᠩ ᠣᠬᠣᠷᠬᠠᠨ ᠬᠤᠭᠤᠴᠠᠭᠠᠨ᠎ᠳᠤ ᠬᠠᠯᠳᠠᠪᠤᠷᠢᠯᠠᠭ᠍ᠳᠠᠭᠴᠢ᠎ᠵᠢ ᠡᠷᠲᠡᠬᠡᠨ ᠢᠯᠡᠷᠡᠭᠦᠯᠵᠦ᠍᠂ ᠬᠠᠯᠳᠠᠪᠤᠷᠢᠯᠠᠬᠤ ᠡᠬᠢ ᠰᠤᠷᠪᠤᠯᠵᠢ᠎ᠶ᠋ᠢ ᠡᠵᠡᠮᠳᠡᠬᠦ᠌ ᠪᠣᠯᠭᠠᠪᠠ᠃ ᠡᠢᠮᠦ᠍ ᠎ᠡᠴᠡ ᠥᠩᠭᠡᠷᠡᠭ᠌ᠰᠡᠨ᠎ᠳᠦ ᠬᠠᠯᠠᠭᠤᠷᠠᠬᠤ᠂ ᠬᠠᠭᠤᠷᠠᠶ᠎ᠪᠠᠷ ᠬᠠᠨᠢᠶᠠᠯᠭᠠᠬᠤ᠎ᠠᠴᠠ ᠪᠣᠯᠵᠣ ᠬᠠᠯᠠᠭᠤᠷᠠᠯ᠎ᠤᠨ ᠡᠮᠴᠢᠯᠡᠭᠡᠨ᠎ᠦ ᠪᠠᠢᠭᠤᠯᠤᠮᠵᠢ᠎ᠳᠤ ᠬᠦᠷᠴᠦ᠍ ᠡᠮᠨᠡᠭᠦᠯᠪᠡᠯ ᠰᠠᠶᠢ ᠣᠯᠵᠤ ᠮᠡᠳᠡᠬᠦ ᠲᠡᠶ ᠬᠠᠷᠢᠴᠠᠭᠤᠯᠪᠠᠯ᠂ ᠤᠳᠤ ᠮᠠᠰᠢ ᠣᠯᠠᠨ ᠬᠠᠯᠳᠠᠪᠤᠷᠢᠯᠠᠭ᠍ᠳᠠᠭᠴᠢ ᠨᠢ ᠢᠯᠡᠷᠡᠬᠦ ᠴᠠᠭ᠎ᠤᠨ ᠲᠠᠯ᠎ᠠ᠎ᠪᠠᠷ ᠶᠡᠬᠡᠬᠡᠨ ᠤᠷᠢᠳᠴᠢᠯᠠᠭ᠍ᠰᠠᠨ ᠪᠠᠢᠨ᠎ᠠ᠃

◆ᠮᠠᠨ᠎ᠤ ᠤᠯᠤᠰ᠎ᠤᠨ ᠰᠠᠭᠤᠭᠠᠯᠢ ᠠᠷᠠᠳ ᠨᠢᠭᠡᠨᠲᠡ ᠶᠡᠬᠡ ᠬᠡᠪᠴᠢᠶ᠎ᠡ᠎ᠪᠡᠷ ᠸᠠᠺᠼᠢᠨ᠎ᠤ ᠲᠠᠷᠢᠯᠭ᠎ᠠ ᠲᠠᠷᠢᠭᠰᠠᠨ᠎ᠲᠠᠢ ᠬᠤᠯᠪᠤᠭᠳᠠᠯ ᠲᠠᠢ᠃ ᠬᠥᠮᠦᠰ᠎ᠦᠨ ᠪᠡᠶ᠎ᠡ ᠮᠠᠬᠠᠪᠣᠳ᠎ᠤᠨ ᠡᠭᠡᠯᠢᠯᠡᠭᠡ᠎ᠶ᠋ᠢᠨ ᠴᠢᠳᠠᠪᠤᠷᠢ ᠨᠡᠢᠳᠡᠮ᠎ᠳᠡᠭᠡᠨ ᠴᠢᠩᠭᠠᠷᠠᠵᠤ ᠪᠠᠢᠬᠤ ᠤᠴᠢᠷ ᠡᠴᠡ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠭᠴᠢ ᠣᠯᠠᠨ ᠪᠠᠢᠨ᠎ᠠ᠃

ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ ᠬᠠᠯᠳᠠᠪᠤᠷᠢᠯᠠᠬᠤ ᠬᠦᠴᠦᠨ᠎ᠲᠡᠶ ᠦᠦ? ᠶᠠᠭᠠᠬᠢᠵᠤ ᠰᠡᠷᠭᠡᠢᠯᠡᠨ ᠡᠵᠡᠮᠳᠡᠬᠦ ᠪᠤᠢ?

ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠭᠴᠢ ᠬᠡᠳᠦᠢᠪᠡᠷ ᠡᠮᠴᠢᠯᠡᠭᠡᠨ᠎ᠦ ᠢᠯᠡᠷᠡᠯ ᠥᠬᠡᠶ ᠪᠣᠯᠪᠠᠴᠤ᠌ ᠪᠥᠭᠡᠮ ᠬᠦᠴᠢᠯ᠎ᠦᠨ ᠪᠠᠢᠴᠠᠭᠠᠯᠲᠠ᠎ᠪᠠᠷ ᠳᠡᠮᠵᠢᠨ ᠲᠡᠭᠦᠨ᠎ᠦ ᠪᠡᠶ᠎ᠡ ᠡᠴᠡ ᠸᠢᠷᠦ᠋ᠰ᠎ᠲᠡᠶ ᠪᠥᠭᠡᠮ ᠬᠦᠴᠢᠯ᠎ᠢ ᠪᠠᠢᠴᠠᠭᠠᠨ ᠭᠠᠷᠭᠠᠵᠤ᠂ ᠵᠣᠬᠢᠬᠤ ᠸᠢᠷᠦ᠋ᠰ᠎ᠦᠨ ᠳᠠᠭᠠᠭᠠᠴᠠ᠎ᠶ᠋ᠢᠨ ᠬᠡᠮᠵᠢᠶ᠎ᠡ᠎ᠲᠡᠶ ᠪᠠᠢᠵᠤ᠂ ᠮᠦᠨ ᠬᠠᠯᠳᠠᠪᠤᠷᠢᠯᠠᠬᠤ ᠬᠦᠴᠦᠨ᠎ᠲᠡᠶ ᠪᠠᠢᠳᠠᠭ᠃

ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠬᠠᠮᠢᠶ᠎ᠠ ᠪᠥᠬᠥᠶ ᠲᠤᠰᠭᠠᠶ ᠮᠡᠷᠭᠡᠵᠢᠯᠲᠡᠨ ᠢᠯᠡᠷᠬᠡᠢᠯᠡᠬᠦ᠌᠎ᠳᠡᠭᠡᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠠᠯ᠎ᠠ᠎ᠠᠴᠠ ᠠᠪᠴᠤ᠌ ᠬᠡᠯᠡᠪᠡᠯ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠭᠴᠢ ᠣᠷᠣᠱᠢᠵᠤ ᠪᠠᠢᠬᠤ᠎ᠨᠢ ᠬᠢᠵᠢᠭ᠎ᠦᠨ ᠪᠠᠢᠳᠠᠯ᠎ᠢ ᠣᠯᠵᠤ ᠮᠡᠳᠡᠬᠦ᠌᠎ᠳᠦ ᠬᠦᠴᠢᠷᠲᠡᠶ ᠪᠣᠯᠭᠠᠵᠤ᠂ ᠬᠡᠷᠪᠡ ᠶᠡᠬᠡ ᠬᠡᠮᠵᠢᠶᠡᠨ᠎ᠦ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠭᠴᠢ᠎ᠵᠢ ᠴᠠᠭ ᠲᠤᠬᠠᠶ᠎ᠳᠤᠨᠢ ᠣᠯᠵᠤ ᠮᠡᠳᠡᠬᠦ᠌ ᠥᠬᠡᠶ ᠪᠣᠯ ᠬᠢᠵᠢᠭ᠎ᠦᠨ ᠪᠠᠢᠳᠠᠯ᠎ᠢ ᠤᠯᠠᠮ ᠦᠷᠭᠡᠨ ᠲᠠᠷᠬᠠᠭᠠᠵᠤ᠂ ᠬᠢᠵᠢᠭ᠎ᠦᠨ ᠪᠠᠢᠳᠠᠯ᠎ᠢ ᠴᠠᠭ ᠲᠤᠬᠠᠶ᠎ᠳᠤᠨᠢ ᠡᠵᠡᠮᠳᠡᠬᠦ᠌᠎ᠳᠦ ᠬᠦᠴᠢᠷᠲᠡᠶ ᠪᠣᠯᠭᠠᠨ᠎ᠠ ᠭᠡᠵᠡᠶ᠃

《ᠡᠷᠬᠡᠪᠰᠢ ᠲᠦᠷᠭᠡᠨ ᠪᠥᠭᠡᠳ ᠴᠢᠩᠭ᠎ᠠ ᠨᠢᠮᠪᠠᠢ ᠲᠠᠬᠤᠯ ᠡᠪᠡᠳᠴᠢᠨ᠎ᠤ ᠪᠠᠢᠴᠠᠭᠠᠯᠲᠠ ᠬᠢᠬᠦ᠌ ᠬᠡᠷᠡᠭ᠌ᠲᠡᠶ᠂ ᠵᠠᠩᠭᠢᠯᠠᠭ᠎ᠠ᠎ᠨᠢ ᠲᠦᠷᠭᠡᠨ᠂ ᠡᠷᠲᠡ ᠢᠯᠡᠷᠡᠭᠦᠯᠵᠦ᠍᠂ ᠡᠷᠲᠡ ᠲᠤᠰᠠᠭᠠᠷᠯᠠᠬᠤ ᠪᠤᠯᠤᠨ᠎ᠠ᠃ ᠬᠠᠮᠤᠭ᠎ᠤᠨ ᠣᠬᠣᠷᠬᠠᠨ ᠬᠤᠭᠤᠴᠠᠭᠠᠨ᠎ᠳᠤ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠭᠴᠢ᠎ᠵᠢ ᠪᠦᠬᠦᠨ᠎ᠢ ᠡᠷᠢᠨ ᠣᠯᠵᠤ᠂ ᠨᠡᠢᠭᠡᠮ ᠲᠣᠭᠣᠷᠢᠭ᠎ᠤᠨ ᠲᠠᠷᠬᠠᠯᠲᠠ᠎ᠶ᠋ᠢ ᠲᠤᠢᠯᠪᠤᠷᠢᠲᠠᠶ ᠰᠡᠷᠭᠡᠢᠯᠡᠪᠡᠯ ᠰᠠᠶᠢ ᠨᠡᠢᠭᠡᠮ᠎ᠳᠡᠭᠡᠷᠡᠬᠢ ᠬᠢᠵᠢᠭ᠎ᠤᠨ ᠪᠠᠢᠳᠠᠯ ᠎ᠢ ᠳᠠᠷᠤᠶ ᠲᠦᠷᠭᠡᠨ ᠠᠷᠢᠯᠭᠠᠵᠤ ᠴᠢᠳᠠᠨ᠎ᠠ》 ᠬᠡᠵᠤ ᠵᠠᠩ ᠪᠥᠸᠧ ᠯᠢ ᠬᠡᠯᠡᠨ᠎ᠠ᠃

ᠢᠷᠡᠯᠳᠡ᠄ ᠰᠢᠨᠬᠤᠸᠨ ᠬᠤᠷᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面