ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2022-04-14 10:37:39

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠡᠷᠡᠭ᠌ᠯᠡᠭᠡᠨ᠎ᠦ ᠠᠶᠤᠯ ᠲᠦᠭ᠌ᠰᠢᠭᠦᠷᠢ᠎ᠶ᠋ᠢᠨ ᠰᠠᠨᠠᠭᠤᠯᠤᠮᠵᠢ᠎ᠳᠤ ᠵᠢᠭᠠᠵᠤ ᠭᠠᠷᠭᠠᠭ᠍ᠰᠠᠨ᠎ᠢᠶᠡᠷ᠂ ᠡᠮᠴᠢᠯᠡᠭᠡᠨ᠎ᠳᠦ ᠬᠡᠷᠡᠭ᠌ᠯᠡᠬᠦ᠌ ᠠᠮᠠᠪᠴᠢ᠎ᠶ᠋ᠢ ᠭᠣᠸ᠋ᠯᠳᠠᠭᠤ ᠭᠤᠷᠪᠠᠨ ᠲᠥᠷᠥᠯ᠎ᠳᠦ ᠬᠤᠪᠢᠶᠠᠨ᠎ᠠ᠄ ᠭᠠᠭᠴᠠ ᠤᠳᠠᠭ᠎ᠠ ᠬᠡᠷᠡᠭᠯᠡᠳᠡᠭ ᠡᠮᠴᠢᠯᠡᠭᠡᠨ᠎ᠤ ᠠᠮᠠᠪᠴᠢ᠂ ᠡᠮᠴᠢᠯᠡᠭᠡᠨ᠎ᠳᠦ ᠬᠡᠷᠡᠭ᠌ᠯᠡᠬᠦ᠌ ᠭᠠᠳᠠᠷ ᠰᠠᠯᠠᠭᠠᠨ᠎ᠤ ᠠᠮᠠᠪᠴᠢ᠂ ᠡᠮᠴᠢᠯᠡᠭᠡᠨ᠎ᠳᠦ ᠬᠡᠷᠡᠭ᠌ᠯᠡᠬᠦ᠌ ᠬᠠᠮᠠᠭᠠᠯᠠᠯᠲᠠ᠎ᠶ᠋ᠢᠨ ᠠᠮᠠᠪᠴᠢ᠃ ᠡᠯ᠎ᠡ ᠤᠯᠤᠰ᠎ᠤᠨ ᠡᠮ᠎ᠦᠨ ᠵᠦᠶ᠋ᠯ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠳ ᠴᠥᠮ ᠡᠮᠴᠢᠯᠡᠭᠡᠨ᠎ᠳᠦ ᠬᠡᠷᠡᠭ᠌ᠯᠡᠬᠦ᠌ ᠠᠮᠠᠪᠴᠢ᠎ᠶ᠋ᠢ ᠡᠮᠴᠢᠯᠡᠭᠡᠨ᠎ᠦ ᠪᠠᠭᠠᠵᠢ ᠬᠡᠷᠡᠭ᠌ᠰᠡᠯ᠎ᠢᠶᠡᠷ ᠲᠤᠭᠠᠴᠠᠨ ᠬᠢᠨᠠᠨ ᠬᠠᠮᠢᠶᠠᠷᠴᠤ᠌᠂ ᠦᠶ᠋ᠯᠡᠳᠬᠦᠨ᠎ᠦ ᠠᠮᠤᠷ ᠲᠦᠪᠱᠢᠨ ᠪᠥᠭᠡᠳ ᠦᠢᠯᠡᠳᠦᠯ ᠲᠠᠢ ᠪᠠᠢᠬᠤ᠎ᠶ᠋ᠢ ᠪᠠᠲᠤᠯᠠᠵᠤ ᠪᠠᠢᠨ᠎ᠠ᠃ ᠮᠠᠨ᠎ᠤ ᠤᠯᠤᠰ᠎ᠲᠤ᠂ ᠡᠮᠴᠢᠯᠡᠭᠡᠨ᠎ᠳᠦ ᠬᠡᠷᠡᠭ᠌ᠯᠡᠬᠦ᠌ ᠠᠮᠠᠪᠴᠢ᠎ᠶ᠋ᠢ ᠬᠣᠶᠠᠳᠤᠭᠠᠷ ᠲᠥᠷᠥᠯ᠎ᠦᠨ ᠡᠮᠴᠢᠯᠡᠭᠡᠨ᠎ᠦ ᠪᠠᠭᠠᠵᠢ ᠬᠡᠷᠡᠭ᠌ᠰᠡᠯ᠎ᠢᠶᠡᠷ ᠳᠡᠩᠰᠡᠯᠡᠨ ᠬᠠᠮᠢᠶᠠᠷᠳᠠᠭ᠃ ᠣᠲᠣ ᠪᠣᠯᠲᠠᠯ᠎ᠠ᠂ ᠮᠠᠨ᠎ᠤ ᠤᠯᠤᠰ ᠨᠢᠭᠡᠨᠲᠡ ᠳᠤᠲᠤᠭᠠᠲᠤ ᠳ᠋ᠠᠭᠠᠨ ᠦᠢᠯᠡᠳᠪᠦᠷᠢᠯᠡᠬᠦ ᠡᠮᠴᠢᠯᠡᠭᠡᠨ᠎ᠳᠦ ᠬᠡᠷᠡᠭ᠌ᠯᠡᠬᠦ᠌ ᠬᠠᠮᠠᠭᠠᠯᠠᠯᠲᠠ᠎ᠶᠢᠨ ᠠᠮᠠᠪᠴᠢ᠎ᠶ᠋ᠢᠨ ᠳᠠᠩᠰᠠᠯᠠᠭᠤᠯᠤᠭ᠍ᠰᠠᠨ ᠦᠨᠡᠮᠯᠡᠯ 762᠂ ᠳᠤᠲᠤᠭᠠᠲᠤ ᠳ᠋ᠠᠭᠠᠨ ᠦᠢᠯᠡᠳᠪᠦᠷᠢᠯᠡᠬᠦ ᠡᠮᠴᠢᠯᠡᠭᠡᠨ᠎ᠳᠦ ᠬᠡᠷᠡᠭ᠌ᠯᠡᠬᠦ᠌ ᠭᠠᠳᠠᠷ ᠰᠠᠯᠠᠭᠠᠨ᠎ᠤ ᠠᠮᠠᠪᠴᠢ᠎ᠶ᠋ᠢᠨ ᠳᠠᠩᠰᠠᠯᠠᠭᠤᠯᠤᠭ᠍ᠰᠠᠨ ᠦᠨᠡᠮᠯᠡᠯ 2489᠂ ᠳᠤᠲᠤᠭᠠᠲᠤ ᠳ᠋ᠠᠭᠠᠨ ᠦᠢᠯᠡᠳᠪᠦᠷᠢᠯᠡᠬᠦ ᠭᠠᠭᠴᠠ ᠤᠳᠠᠭ᠎ᠠ ᠬᠡᠷᠡᠭ᠌ᠯᠡᠳᠡᠭ ᠡᠮᠴᠢᠯᠡᠭᠡᠨ᠎ᠤ ᠠᠮᠠᠪᠴᠢ᠎ᠶ᠋ᠢᠨ ᠳᠠᠩᠰᠠᠯᠠᠭᠤᠯᠤᠭ᠍ᠰᠠᠨ ᠦᠨᠡᠮᠯᠡᠯ 3219 ᠵᠢ ᠵᠥᠪᠱᠢᠶᠡᠷᠡᠭ᠌ᠰᠡᠨ ᠪᠠᠢᠨ᠎ᠠ ᠃

ᠣᠳᠣᠬᠠᠨ᠎ᠳᠤ ᠵᠠᠬ᠎ᠠ ᠳᠡᠯᠭᠡᠭᠦᠷ ᠳᠡᠭᠡᠷ᠎ᠡ《ᠪᠠᠺᠲ᠋ᠧᠷᠢ ᠡᠰᠡᠷᠭᠦᠴᠡᠵᠦ ᠸᠢᠷᠦ᠋ᠰ᠎ᠢ ᠡᠰᠡᠷᠭᠦᠴᠡᠨ᠎ᠠ》 ᠭᠡᠵᠦ ᠰᠤᠷᠲᠠᠯᠴᠢᠯᠠᠵᠤ ᠪᠠᠢᠭ᠎ᠠ ᠡᠮᠴᠢᠯᠡᠭᠡᠨ᠎ᠤ ᠪᠤᠰᠤ ᠠᠮᠠᠪᠴᠢ ᠨᠢ ᠶᠡᠷᠦ᠍᠎ᠳᠡᠭᠡᠨ ᠬᠣᠯᠢᠬᠤ᠂ ᠰᠦᠷᠴᠢᠨ ᠱᠢᠷᠲᠡᠬᠦ᠌ ᠵᠡᠷᠭᠡ ᠠᠷᠭ᠎ᠠ᠎ᠪᠠᠷ ᠡᠯ᠎ᠡ ᠲᠥᠷᠥᠯ᠎ᠦᠨ ᠪᠠᠺᠲ᠋ᠧᠷᠢ ᠡᠰᠡᠷᠭᠦᠴᠡᠬᠦ᠌ ᠡᠮ᠎ᠢ ᠨᠡᠮᠡᠭᠰᠡᠨ ᠪᠠᠢᠳᠠᠭ᠂ ᠡᠭᠦᠨ᠎ᠳᠦ ᠭᠣᠸ᠋ᠯᠳᠠᠭᠤ ᠨᠠᠨᠤᠮᠸᠲ᠋ᠷ᠎ᠤᠨ ᠳᠡᠰ᠎ᠤᠨ ᠲᠢᠲ᠋ᠠᠨ᠎ᠤ ᠳᠠᠪᠬᠤᠷ ᠢᠰᠦᠯ᠂ ᠨᠠᠨᠤᠮᠸᠲ᠋ᠷ᠎ᠤᠨ ᠳᠡᠰ᠎ᠤᠨ ᠮᠥᠩᠭᠥ᠌᠂ ᠳᠦᠷᠪᠡᠴᠢ ( ᠺᠤᠸᠠᠲ᠋ᠧᠷᠨᠠᠷᠢ ) ᠠᠮᠮᠣᠨᠢ ᠳᠠᠪᠤᠰᠤ᠂ ᠵᠡᠰ᠎ᠦᠨ ᠢᠶᠣᠨ/ ᠵᠡᠰ᠎ᠤᠨ ᠢᠰᠦᠯ᠂ ᠬᠢᠲᠠᠳ ᠡᠮ᠎ᠦᠨ ᠰᠢᠷᠭᠠᠭᠠᠯᠲᠠ ᠪᠣᠳᠠᠰ ᠵᠡᠷᠭᠡ ᠨᠡᠮᠡᠯᠲᠡ ᠡᠳ᠋᠎ᠲᠡᠶ ᠪᠠᠢᠳᠠᠭ᠃

ᠲᠤᠰ ᠲᠦᠷᠦᠯ᠎ᠦᠨ ᠦᠢᠯᠡᠳᠬᠦᠨ᠎ᠦ ᠠᠶᠤᠯᠭᠦᠶ ᠴᠢᠨᠠᠷ ᠪᠠ ᠬᠦᠴᠦᠨ ᠪᠦᠬᠦᠢ ᠴᠢᠨᠠᠷ᠎ᠢ ᠭᠦᠢᠴᠡᠳ ᠰᠤᠳᠤᠯᠬᠤ ᠪᠠ ᠱᠢᠯᠭᠠᠨ ᠪᠠᠲᠤᠯᠠᠬᠤ ᠠᠵᠢᠯ᠎ᠢ ᠥᠷᠨᠢᠭᠦᠯᠬᠦ᠌ ᠬᠡᠷᠡᠭ᠌ᠲᠡᠶ᠃ ᠠᠮᠤᠷ ᠲᠦᠪᠱᠢᠨ᠎ᠦ ᠲᠠᠯ᠎ᠠ᠎ᠪᠠᠷ᠂ ᠠᠮᠠᠪᠴᠢ᠎ᠵᠢᠨ ᠪᠠᠺᠲ᠋ᠧᠷᠢ ᠡᠰᠡᠷᠭᠦᠴᠡᠬᠦ᠌ ᠡᠮ ᠨᠢ ᠬᠤᠪᠬᠤᠷᠬᠤ᠎ᠠᠴᠠ ᠪᠣᠯᠵᠣ ᠬᠥᠮᠦᠰ᠎ᠦᠨ ᠣᠷᠳᠣ ᠬᠤᠭᠤᠴᠠᠭ᠎ᠠ᠎ᠪᠠᠷ ᠠᠮᠢᠰᠬᠤᠵᠤ ᠣᠷᠣᠭᠤᠯᠬᠤ ᠠᠶᠤᠯ ᠲᠦᠭ᠌ᠰᠢᠭᠦᠷᠢ᠎ᠪᠠᠢᠬᠤ ᠡᠰᠡᠬᠦ᠎ᠳᠦ ᠦᠨᠡᠯᠡᠯᠲᠡ ᠬᠢᠬᠦ᠌ ᠬᠡᠷᠡᠭ᠌ᠲᠡᠶ; ᠬᠦᠴᠦᠨ᠎ᠪᠦᠬᠦᠢ ᠬᠤᠭᠤᠴᠠᠭ᠎ᠠ᠎ᠶᠢᠨ ᠲᠠᠯ᠎ᠠ᠎ᠪᠠᠷ᠂ ᠪᠠᠺᠲ᠋ᠧᠷᠢ ᠡᠰᠡᠷᠭᠦᠴᠡᠬᠦ ᠡᠮ᠎ᠢ ᠨᠡᠮᠡᠭᠰᠡᠨ ᠡᠴᠡ ᠪᠤᠯᠵᠤ ᠠᠮᠠᠪᠴᠢ᠎ᠶ᠋ᠢᠨ ᠱᠦᠭᠦᠬᠦ᠌ ᠦᠢᠯᠡᠳᠦᠯ᠎ᠢ ᠨᠥᠯᠥᠭᠡᠯᠡᠬᠦ᠌ ᠡᠰᠡᠬᠦ᠌ ᠵᠢᠴᠢ ᠪᠠᠺᠲ᠋ᠧᠷᠢ ᠡᠰᠡᠷᠭᠦᠴᠡᠬᠦ ᠡᠮ᠎ᠦᠨ ᠪᠠᠺᠲ᠋ᠧᠷᠢ ᠪᠠ ᠸᠢᠷᠦ᠋ᠰ ᠡᠰᠡᠷᠭᠦᠴᠡᠬᠦ᠌ ᠦᠷ᠎ᠡ ᠳ᠋ᠦᠩ᠎ᠢ ᠱᠢᠯᠭᠠᠨ ᠪᠠᠲᠤᠯᠠᠬᠤ ᠬᠡᠷᠡᠭ᠌ᠲᠡᠶ᠃ ᠲᠣᠰ ᠲᠥᠷᠥᠯ᠎ᠦᠨ ᠠᠮᠠᠪᠴᠢ᠎ᠶ᠋ᠢᠨ ᠦᠶ᠋ᠯᠡᠳᠬᠦᠨ ᠨᠢ ᠡᠮᠴᠢᠯᠡᠭᠡᠨ᠎ᠦ ᠬᠦᠴᠦᠨ ᠪᠥᠬᠥᠶ ᠴᠢᠨᠠᠷ᠎ᠢ ᠭᠦᠶ᠋ᠴᠡᠳ ᠱᠢᠯᠭᠠᠨ ᠪᠠᠲᠤᠯᠠᠭ᠍ᠰᠠᠨ ᠥᠬᠡᠶ ᠤᠷᠢᠲᠠᠯ ᠳᠣᠸ᠋ᠷ᠎ᠠ᠂ ᠪᠠᠺᠲ᠋ᠧᠷᠢ ᠡᠰᠡᠷᠭᠦᠴᠡᠬᠦ ᠡᠮ ᠨᠡᠮᠡᠭᠰᠡᠨ ᠡᠴᠡ ᠪᠤᠯᠵᠤ ᠱᠢᠨ᠎ᠡ ᠠᠶᠤᠯ ᠲᠦᠭ᠌ᠰᠢᠭᠦᠷᠢ᠎ᠶ᠋ᠢ ᠠᠪᠴᠢᠷᠠᠵᠤ ᠮᠡᠳᠡᠨ᠎ᠡ᠃ ᠣᠳᠣᠬᠠᠨ᠎ᠳᠤ᠂ ᠡᠮᠴᠢᠯᠡᠭᠡᠨ᠎ᠦ ᠪᠠᠭᠠᠵᠢ ᠬᠡᠷᠡᠭ᠌ᠰᠡᠯ᠎ᠢ ᠵᠠᠬ᠎ᠠ ᠳᠡᠯᠭᠡᠭᠦᠷ᠎ᠲᠦ ᠭᠠᠷᠭᠠᠬᠤ᠎ᠠᠴᠠ ᠡᠮᠦᠨᠡᠬᠢ ᠦᠨᠡᠯᠡᠯᠲᠡ᠎ᠶᠢᠨ ᠲᠤᠬᠠᠢ᠂ ᠲᠣᠰ ᠲᠥᠷᠥᠯ᠎ᠦᠨ ᠦᠶ᠋ᠯᠡᠳᠬᠦᠨ᠎ᠦ ᠦᠷᠭᠦᠯᠵᠢᠯᠡᠬᠦᠢᠴᠡ᠂ ᠣᠷᠳᠣ ᠬᠤᠭᠤᠴᠠᠭ᠎ᠠ᠎ᠪᠠᠷ ᠬᠡᠷᠡᠭ᠌ᠯᠡᠬᠦ᠌ ᠲᠦᠭ᠌ᠰᠢᠭᠦᠷᠢ᠎ᠪᠠ ᠠᠱᠢᠭ ᠭᠥᠷᠳᠡᠬᠦ᠌ ᠬᠠᠷᠢᠴᠠᠭᠤᠯᠤᠯ ᠨᠢ ᠲᠤᠲᠠᠮᠠᠭ ᠪᠠᠢᠵᠤ᠂ ᠡᠮᠴᠢᠯᠡᠭᠡᠨ᠎ᠦ ᠢᠯᠡᠳᠲᠡ ᠠᠴᠢ ᠬᠣᠯᠪᠣᠭ᠍ᠳᠠᠯ ᠥᠬᠡᠶ ᠪᠠᠢᠭ᠍ᠰᠠᠭᠠᠷ᠃

ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ ᠲᠣᠭ᠍ᠲᠠᠴᠠ ᠡᠴᠡ ᠠᠳᠠᠯᠢ ᠪᠤᠰᠤ ᠬᠥᠮᠦᠰ᠎ᠦᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠤᠷᠢᠳᠴᠢᠯᠠᠨ ᠰᠡᠷᠭᠡᠢᠯᠡᠬᠦ᠌ ᠠᠮᠠᠪᠴᠢ᠎ᠶ᠋ᠢ ᠰᠣᠩᠭᠣᠬᠤ ᠪᠠ ᠬᠡᠷᠡᠭ᠌ᠯᠡᠬᠦ᠌ ᠮᠡᠷᠭᠡᠵᠢᠯ᠎ᠦᠨ ᠵᠢᠯᠣᠭᠣᠳᠣᠯᠭ᠎ᠠ᠎ᠶ᠋ᠢ ᠳᠠᠷᠤᠮᠠᠯᠯᠠᠨ ᠲᠠᠷᠬᠠᠭᠠᠭᠰᠠᠨ ᠪᠦᠭᠡᠳ ᠲᠠᠰᠤᠷᠠᠯᠲᠠ ᠥᠬᠡᠶ ᠱᠢᠨᠡᠳᠭᠡᠵᠦ᠍ ᠪᠤᠢ᠂ ᠬᠡᠷᠡᠭ᠌ᠯᠡᠭ᠌ᠴᠢᠳ ᠡᠲᠡᠭᠡᠷ ᠵᠢᠯᠣᠭᠣᠳᠣᠯᠭ᠎ᠠ᠎ᠶ᠋ᠢ ᠦᠨᠳᠦᠰᠦᠯᠡᠨ᠂ ᠲᠣᠬᠢᠷᠠᠮᠵᠢᠲᠠᠶ ᠠᠮᠠᠪᠴᠢ᠎ᠶ᠋ᠢᠨ ᠲᠥᠷᠥᠯ᠎ᠢ ᠱᠢᠨᠵᠢᠯᠡᠬᠦ᠌ ᠤᠬᠠᠭᠠᠨᠴᠢ᠎ᠪᠠᠷ ᠰᠣᠩᠭᠣᠬᠤ᠎ᠶ᠋ᠢ ᠰᠠᠨᠠᠭᠤᠯᠤᠶ᠎ᠠ᠃

ᠢᠷᠡᠯᠲᠡ᠄ ᠲᠦᠪ ᠲᠧᠯᠸᠢᠰ᠎ᠤᠨ ᠰᠤᠨᠢᠨ ᠮᠡᠳᠡᠭᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面