2022-05-02 21:03:17
ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠄ ᠪᠠᠶᠠᠷ ᠳᠤᠷᠠᠰᠭᠠᠯ᠎ᠤᠨ ᠡᠳᠦᠷ᠎ᠦᠨ ᠲᠦᠷᠭᠡᠨ ᠡᠮᠴᠢᠯᠡᠭᠡ᠎ᠶ᠋ᠢ 24 ᠴᠠᠭ᠎ᠢᠶᠠᠷ ᠨᠡᠭᠡᠭᠡᠵᠤ᠂ ᠡᠮᠴᠢᠯᠡᠭᠡ ᠵᠢ ᠵᠤᠭᠰᠤᠭᠠᠬᠤ ᠪᠤᠶᠤ ᠡᠮᠴᠢᠯᠡᠭᠡ ᠵᠢ ᠲᠡᠪᠴᠢᠵᠦ᠍ ᠪᠣᠯᠬᠤ ᠥᠬᠡᠶ
ᠣᠳᠣᠬᠠᠨ᠎ᠤ ᠬᠢᠵᠢᠭ᠎ᠦᠨ ᠪᠠᠢᠳᠠᠯ ᠳᠤᠤᠷ᠎ᠠ᠂ ᠣᠯᠠᠨ ᠲᠦᠮᠡᠨ᠎ᠦ 《5·1》᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠡᠪᠡᠳᠴᠢᠨ ᠦᠵᠡᠭᠦᠯᠬᠦ᠌ ᠬᠡᠷᠡᠭ᠌ᠴᠡᠭᠡ᠎ᠶ᠋ᠢ ᠬᠡᠷᠬᠢᠨ ᠪᠠᠲᠤᠯᠠᠬᠤ ᠪᠣᠶ?
ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠮᠨᠡᠯᠭᠡ᠎ᠶ᠋ᠢᠨ ᠶᠠᠪᠤᠳᠠᠯ ᠡᠮᠨᠡᠯᠭᠡ᠎ᠶ᠋ᠢᠨ ᠬᠠᠮᠢᠶᠠᠷᠤᠯᠲᠠ ᠵᠢᠨ ᠲᠣᠪᠴᠢᠶ᠎ᠠ᠎ᠶ᠋ᠢᠨ ᠬᠢᠨᠠᠨ ᠪᠠᠢᠴᠠᠭᠠᠬᠤ ᠲᠤᠰᠭᠠᠶ ᠲᠤᠱᠢᠶᠠᠯᠲᠠᠨ ᠭᠦᠸᠧ ᠶᠠᠨ ᠬᠣᠩ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌ ᠲᠣᠭ᠍ᠲᠠᠴᠠ᠎ᠶ᠋ᠢᠨ 28᠎ᠤ ᠡᠳᠦᠷ ᠡᠷᠭᠢᠯᠡᠭ᠌ᠰᠡᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠡᠮᠴᠢᠯᠡᠭᠡᠨ᠎ᠦ ᠪᠠᠢᠭᠤᠯᠤᠮᠵᠢ᠎ᠶ᠋ᠢ ᠪᠠᠶᠠᠷ ᠳᠤᠷᠠᠰᠭᠠᠯ ᠠᠮᠠᠷᠠᠯᠲᠠ᠎ᠶ᠋ᠢᠨ ᠬᠤᠭᠤᠴᠠᠭᠠᠨ ᠳ᠋ᠡᠬᠢ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠲᠣᠬᠢᠷᠠᠭᠤᠯᠤᠯᠲᠠ᠎ᠶ᠋ᠢ ᠰᠠᠢᠲᠤᠷ ᠬᠢᠵᠦ᠍᠂ ᠲᠦᠷᠭᠡᠨ ᠡᠮᠴᠢᠯᠡᠭᠡ᠎ᠶ᠋ᠢ 24 ᠴᠠᠭ᠎ᠢᠶᠠᠷ ᠨᠡᠭᠡᠭᠡᠬᠦ᠌᠎ᠶ᠋ᠢ ᠪᠠᠲᠤᠯᠠᠵᠤ᠂ ᠡᠮᠴᠢᠯᠡᠭᠡ᠎ᠶ᠋ᠢ ᠵᠣᠭ᠍ᠰᠣᠭᠠᠬᠤ ᠪᠠ ᠡᠮᠴᠢᠯᠡᠭᠡ ᠶ᠋ᠢ ᠲᠡᠪᠴᠢᠬᠦ᠌ ᠪᠠᠢᠳᠠᠯ ᠭᠠᠷᠴᠤ᠌ ᠪᠣᠯᠬᠤ ᠥᠬᠡᠶ ᠭᠡᠵᠦ᠍ ᠱᠠᠭᠠᠷᠳᠠᠪᠠ᠃
ᠤᠷᠲᠤ ᠬᠤᠭᠤᠴᠠᠭ᠎ᠠ᠎ᠪᠠᠷ ᠡᠮ᠎ᠢᠶᠡᠷ ᠵᠠᠰᠠᠬᠤ ᠴᠢᠬᠤᠯᠠᠲᠠᠶ ᠠᠷᠬᠠᠭ ᠡᠪᠡᠳᠴᠢᠲᠡᠳ ᠬᠠᠮᠤᠭ᠎ᠤᠨ ᠣᠷᠳᠣ ᠳᠠᠭᠠᠨ 12 ᠭᠠᠷᠠᠭᠤᠨᠱᠠᠭᠠᠷᠳᠠᠯᠭᠠᠶᠣᠰᠣᠭᠠᠷᠵᠣᠷᠤᠨᠬᠡᠮᠵᠢᠶᠡᠶ᠋ᠢᠤᠷᠲᠤᠳᠭᠠᠵᠤ᠂ ᠡᠪᠡᠳᠴᠢᠲᠡᠨ᠎ᠦ ᠡᠮ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠬᠠᠩᠭᠠᠨ᠎ᠠ ᠭᠡᠪᠡ᠃
ᠢᠷᠡᠯᠳᠡ᠄ ᠰᠢᠨᠬᠤᠸᠠ ᠬᠤᠷᠢᠶᠠᠨ ᠤ ᠪᠢᠴᠢᠯ ᠪᠦᠷᠭᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃