2022-05-16 16:39:01
— ᠬᠢᠵᠢᠭ᠎ᠦᠨ ᠪᠠᠢᠳᠠᠯ᠎ᠠᠴᠠ ᠪᠣᠯᠵᠣ ᠴᠠᠭ᠎ᠲᠠᠭᠠᠨ ᠠᠵᠢᠯ᠎ᠤᠨ ᠪᠠᠢᠷᠢ ᠳᠤ ᠬᠦᠷᠴᠦ᠍ ᠳᠡᠢᠯᠦᠭᠰᠡᠨ ᠦᠬᠡᠢ᠂ ᠲᠡᠬᠡᠬᠡᠳ ᠬᠥᠳᠡᠯᠮᠦᠷᠢ ᠶ᠋ᠢᠨ ᠭᠡᠷ᠎ᠡ᠎ᠶ᠋ᠢ ᠬᠦᠴᠦᠨ ᠥᠬᠡᠶ ᠪᠣᠯᠭᠠᠬᠤ ᠮᠡᠳᠡᠭ᠌ᠳᠡᠯ᠎ᠦᠨ ᠪᠢᠴᠢᠭ ᠲᠤᠰᠴᠠᠢ᠃
ᠣᠢᠷ᠎ᠠ᠎ᠳᠤ᠂ ᠵᠧᠵᠢᠶᠠᠩ ᠮᠤᠵᠢ ᠵᠢᠨ ᠱᠣᠤᠱᠢᠩ ᠤᠨ ᠱᠠᠩ ᠢᠦᠶ ᠠᠷᠠᠳ᠎ᠤᠨ ᠱᠢᠭᠦᠬᠦ᠌ ᠬᠣᠷᠢᠶ᠎ᠠ ᠡᠨᠡ ᠬᠦ᠌ ᠬᠥᠳᠡᠯᠮᠦᠷᠢ᠎ᠶ᠋ᠢᠨ ᠮᠠᠷᠭᠤᠭᠠᠨ᠎ᠤ ᠬᠡᠷᠡᠭ᠎ᠢ ᠬᠦᠯᠢᠶᠡᠨ ᠠᠪᠴᠤ᠌ ᠱᠢᠶ᠋ᠳᠪᠦᠷᠢᠯᠡᠨ᠂ ᠺᠣᠮᠫᠠᠨᠢ᠎ᠠᠴᠠ ᠠᠵᠢᠯᠲᠠᠨ ᠳ᠋ᠦ ᠴᠠᠯᠢᠩ ᠵᠢᠴᠢ ᠠᠵᠤ ᠠᠬᠤᠶ᠎ᠶ᠋ᠢᠨ ᠲᠥᠯᠥᠪᠦᠷᠢ ᠮᠥᠩᠭᠥ᠌ 4 ᠲᠦᠮᠡ ᠭᠠᠷᠤᠶ ᠲᠥᠭᠥᠷᠢᠭ ᠥᠭ᠌ᠬᠦ ᠪᠡᠷ ᠱᠢᠭᠦᠨ ᠲᠡᠰᠦᠯᠪᠡ᠃
ᠴᠧᠨ ᠣᠪᠣᠭ᠍ᠲᠤ ᠤᠤᠯ ᠨᠢ ᠪᠠᠷᠢᠯᠭ᠎ᠠ ᠶ᠋ᠢᠨ ᠮᠠᠲ᠋ᠧᠷᠢᠶᠠᠯ ᠤᠨ ᠺᠣᠮᠫᠠᠨᠢ ᠶ᠋ᠢᠨ ᠠᠵᠢᠯᠲᠠᠨ ᠪᠠᠢᠵᠠᠶ᠂ 2019 ᠣᠨ᠎ᠤ 3 ᠰᠠᠷ᠎ᠠ᠎ᠳᠤ ᠠᠵᠢᠯ᠎ᠳᠤ ᠣᠷᠣᠵᠤ᠂ ᠬᠣᠶᠠᠷ ᠲᠠᠯ᠎ᠠ ᠪᠠᠷ ᠢᠶᠠᠨ ᠬᠥᠳᠡᠯᠮᠦᠷᠢ ᠶ᠋ᠢᠨ ᠭᠡᠷ᠎ᠡ ᠲᠣᠭ᠍ᠲᠠᠵᠠᠶ᠂ ᠬᠠᠮᠤᠭ᠎ᠤᠨ ᠰᠡᠭᠦᠯᠴᠢ᠎ᠶ᠋ᠢᠨ ᠨᠢᠭᠡ ᠤᠳᠠᠭᠠᠨ᠎ᠤ ᠭᠡᠷ᠎ᠡ᠎ᠨᠢ 2020 ᠣᠨ᠎ᠤ 12 ᠰᠠᠷ᠎ᠠ᠎ᠶ᠋ᠢᠨ 26 ᠤ ᠡᠳᠦᠷ᠎ᠡᠴᠡ ᠡᠬᠢᠯᠡᠵᠦ᠍᠂ 2021 ᠣᠨ᠎ᠤ 12 ᠰᠠᠷ᠎ᠠ᠎ᠶ᠋ᠢᠨ 25 ᠤ ᠡᠳᠦᠷ ᠳᠠᠭᠤᠰᠤᠨ᠎ᠠ᠃ ᠦᠢᠯᠡᠳᠪᠦᠷᠢ ᠴᠢᠯᠥᠭᠡ ᠲᠠᠯᠪᠢᠭ᠍ᠰᠠᠨ᠎ᠠᠴᠠ ᠴᠧᠨ ᠣᠪᠣᠭ᠍ᠲᠤ ᠾᠧᠨᠠᠨ᠎ᠳᠠᠭᠠᠨ ᠪᠤᠴᠠᠵᠠᠢ᠃ 2021 ᠣᠨ ᠤ 8 ᠰᠠᠷ᠎ᠠ᠎ᠳᠤ᠂ ᠴᠧᠨ ᠣᠪᠣᠭ᠍ᠲᠤ᠎ᠶ᠋ᠢᠨ ᠪᠠᠢᠭ᠎ᠠ ᠱᠢᠶᠠᠨ ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠠᠷᠴᠤ᠌᠂ ᠠᠵᠢᠯ᠎ᠤᠨ ᠪᠠᠢᠷᠢ ᠳᠠᠭᠠᠨ ᠪᠤᠴᠠᠬᠤ᠎ᠶ᠋ᠢᠨ ᠠᠷᠭ᠎ᠠ ᠦᠭᠡᠢ ᠪᠠᠢᠵᠠᠢ᠃ ᠬᠠᠷᠢᠨ ᠡᠨᠡ ᠬᠤᠭᠤᠴᠠᠭᠠᠨ᠎ᠳᠤ ᠴᠧᠨ ᠣᠪᠣᠭ᠍ᠲᠤ ᠵᠢᠷᠬᠢᠶ᠎ᠠ ᠳᠡᠭᠡᠷ᠎ᠡ ᠲᠤᠰ ᠪᠠᠷᠢᠯᠭ᠎ᠠ ᠶ᠋ᠢᠨ ᠮᠠᠲ᠋ᠧᠷᠢᠶᠠᠯ ᠤᠨ ᠺᠣᠮᠫᠠᠨᠢ ᠶ᠋ᠢᠨ ᠬᠥᠳᠡᠯᠮᠦᠷᠢ᠎ᠶ᠋ᠢᠨ ᠭᠡᠷ᠎ᠡ ᠪᠡᠨ ᠴᠤᠴᠠᠯᠬᠤ ᠮᠡᠳᠡᠭ᠌ᠳᠡᠯ ᠦᠨ ᠪᠢᠴᠢᠭ ᠢ ᠣᠯᠤᠬᠰᠠᠨ ᠪᠠᠢᠨ᠎ᠠ᠃
ᠺᠣᠮᠫᠠᠨᠢ ᠡᠴᠡ ᠨᠢ᠂ ᠴᠧᠨ ᠣᠪᠣᠭ᠍ᠲᠤ 2021 ᠣᠨ᠎ᠤ 8 ᠰᠠᠷ᠎ᠠ᠎ᠶ᠋ᠢᠨ 1 ᠦ ᠡᠳᠦᠷ᠎ᠡᠴᠡ ᠡᠬᠢᠯᠡᠨ ᠴᠢᠯᠥᠭᠡ ᠭᠤᠶᠤᠬᠤ ᠭᠠᠷ ᠭᠦᠢᠴᠡᠳᠭᠡᠯ ᠬᠢᠭ᠌ᠰᠡᠨ ᠦᠭᠡᠢ᠎ᠪᠡᠷ ᠳᠤᠷ᠎ᠠ᠎ᠪᠠᠷ᠎ᠢᠶᠠᠨ ᠨᠢᠭᠡ ᠰᠠᠷ᠎ᠠ ᠭᠠᠷᠤᠢ ᠠᠵᠢᠯ ᠰᠠᠭᠠᠲᠠᠭ᠍ᠰᠠᠨ᠎ᠢᠶᠠᠷ ᠱᠢᠯᠲᠠᠭᠠᠨ ᠪᠣᠯᠭᠠᠵᠤ᠂ 2021 ᠣᠨ᠎ᠤ 9 ᠰᠠᠷ᠎ᠠ᠎ᠶ᠋ᠢᠨ 8 ᠤ ᠡᠳᠦᠷ᠎ᠡᠴᠡ ᠡᠬᠢᠯᠡᠨ ᠬᠣᠶᠠᠷ ᠲᠠᠯ᠎ᠠ᠎ᠶ᠋ᠢᠨ ᠬᠥᠳᠡᠯᠮᠦᠷᠢ᠎ᠶ᠋ᠢᠨ ᠬᠠᠷᠢᠴᠠᠭ᠎ᠠ᠎ᠵᠢ ᠴᠤᠴᠠᠯᠬᠤ᠎ᠪᠠᠷ ᠵᠢᠷᠬᠢᠶ᠎ᠠ ᠪᠡᠷ ᠮᠡᠳᠡᠭ᠌ᠳᠡᠪᠡ᠃ ᠴᠧᠨ ᠣᠪᠣᠭ᠍ᠲᠤ 2021 ᠣᠨ᠎ᠤ 9 ᠰᠠᠷ᠎ᠠ᠎ᠶ᠋ᠢᠨ 23 ᠤ ᠡᠳᠦᠷ ᠱᠠᠩ ᠢᠦᠢ ᠲᠣᠭᠣᠷᠢᠭ᠎ᠤᠨ ᠬᠥᠳᠡᠯᠮᠦᠷᠢ ᠠᠵᠢᠯᠳᠠᠨ ᠤ ᠶᠠᠪᠤᠳᠠᠯ᠎ᠤᠨ ᠮᠠᠷᠭᠤᠭᠠᠨ ᠢ ᠬᠥᠨᠳᠡᠯᠡᠨ ᠡᠴᠡ ᠲᠠᠰᠤᠯᠬᠤ ᠺᠣᠮᠢᠰ᠎ᠲᠤ ᠭᠤᠶᠤᠴᠢᠯᠠᠯ ᠭᠠᠷᠭᠠᠵᠤ᠂ ᠲᠡᠭᠦᠨ᠎ᠳ᠋ᠤ 2021 ᠣᠨ᠎ᠤ 8 ᠰᠠᠷ᠎ᠠ ᠶ᠋ᠢᠨ ᠴᠠᠯᠢᠩ ᠵᠢᠴᠢ ᠠᠵᠤ ᠠᠬᠤᠢ ᠶ᠋ᠢᠨ ᠲᠥᠯᠥᠪᠦᠷᠢ ᠦᠭᠬᠦᠬᠦᠯᠬᠦ ᠪᠡᠷ ᠱᠠᠭᠠᠷᠳᠠᠵᠠᠢ᠃ ᠬᠥᠳᠡᠯᠮᠦᠷᠢ᠎ᠶ᠋ᠢᠨ ᠬᠥᠨᠳᠡᠯᠡᠨ᠎ᠡᠴᠡ ᠲᠠᠰᠤᠯᠬᠤ ᠺᠣᠮᠢᠰ ᠬᠢᠨᠠᠨ ᠪᠠᠢᠴᠠᠭᠠᠭ᠍ᠰᠠᠨ᠎ᠤ ᠲᠠᠷᠠᠭ᠎ᠠ᠂ ᠲᠤᠰ ᠺᠣᠮᠫᠠᠨᠢ ᠡᠴᠡ ᠬᠥᠳᠡᠯᠮᠦᠷᠢ ᠶ᠋ᠢᠨ ᠭᠡᠷ᠎ᠡ᠎ᠶ᠋ᠢ ᠴᠤᠴᠠᠯᠤᠭ᠍ᠰᠠᠨ ᠨᠢ ᠬᠠᠤᠯᠢ ᠵᠢ ᠵᠥᠷᠢᠴᠡᠭ᠌ᠰᠡᠨ᠎ᠳᠦ ᠲᠣᠭᠠᠴᠠᠭ᠍ᠳᠠᠨᠠ ᠭᠡᠵᠦ᠍ ᠮᠠᠭᠠᠳᠯᠠᠨ ᠲᠣᠭ᠍ᠲᠠᠭᠠᠵᠤ᠂ ᠴᠧᠨ ᠣᠪᠣᠭ᠍ᠲᠤ᠎ᠳᠤ 2021 ᠣᠨ᠎ᠤ 8 ᠰᠠᠷ᠎ᠠ ᠵᠢᠨ 4 ᠲᠦᠮᠡ ᠭᠠᠷᠤᠢ ᠲᠥᠭᠥᠷᠢᠭ᠎ᠦᠨ ᠴᠠᠯᠢᠩ ᠵᠢᠴᠢ ᠠᠵᠤ ᠠᠬᠤᠢ᠎ᠶ᠋ᠢᠨ ᠲᠥᠯᠥᠪᠦᠷᠢ ᠮᠥᠩᠭᠥ᠌ ᠥᠭ᠌ᠬᠦᠯᠬᠦ ᠲᠣᠭ᠍ᠲᠠᠭᠠᠯᠲᠠ ᠭᠠᠷᠭᠠᠵᠠᠢ᠃ ᠲᠤᠰ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠺᠣᠮᠫᠠᠨᠢ ᠡᠭᠦᠨ᠎ᠢ ᠵᠥᠪᠱᠢᠶᠡᠷᠡᠬᠦ᠌ ᠦᠭᠡᠢ ᠱᠢᠭᠦᠬᠦ᠌ ᠬᠣᠷᠢᠶᠠᠨ᠎ᠳᠤ ᠵᠠᠭᠠᠯᠳᠤᠪᠠ᠃
ᠱᠢᠭᠦᠬᠦ᠌ ᠬᠣᠷᠢᠶ᠎ᠠ ᠡᠴᠡ᠂ ᠴᠧᠨ ᠣᠪᠣᠭ᠍ᠲᠤ ᠪᠤᠯ ᠦᠢᠯᠡᠳᠪᠦᠷᠢ ᠴᠢᠯᠥᠭᠡ ᠲᠠᠯᠪᠢᠭ᠍ᠰᠠᠨ᠎ᠠᠴᠠ ᠾᠧᠨᠠᠨ᠎ᠳᠤ ᠬᠠᠷᠢᠵᠤ᠂ ᠰᠡᠭᠦᠯᠡᠷ ᠨᠢ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠢ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠢ᠎ᠡ ᠡᠴᠠ ᠴᠠᠭ ᠲᠠᠭᠠᠨ ᠠᠵᠢᠯ᠎ᠤᠨ ᠪᠠᠢᠷᠢ᠎ᠳᠠᠭᠠᠨ ᠪᠤᠴᠠᠵᠤ ᠴᠢᠳᠠᠭ᠍ᠰᠠᠨ ᠦᠭᠡᠢ ᠶᠤᠮ᠂ ᠬᠠᠷᠢᠨ ᠤᠴᠢᠷ ᠱᠢᠯᠲᠠᠭᠠᠨ ᠦᠭᠡᠢ᠎ᠪᠡᠷ ᠠᠵᠢᠯ ᠰᠠᠭᠠᠲᠠᠭ᠍ᠰᠠᠨ ᠪᠢᠰᠢ ᠭᠡᠵᠦ᠍ ᠦᠵᠡᠪᠡ᠃
ᠲᠤᠰ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠺᠣᠮᠫᠠᠨᠢ ᠨᠢ ᠵᠥᠪᠬᠡᠨ 2021 ᠣᠨ᠎ᠤ 8 ᠰᠠᠷ᠎ᠠ᠎ᠶ᠋ᠢᠨ 25 ᠤ ᠡᠳᠦᠷ ᠵᠢᠷᠬᠢᠶ᠎ᠠ ᠵᠢᠨ ᠠᠵᠢᠯ ᠤᠨ ᠬᠣᠯᠪᠣᠭᠠᠨ᠎ᠳᠤ ᠪᠤᠢ ᠪᠦᠬᠦᠢ ᠠᠵᠢᠯᠳᠠᠨ ᠠᠵᠢᠯᠴᠢᠨ 9 ᠰᠠᠷ᠎ᠠ᠎ᠶ᠋ᠢᠨ 1 ᠦ ᠡᠳᠦᠷ ᠠᠵᠢᠯ᠎ᠤᠨ ᠪᠠᠢᠷᠢ᠎ᠳᠤ ᠭᠠᠷᠬᠤ ᠬᠡᠷᠡᠭ᠌ᠲᠡᠢ ᠭᠡᠰᠡᠨ ᠮᠡᠳᠡᠭ᠌ᠳᠡᠯ ᠨᠡᠢᠲᠡᠯᠡᠭ᠌ᠰᠡᠨ ᠪᠣᠯᠪᠠᠴᠤ᠌ ᠬᠡᠷᠡᠭ᠎ᠦᠨ ᠲᠠᠷᠠᠭ᠎ᠠ ᠪᠠᠰᠠ ᠴᠧᠨ ᠣᠪᠣᠭ᠍ᠲᠤ᠎ᠳᠤ ᠠᠵᠢᠯ᠎ᠤᠨ ᠪᠠᠢᠷᠢ᠎ᠳᠤ ᠭᠠᠷᠬᠤ᠎ᠶ᠋ᠢ ᠠᠰᠲᠤᠨᠢ ᠮᠡᠳᠡᠭ᠌ᠳᠡᠭ᠌ᠰᠡᠨ ᠦᠭᠡᠢ᠂ ᠳᠠᠷᠤᠢ 2021 ᠣᠨ᠎ᠤ 9 ᠰᠠᠷ᠎ᠠ᠎ᠶ᠋ᠢᠨ 9 ᠦ ᠡᠳᠦᠷ ᠴᠧᠨ ᠣᠪᠣᠭ᠍ᠲᠤ ᠳ᠋ᠤ ᠬᠣᠶᠠᠷ ᠲᠠᠯ᠎ᠠ᠎ᠶ᠋ᠢᠨ ᠬᠥᠳᠡᠯᠮᠦᠷᠢ᠎ᠶ᠋ᠢᠨ ᠬᠠᠷᠢᠴᠠᠭ᠎ᠠ ᠶ᠋ᠢ ᠴᠤᠴᠠᠯᠬᠤ᠎ᠪᠠᠷ ᠮᠡᠳᠡᠭ᠌ᠳᠡᠭ᠌ᠰᠡᠨ ᠨᠢ ᠵᠤᠬᠢᠰ ᠦᠭᠡᠢ᠃ ᠡᠢᠮᠦ ᠡᠴᠡ ᠲᠤᠰ ᠪᠠᠷᠢᠯᠭ᠎ᠠ ᠶ᠋ᠢᠨ ᠮᠠᠲ᠋ᠧᠷᠢᠶᠠᠯ᠎ᠤᠨ ᠺᠣᠮᠫᠠᠨᠢ ᠨᠢ ᠬᠠᠤᠯᠢ ᠶ᠋ᠢ ᠵᠥᠷᠢᠴᠡᠨ ᠬᠥᠳᠡᠯᠮᠦᠷᠢ ᠶ᠋ᠢᠨ ᠭᠡᠷ᠎ᠡ ᠶ᠋ᠢ ᠬᠦᠴᠦᠨ ᠦᠭᠡᠢ ᠪᠣᠯᠭᠠᠭ᠍ᠰᠠᠨ᠎ᠳᠤ ᠲᠣᠭᠠᠴᠠᠭ᠍ᠳᠠᠵᠤ᠂ 《ᠪᠦᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ᠎ᠶ᠋ᠢᠨ ᠭᠡᠷ᠎ᠡ᠎ᠶ᠋ᠢᠨ ᠬᠠᠤᠯᠢ 》 ᠵᠢᠨ ᠨᠠᠶᠠᠨ ᠳᠣᠯᠣᠳᠤᠭᠠᠷ ᠵᠦᠢᠯ ᠦᠨ ᠲᠣᠭ᠍ᠲᠠᠭᠠᠯ ᠢ ᠦᠨᠳᠦᠰᠦᠯᠡᠨ᠂ ᠵᠠᠭᠠᠯᠳᠤᠭ᠍ᠳᠠᠭ᠍ᠴᠢ᠎ᠳᠤ ᠠᠵᠤ ᠠᠬᠤᠢ᠎ᠶ᠋ᠢᠨ ᠲᠥᠯᠥᠪᠦᠷᠢᠮᠥᠩᠭᠥ᠌ ᠥᠭ᠌ᠬᠦ ᠬᠡᠷᠡᠭ᠌ᠲᠡᠢ ᠬᠡᠵᠡᠢ᠃ 8 ᠰᠠᠷ᠎ᠠ᠎ᠶ᠋ᠢᠨ ᠴᠠᠯᠢᠩ᠎ᠤᠨ ᠲᠤᠬᠠᠢ᠂ ᠴᠧᠨ ᠣᠪᠣᠭ᠍ᠲᠤ ᠠᠵᠢᠯ ᠤᠨ ᠪᠠᠢᠷᠢ ᠳ᠋ᠠᠭᠠᠨ ᠠᠵᠢᠯᠯᠠᠭ᠍ᠰᠠᠨ ᠦᠭᠡᠢ ᠨᠢ ᠲᠡᠭᠦᠨ᠎ᠦ ᠪᠠᠢᠭ᠎ᠠ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠦᠨ ᠬᠢᠵᠢᠭ ᠦᠨ ᠪᠠᠢᠳᠠᠯ ᠡᠴᠡ ᠪᠤᠯᠵᠤ ᠬᠡᠷᠡᠭᠵᠢᠭᠦᠯᠦᠭᠰᠡᠨ ᠪᠠᠴᠢᠮ ᠠᠷᠭ᠎ᠠ ᠬᠡᠮᠵᠢᠶ᠎ᠡ᠎ᠡᠴᠡ ᠪᠣᠯᠤᠭ᠍ᠰᠠᠨ ᠶᠤᠮ᠂ ᠴᠧᠨ ᠣᠪᠣᠭ᠍ᠲᠤ᠎ᠶ᠋ᠢᠨ ᠲᠤᠰ ᠬᠥᠮᠦᠨ᠎ᠳᠦ ᠬᠠᠷᠢᠭᠤᠴᠠᠯᠭ᠎ᠠ ᠦᠭᠡᠢ᠂ ᠴᠧᠨ ᠣᠪᠣᠭ᠍ᠲᠤ ᠵᠢ ᠬᠡᠪ ᠦᠨ ᠬᠥᠳᠡᠯᠮᠦᠷᠢ ᠬᠠᠩᠭᠠᠭ᠍ᠰᠠᠨ᠎ᠢᠶᠠᠷ ᠦᠵᠡᠬᠦ᠌ ᠬᠡᠷᠡᠭ᠌ᠲᠡᠢ ᠪᠥᠭᠡᠳ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠺᠣᠮᠫᠠᠨᠢ᠎ᠠᠴᠠ ᠬᠡᠪ ᠦᠨ ᠠᠵᠢᠯᠯᠠᠬᠤ ᠴᠠᠭ᠎ᠤᠨ ᠴᠠᠯᠢᠩ ᠢ ᠪᠤᠳᠤᠵᠤ ᠥᠭ᠌ᠬᠦ ᠬᠡᠷᠡᠭ᠌ᠲᠡᠢ ᠬᠡᠵᠦ ᠲᠠᠰᠤᠯᠪᠠ᠃
ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠪᠣᠯ ᠭᠡᠨᠡᠳᠲᠡ ᠡᠭᠦᠰᠦᠭ᠌ᠰᠡᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ ᠪᠣᠯᠤᠨ᠎ᠠ᠂ ᠤᠷᠢᠳᠴᠢᠯᠠᠨ ᠮᠡᠳᠡᠵᠦ᠍ ᠳᠡᠢᠯᠬᠦ᠌ ᠦᠭᠡᠢ᠂ ᠵᠠᠢᠯᠠᠰᠭᠢᠵᠦ᠍ ᠳᠡᠢᠯᠬᠦ᠌ ᠦᠭᠡᠢ ᠪᠥᠭᠡᠳ ᠢᠯᠠᠨ ᠳᠠᠪᠠᠵᠤ ᠳᠡᠢᠯᠬᠦ᠌ ᠦᠭᠡᠢ ᠬᠣᠷᠢᠭ᠍ᠯᠠᠵᠤ ᠴᠢᠳᠠᠰᠢ ᠦᠭᠡᠢ ᠬᠦᠴᠦᠨ᠎ᠳᠦ ᠬᠠᠷᠢᠶᠠᠯᠠᠭ᠍ᠳᠠᠨ᠎ᠠ᠃ ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ ᠠᠵᠢᠯ᠎ᠤᠨ ᠪᠠᠢᠷᠢ᠎ᠳᠤ ᠭᠠᠷᠤᠭ᠍ᠰᠠᠨ ᠦᠭᠡᠢ ᠬᠥᠳᠡᠯᠮᠦᠷᠢᠴᠢᠨ᠎ᠦ ᠠᠵᠢᠯ᠎ᠤᠨ ᠪᠠᠢᠷᠢ᠎ᠳᠤ ᠭᠠᠷᠤᠭ᠍ᠰᠠᠨ ᠦᠭᠡᠢ ᠪᠤᠰᠤᠳᠴᠢ ᠱᠢᠯᠲᠠᠭᠠᠨ᠎ᠢ ᠬᠥᠮᠦᠨ ᠬᠡᠷᠡᠭ᠌ᠯᠡᠬᠦ᠌ ᠨᠢᠭᠡᠴᠢ ᠡᠴᠡ ᠨᠠᠷᠢᠨ ᠣᠢᠯᠠᠭᠠᠵᠤ᠂ ᠠᠵᠢᠯᠳᠠᠨ ᠠᠵᠢᠯᠴᠢᠨ ᠲᠠᠶ ᠢᠳᠡᠪᠬᠢᠲᠡᠢ ᠪᠡᠷ ᠬᠠᠷᠢᠯᠴᠠᠬᠤ ᠬᠡᠷᠡᠭ᠌ᠲᠡᠢ᠂ ᠠᠵᠢᠯ᠎ᠤᠨ ᠪᠠᠢᠷᠢ ᠳᠤ ᠭᠠᠷᠤᠭ᠍ᠰᠠᠨ ᠦᠭᠡᠢ ᠭᠡᠳᠡᠭ᠎ᠢᠶᠡᠷ ᠱᠢᠯᠲᠠᠭᠠᠨ ᠪᠣᠯᠭᠠᠵᠤ ᠬᠥᠳᠡᠯᠮᠦᠷᠢ᠎ᠶ᠋ᠢᠨ ᠭᠡᠷ᠎ᠡ᠎ᠶ᠋ᠢ ᠴᠤᠴᠠᠯᠵᠤ ᠪᠣᠯᠬᠤ ᠦᠭᠡᠢ᠂ ᠡᠰᠡ ᠲᠡᠭᠡᠪᠡᠯ ᠬᠠᠤᠯᠢ ᠶ᠋ᠢ ᠵᠥᠷᠢᠴᠡᠭ᠌ᠰᠡᠨ᠎ᠢᠶᠡᠷ ᠮᠠᠭᠠᠳᠯᠠᠨ ᠲᠣᠭ᠍ᠲᠠᠭᠠᠵᠤ ᠪᠤᠯᠤᠨ᠎ᠠ ᠬᠡᠵᠦ ᠰᠢᠬᠦᠭᠴᠢ ᠡᠴᠡ ᠦᠷᠬᠡᠨ ᠤᠯᠠᠨ ᠳ᠋ᠤ ᠰᠠᠨᠠᠭᠤᠯᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄ ᠱᠢᠶᠠᠩ ᠴᠦᠨ




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃