2022-07-07 09:29:49
— 《ᠱᠢᠨ᠎ᠡ ᠲᠢᠲᠢᠮᠯᠢᠭ ᠠᠭᠤᠰᠭᠢᠨ ᠦᠷᠪᠢᠰᠦᠯ ᠢ᠋ ᠰᠡᠷᠭᠡᠢᠯᠡᠨ ᠡᠵᠡᠮᠳᠡᠬᠦ᠌ ᠲᠥᠰᠦᠯ (ᠶᠢᠰᠦᠳᠦᠭᠡᠷ ᠬᠡᠪᠯᠡᠯ)》 ᠤ᠋ᠨ ᠲᠤᠬᠠᠢ ᠲᠠᠢᠯᠤᠮᠵᠢ (ᠨᠢᠭᠡ)
ᠣᠢᠷ᠎ᠠ ᠳ᠋ᠤ᠂ ᠲᠥᠷᠥ ᠵᠢᠨ ᠶᠠᠪᠤᠳᠠᠯ ᠤ᠋ᠨ ᠬᠣᠷᠢᠶᠠᠨ ᠤ᠋ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ ᠵᠢᠨ ᠶᠡᠷᠦᠩᠬᠡᠢᠯᠡᠭ᠌ᠰᠡᠨ ᠳᠤᠭᠤᠢᠯᠠᠩ ᠤ᠋ᠨ ᠵᠣᠬᠢᠶᠠᠨ ᠪᠠᠢᠭᠤᠯᠵᠤ ᠵᠠᠰᠠᠪᠤᠷᠢ ᠣᠷᠣᠭᠤᠯᠤᠭ᠍ᠰᠠᠨ 《ᠱᠢᠨ᠎ᠡ ᠲᠢᠲᠢᠮᠯᠢᠭ ᠠᠭᠤᠰᠭᠢᠨ ᠦᠷᠪᠢᠰᠦᠯ ᠢ᠋ ᠰᠡᠷᠭᠡᠢᠯᠡᠨ ᠡᠵᠡᠮᠳᠡᠬᠦ᠌ ᠲᠥᠰᠦᠯ(ᠶᠢᠰᠦᠳᠦᠭᠡᠷ ᠬᠡᠪᠯᠡᠯ)》ᠢ᠋ ᠨᠡᠢᠲᠡᠯᠡᠪᠡ᠃ ᠡᠬᠦᠨ ᠳ᠋ᠤ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢᠨ ᠵᠥᠪᠯᠡᠯ ᠤ᠋ᠨ ᠪᠠᠴᠢᠮ ᠪᠠᠢᠳᠠᠯ ᠢ᠋ ᠠᠷᠭᠠᠴᠠᠭᠠᠬᠤ ᠠᠯᠪᠠᠨ ᠬᠡᠷ ᠤ᠋ᠨ ᠡᠷᠬᠢᠯᠡᠭ᠌ᠴᠢ ᠯᠢᠦ ᠸᠧᠶ ᠰᠤᠷᠪᠤᠯᠵᠢᠯᠠᠭ᠎ᠠ ᠬᠦᠯᠢᠶᠡᠵᠤ᠂ ᠭᠤᠤᠯᠳᠠᠯᠭ᠎ᠠ ᠲᠠᠢ ᠠᠭᠤᠯᠭ᠎ᠠ ᠳ᠋ᠤ ᠲᠤᠰᠬᠠᠢ ᠲᠠᠢᠯᠤᠮᠵᠢ ᠬᠢᠪᠡ᠃
ᠯᠢᠦ ᠸᠧᠢ ᠵᠢᠨ ᠬᠡᠯᠡᠬᠦ ᠪᠡᠷ᠂ ᠶᠢᠰᠦᠳᠦᠭᠡᠷ ᠬᠡᠪᠯᠡᠯ ᠤ᠋ᠨ ᠰᠡᠷᠭᠡᠢᠯᠡᠨ ᠡᠵᠡᠮᠳᠡᠬᠦ᠌ ᠲᠥᠰᠦᠯ ᠳ᠋ᠤ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠢ᠎ᠡ ᠵᠢ ᠱᠢᠯᠢᠳᠡᠭ᠌ᠵᠢᠭᠦᠯᠦᠨ ᠲᠤᠬᠢᠷᠠᠭᠤᠯᠤᠭᠰᠠᠨ ᠡᠴᠡ ᠪᠢᠰᠢ ᠰᠡᠷᠭᠡᠢᠯᠡᠨ ᠡᠵᠡᠮᠳᠡᠬᠦ᠌ ᠵᠢ ᠰᠤᠯᠠᠷᠠᠭᠤᠯᠤᠭ᠍ᠰᠠᠨ ᠶᠠᠪᠤᠳᠠᠯ ᠤᠬ᠍ᠳᠤ ᠪᠠᠢᠬᠤ ᠦᠭᠡᠢ᠃ ᠲᠡᠷᠡ ᠨᠢ ᠨᠡᠩ ᠱᠢᠨᠵᠢᠯᠡᠬᠦ᠌ ᠤᠬᠠᠭᠠᠨᠴᠢ᠂ ᠨᠡᠩ ᠵᠢᠷᠤᠮᠵᠢᠯ ᠲᠠᠶ᠂ ᠨᠡᠩ ᠣᠨᠣᠴᠠᠲᠠᠢ ᠪᠠᠢᠬᠤ ᠵᠢ ᠱᠠᠭᠠᠷᠳᠠᠵᠤ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ ᠤ᠋ᠨ ᠬᠥᠭ᠌ᠵᠢᠯᠲᠡ ᠵᠢ ᠬᠠᠮᠤᠭ ᠤ᠋ᠨ ᠶᠡᠬᠡ ᠬᠡᠮᠵᠢᠢ᠎ᠡ ᠪᠡᠷ ᠨᠢᠭᠡᠳᠦᠯᠲᠡᠢ ᠲᠥᠯᠥᠪᠵᠢᠭᠦᠯᠦᠭᠰᠡᠨ ᠪᠠᠢᠨ᠎ᠠ᠃
ᠯᠢᠤ ᠸᠸᠢ ᠵᠢᠨ ᠲᠠᠨᠢᠯᠴᠠᠭᠤᠯᠤᠭᠰᠠᠨ ᠵᠢᠡᠷ᠂ ᠶᠢᠰᠦᠳᠦᠭᠡᠷ ᠬᠡᠪᠯᠡᠯ ᠤ᠋ᠨ ᠰᠡᠷᠭᠡᠢᠯᠡᠨ ᠡᠵᠡᠮᠳᠡᠬᠦ᠌ ᠲᠥᠰᠦᠯ ᠳ᠋ᠤ ᠬᠥᠮᠦᠰ ᠤ᠋ᠨ ᠨᠠᠭᠠᠰᠢ ᠴᠠᠭᠠᠰᠢ ᠶᠠᠪᠤᠵᠦ ᠰᠠᠭᠤᠬᠤ ᠶ᠋ᠢ ᠬᠠᠮᠢᠶᠠᠷᠤᠨ ᠡᠵᠡᠮᠳᠡᠬᠦ᠌ ᠲᠥᠷᠥ ᠵᠢᠨ ᠪᠣᠳᠣᠯᠭ᠎ᠠ ᠳ᠋ᠤ ᠲᠤᠤᠷᠠᠬᠢ ᠮᠡᠳᠤ ᠪᠡᠷ ᠲᠣᠬᠢᠷᠠᠭᠤᠯᠤᠯᠲᠠ ᠬᠢᠵᠠᠢ᠃
7 ᠡᠳᠦᠷ ᠤ᠋ᠨ ᠳᠣᠲᠣᠷ᠎ᠠ ᠦᠨᠳᠦᠷ ᠲᠦᠭ᠌ᠰᠢᠭᠦᠷᠢ ᠲᠠᠢ ᠣᠷᠣᠨ ᠳ᠋ᠤ ᠬᠦᠷᠴᠦ ᠦᠩᠬᠡᠷᠡᠭᠰᠡᠨ ᠬᠥᠮᠦᠰ ᠲᠦ᠍ 7 ᠡᠳᠦᠷ ᠤ᠋ᠨ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ᠋ ᠠᠵᠢᠭ᠍ᠯᠠᠯᠲᠠ ᠬᠢᠬᠦ᠌ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ ᠶ᠋ᠢ ᠬᠡᠷᠡᠭ᠌ᠵᠢᠭᠦᠯᠵᠦ᠍᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ᠋ ᠠᠵᠢᠭ᠍ᠯᠠᠯᠲᠠ ᠬᠢᠬᠦ 1᠂ 2᠂ 3᠂ 5᠂ 7 ᠳ᠋ᠤᠭᠠᠷ ᠡᠳᠦᠷ ᠲᠦ᠍ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤ᠋ᠨ ᠪᠠᠢᠴᠠᠭᠠᠯᠲᠠ ᠬᠢᠵᠦ᠍᠂ ᠬᠠᠮᠢᠶᠠᠷᠤᠯᠲᠠ ᠶ᠋ᠢᠨ ᠬᠤᠭᠤᠴᠠᠭ᠎ᠠ ᠶ᠋ᠢ ᠲᠦᠭ᠌ᠰᠢᠭᠦᠷᠢ ᠲᠡᠶ ᠣᠷᠣᠨ ᠡᠴᠡ ᠰᠠᠯᠤᠭᠰᠠᠨ ᠡᠳᠦᠷ ᠡᠴᠡ ᠡᠬᠢᠯᠡᠵᠦ᠍ ᠪᠤᠳᠤᠨ᠎ᠠ᠃ 7 ᠡᠳᠦᠷ ᠤ᠋ᠨ ᠳᠣᠲᠣᠷ᠎ᠠ ᠳᠤᠮᠳᠠ ᠲᠦᠭ᠌ᠰᠢᠭᠦᠷᠢ ᠲᠡᠶ ᠣᠷᠣᠨ ᠳ᠋ᠤ ᠬᠦᠷᠴᠦ ᠦᠩᠬᠡᠷᠡᠭᠰᠡᠨ ᠬᠥᠮᠦᠰ ᠲᠦ᠍ 7 ᠡᠳᠦᠷ ᠬᠡᠷ ᠲᠡᠬᠡᠨ ᠲᠤᠰᠠᠭᠠᠷᠯᠠᠵᠤ ᠠᠨᠠᠭᠠᠬᠤ ᠤᠬᠠᠭᠠᠨ ᠤ᠋ ᠠᠵᠢᠭ᠍ᠯᠠᠯᠲᠠ ᠬᠢᠵᠦ᠍᠂ ᠬᠡᠷ ᠲᠡᠬᠡᠨ ᠲᠤᠰᠠᠭᠠᠷᠯᠠᠵᠤ ᠠᠨᠠᠭᠠᠬᠤ ᠤᠬᠠᠭᠠᠨ ᠤ᠋ ᠠᠵᠢᠭ᠍ᠯᠠᠯᠲᠠ ᠬᠢᠬᠦ 1᠂ 4᠂ 7 ᠳ᠋ᠤᠭᠠᠷ ᠡᠳᠦᠷ ᠲᠦ᠍ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤ᠋ᠨ ᠪᠠᠢᠴᠠᠭᠠᠯᠲᠠ ᠬᠢᠵᠦ᠍᠂ ᠬᠠᠮᠢᠶᠠᠷᠤᠯᠲᠠ ᠶ᠋ᠢᠨ ᠬᠤᠭᠤᠴᠠᠭ᠎ᠠ ᠶ᠋ᠢ ᠲᠦᠭ᠌ᠰᠢᠭᠦᠷᠢ ᠲᠡᠶ ᠣᠷᠣᠨ ᠡᠴᠡ ᠰᠠᠯᠤᠭ᠍ᠰᠠᠨ ᠡᠳᠦᠷ ᠡᠴᠡ ᠡᠬᠢᠯᠡᠵᠦ᠍ ᠪᠤᠳᠤᠨ᠎ᠠ᠃ ᠬᠡᠷᠪᠡ ᠬᠡᠷ ᠲᠡᠬᠡᠨ ᠲᠤᠰᠠᠭᠠᠷᠯᠠᠵᠤ ᠠᠨᠠᠭᠠᠬᠤ ᠤᠬᠠᠭᠠᠨ ᠤ᠋ ᠠᠵᠢᠭ᠍ᠯᠠᠯᠲᠠ ᠬᠢᠬᠦ᠌ ᠨᠥᠬᠥᠴᠡᠯ ᠥᠬᠡᠶ ᠪᠣᠯ 7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ᠋ ᠠᠵᠢᠭ᠍ᠯᠠᠯᠲᠠ ᠬᠢᠨ᠎ᠠ᠃ 7 ᠡᠳᠦᠷ ᠤ᠋ᠨ ᠳᠣᠲᠣᠷ᠎ᠠ ᠳᠤᠤᠷ᠎ᠠ ᠲᠦᠭᠰᠢᠬᠦᠷᠢ ᠲᠠᠢ ᠣᠷᠣᠨ ᠳ᠋ᠤ ᠬᠦᠷᠴᠦ ᠦᠩᠬᠡᠷᠡᠭᠰᠡᠨ ᠬᠥᠮᠦᠰ ᠲᠦ᠍ 3 ᠡᠳᠦᠷ ᠤ᠋ᠨ ᠳᠤᠳᠤᠷ᠎ᠠ ᠬᠤᠶᠠᠷ ᠤᠳᠠᠭ᠎ᠠ ᠪᠦᠭᠡᠮ ᠬᠦᠴᠢᠯ ᠤ᠋ᠨ ᠪᠠᠢᠴᠠᠭᠠᠯᠳᠠ ᠬᠢᠬᠦ ᠵᠢᠨ ᠬᠠᠮᠳᠦ ᠡᠷᠡᠬᠦᠯ ᠮᠡᠨᠳᠦ ᠵᠢᠨ ᠬᠢᠨᠠᠨ ᠬᠡᠮᠵᠢᠯᠳᠡ ᠵᠢ ᠰᠠᠢᠳᠤᠷ ᠬᠢᠨ᠎ᠠ᠃
ᠬᠢᠯᠢᠵᠢᠨ ᠭᠠᠳᠠᠨ᠎ᠠ ᠡᠴᠡ ᠤᠷᠤᠵᠦ ᠢᠷᠡᠭ᠌ᠰᠡᠨ ᠬᠥᠮᠦᠰ ᠪᠠ ᠡᠳ᠋ ᠪᠣᠳᠠᠰ ᠵᠢᠴᠢ ᠣᠷᠴᠢᠨ ᠲᠣᠭᠣᠷᠢᠨ ᠯᠤᠭ᠎ᠠ ᠱᠢᠭᠤᠳ ᠣᠢᠷᠠᠲᠤᠭ᠍ᠰᠠᠨ ᠲᠦᠭ᠌ᠰᠢᠭᠦᠷᠢ ᠶᠡᠬᠡᠲᠡᠶ ᠠᠵᠢᠯ ᠤ᠋ᠨ ᠪᠠᠢᠷᠢ ᠶ᠋ᠢᠨ ᠠᠵᠢᠯᠲᠠᠨ ᠵᠢᠴᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤ᠋ᠨ ᠠᠵᠢᠯᠲᠠᠨ᠂ ᠲᠣᠭ᠍ᠲᠠᠭ᠍ᠰᠠᠨ ᠡᠮᠴᠢᠯᠡᠭᠡᠨᠦ ᠪᠠᠢᠭᠤᠯᠤᠮᠵᠢ ᠪᠠ ᠡᠩ ᠤ᠋ᠨ ᠡᠮᠴᠢᠯᠡᠭᠡᠨᠦ ᠪᠠᠢᠭᠤᠯᠤᠮᠵᠢᠶ᠋ᠢᠨ ᠬᠠᠯᠠᠭᠤᠷᠠᠯ ᠤ᠋ᠨ ᠡᠭᠦᠳᠡᠨ ᠡᠮᠨᠡᠯᠭᠡᠶ᠋ᠢᠨ ᠠᠵᠢᠯᠲᠠᠨ ᠮᠠᠨ ᠤ᠋ ᠣᠷᠣᠨ ᠳ᠋ᠤ ᠢᠷᠡᠬᠦ (ᠪᠤᠴᠠᠬᠤ) ᠵᠢᠴᠢ ᠣᠷᠣᠨ ᠤ᠋ ᠳᠣᠲᠣᠷ᠎ᠠ ᠠᠢᠮᠠᠭ ᠬᠣᠲᠠ ᠠᠯᠤᠰᠯᠠᠨ ᠨᠠᠭᠠᠰᠢ ᠴᠠᠭᠠᠰᠢ ᠶᠠᠪᠤᠵᠦ ᠰᠠᠭᠤᠬᠤ ᠳ᠋ᠦ᠍᠂ ᠡᠷᠬᠡᠪᠰᠢ ᠠᠵᠢᠯ ᠤ᠋ᠨ ᠪᠠᠢᠷᠢ ᠡᠴᠡ ᠪᠠᠨ 7 ᠡᠳᠦᠷ ᠡᠴᠡ ᠳᠡᠭᠡᠭ᠌ᠰᠢ ᠰᠠᠯᠤᠭ᠍ᠰᠠᠨ ᠮᠥᠷᠲᠡᠭᠡᠨ 48 ᠴᠠᠭ ᠤ᠋ᠨ ᠳᠣᠲᠣᠷᠠᠬᠢ ᠪᠥᠭᠡᠮ ᠬᠦᠴᠢᠯ ᠤ᠋ᠨ ᠪᠠᠢᠴᠠᠭᠠᠯᠳᠠ ᠶ᠋ᠢᠨ ᠪᠢᠯᠢᠭ ᠴᠢᠨᠠᠷ ᠤ᠋ᠨ ᠭᠡᠷᠡᠴᠢ ᠪᠡᠨ ᠠᠪᠴᠤ᠌᠂ ᠬᠦᠷᠦᠭ᠌ᠰᠡᠨ ᠭᠠᠵᠠᠷ ᠤ᠋ᠨ ᠵᠢᠡᠨ ᠨᠡᠢᠭᠡᠮ ᠲᠣᠭᠣᠷᠢᠭ (ᠭᠠᠴᠠᠭ᠎ᠠ ᠲᠣᠰᠭᠣᠨ)᠂ ᠪᠠᠢᠭᠤᠯᠭ᠎ᠠ ᠨᠢᠭᠡᠴᠢ ᠪᠤᠶᠤ ᠪᠠᠭᠤᠭᠰᠠᠨ ᠪᠠᠭᠤᠳᠠᠯ ᠳ᠋ᠤ ᠮᠡᠳᠡᠭᠦᠯᠵᠦ ᠳᠠᠩᠰᠠᠯᠠᠭᠤᠯᠬᠤ ᠬᠡᠷᠡᠭ᠌ᠲᠡᠶ᠃ ᠣᠷᠣᠨ ᠤ᠋ ᠭᠠᠳᠠᠨᠠᠬᠢ ᠡᠬᠡ ᠬᠠᠭᠤᠷᠠᠶ ᠶ᠋ᠢᠨ ᠬᠢᠯᠢ ᠶ᠋ᠢᠨ ᠪᠣᠭᠣᠮᠲᠠ ᠶ᠋ᠢᠨ ᠬᠣᠲᠠ ᠡᠴᠡ ᠮᠠᠨ ᠤ᠋ ᠣᠷᠣᠨ ᠳ᠋ᠤ ᠢᠷᠡᠬᠦ᠌ (ᠪᠤᠴᠠᠬᠤ)ᠵᠢᠴᠢ ᠣᠷᠣᠨ ᠤ᠋ ᠳᠣᠲᠣᠷᠠᠬᠢ ᠡᠬᠡ ᠬᠠᠭᠤᠷᠠᠶ ᠶ᠋ᠢᠨ ᠬᠢᠯᠢ ᠶ᠋ᠢᠨ ᠪᠣᠭᠣᠮᠲᠠ ᠶ᠋ᠢᠨ ᠬᠣᠲᠠ ᠡᠴᠡ ᠰᠠᠯᠬᠤ ᠬᠥᠮᠦᠰ 48 ᠴᠠᠭ ᠤ᠋ᠨ ᠲᠤᠳᠤᠷᠠᠬᠢ ᠪᠥᠭᠡᠮ ᠬᠦᠴᠢᠯ ᠤ᠋ᠨ ᠪᠠᠢᠴᠠᠭᠠᠯᠳᠠ ᠵᠢᠨ ᠪᠢᠯᠢᠭ ᠴᠢᠨᠠᠷ ᠤ᠋ᠨ ᠭᠡᠷᠡᠴᠢ ᠲᠠᠢ ᠪᠠᠢᠬᠤ ᠬᠡᠷᠡᠭ᠌ᠲᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃