ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2022-07-10 20:02:06

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

《ᠱᠢᠨ᠎ᠡ ᠲᠢᠲᠢᠮᠯᠢᠭ ᠠᠭᠤᠰᠭᠢᠨ ᠦᠷᠪᠢᠰᠦᠯ ᠢ᠋ ᠰᠡᠷᠭᠡᠢᠯᠡᠨ ᠡᠵᠡᠮᠳᠡᠬᠦ᠌ ᠲᠥᠰᠦᠯ(ᠶᠢᠰᠦᠳᠦᠭᠡᠷ ᠬᠡᠪᠯᠡᠯ)》ᠢ᠋ ᠪᠠᠭᠤᠯᠭᠠᠭᠰᠠᠨ ᠤ᠋ ᠳᠠᠷᠠᠭ᠎ᠠ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠸᠠᠺᠼᠢᠨ ᠤ᠋ ᠲᠠᠷᠢᠯᠭ᠎ᠠ ᠵᠢᠨ ᠠᠵᠢᠯ ᠳ᠋ᠤ ᠶᠠᠮᠠᠷ ᠬᠤᠪᠢᠷᠠᠯᠲᠠ ᠭᠠᠷᠬᠤ ᠪᠤᠢ? ᠥᠪᠡᠷᠲᠡᠭᠡᠨ ᠵᠠᠰᠠᠬᠤ ᠣᠷᠣᠨ ᠤ᠋ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠥᠪ ᠤ᠋ᠨ ᠬᠠᠯᠳᠠᠪᠤᠷᠢᠳᠦ ᠡᠪᠡᠳᠴᠢᠨ ᠢ᠋ ᠰᠡᠷᠭᠡᠢᠯᠡᠨ ᠵᠠᠰᠠᠬᠤ ᠬᠣᠶᠠᠳᠤᠭᠠᠷ ᠭᠠᠵᠠᠷ ᠤ᠋ᠨ ᠳᠡᠳ᠋ ᠳᠠᠷᠤᠭ᠎ᠠ ᠶᠠᠨ ᠱᠤᠤ ᠬᠣᠩ ᠮᠠᠨ ᠤ᠋ ᠣᠷᠣᠨ ᠤ᠋ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ ᠤ᠋ ᠲᠠᠷᠢᠯᠭ᠎ᠠ ᠵᠢᠨ ᠭᠤᠤᠯᠳᠠᠯᠭ᠎ᠠ ᠲᠠᠶ ᠠᠵᠢᠯ ᠤ᠋ᠨ ᠲᠤᠭᠤᠷᠢᠨ ᠳ᠋ᠤ ᠰᠤᠷᠪᠤᠯᠵᠢᠯᠠᠭ᠎ᠠ ᠬᠦᠯᠢᠶᠡᠪᠡ᠃

ᠶᠠᠨ ᠱᠤᠤ ᠬᠣᠩ᠂ ᠤᠮᠢᠺᠷᠤᠨ ᠣᠨᠳᠣᠣᠱᠢᠭᠰᠠᠨ ᠸᠢᠷᠦ᠋ᠰ ᠨᠢ ᠨᠠᠰᠤᠲᠠᠢᠴᠤᠳ᠂ ᠤᠨᠴᠠᠭᠠᠢᠯᠠᠨ ᠸᠠᠺᠼᠢᠨ ᠤ᠋ ᠲᠠᠷᠢᠯᠭ᠎ᠠ ᠬᠢᠯᠭᠡᠭᠰᠡᠨ ᠦᠭᠡᠢ ᠪᠠ ᠠᠷᠬᠠᠭ ᠡᠪᠡᠳᠴᠢᠨ ᠲᠡᠶ ᠨᠠᠰᠤᠲᠠᠢᠴᠤᠳ ᠲᠦ᠍ ᠮᠠᠰᠢ ᠶᠡᠬᠡ ᠬᠣᠣᠷ ᠬᠥᠨᠥᠭᠡᠯ ᠲᠡᠶ᠃ ᠤᠮᠢᠺᠷᠤᠨ ᠣᠨᠳᠣᠣᠱᠢᠭᠰᠠᠨ ᠸᠢᠷᠦ᠋ᠰ ᠤ᠋ᠨ ᠲᠠᠷᠬᠠᠬᠤ ᠨᠢ ᠲᠦᠷᠭᠡᠨ᠂ ᠳᠠᠯᠳᠠᠯᠠᠬᠤ ᠴᠢᠨᠠᠷ ᠵᠢᠡᠷ ᠴᠢᠩᠭ᠎ᠠ ᠪᠠᠢᠵᠤ᠂ ᠨᠡᠢᠭᠡᠮ ᠲᠣᠭᠣᠷᠢᠭ ᠲᠦ᠍ ᠠᠮᠠᠷᠬᠠᠨ ᠲᠠᠷᠬᠠᠵᠤ᠂ ᠨᠠᠰᠤᠲᠠᠢᠴᠤᠳ ᠲᠦ᠍ ᠬᠠᠯᠳᠠᠪᠤᠷᠢᠯᠠᠬᠤ ᠲᠦᠭ᠌ᠰᠢᠭᠦᠷᠢ ᠵᠢ ᠨᠡᠮᠡᠭ᠌ᠳᠡᠭᠦᠯᠵᠠᠢ᠃ ᠣᠲᠣ ᠵᠢᠨ ᠪᠠᠢᠭ᠎ᠠ ᠸᠠᠺᠼᠢᠨ ᠨᠢ ᠡᠨᠡ ᠬᠦ᠌ ᠣᠨᠳᠣᠣᠱᠢᠭᠰᠠᠨ ᠸᠢᠷᠦ᠋ᠰ ᠡᠴᠡ ᠪᠤᠯᠤᠭᠰᠠᠨ ᠬᠦᠨᠳᠦ ᠡᠪᠡᠳᠴᠢᠨ ᠢ᠋ ᠤᠷᠢᠳᠴᠢᠯᠠᠨ ᠰᠡᠷᠭᠡᠢᠯᠡᠬᠦ᠌ ᠳ᠋ᠤ ᠮᠥᠨ ᠬᠦ᠌ ᠪᠦᠲᠦᠮᠵᠢᠲᠡᠶ ᠪᠠᠢᠨ᠎ᠠ᠃ ᠣᠳᠣᠬᠠᠨ ᠳ᠋ᠤ ᠮᠠᠨ ᠤ᠋ ᠤᠯᠤᠰ ᠤ᠋ᠨ ᠬᠢᠵᠢᠭ ᠤ᠋ᠨ ᠪᠠᠢᠳᠠᠯ ᠬᠡᠳᠦᠢᠪᠡᠷ ᠲᠣᠭ᠍ᠲᠠᠭᠤᠨ ᠬᠠᠨᠳᠤᠰᠢ ᠲᠠᠶ ᠪᠣᠯᠤᠭ᠍ᠰᠠᠨ ᠪᠣᠯᠪᠠᠴᠤ᠌ ᠵᠠᠷᠢᠮ ᠭᠠᠵᠠᠷ ᠣᠷᠣᠨ ᠳ᠋ᠤ ᠮᠥᠨ ᠬᠦ᠌ ᠡᠪᠡᠳᠴᠢᠨ ᠤ᠋ ᠵᠢᠱ᠌ᠢᠶ᠎ᠡ ᠪᠠ ᠡᠪᠡᠳᠴᠢᠨ ᠤ᠋ ᠢᠯᠡᠷᠡᠯ ᠥᠬᠡᠶ ᠬᠠᠯᠳᠠᠪᠤᠷᠢᠯᠠᠭ᠍ᠰᠠᠳ ᠢᠯᠠᠷᠠᠵᠤ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠬᠡᠷᠡᠭ᠌ᠴᠡᠭᠡ ᠡᠴᠡ ᠪᠣᠯᠵᠣ᠂ ᠨᠠᠰᠤᠲᠠᠢᠴᠤᠳ ᠤ᠋ᠨ ᠲᠠᠷᠢᠯᠭ᠎ᠠ ᠬᠢᠬᠦ ᠨᠣᠷᠮ᠎ᠠ ᠵᠢ ᠴᠢᠨᠠᠭ᠍ᠰᠢᠳᠠ ᠳᠡᠭᠡᠭ᠌ᠰᠢᠯᠡᠭᠦᠯᠬᠦ᠌ ᠴᠢᠬᠤᠯᠠᠲᠠᠶ ᠪᠠᠢᠨ᠎ᠠ ᠭᠡᠪᠡ᠃

ᠶᠠᠨ ᠱᠤᠤ ᠬᠣᠩ ᠤ᠋ᠨ ᠲᠠᠨᠢᠯᠴᠠᠭᠤᠯᠤᠭᠰᠠᠨ ᠵᠢᠡᠷ᠂ ᠨᠠᠰᠤᠲᠠᠢᠴᠤᠳ ᠤ᠋ᠨ ᠲᠠᠷᠢᠯᠭ᠎ᠠ ᠬᠢᠬᠦ ᠨᠣᠷᠮ᠎ᠠ ᠵᠢ ᠤᠯᠠᠮ ᠳᠡᠭᠡᠭ᠌ᠰᠢᠯᠡᠭᠦᠯᠬᠦ᠌ ᠪᠡᠷ ᠪᠠᠷᠠᠬᠤ ᠥᠬᠡᠶ ᠴᠢᠩᠭᠠᠳᠬᠠᠬᠤ ᠵᠡᠬᠦᠦ ᠵᠢᠨ ᠲᠠᠷᠢᠯᠭ᠎ᠠ ᠬᠢᠬᠦ ᠨᠣᠷᠮ᠎ᠠ ᠵᠢ ᠴᠦ᠍ ᠳᠡᠭᠡᠭ᠌ᠰᠢᠯᠡᠭᠦᠯᠤᠨ᠎ᠠ ᠃ ᠴᠠᠭ ᠬᠤᠭᠤᠴᠠᠭᠠᠨ ᠤ᠋ ᠥᠩᠭᠡᠷᠡᠬᠦ᠌ ᠵᠢ ᠳᠠᠭᠠᠯᠳᠤᠨ ᠵᠠᠷᠢᠮ ᠬᠥᠮᠦᠨ ᠤ᠋ ᠡᠭᠡᠯᠢᠯᠡᠭᠡ ᠵᠢᠨ ᠴᠢᠳᠠᠪᠤᠷᠢ ᠪᠠᠭᠤᠷᠠᠵᠤ᠂ ᠬᠠᠮᠠᠭᠠᠯᠠᠯᠲᠠ ᠵᠢᠨ ᠦᠷ᠎ᠡ ᠪᠦᠲᠦᠮᠵᠢ ᠨᠢ ᠴᠦ᠍ ᠠᠨᠠᠢ ᠪᠤᠯᠵᠦ ᠪᠠᠢᠨ᠎ᠠ᠂ ᠡᠢᠮᠦ ᠡᠴᠡ ᠴᠢᠩᠭᠠᠳᠬᠠᠬᠤ ᠵᠡᠬᠦᠦ ᠵᠢᠨ ᠲᠠᠷᠢᠯᠭ᠎ᠠ ᠵᠢᠨ ᠠᠵᠢᠯ ᠢ᠋ ᠦᠷᠬᠦᠯᠵᠢᠯᠡᠨ ᠠᠬᠢᠭᠤᠯᠬᠤ ᠴᠢᠬᠤᠯᠠᠲᠠᠶ ᠪᠠᠢᠨ᠎ᠠ ᠃ ᠡᠭᠡᠯᠢᠯᠡᠭᠡ ᠵᠢ ᠴᠢᠩᠭᠠᠳᠭᠠᠬᠤ ᠨᠢ ᠲᠠᠷᠢᠯᠭ᠎ᠠ ᠲᠠᠷᠢᠭᠰᠠᠳ ᠤ᠋ᠨ ᠡᠪᠡᠳᠴᠢᠨ᠎ᠢ ᠡᠰᠡᠷᠬᠦᠴᠡᠬᠦ ᠴᠢᠳᠠᠪᠤᠷᠢ ᠵᠢ ᠶᠡᠬᠡ ᠪᠡᠷ ᠳᠡᠭᠡᠭ᠌ᠰᠢᠯᠡᠭᠦᠯᠬᠦ᠌ ᠮᠥᠷᠲᠡᠭᠡᠨ ᠪᠠᠰᠠ ᠨᠡᠯᠢᠶᠡᠳ ᠰᠠᠢᠨ ᠠᠮᠤᠷ ᠲᠦᠪᠰᠢᠨ ᠪᠠᠢᠳᠠᠭ᠃

ᠶᠠᠨ ᠱᠤᠤ ᠬᠣᠩ᠂ ᠥᠷᠭᠡᠨ ᠣᠯᠠᠨ ᠬᠣᠲᠠ ᠵᠢᠨ ᠠᠷᠠᠳ ᠭᠠᠷ ᠵᠢᠡᠨ ᠦᠷᠬᠦᠯᠵᠢ ᠤᠬᠢᠶᠠᠨ᠂ ᠱᠢᠨᠵᠢᠯᠡᠬᠦ᠌ ᠤᠬᠠᠭᠠᠨᠴᠢ ᠪᠠᠷ ᠠᠮᠠᠪᠴᠢ ᠵᠡᠭᠦᠵᠦ᠂ ᠬᠠᠨᠢᠶᠠᠯᠭᠠᠬᠤ ᠵᠢ ᠠᠩᠬᠠᠷᠤᠨ᠂ ᠬᠤᠷᠠᠵᠦ ᠴᠤᠭ᠍ᠯᠠᠷᠠᠬᠤ ᠦᠭᠡᠢ᠂ ᠪᠣᠯᠪᠠᠰᠤᠨ ᠵᠢᠡᠷ ᠬᠣᠭᠣᠯᠠᠯᠠᠵᠤ᠂ 1 ᠮᠧᠲ᠋ᠷ ᠤ᠋ᠨ ᠠᠮᠤᠷ ᠲᠦᠪᠰᠢᠨ ᠤ᠋ ᠵᠠᠢ ᠵᠢ ᠵᠢᠷᠤᠮᠯᠠᠨ ᠰᠠᠬᠢᠵᠤ᠂ ᠦᠷᠭᠦᠯᠵᠢ ᠰᠠᠯᠬᠢ ᠵᠢᠪᠡᠷ ᠨᠡᠪᠲᠡᠷᠡᠭᠦᠯᠤᠨ᠂ ᠠᠷᠢᠭᠤᠳᠭᠠᠯ ᠢ᠋ ᠰᠠᠢᠲᠤᠷ ᠬᠢᠵᠦ᠍᠂ ᠵᠣᠷᠯᠣᠩ ᠤ᠋ᠨ ᠠᠷᠢᠭᠤᠨ ᠴᠡᠪᠡᠷ ᠢ᠋ ᠪᠠᠲᠤᠯᠠᠨ᠂ ᠡᠷᠡᠭᠦᠯ ᠮᠡᠨᠳᠤ ᠠᠮᠢᠳᠤᠷᠠᠯ ᠤ᠋ᠨ ᠠᠷᠭ᠎ᠠ ᠬᠡᠯᠪᠡᠷᠢ ᠵᠢ ᠪᠣᠶ ᠪᠣᠯᠭᠠᠬᠤ ᠵᠢ ᠪᠠᠷᠢᠮᠳᠠᠯᠠᠬᠤ ᠭᠡᠷᠡᠭᠳᠠᠢ᠃ ᠬᠥᠮᠦᠨ ᠪᠦᠬᠦᠨ ᠴᠥᠮ ᠥᠪᠡᠷ ᠤ᠋ᠨ ᠡᠷᠡᠭᠦᠯ ᠮᠡᠨᠳᠦ᠍ ᠵᠢᠨ ᠵᠢᠡᠨ ᠨᠢᠭᠡᠳᠦᠭᠡᠷ ᠬᠠᠷᠢᠭᠤᠴᠠᠯᠭᠠᠲᠠᠨ ᠤ᠋ ᠡᠬᠦᠷᠬᠡ ᠵᠢ ᠰᠠᠢᠳᠤᠷ ᠬᠦᠢᠴᠡᠳᠬᠡᠬᠦ ᠭᠡᠷᠡᠭᠳᠠᠢ᠂ ᠡᠨᠡ ᠪᠤᠯ ᠬᠠᠯᠳᠠᠪᠤᠷᠢᠲᠤ ᠡᠪᠡᠳᠴᠢᠨ ᠢ᠋ ᠰᠡᠷᠭᠡᠢᠯᠡᠨ ᠡᠵᠡᠮᠳᠡᠬᠦ᠌ ᠵᠢᠨ ᠪᠦᠲᠦᠮᠵᠢᠲᠡᠶ ᠠᠷᠭ᠎ᠠ ᠬᠡᠮᠵᠢᠶ᠎ᠡ ᠮᠦᠨ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面