ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2022-11-15 20:54:35

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ ᠵᠢᠨ 14 ᠎ᠦ ᠡᠳᠦᠷ ᠬᠤᠷᠠᠯᠳᠤᠭ᠍ᠰᠠᠨ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠬᠥᠬᠡᠬᠣᠲᠠ᠎ᠶ᠋ᠢᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠨᠠᠮ ᠵᠠᠰᠠᠭ᠎ᠤᠨ ᠠᠯᠪᠠᠨ ᠬᠡᠷ᠎ᠦᠨ ᠡᠷᠬᠢᠯᠡᠭ᠌ᠴᠢ ᠯᠠᠨ ᠵᠢᠶᠦ᠋ᠨ ᠬᠣᠲᠠ᠎ᠶ᠋ᠢᠨ ᠠᠷᠠᠳ᠎ᠤᠨ ᠠᠩᠬᠠᠷᠴᠤ᠌ ᠪᠠᠢᠭ᠎ᠠ ᠶᠠᠭᠤᠨ᠎ᠳᠤ ᠨᠢᠭ᠍ᠲᠠ ᠣᠢᠷᠠᠳᠣᠬ᠍ᠴᠢ᠎ᠶ᠋ᠢ ᠡᠷᠬᠡᠪᠰᠢ ᠱᠢᠯᠵᠢᠭᠦᠯᠦᠨ ᠲᠤᠰᠠᠭᠠᠷᠯᠠᠬᠤ ᠠᠰᠠᠭᠤᠳᠠᠯ᠎ᠤᠨ ᠲᠤᠬᠠᠶ ᠲᠠᠢᠯᠤᠮᠵᠢ ᠬᠢᠪᠠ᠃

ᠯᠠᠨ ᠵᠢᠶᠦ᠋ᠨ ᠬᠡᠯᠡᠬᠦ᠌᠎ᠳᠡᠭᠡᠨ᠂ ᠣᠢᠷ᠎ᠠ᠎ᠶ᠋ᠢᠨ ᠬᠤᠭᠤᠴᠠᠭᠠᠨ᠎ᠳᠤ᠂ ᠵᠠᠷᠢᠮ ᠨᠢᠭ᠍ᠲᠠ ᠣᠢᠷᠠᠳᠣᠬ᠍ᠴᠢ ᠥᠪᠡᠷ᠎ᠢ᠎ᠪᠡᠨ ᠣᠷᠳᠣ ᠬᠤᠭᠤᠴᠠᠭ᠎ᠠ᠎ᠪᠠᠷ ᠬᠡᠷ᠎ᠲᠡᠬᠡᠨ ᠰᠠᠭᠤᠵᠤ᠂ ᠶᠡᠷᠦ᠍᠎ᠡᠴᠡ ᠭᠠᠳᠠᠨᠠᠬᠢ᠎ᠲᠠᠶ ᠬᠠᠷᠢᠯᠴᠠᠭ᠍ᠰᠠᠨ ᠥᠬᠡᠶ᠂ ᠨᠢᠭ᠍ᠲᠠ ᠣᠢᠷᠠᠳᠣᠬ᠍ᠴᠢ᠎ᠪᠡᠷ ᠮᠠᠭᠠᠳᠯᠠᠨ ᠲᠣᠭ᠍ᠲᠠᠭᠠᠬᠤ ᠪᠠᠷᠢᠮᠵᠢᠶ᠎ᠠ᠎ᠳᠤ ᠰᠡᠵᠢᠭ᠌ᠯᠡᠯ᠎ᠲᠡᠶ ᠪᠠᠢᠨ᠎ᠠ ᠭᠡᠵᠡᠶ᠃ ᠪᠢᠳᠡ 《ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠦᠨ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠲᠥᠰᠦᠯ (ᠶᠢᠰᠦᠳᠦᠭᠡᠷ ᠬᠡᠪᠯᠡᠯ)》 ᠎ᠤᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ ᠨᠢᠭ᠍ᠲᠠ ᠣᠢᠷᠠᠲᠤᠭ᠍ᠰᠠᠳ᠎ᠲᠤ ᠮᠠᠭᠠᠳᠯᠠᠯᠲᠠ ᠬᠢᠭᠰᠡᠨ ᠵᠢᠡᠷ᠂ ᠨᠢᠭᠡ ᠠᠰᠠᠷ᠎ᠤᠨ ᠬᠣᠩᠭᠢᠯ᠎ᠳᠤ ᠠᠷᠭ᠎ᠠ ᠴᠢᠨᠠᠷ ᠲᠠᠢ ᠬᠥᠮᠦᠰ ᠪᠠᠢᠬᠤ ᠪᠣᠯᠬᠣᠷ ᠨᠢᠭᠡ ᠴᠠᠬᠢᠯᠭᠠᠨ ᠱᠠᠲᠤᠨ᠎ᠳᠤ ᠰᠠᠭᠤᠵᠤ᠂ ᠨᠢᠭᠡ ᠠᠰᠠᠷ ᠎ᠤᠨ ᠱᠠᠲᠤ᠎ᠪᠠᠷ ᠶᠠᠪᠤᠬᠤ᠎ᠳᠤ ᠬᠦᠷᠪᠡᠯ ᠬᠡᠶ ᠴᠠᠪᠠᠸ᠋ᠯᠢᠭ ᠠᠭᠤᠰᠤᠮᠠᠯ᠎ᠤᠨ ᠬᠠᠯᠳᠠᠪᠤᠷᠢᠯᠠᠯ ᠡᠭᠦᠰᠭᠡᠵᠦ᠍᠂ ᠬᠥᠷᠰᠢ ᠵᠡᠷᠭᠡᠯᠡᠳᠡᠭᠡ᠎ᠶ᠋ᠢᠨ ᠬᠣᠭᠣᠷᠣᠨᠳᠣᠬᠢ ᠬᠠᠯᠳᠠᠪᠤᠷᠢᠯᠠᠯ᠎ᠤᠨ ᠲᠦᠭ᠌ᠰᠢᠭᠦᠷᠢ᠎ᠶ᠋ᠢ ᠨᠡᠮᠡᠭ᠌ᠳᠡᠭᠦᠯᠵᠦ᠍ ᠮᠡᠳᠡᠨ᠎ᠡ᠃ ᠢᠯᠠᠩᠭᠤᠶ᠎ᠠ ᠬᠥᠬᠡᠬᠣᠲᠠ᠎ᠶ᠋ᠢᠨ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ᠎ᠨᠢ ᠣᠮᠢᠺᠷᠣᠨ BF.7 ᠤᠨᠳᠤᠤᠱᠢᠭ᠍ᠰᠠᠨ ᠸᠢᠷᠦ᠋ᠰ᠎ᠠᠴᠠ ᠡᠭᠦᠰᠦᠭ᠌ᠰᠡᠨ ᠶᠤᠮ᠂ ᠲᠡᠭᠦᠨ᠎ᠦ ᠣᠨᠴᠠᠯᠢᠭ᠎ᠨᠢ ᠮᠠᠰᠢ ᠲᠦᠷᠬᠡᠨ ᠬᠠᠯᠳᠠᠪᠤᠷᠢᠯᠠᠳᠠᠭ᠂ ᠡᠬᠡᠯᠢᠯᠡᠬᠡ ᠵᠢᠨ ᠡᠮ ᠳᠠᠭᠠᠭᠠᠬᠤ ᠴᠢᠨᠠᠷ ᠎ᠢ ᠳᠡᠪᠴᠢᠬᠦ ᠲᠠᠯ᠎ᠠ ᠪᠡᠷ ᠨᠡᠨᠭ ᠴᠢᠳᠠᠯ ᠳᠠᠢ ᠪᠠᠢᠵᠤ᠂ ᠶᠠᠭᠠᠬᠢᠭ᠍ᠰᠠᠨ ᠴᠤ᠌ ᠬᠥᠩᠭᠡᠨ ᠬᠠᠭᠤᠳᠠᠮ ᠵᠢᠡᠷ ᠬᠠᠨᠳᠤᠵᠤ ᠪᠣᠯᠬᠤ ᠥᠬᠡᠶ᠃

ᠡᠢᠮᠦ᠍᠎ᠡᠴᠡ ᠨᠢᠭ᠍ᠲᠠ ᠣᠢᠷᠠᠳᠤᠬ᠍ᠴᠢ᠎ᠪᠠᠷ ᠮᠠᠭᠠᠳᠯᠠᠨ ᠲᠣᠭ᠍ᠲᠠᠭᠠᠭ᠍ᠰᠠᠨ ᠬᠥᠮᠦᠨ ᠪᠤᠶᠤ ᠬᠠᠯᠳᠠᠪᠤᠷᠢᠯᠠᠬᠤ ᠲᠦᠭ᠌ᠰᠢᠭᠦᠷᠢ᠎ᠪᠡᠷ ᠥᠨᠳᠥᠷ ᠬᠥᠮᠦᠰ᠎ᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ᠎ᠲᠤ ᠴᠠᠭ ᠲᠤᠬᠠᠶ᠎ᠳᠤᠨᠢ ᠱᠢᠯᠵᠢᠭᠦᠯᠦᠨ ᠬᠦᠷᠭᠡᠬᠦ᠌ ᠨᠢ ᠲᠤᠢᠯ᠎ᠤᠨ ᠴᠢᠬᠤᠯᠠ ᠶᠤᠮ ᠂ ᠨᠢᠭᠡ᠎ᠳᠦ᠂ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠪᠠ ᠪᠥᠭᠡᠮ ᠬᠦᠴᠢᠯ᠎ᠦᠨ ᠪᠠᠢᠴᠠᠭᠠᠯᠲᠡ᠎ᠶ᠋ᠢ ᠵᠢᠷᠤᠮᠵᠢᠭᠤᠯᠵᠤ ᠂ ᠠᠰᠠᠭᠤᠳᠠᠯ ᠭᠠᠷᠪᠠᠯ ᠂ ᠡᠷᠲᠡ ᠢᠯᠡᠷᠡᠭᠦᠯᠵᠦ᠍᠂ ᠡᠷᠲᠡ ᠮᠡᠳᠡᠭᠦᠯᠵᠦ᠍᠂ ᠡᠷᠲᠡ ᠱᠢᠶ᠋ᠳᠪᠦᠷᠢᠯᠡᠵᠦ᠍᠂ ᠡᠷᠲᠡ ᠡᠷᠡᠭᠦᠯᠵᠢᠭᠦᠯᠦᠨ᠎ᠡ; ᠬᠣᠶᠠᠷ᠎ᠲᠤ᠂ ᠨᠡᠢᠭᠡᠮ᠎ᠦᠨ ᠬᠠᠯᠳᠠᠪᠤᠷᠢᠯᠠᠯ᠎ᠤᠨ ᠠᠶᠤᠯ ᠲᠦᠭ᠌ᠰᠢᠭᠦᠷᠢ᠎ᠶ᠋ᠢ ᠪᠠᠭᠠᠰᠭᠠᠵᠤ᠂ ᠰᠠᠭᠤᠭᠠᠯᠢ ᠲᠣᠭᠣᠷᠢᠭ ᠪᠣᠯᠤᠨ ᠨᠡᠢᠭᠡᠮ᠎ᠦᠨ ᠬᠡᠪᠴᠢᠶᠡᠨ᠎ᠳᠦ ᠬᠢᠵᠢᠭ ᠬᠠᠯᠳᠠᠪᠤᠷᠢᠯᠠᠬᠤ᠎ᠶ᠋ᠢ ᠪᠦᠲᠦᠮᠵᠢᠲᠡᠶ ᠬᠣᠷᠢᠭ᠍ᠯᠠᠵᠤ ᠴᠢᠳᠠᠨ᠎ᠠ᠃

ᠢᠷᠡᠯᠳᠡ᠄ ᠲᠠᠯ᠎ᠠ ᠨᠣᠳᠣᠭ ᠪᠦᠷᠢᠨ ᠵᠠᠭᠣᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面