ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2023-01-13 10:14:55

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

1 ᠰᠠᠷ᠎ᠠ᠎ᠶᠢᠨ 11 ᠎ᠦ ᠡᠳᠦᠷ᠂ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ᠎ᠶᠢᠨ ᠬᠢᠨ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ᠃ ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠥᠪ᠎ᠦᠨ ᠬᠠᠯᠳᠠᠪᠤᠷᠢᠯᠠᠯ᠎ᠢ ᠰᠡᠷᠭᠡᠢᠯᠡᠬᠦ ᠭᠠᠵᠠᠷ᠎ᠤᠨ ᠰᠤᠳᠤᠯᠤᠭ᠍ᠴᠢ ᠴᠠᠩ ᠵᠣᠣ ᠷᠦᠢ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ ᠣᠳᠣ ᠪᠠᠰᠠ ᠠᠮᠠᠪᠴᠢ ᠵᠡᠭᠦᠬᠦ ᠴᠢᠬᠤᠯᠠ ᠲᠠᠢ ᠡᠰᠡᠬᠦ ᠵᠢᠨ ᠲᠤᠬᠠᠢ ᠬᠠᠷᠢᠭᠤᠯᠳᠠ ᠦᠭᠪᠡ᠃

ᠴᠠᠩ ᠵᠣᠣ ᠷᠦᠢ ᠲᠠᠨᠢᠯᠴᠠᠭᠤᠯᠬᠤ᠎ᠳᠠᠭᠠᠨ᠂ ᠣᠳᠣᠬᠠᠨ᠎ᠳᠤ ᠤᠯᠤᠰ᠎ᠤᠨ ᠳᠣᠲᠣᠭᠠᠳᠤ᠎ᠳᠡᠬᠢ ᠬᠢᠵᠢᠭ᠌᠎ᠦᠨ ᠪᠠᠢᠳᠠᠯ ᠮᠥᠨ ᠠᠳᠠᠯᠢ ᠪᠤᠰᠤ ᠬᠡᠮᠵᠢᠶ᠎ᠠ ᠪᠡᠷ ᠳᠡᠯᠭᠡᠷᠡᠵᠦ ᠪᠠᠢᠭ᠎ᠠ ᠱᠠᠲᠤᠨ᠎ᠳᠤ ᠪᠤᠢ᠂ ᠬᠤᠪᠢ ᠬᠥᠮᠥᠨ᠎ᠦ ᠰᠡᠷᠭᠡᠢᠯᠡᠯᠲᠡ ᠬᠠᠮᠠᠭᠠᠯᠠᠯᠲᠠ᠎ᠶᠢ ᠰᠠᠢᠲᠤᠷ ᠬᠢᠵᠦ᠂ ᠰᠢᠨᠵᠢᠯᠡᠬᠦ ᠤᠬᠠᠭᠠᠨᠴᠢ᠎ᠪᠠᠷ ᠠᠮᠠᠪᠴᠢ ᠵᠡᠭᠦᠵᠤ᠂ ᠢᠯᠠᠩᠭᠤᠶ᠎ᠠ ᠡᠮᠨᠡᠯᠭᠡ᠎ᠶᠢᠨ ᠬᠣᠷᠢᠶ᠎ᠠ᠂ ᠬᠤᠳᠠᠯᠳᠤᠭᠠᠨ᠎ᠤ ᠲᠠᠯᠠᠪᠤᠷ᠂ ᠬᠡᠲᠦ ᠳᠡᠯᠭᠡᠭᠦᠷ᠂ ᠬᠤᠷᠠᠯ᠎ᠤᠨ ᠭᠡᠷ᠂ ᠨᠢᠰᠬᠡᠯ᠎ᠦᠨ ᠪᠠᠭᠤᠳᠠᠯ᠂ ᠲᠡᠷᠭᠡᠨ ᠥᠷᠲᠡᠭᠡ ᠵᠡᠷᠭᠡ ᠨᠢᠭ᠍ᠲᠠ ᠪᠢᠲᠡᠭᠦᠮᠵᠢᠯᠡᠭᠰᠡᠨ ᠣᠷᠴᠢᠨ ᠲᠣᠭᠣᠷᠢᠨ᠂ ᠬᠥᠮᠥᠨ ᠬᠠᠷ᠎ᠠ ᠴᠤᠭᠯᠠᠷᠠᠭᠰᠠᠨ ᠣᠯᠠᠨ ᠨᠡᠶ᠋ᠢᠲᠡ᠎ᠶᠢᠨ ᠲᠠᠯᠠᠪᠤᠷ᠎ᠲᠤ ᠣᠷᠣᠬᠤ᠂ ᠨᠢᠰᠬᠡᠯ᠂ ᠭᠠᠯᠲᠤ ᠲᠡᠷᠭᠡ᠂ ᠭᠠᠵᠠᠷ ᠳᠣᠣᠷᠠᠬᠢ ᠲᠡᠮᠦᠷ ᠵᠠᠮ ᠵᠡᠷᠭᠡ ᠪᠡᠷ ᠠᠶᠠᠯᠠᠬᠤ᠂ ᠴᠠᠬᠢᠯᠭᠠᠨ ᠱᠠᠲᠤᠨ᠎ᠳᠤ ᠣᠷᠣᠬᠤ᠎ᠳᠠᠭᠠᠨ ᠡᠮᠴᠢᠯᠡᠭᠡᠨ᠎ᠦ ᠭᠠᠳᠠᠷ ᠰᠠᠯᠠᠭᠠᠨ᠎ᠤ ᠠᠮᠠᠪᠴᠢ ᠵᠢᠴᠢ ᠲᠡᠭᠦᠨ᠎ᠡᠴᠡ ᠳᠡᠭᠡᠭᠰᠢᠬᠢ ᠲᠠᠰ᠎ᠤᠨ ᠠᠮᠠᠪᠴᠢ ᠵᠡᠭᠦᠬᠦ᠎ᠶᠢ ᠪᠠᠰᠠ ᠦᠷᠬᠦᠯᠵᠢᠯᠡᠨ ᠴᠢᠬᠤᠯᠠᠴᠢᠯᠠᠬᠤ ᠬᠡᠷᠡᠭᠳᠡᠢ ᠬᠡᠵᠠᠢ᠃

ᠴᠠᠩ ᠵᠣᠣ ᠷᠦᠢ ᠪᠠᠰᠠ᠂ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠂ ᠨᠡᠢᠭᠡᠮ᠎ᠦᠨ ᠠᠰᠠᠷᠠᠮᠵᠢ᠎ᠶᠢᠨ ᠪᠠᠢᠭᠤᠯᠤᠮᠵᠢ ᠵᠡᠷᠭᠡ ᠪᠠᠭᠤᠷᠠᠢ ᠬᠥᠮᠥᠰ ᠲᠥᠪᠯᠡᠷᠡᠭᠰᠡᠨ ᠲᠠᠯᠠᠪᠤᠷ᠎ᠲᠤ ᠣᠷᠣᠬᠤ ᠦᠶ᠎ᠡ᠎ᠳᠦ᠂ ᠬᠠᠯᠠᠭᠤᠷᠠᠬᠤ᠂ ᠬᠠᠭᠤᠷᠠᠢ᠎ᠪᠠᠷ ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠰᠢᠨ᠎ᠡ ᠲᠢᠲᠢᠮᠯᠢᠭ᠌ ᠸᠢᠷᠦ᠋ᠰ᠎ᠦᠨ ᠬᠠᠯᠳᠠᠪᠤᠷᠢᠯᠠᠯ᠎ᠤᠨ ᠬᠠᠮᠢᠶ᠎ᠠ ᠪᠦᠬᠦᠢ ᠡᠪᠡᠳᠴᠢᠨ᠎ᠦ ᠢᠯᠡᠷᠡᠯ ᠭᠠᠷᠬᠤ ᠦᠶ᠎ᠡ᠎ᠳᠦ᠂ ᠬᠠᠯᠳᠠᠪᠤᠷᠢᠯᠠᠭᠳᠠᠭᠰᠠᠳ ᠵᠢᠴᠢ ᠡᠪᠡᠳᠴᠢᠨ᠎ᠤ ᠢᠯᠡᠷᠡᠯ ᠳᠠᠢ ᠬᠦᠮᠦᠰ ᠳᠠᠢ ᠣᠢᠷᠠᠲᠤᠬᠤ ᠪᠤᠶᠤ ᠰᠤᠪᠢᠯᠠᠬᠤ ᠦᠶ᠎ᠡ᠎ᠳᠦ ᠴᠥᠮ ᠰᠢᠨᠵᠢᠯᠡᠬᠦ ᠤᠬᠠᠭᠠᠨᠴᠢ᠎ᠪᠠᠷ ᠠᠮᠠᠪᠴᠢ ᠵᠡᠭᠦᠬᠦ ᠬᠡᠷᠡᠭᠲᠡᠢ᠃ ᠡᠭᠦᠨ᠎ᠡᠴᠡ ᠭᠠᠳᠠᠨ᠎ᠠ ᠡᠮᠨᠡᠯᠭᠡ᠎ᠶᠢᠨ ᠠᠵᠢᠯᠲᠠᠨ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭᠠᠨ᠎ᠤ ᠲᠠᠯᠠᠪᠤᠷ᠂ ᠬᠡᠲᠦ ᠳᠡᠯᠭᠡᠭᠦᠷ᠂ ᠢᠳᠡᠭᠡᠨ ᠤᠮᠳᠠᠭᠠᠨ ᠵᠢᠭᠤᠯᠴᠢᠯᠠᠯ᠂ ᠲᠦᠷᠭᠡᠨ ᠬᠦᠷᠭᠡᠯᠲᠡ ᠵᠡᠷᠭᠡ ᠣᠯᠠᠨ ᠨᠡᠶ᠋ᠢᠲᠡ᠎ᠶᠢᠨ ᠦᠢᠯᠡᠴᠢᠯᠡᠭᠡ ᠵᠢᠴᠢ ᠨᠢᠭ᠍ᠲᠠ ᠪᠢᠲᠡᠭᠦᠮᠵᠢᠯᠡᠭᠰᠡᠨ ᠲᠠᠯᠠᠪᠤᠷ ᠭᠠᠵᠠᠷ᠎ᠤᠨ ᠠᠵᠢᠯᠲᠠᠨ ᠴᠤ᠌ ᠵᠢᠷᠤᠮ ᠶᠤᠰᠤᠭᠠᠷ ᠠᠮᠠᠪᠴᠢ ᠵᠡᠭᠦᠬᠦ ᠬᠡᠷᠡᠭᠲᠡᠢ ᠭᠡᠵᠡᠢ ᠃

《ᠣᠯᠠᠨ ᠨᠡᠶ᠋ᠢᠲᠡ᠎ᠶᠢᠨ ᠲᠠᠯᠠᠪᠤᠷ᠎ᠲᠤ ᠪᠠᠰᠠ ᠵᠠᠢ ᠪᠠᠷᠢᠬᠤ᠂ ᠰᠠᠯᠬᠢ ᠵᠢᠪᠠᠷ ᠨᠡᠪᠲᠡᠷᠡᠭᠦᠯᠬᠦ᠂ ᠠᠷᠢᠭᠤᠨ ᠴᠡᠪᠡᠷ᠎ᠢ ᠬᠠᠮᠠᠭᠠᠯᠠᠬᠤ ᠵᠡᠷᠭᠡ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ᠎ᠶᠢ ᠦᠷᠭᠦᠯᠵᠢᠯᠡᠨ ᠪᠠᠲᠤᠯᠠᠬᠤ ᠬᠡᠷᠡᠭᠲᠡᠢ》 ᠭᠡᠵᠦ ᠴᠠᠩ ᠵᠤᠤ ᠷᠦᠢ ᠬᠡᠯᠡᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面