ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-03 09:07:02

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

12 ᠰᠠᠷ᠎ᠠ᠎ᠶᠢᠨ 2 ᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍ ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ 36 ᠳ᠋ᠤᠭᠠᠷ ᠤᠳᠠᠭ᠎ᠠ ᠵᠢᠨ (ᠦᠷᠭᠡᠳᠭᠡᠭᠰᠡᠨ ) ᠬᠤᠷᠠᠯ ᠬᠤᠷᠠᠯᠳᠤᠭᠤᠯᠵᠦ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠤᠯᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠎ᠶᠢᠨ ᠠᠩᠬᠠᠳᠤᠭᠠᠷ ᠪᠦᠬᠦᠳᠡ ᠬᠤᠷᠠᠯ ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠯᠢ ᠱᠢᠤ ᠯᠢᠩ᠎ᠦᠨ ᠨᠠᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠲᠡᠷᠢᠭᠦᠯᠡᠭ᠌ᠴᠢ ᠯᠦᠸᠧ ᡁᠢ ᠬ᠍ᠤ ᠬᠤᠷᠠᠯ᠎ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠳ᠋ᠦᠩ ᠾᠧᠩ ᠢᠦᠶ᠂ ᠵᠧᠩ ᠹᠦ᠋ ᠲᠢᠶᠠᠨ᠂ ᠯᠢᠦ ᠱᠢᠨ ᠯᠸ᠂ ᠮᠠ ᠱᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠶ ᠭᠦᠸᠧ ᠨᠠᠨ ᠵᠢᠴᠢ ᠨᠠᠷᠢᠨ ᠪᠢᠴᠢᠭ᠎ᠦᠨ ᠳᠠᠷᠤᠭ᠎ᠠ ᠳ᠋ᠢ ᠷᠦᠢ ᠮᠢᠩ ᠬᠤᠷᠠᠯ ᠎ᠳᠤ ᠣᠷᠣᠯᠴᠠᠵᠠᠶ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠦ ᠲᠤᠭᠤᠰᠢᠯᠠᠭᠤᠯᠬᠤ ᠨᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠶᠡᠬᠡ ᠲᠠᠯ᠎ᠠ ᠪᠠ ᠠᠯᠤᠰ ᠬᠡᠳᠦ᠍᠎ᠶ᠋ᠢᠨ ᠬᠥᠭ᠌ᠵᠢᠯᠲᠡ᠎ᠲᠡᠶ ᠬᠣᠯᠪᠣᠭ᠍ᠳᠠᠵᠤ᠂ ᠱᠢᠨ᠎ᠡ ᠠᠶᠠᠨ ᠳ᠋ᠡᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠲᠡᠶ ᠬᠣᠯᠪᠣᠭ᠍ᠳᠠᠵᠤ᠂ ᠪᠦᠬᠦ᠌ ᠣᠷᠣᠨ᠎ᠤ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠺᠠᠳ᠋ᠷ ᠤᠯᠠᠨ ᠲᠦᠮᠡᠨ᠎ᠢ ᠳᠠᠢ᠌ᠴᠢᠯᠠᠨ ᠥᠪᠥᠷ ᠮᠣᠩᠭᠣᠯ᠎ᠤᠨ ᠠᠵᠢᠯ᠎ᠢ ᠨᠡᠩ ᠢᠲᠡᠭᠡᠯ ᠲᠡᠭᠦᠯᠳᠡᠷ᠂ ᠵᠣᠷᠢᠭ ᠲᠡᠭᠦᠯᠳᠡᠷ᠎ᠢᠶᠡᠷ ᠰᠠᠢᠲᠤᠷ ᠬᠢᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠳᠤ ᠣᠷᠣᠯᠴᠠᠬᠤ ᠵᠠᠮ ᠎ᠢᠶᠠᠷ ᠰᠠᠢᠲᠤᠷ ᠵᠠᠮᠨᠠᠬᠤ ᠎ᠳᠤ ᠴᠢᠬᠤᠯᠠ ᠶᠡᠬᠡ ᠪᠣᠳᠠᠲᠤ ᠠᠴᠢ ᠬᠣᠯᠪᠣᠭ᠍ᠳᠠᠯ ᠪᠠ ᠠᠯᠤᠰ ᠬᠡᠳᠦ᠍᠎ᠶ᠋ᠢᠨ ᠲᠡᠦᠬᠡᠲᠦ ᠠᠴᠢ ᠬᠣᠯᠪᠣᠭ᠍ᠳᠠᠯ᠎ᠲᠠᠶ ᠶᠤᠮ᠃ ᠪᠥᠬᠥ᠌ ᠣᠷᠣᠨ᠎ᠤ ᠡᠯ᠎ᠡ ᠱᠠᠲᠤᠨ᠎ᠤ ᠤᠯᠤᠰ ᠲᠥᠷᠥ ᠎ᠶ᠋ᠢᠨ ᠵᠥᠪᠯᠡᠯᠭᠡᠨ ᠎ᠦ ᠵᠣᠬᠢᠶᠠᠨ ᠪᠠᠢᠭᠤᠯᠤᠯᠲᠠ᠂ ᠥᠷᠭᠡᠨ ᠣᠯᠠᠨ ᠤᠯᠤᠰ ᠲᠥᠷᠥ ᠎ᠶ᠋ᠢᠨ ᠵᠥᠪᠯᠡᠯᠭᠡᠨ᠎ᠦ ᠭᠡᠱᠢᠭᠦᠳ ᠡᠨᠡ ᠤᠳᠠᠭ᠎ᠠ᠎ᠶ᠋ᠢᠨ ᠬᠤᠷᠠᠯ ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠶ᠋ᠴᠡᠳ ᠲᠠᠨᠢᠵᠤ᠂ ᠦᠵᠡᠯ ᠰᠠᠨᠠᠭ᠎ᠠ ᠪᠣᠯᠤᠨ ᠦᠶ᠋ᠯᠡ ᠠᠵᠢᠯᠯᠠᠭ᠎ᠠ ᠎ᠪᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ᠎ᠤᠳᠠᠭ᠎ᠠ᠎ᠶ᠋ᠢᠨ᠎ᠨᠠᠮ᠎ᠤᠨ᠎ᠲᠥᠯᠥᠭᠡᠯᠡᠭ᠌ᠴᠢᠳ᠎ᠦᠨ᠎ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠵᠦ᠍᠂ ᠭᠤᠤᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠶ᠋ᠯᠡᠴᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠥᠬᠡᠶ ᠡᠭᠦᠳᠬᠦ᠌᠎ᠳᠦ ᠬᠦᠴᠦᠨ ᠨᠡᠮᠡᠷᠢᠯᠡᠬᠦ᠌ ᠬᠡᠷᠡᠭ᠌ᠲᠡᠶ ᠭᠡᠵᠦ ᠦᠵᠡᠪᠡ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ᠎ᠤ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠰᠲ᠋ᠧᠮ᠎ᠦᠨ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠪᠦᠬᠦ᠌ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠰᠲ᠋ᠧᠮ᠎ᠳᠦ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ ᠵᠢ ᠳᠠᠷᠤᠢ ᠲᠦᠷᠭᠡᠨ ᠭᠠᠷᠭᠠᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠡᠶ ᠤᠶᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢᠯᠠᠭᠠᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠠᠵᠢᠯ᠎ᠢᠶᠠᠨ ᠠᠬᠢᠭᠤᠯᠬᠤ ᠬᠦᠴᠦᠷᠬᠡᠭ ᠶᠡᠬᠡ᠎ᠬᠥᠳᠡᠯᠭᠡᠬᠦ᠌᠎ᠬᠦᠴᠦᠨ᠎ᠪᠣᠯᠭᠠᠨ᠎ᠬᠤᠪᠢᠷᠠᠭᠤᠯᠵᠤ᠂ ᠬᠠᠷᠠᠯᠲᠠ ᠴᠢᠭ᠌ᠯᠡᠯ ᠎ᠢᠶᠡᠨ ᠲᠣᠳᠣᠷᠬᠠᠢᠯᠠᠵᠤ᠂ ᠲᠡᠦᠬᠡᠲᠦ ᠡᠭᠦᠷᠭᠡ᠎ᠪᠡᠨ ᠵᠣᠷᠢᠭ᠍ᠲᠠᠢ ᠡᠭᠦᠷᠭᠡᠯᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠥᠪᠡᠷᠮᠢᠴᠡ ᠳᠠᠪᠠᠭᠤᠯᠢᠭ ᠦᠢᠯᠡᠳᠦᠯ ᠎ᠢᠶᠡᠨ ᠪᠠᠳᠠᠷᠠᠭᠤᠯᠵᠤ᠂ ᠲᠤᠭ ᠳᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠵᠦ᠍᠂ ᠠᠷᠭ᠎ᠠ ᠤᠬᠠᠭᠠᠨ ᠭᠠᠷᠭᠠᠵᠦ ᠵᠠᠰᠠᠭ᠎ᠲᠤ ᠲᠤᠰᠠᠯᠠᠨ ᠬᠥᠭ᠌ᠵᠢᠯᠲᠡ᠎ᠳᠤ ᠦᠢᠯᠡᠴᠢᠯᠡᠵᠦ᠂ ᠬᠠᠮᠲᠤ ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ ᠬᠠᠮᠲᠤᠷᠠᠯ ᠬᠦᠴᠦᠨ᠎ᠢ ᠬᠤᠷᠠᠮᠳᠤᠭᠤᠯᠵᠦ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠵᠣᠷᠢᠭ ᠰᠠᠨᠠᠭ᠎ᠠ᠎ᠶ᠋ᠢ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠪᠦᠬᠦ ᠠᠵᠢᠯ᠎ᠳᠤ ᠲᠡᠷᠡ ᠬᠡᠪ᠎ᠢᠶᠡᠷ ᠨᠢ ᠨᠠᠢᠳᠠᠪᠤᠷᠢᠵᠢᠭᠤᠯᠵᠤ᠂ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠯ᠎ᠡ ᠵᠦᠢᠯ᠎ᠦᠨ ᠬᠠᠷᠠᠯᠲᠠ ᠡᠭᠦᠷᠭᠡ ᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠭᠡᠵᠦ᠍ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面