2021-12-02 09:22:22
— ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠥᠪᠥᠷ ᠮᠤᠨᠭᠭᠤᠯ ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠳᠤᠮᠳᠠ ᠴᠢᠩᠭ᠎ᠠ ᠲᠤᠰᠭᠠᠯ ᠭᠠᠷᠴᠠᠢ
ᠤᠢᠷ᠎ᠠ ᠵᠢᠨ ᠡᠲᠦᠷ ᠤᠳ ᠲᠤ᠌ ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠥᠪᠥᠷ ᠮᠤᠨᠭᠭᠤᠯ ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠤᠯᠠᠠ ᠵᠦᠢᠯ᠎ᠤᠨ ᠬᠡᠯᠪᠡᠷᠢ ᠪᠠᠷ ᠦᠪᠡᠷᠲᠡᠭᠡᠡ ᠵᠠᠰᠠᠬᠤ ᠤᠷᠤᠨ᠎ᠤ ᠠᠷᠪᠠᠠ ᠨᠢᠭᠡᠲᠦᠭᠡᠷ ᠤᠲᠠᠭ᠎ᠠ ᠵᠢᠨ ᠨᠠᠮ᠎ᠤᠨ ᠲᠦᠯᠦᠭᠡᠯᠡᠭᠴᠢᠳ᠎ᠤᠨ ᠶᠡᠬᠡ ᠬᠤᠷᠠᠯ ᠤᠨ ᠵᠤᠷᠢᠭ ᠰᠠᠨᠠᠭ᠎ᠠ ᠵᠢ ᠬᠦᠨᠵᠡᠭᠡᠢ ᠰᠤᠷᠤᠯᠴᠠᠵᠦ ᠪᠠᠢᠨ᠎ᠠ᠃ᠤᠯᠠᠨ ᠢᠶᠠᠷ᠎ᠢᠶᠠᠨ᠂ ᠦᠪᠡᠷ᠎ᠤᠨ ᠳᠠᠪᠠᠭᠤᠯᠢᠭ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠨᠡᠩ ᠴᠤᠭ ᠪᠠᠳᠠᠷᠠᠩᠭᠤᠢ ᠳᠦᠷᠰᠦ ᠪᠠᠢᠳᠠᠯ᠎ᠢᠶᠠᠷ᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃
ᠲᠤᠮᠲᠠᠲᠤ ᠤᠯᠤᠰ᠎ᠤᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠲᠤᠰᠭᠠᠢ ᠲᠤᠱᠢᠶᠠᠯᠳᠦ ᠳᠡᠳ᠋ ᠡᠷᠬᠢᠯᠡᠭ᠌ᠴᠢ ᠭᠡᠱᠢᠭᠦᠨ ᠬᠣᠩ ᠳ᠋ᠦᠩ ᠮᠧᠢ ᠵᠢᠨ ᠥᠵᠡᠬᠥ ᠪᠡᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢᠨ ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ ᠴᠢᠬᠤᠯᠠ ᠴᠠᠭ ᠮᠥᠴᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃ ᠲᠤᠮᠲᠠᠲᠤ ᠤᠯᠤᠰ᠎ᠤᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠰᠤᠷᠤᠯᠴᠠᠨ ᠭᠦᠨᠵᠡᠭᠡᠢ ᠣᠢᠯᠠᠭᠠᠵᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠲᠠᠰᠤᠷᠠᠯᠳᠠ ᠦᠭᠡᠢ ᠴᠢᠩᠭᠠᠳᠭᠠᠨ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠵᠠᠰᠠᠭ᠎ᠤᠨ ᠶᠠᠪᠤᠳᠠᠯ᠎ᠳᠤ ᠣᠷᠣᠯᠴᠠᠬᠤ ᠨᠠᠮ᠎ᠤᠨ ᠡᠬᠦᠷᠭᠡ ᠴᠢᠳᠡᠪᠬᠢ ᠬᠠᠷᠢᠭᠤᠴᠠᠯᠭ᠎ᠠ ᠪᠡᠨ ᠦᠨᠡᠨ ᠬᠦ᠌ ᠰᠠᠢᠲᠤᠷ ᠭᠦᠢᠴᠡᠳᠭᠡᠨ᠎ᠠ ᠭᠡᠪᠡ᠃
《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ᠂ ᠬᠢᠯᠢ ᠬᠢᠵᠠᠭᠠᠷᠤᠷᠤᠨᠤ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠶᠠᠪᠤᠴᠠ᠎ᠳᠠᠬᠢ ᠴᠢᠬᠤᠯᠠ ᠶᠡᠬᠡ ᠬᠠᠷᠢᠭᠤᠴᠠᠯᠭ᠎ᠠ ᠪᠤᠯᠤᠨ ᠢᠷᠠᠭᠤ ᠠᠯᠳᠠᠷᠲᠤ ᠡᠭᠦᠷᠭᠡ᠎ᠶ᠋ᠢ ᠡᠷᠬᠡᠪᠰᠢ ᠪᠠᠲᠤ ᠡᠭᠦᠷᠭᠡᠯᠡᠬᠦ᠌ ᠬᠡᠷᠡᠭ᠌ᠲᠡᠢ ᠭᠡᠵᠦ᠍ ᠳᠤᠷᠠᠳᠴᠠᠢ᠃ ᠲᠤᠮᠲᠠᠲᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠪᠦᠬᠦ᠌ ᠣᠷᠣᠨ᠎ᠤ ᠠᠷᠠᠳᠴᠢᠯᠠᠭᠰᠠᠠ ᠬᠣᠯᠪᠣᠭ᠎ᠠ᠎ᠶ᠋ᠢᠨ ᠥᠷᠭᠡᠨ ᠤᠯᠠᠨ ᠭᠡᠱᠢᠭᠦᠳ᠎ᠢ ᠳᠠᠭᠠᠭᠤᠯᠤᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠭᠤᠱᠢᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠨ᠎ᠠ》ᠭᠡᠵᠦ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠲᠤᠰᠭᠠᠢ ᠲᠤᠱᠢᠶᠠᠯᠳᠦ ᠳᠡᠳ᠋ ᠡᠷᠬᠢᠯᠡᠭ᠌ᠴᠢ ᠭᠡᠱᠢᠭᠦᠨ ᠬᠣ᠌ ᠷᠦᠨ ᠵᠤᠤ ᠬᠡᠯᠡᠪᠡ᠃
ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ ᠵᠢᠨᠨ ᠪᠠᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠲᠤᠰᠭᠠᠢ ᠲᠤᠱᠢᠶᠠᠯᠳᠦ ᠳᠡᠳ᠋ ᠡᠷᠬᠢᠯᠡᠭ᠌ᠴᠢ ᠭᠡᠱᠢᠭᠦᠨ ᠺᠠᠩ ᠶᠦᠩ ᠾᠧᠩ᠂ 《ᠤᠯᠤᠰ᠎ᠤᠨ ᠶᠡᠬᠡ ᠶᠠᠪᠤᠳᠠᠯ 》 ᠢ ᠪᠠᠲᠤ ᠴᠡᠭᠡᠵᠢᠯᠡᠵᠦ᠍᠂ ᠶᠡᠬᠡᠲᠠᠯ᠎ᠠ᠎ᠠᠴᠠ ᠪᠣᠳᠣᠯᠬᠢᠯᠠᠨ ᠠᠵᠢᠯᠯᠠᠭ᠎ᠠ ᠠᠪᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠶ᠋ᠢᠨᠠᠷᠢᠨᠬᠢᠨᠠᠮᠠᠭᠠᠢᠰᠤᠷᠤᠯᠴᠠᠨᠣᠢᠯᠠᠭᠠᠵᠤᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠠᠰᠠᠭ᠎ᠤᠨ ᠶᠠᠪᠤᠳᠠᠯ᠎ᠳᠤ ᠣᠷᠣᠯᠴᠠᠬᠤ ᠨᠠᠮ᠎ᠤᠨ ᠡᠭᠦᠷᠭᠡ ᠴᠢᠳᠠᠪᠬᠢ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃
ᠲᠤᠮᠲᠠᠲᠤᠤᠯᠤᠰᠤᠨᠠᠷᠠᠳᠴᠢᠯᠠᠯᠢᠶᠠᠷᠠᠬᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠶ᠋ᠢᠨ ᠳᠡᠳ᠋ ᠡᠷᠬᠢᠯᠡᠭ᠌ᠴᠢ ᠭᠡᠱᠢᠭᠦᠨ ᠰᠦᠸᠸ ᠶᠢᠩ ᠵᠢᠶᠦ᠋ᠨ᠄ 《ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠲᠠᠪᠤᠨ ᠲᠠᠯ᠎ᠠ᠎ᠠᠴᠠ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠬᠦ᠂ ᠤᠯᠤᠰ ᠲᠦᠷᠦ᠍᠎ᠶ᠋ᠢᠨ ᠠᠮᠢ ᠠᠬᠤᠢᠶ᠋ᠢᠪᠦᠬᠦ᠌ ᠲᠠᠯ᠎ᠠ᠎ᠪᠠᠷ ᠲᠠᠬᠢᠨ ᠴᠣᠭ᠍ᠴᠠᠯᠠᠬᠤ᠂ ᠦᠨᠳᠦᠰᠦᠨ ᠰᠠᠢᠵᠢᠷᠠᠯᠲᠠ᠎ᠲᠠᠶ ᠪᠣᠯᠭᠠᠬᠤ᠎ᠶ᠋ᠢ ᠠᠬᠢᠭᠤᠯᠬᠤ ᠲᠤᠬᠠᠢ ᠠᠮᠢᠳᠤᠯᠢᠭ ᠲᠠᠢᠯᠪᠤᠷᠢᠯᠠᠯᠲᠠ ᠬᠢᠵᠦ᠍᠂ ᠠᠷᠠᠳᠴᠢᠯᠠᠭ᠍ᠰᠠᠨ ᠨᠠᠮ ᠪᠦᠯᠦᠭ᠎ᠦᠨ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠬᠤ᠎ᠳᠤ ᠳᠠᠭᠤᠷᠢᠶᠠᠯ ᠦᠵᠡᠭᠦᠯᠪᠡ᠃ ᠪᠢᠳᠡ ᠦᠷᠭᠦᠯᠵᠢᠯᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠢ᠌ᠨ ᠵᠥᠪᠯᠡᠭ᠌ᠴᠢ᠂ ᠰᠠᠢ᠌ᠨ ᠬᠠᠪᠰᠤᠷᠤᠭ᠍ᠴᠢ᠂ ᠰᠠᠢ᠌ᠨ ᠬᠠᠮᠲᠤ ᠠᠵᠢᠯᠯᠠᠭ᠍ᠴᠢ ᠪᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠡ》 ᠭᠡᠵᠦ ᠬᠡᠯᠡᠪᠡ᠃
《ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠨᠢ ᠥᠩᠭᠡᠷᠡᠭ᠌ᠰᠡᠨ ᠲᠠᠪᠤᠨ ᠵᠢᠯ᠎ᠳᠦ ᠣᠯᠤᠭ᠍ᠰᠠᠨ ᠠᠮᠵᠢᠯᠲᠠ ᠪᠦᠲᠦᠮᠵᠢ᠎ᠶ᠋ᠢ ᠳ᠋ᠦᠩᠨᠡᠵᠦ᠍᠂ ᠬᠤᠢᠰᠢᠲᠠ ᠶ᠋ᠢᠨ ᠲᠠᠪᠤᠨ ᠵᠢᠯ᠎ᠦᠨ ᠠᠤᠭ᠎ᠠ ᠲᠥᠰᠦᠪ᠎ᠢ ᠵᠢᠷᠤᠭ᠍ᠯᠠᠵᠤ᠂ ᠪᠠᠢᠷᠢᠱᠢᠯ ᠨᠢ ᠠᠤᠭ᠎ᠠ ᠶᠡᠬᠡ᠂ ᠱᠢᠰᠲ᠋ᠧᠮ ᠨᠢ ᠨᠢᠭ᠍ᠲᠠ ᠴᠢᠩᠭ᠎ᠠ᠂ ᠠᠷᠭ᠎ᠠ ᠬᠡᠮᠵᠢᠶ᠎ᠡ ᠨᠢ ᠪᠣᠳᠠᠲᠠᠢ᠎ᠶ᠋ᠢ ᠡᠷᠬᠢᠮᠯᠡᠵᠦ᠍᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ ᠪᠠ ᠪᠠᠷᠠᠯᠠᠯᠲᠦ ᠴᠢᠨᠠᠷᠲᠠᠶ ᠶᠤᠮ᠃ ᠪᠢᠳᠡ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠶᠡᠬᠡ ᠲᠠᠯ᠎ᠠ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠡᠲᠡᠭᠡᠳ ᠢᠯᠭᠠᠯ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠪᠠᠢᠴᠠᠭᠠᠨ ᠰᠤᠳᠤᠯᠤᠯᠲᠠ ᠬᠢᠬᠦ᠌᠎ᠪᠡᠨ ᠴᠢᠩᠭᠠᠳᠭᠠᠵᠤ᠂ ᠬᠡᠷᠡᠭ᠌ᠴᠡᠭᠡ᠎ᠲᠡᠶ ᠦᠭᠡ ᠶᠠᠷᠢᠶ᠎ᠠ ᠵᠢ ᠤᠯᠠᠠ ᠶᠠᠷᠢᠵᠦ᠂ ᠪᠣᠳᠠᠲᠠᠶ᠎ᠶ᠋ᠢ ᠡᠷᠬᠢᠮᠯᠡᠬᠦ᠌ ᠠᠷᠭ᠎ᠠ ᠪᠣᠳᠣᠯᠭ᠎ᠠ᠎ᠶ᠋ᠢ ᠢᠯᠡᠭᠦᠬᠡᠨ ᠳᠡᠪᠱᠢᠭᠦᠯᠵᠦ᠍᠂ ᠣᠯᠠᠨ ᠨᠠᠮ ᠬᠠᠮᠲᠤᠷᠠᠨ ᠠᠵᠢᠯᠯᠠᠬᠤ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠦᠨ᠎ᠠ》ᠭᠡᠵᠦ᠍ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠲᠤᠰᠭᠠᠢ ᠲᠤᠱᠢᠶᠠᠯᠳᠦ ᠳᠡᠳ᠋ ᠡᠷᠬᠢᠯᠡᠭ᠌ᠴᠢ ᠭᠡᠱᠢᠭᠦᠨ ᠱᠢᠤᠢ ᠢᠦᠢ ᠫᠢᠩ ᠬᠡᠯᠡᠪᠡ᠃
《9·3》᠎ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠳᠡᠳ᠋ ᠡᠷᠬᠢᠯᠡᠭ᠌ᠴᠢ ᠭᠡᠱᠢᠭᠦᠨ ᠵᠦ᠍ ᠬᠤᠸᠠ᠂ 《9·3》 ᠤ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠪᠦᠬᠦ᠌ ᠣᠷᠣᠨ᠎ᠤ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠭᠡᠱᠢᠭᠦᠳ 《ᠭᠠᠪᠢᠶ᠎ᠠ ᠲᠡᠮᠲᠡᠭᠯᠡᠬᠦ ᠳ᠋ᠤ ᠵᠠᠪᠠᠯ ᠪᠢ ᠪᠠᠢᠬᠤ ᠶᠤᠰᠤᠲᠠᠢ ᠪᠢᠰᠢ》 ᠭᠡᠬᠦ ᠰᠡᠳᠭᠢᠯᠭᠡ᠂ 《 ᠭᠠᠪᠢᠶ᠎ᠠ ᠪᠠᠢᠭᠤᠯᠬᠤ ᠳ᠋ᠤ ᠯᠠᠪᠳᠠᠢ ᠪᠢ ᠪᠠᠢᠬᠤ》 ᠭᠡᠬᠦ᠌ ᠡᠷᠢᠯ ᠬᠥᠭᠡᠭᠡᠴᠡᠯᠳᠦᠯ᠎ᠢᠶᠡᠷ᠂ ᠤᠨᠴᠠᠯᠢᠬ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠱᠢᠨ᠎ᠡ᠎ᠶ᠋ᠢ ᠡᠭᠦᠳᠬᠦ᠌ ᠬᠡᠯᠪᠡᠷᠢ ᠵᠢᠨ ᠥᠪᠥᠷ ᠮᠣᠩᠭᠣᠯ᠎ᠢ ᠲᠦᠷᠬᠡᠳᠭᠡᠨ ᠪᠦᠳᠦᠬᠡᠨ ᠪᠠᠢᠭᠤᠯᠬᠤ᠎ᠳᠤ ᠨᠡᠩ ᠤᠯᠠᠨ ᠤᠶᠤᠨ᠎ᠤ ᠳᠡᠮᠵᠢᠯᠭᠡ ᠬᠠᠩᠭᠠᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠦᠳᠦᠬᠡᠨ ᠪᠠᠢᠭᠤᠯᠤᠯᠲᠠ ᠵᠢᠨ ᠣᠷᠣᠯᠴᠠᠭ᠍ᠴᠢ᠂ ᠦᠢᠯᠡᠳᠦᠯᠭᠡᠵᠢᠭᠦᠯᠦᠭ᠌ᠴᠢ᠂ ᠠᠬᠢᠭᠤᠯᠤᠭ᠍ᠴᠢ ᠪᠣᠯᠬᠤ᠎ᠪᠠᠷ ᠴᠢᠷᠮᠠᠢᠨ᠎ᠠ ᠭᠡᠵᠦ᠍ ᠢᠯᠡᠳᠭᠡᠪᠡ᠃
《ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯ ᠨᠠᠮ ᠪᠠ ᠵᠠᠰᠠᠭ᠎ᠤᠨ ᠣᠷᠳᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠮᠦᠰ᠎ᠲᠡᠶ ᠬᠠᠷᠢᠯᠴᠠᠬᠤ ᠬᠥᠭᠥᠷᠭᠡ ᠬᠣᠯᠪᠣᠭᠠᠰᠤ ᠮᠥᠨ᠂ ᠵᠠᠰᠠᠭ᠎ᠤᠨ ᠣᠷᠳᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢ ᠬᠠᠮᠢᠶᠠᠷᠬᠤ ᠬᠠᠪᠰᠤᠷᠤᠭ᠍ᠴᠢ ᠮᠥᠨ᠃ ᠪᠢᠳᠡ ᠡᠯ᠎ᠡ ᠵᠦᠶ᠋ᠯ᠎ᠦᠨ ᠲᠠᠪᠴᠠᠩ᠎ᠢ ᠢᠳᠡᠪᠬᠢᠲᠡᠶ ᠪᠠᠢᠭᠤᠯᠵᠤ᠂ ᠠᠷᠠᠳ ᠤᠨ ᠡᠵᠡᠩᠨᠡᠯᠲᠡ ᠶ᠋ᠢᠨ ᠠᠵᠤ ᠠᠬᠤᠢᠯᠠᠯ ᠤᠨ ᠪᠦᠲᠦᠴᠡ ᠪᠡᠨ ᠲᠣᠬᠢᠷᠠᠭᠤᠯᠬᠤ᠂ ᠬᠥᠳᠡᠯᠭᠡᠬᠦ᠌ ᠡᠨᠧᠷᠭᠢ᠎ᠪᠡᠨ ᠬᠤᠪᠢᠷᠠᠭᠤᠯᠬᠤ᠂ ᠦᠷ᠎ᠡ ᠠᠱᠢᠭ᠎ᠢᠶᠠᠨ ᠨᠡᠮᠡᠭ᠌ᠳᠡᠭᠦᠯᠬᠦ᠌᠎ᠶ᠋ᠢ ᠶᠡᠬᠡᠪᠡᠷ ᠵᠢᠯᠣᠭᠣᠳᠭᠤ ᠪᠠ ᠲᠡᠬᠥᠨ ᠳᠤ ᠦᠶ᠋ᠯᠡᠴᠢᠯᠡᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠳᠡᠳ᠋ ᠲᠡᠷᠢᠭᠦᠯᠡᠭ᠌ᠴᠢ ᠵᠢᠶᠠᠩ ᠠᠢ ᠵᠢᠶᠦ᠋ᠨ ᠬᠡᠯᠡᠪᠡ᠃
ᠨᠠᠮ ᠪᠦᠯᠦᠭ᠎ᠦᠨ ᠪᠤᠰᠤ ᠬᠥᠮᠦᠰ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠳᠡᠳ᠋ ᠳᠠᠷᠤᠭ᠎ᠠ ᠯᠢ ᠰᠢ ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ ᠣᠢᠯᠠᠭᠠᠭ᠍ᠳᠠᠬᠤᠨ᠎ᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠥᠯᠥᠪᠵᠢᠭᠦᠯᠭᠡ᠂ ᠪᠥᠲᠥᠭᠡᠨ ᠪᠠᠢᠭᠤᠯᠤᠯᠲᠠ᠂ ᠡᠵᠡᠩᠨᠡᠯᠲᠡ᠂ ᠬᠠᠮᠢᠶᠠᠷᠤᠯᠲᠠᠶ᠋ᠢᠨᠪᠥᠬᠥ᠌ ᠶᠠᠪᠤᠴᠠ᠎ᠳᠤ ᠲᠤᠭᠤᠱᠢᠯᠠᠭᠤᠯᠵᠤ᠂ ᠪᠣᠬᠢᠷᠲᠤᠯ ᠥᠬᠡᠶ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ᠎ᠢ ᠲᠦᠷᠬᠡᠳᠭᠡᠨ ᠪᠠᠢᠭᠤᠯᠤᠨ᠎ᠠ᠃ ᠰᠠᠭᠤᠷᠢ ᠲᠥᠬᠥᠭᠡᠷᠦᠮᠵᠢ᠎ᠶ᠋ᠢᠨ ᠬᠣᠯᠪᠣᠯᠳᠤᠨ ᠨᠡᠪᠲᠡᠷᠡᠯᠴᠡᠬᠦ᠌ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ ᠭᠡᠵᠦ᠍ ᠢᠯᠡᠳᠭᠡᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃