2021-12-04 11:33:02
ᠬᠠᠷᠢᠭᠤᠴᠠᠯᠭ᠎ᠠ ᠪᠣᠯ ᠳᠠᠷᠤᠢ ᠶᠡᠬᠡ ᠲᠠᠯ᠎ᠠ᠂ ᠡᠭᠦᠷᠭᠡ ᠪᠣᠯ ᠳᠠᠷᠤᠢ ᠬᠥᠳᠡᠯᠭᠡᠬᠦ᠌ ᠬᠦᠴᠦᠨ ᠮᠥᠨ᠃ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠬᠢᠯᠢ ᠬᠢᠵᠠᠭᠠᠷ᠎ᠤᠨ ᠦᠨᠳᠦᠰᠦᠲᠡᠨᠦᠭᠠᠵᠠᠷᠣᠷᠣᠨᠪᠣᠯᠤᠭ᠍ᠰᠠᠨᠤᠬᠤᠪᠢᠳᠤ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠶᠠᠪᠤᠴᠠ᠎ᠳᠠᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠶ᠋ᠢ ᠡᠷᠬᠡᠪᠰᠢ ᠪᠠᠲᠤ ᠡᠭᠦᠷᠭᠡᠯᠡᠬᠦ᠌ ᠬᠡᠷᠡᠭ᠌ᠲᠡᠢ ᠭᠡᠳᠡᠭ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠬᠥᠮᠦᠰ᠎ᠢ ᠲᠦᠢᠯ᠎ᠤᠨ ᠢᠷᠠᠭᠤ ᠠᠯᠳᠡᠷ ᠲᠠᠢ ᠪᠤᠯᠭᠠᠵᠤ᠂ ᠡᠷᠴᠢ ᠵᠣᠷᠢᠭ᠎ᠢ ᠨᠢ ᠲᠦᠢᠯ᠎ᠢᠶᠡᠷ ᠨᠡᠮᠡᠭ᠌ᠳᠡᠭᠦᠯᠪᠡ᠃ ᠣᠷᠣᠨ ᠳᠠᠶᠠᠭᠠᠷ᠎ᠢᠶᠠᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠡᠷᠡ ᠶᠣᠰᠣᠭᠠᠷ᠎ᠨᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠢᠷᠠᠭᠤ ᠠᠯᠳᠠᠷᠲᠤ ᠡᠭᠦᠷᠭᠡ᠎ᠪᠡᠨ ᠡᠷᠡᠰ ᠡᠭᠦᠷᠭᠡᠯᠡᠨ᠂ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠵᠦ᠍᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠰᠤᠷᠠᠯᠲᠠ ᠥᠬᠡᠶ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ᠃
ᠴᠢᠭ᠌ᠯᠡᠯ ᠲᠣᠳᠣᠷᠬᠠᠢ ᠪᠣᠯ ᠰᠡᠳᠭᠢᠯ ᠰᠠᠷᠠᠭᠤᠯ᠂ ᠴᠢᠭ᠌ᠯᠡᠯ ᠵᠥᠪ ᠪᠣᠯ ᠡᠷᠴᠢ ᠵᠣᠷᠢᠭ ᠲᠡᠭᠦᠯᠳᠡᠷ᠃ᠱᠢᠨ᠎ᠡ ᠠᠶᠠᠨᠳᠠᠭᠠᠨ ᠮᠣᠷᠳᠠᠬᠤ᠎ᠳᠤ᠂ ᠪᠢᠳᠡ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠲᠥᠯᠥᠪᠵᠢᠭᠦᠯᠬᠦ᠌᠎ᠳᠦ ᠪᠠᠰᠠ ᠤᠯᠤᠰ ᠲᠥᠷᠥ᠎ᠶ᠋ᠢᠨ ᠲᠠᠯ᠎ᠠ᠎ᠠᠴᠠ ᠦᠵᠡᠵᠦ᠍᠂ ᠪᠥᠬᠥ᠌ ᠲᠠᠯ᠎ᠠ᠎ᠠᠴᠠ ᠡᠵᠡᠮᠳᠡᠵᠦ᠍᠂ ᠥᠪᠥᠷ ᠮᠣᠩᠭᠣᠯ᠎ᠤᠨ ᠱᠢᠨ᠎ᠡ ᠠᠶᠠᠨ᠎ᠳᠤ ᠶᠠᠮᠠᠷ ᠬᠠᠷᠢᠭᠤᠴᠠᠯᠭ᠎ᠠ ᠪᠠ ᠡᠭᠦᠷᠭᠡ ᠡᠭᠦᠷᠭᠡᠯᠡᠵᠦ᠍ ᠪᠠᠢᠬᠤ᠎ᠶ᠋ᠢ ᠲᠤᠳᠤᠷᠬᠠᠢ ᠪᠤᠯᠭᠠᠵᠤ᠂ ᠲᠣᠳᠣᠷᠬᠠᠶ ᠣᠢᠯᠠᠭᠠᠵᠤ᠂ ᠡᠭᠦᠨ᠎ᠢᠶᠡᠷ ᠲᠡᠮᠵᠢᠵᠤ ᠬᠣᠢᠱᠢᠳᠠ ᠶᠠᠭᠤ ᠬᠢᠬᠦ᠂ ᠶᠠᠭᠠᠬᠢᠵᠤ ᠬᠢᠬᠦ᠌᠎ᠪᠠᠨ ᠲᠣᠭ᠍ᠲᠠᠭᠠᠬᠤ ᠬᠡᠷᠡᠭ᠌ᠲᠡᠶ᠃ ᠥᠪᠥᠷ ᠮᠣᠩᠭᠣᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠨ ᠪᠠᠢᠭᠤᠯᠤᠭ᠍ᠰᠠᠨ ᠠᠩᠬᠠᠳᠠᠭ᠍ᠴᠢ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠨ᠎ᠠ᠂ ᠨᠠᠮ ᠪᠣᠯᠤᠨ ᠤᠯᠤᠰᠤᠨᠠᠵᠢᠯᠤᠨ ᠶᠡᠬᠡ ᠲᠠᠯ᠎ᠠ᠎ᠳᠤ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ᠎ᠲᠠᠶ ᠶᠤᠮ᠃ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠬᠢᠴᠠ᠎ᠳᠤ ᠥᠪᠥᠷ ᠮᠣᠩᠭᠣᠯ᠎ᠤᠨ ᠡᠷᠬᠡᠪᠰᠢ ᠪᠠᠲᠤ ᠡᠭᠦᠷᠭᠡᠯᠡᠬᠦ᠌ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠣᠯ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠢ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠲᠦᠷᠭᠡᠳᠭᠡᠨ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ᠃
ᠶᠡᠬᠡ ᠲᠠᠯ᠎ᠠ ᠳ᠋ᠦ ᠤᠯᠤᠰ ᠲᠦᠷᠦ᠍ ᠪᠠᠢᠨ᠎ᠠ᠂ ᠶᠡᠬᠡ ᠲᠠᠯ᠎ᠠ ᠳ᠋ᠦ ᠵᠠᠩ ᠴᠢᠨᠠᠷ ᠪᠠᠢᠨ᠎ᠠ᠂ ᠶᠡᠬᠡ ᠲᠠᠯᠠᠳ᠋ᠦ ᠬᠠᠷᠢᠭᠤᠴᠠᠯᠭ᠎ᠠ ᠪᠠᠢᠨ᠎ᠠ᠃ ᠭᠠᠭ᠍ᠴᠠ ᠬᠦ᠌ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭᠠᠡᠭᠦᠷᠭᠡᠯᠡᠨ᠂ ᠶᠡᠬᠡ ᠲᠠᠯ᠎ᠠ᠎ᠶ᠋ᠢᠨ ᠤᠬᠠᠮᠰᠠᠷ᠎ᠢ ᠪᠠᠲᠤ ᠪᠣᠶ ᠪᠣᠯᠭᠠᠵᠤ᠂ ᠤᠬᠠᠮᠰᠠᠷ᠎ᠠᠴᠠ᠎ᠪᠠᠨ ᠶᠡᠬᠡ ᠲᠠᠯ᠎ᠠ᠎ᠶ᠋ᠢ ᠳᠠᠭᠠᠵᠤ᠂ ᠶᠡᠬᠡ ᠲᠠᠯ᠎ᠠ᠎ᠶ᠋ᠢ ᠡᠷᠡᠰ ᠬᠠᠮᠠᠭᠠᠯᠠᠪᠠᠯ ᠰᠠᠶᠢ ᠵᠥᠪ ᠴᠢᠭ᠌ᠯᠡᠯ᠎ᠢᠶᠡᠷ ᠤᠷᠤᠭ᠍ᠰᠢᠯᠠᠵᠤ᠂ ᠡᠭᠦᠨ᠎ᠦ ᠤᠯᠠᠮ᠎ᠢᠶᠠᠷ ᠥᠪᠥᠷ ᠮᠣᠩᠭᠣᠯ᠎ᠤᠨ ᠠᠵᠤ ᠠᠬᠤᠶ ᠨᠡᠢᠭᠡᠮᠦᠨᠡᠯᠡᠵᠦᠶ᠋ᠯᠦᠨᠠᠵᠢᠯᠦᠶ᠋ᠯᠡᠰᠦᠨᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠵᠤ ᠴᠢᠳᠠᠨ᠎ᠠ᠃ ᠱᠢᠯᠭᠠᠯᠲᠠ᠎ᠳ᠋ᠤ ᠤᠷᠤᠯᠴᠠᠬᠤ ᠵᠠᠮ᠎ᠢᠶᠠᠷ ᠰᠠᠢᠳᠤᠷ ᠵᠠᠮᠨᠠᠵᠤ᠂ ᠱᠢᠨ᠎ᠡ ᠠᠶᠠᠨᠳᠠᠭᠠᠨ ᠡᠷᠡᠯᠬᠡᠭ᠌ᠯᠡᠨ ᠤᠷᠤᠭ᠍ᠰᠢᠯᠠᠬᠤ ᠳ᠋ᠤ ᠪᠢᠳᠡ ᠡᠷᠬᠡᠪᠰᠢ ᠬᠠᠷᠢᠭᠤᠴᠠᠯᠭ᠎ᠠ ᠪᠠᠨ ᠮᠡᠳᠡᠵᠤ ᠡᠭᠦᠷᠭᠡ ᠬᠠᠷᠢᠭᠤᠴᠠᠯᠭ᠎ᠠ ᠪᠠᠨ ᠡᠬᠦᠷᠬᠡᠯᠡᠨ᠂ 《ᠤᠯᠤᠰ᠎ᠤᠨ ᠶᠡᠬᠡ ᠶᠠᠪᠤᠳᠠᠯ 》 ᠢ᠋ ᠢᠮᠠᠭ᠍ᠲᠠ ᠪᠠᠲᠤ ᠴᠡᠭᠡᠵᠢᠯᠡᠵᠤ᠂ ᠢᠮᠠᠭ᠍ᠲᠠ ᠶᠡᠬᠡ ᠲᠠᠯ᠎ᠠ ᠡᠴᠡ ᠰᠡᠳᠭᠢᠬᠦ᠌ ᠪᠠ ᠠᠵᠢᠯᠯᠠᠬᠤ᠎ᠶ᠋ᠢ ᠪᠠᠷᠢᠮᠲᠠᠯᠠᠵᠤ᠂ ᠨᠡᠩ ᠪᠠᠳᠤ ᠴᠢᠩᠭ᠎ᠠ ᠤᠬᠠᠮᠰᠠᠷ᠂ ᠨᠡᠩ ᠡᠷᠡᠰ ᠬᠦᠴᠦᠳᠠᠢ ᠪᠡᠷ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ ᠵᠢ ᠡᠭᠦᠷᠭᠡᠯᠡᠨ᠂ ᠰᠠᠢᠳᠤᠷ ᠭᠦᠶ᠋ᠴᠡᠳᠭᠡᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ ᠢ᠋ ᠪᠠᠳᠤᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ ᠵᠢ ᠡᠭᠦᠷᠭᠡᠯᠡᠨ᠂ ᠰᠠᠢᠳᠤᠷ ᠭᠦᠢᠴᠡᠳᠭᠡᠵᠤ᠂ ᠤᠯᠤᠰ ᠤ᠋ᠨ ᠬᠦᠷᠰᠢ ᠵᠡᠷᠭᠡᠯᠡᠳᠡᠭᠡ ᠵᠢ ᠡᠪᠯᠡᠨ ᠵᠠᠰᠠᠬᠤ ᠪᠠ ᠭᠠᠳᠠᠭᠠᠳᠤ ᠨᠡᠭᠡᠭᠡᠯᠲᠡ᠎ᠵᠢᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠵᠢ ᠡᠭᠦᠷᠭᠡᠯᠡᠨ᠂ ᠰᠠᠢᠳᠤᠷ ᠭᠦᠢᠴᠡᠳᠭᠡᠵᠤ᠂ ᠤᠯᠤᠰ ᠤ᠋ᠨ ᠨᠢᠭᠡᠳᠦᠯ᠂ ᠦᠨᠳᠦᠰᠦᠲᠡᠨᠦᠪᠦᠯᠬᠦᠮᠳᠡᠯᠢ᠋ᠬᠠᠮᠠᠭᠠᠯᠠᠬᠤᠴᠢᠬᠤᠯᠠᠶᠡᠬᠡᠤᠯᠤᠰᠲᠥᠷᠥᠶ᠋ᠢᠨ ᠬᠠᠷᠢᠭᠤᠴᠠᠯᠭ᠎ᠠ ᠵᠢ ᠡᠭᠦᠷᠭᠡᠯᠡᠨ᠂ ᠰᠠᠢᠳᠤᠷ ᠭᠦᠢᠴᠡᠳᠭᠡᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ ᠵᠢ ᠡᠭᠦᠷᠭᠡᠯᠡᠨ᠂ ᠰᠠᠢᠳᠤᠷ ᠭᠦᠢᠴᠡᠳᠭᠡᠵᠤ᠂ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠰᠠᠬᠢᠵᠤ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠦᠪᠦᠷ ᠮᠤᠩᠭᠤᠯ ᠡᠩᠨᠡᠭᠡ᠎ᠡᠴᠡ ᠬᠣᠴᠣᠷᠬᠤ ᠥᠬᠡᠶ᠂ ᠴᠢᠭᠯᠡᠯ ᠪᠤᠷᠤᠭᠤᠳᠠᠬᠤ ᠦᠭᠡᠢ ᠪᠠᠢᠬᠤ᠎ᠶ᠋ᠢ ᠪᠠᠲᠤᠯᠠᠬᠤ ᠬᠡᠷᠡᠭᠳᠠᠢ᠃
ᠶᠡᠬᠡ ᠦᠢᠯᠡᠰ ᠪᠦᠳᠦᠬᠡᠬᠦ ᠵᠢ ᠬᠦᠰᠡᠪᠡᠯ ᠡᠷᠬᠡᠪᠰᠢ ᠦᠪᠡᠷ᠎ᠤᠨ ᠡᠬᠦᠷᠬᠡᠯᠡᠬᠦ ᠬᠠᠷᠢᠭᠤᠴᠠᠯᠭ᠎ᠠ ᠪᠠᠨ ᠮᠡᠳᠡᠬᠦ ᠬᠡᠷᠡᠭᠳᠡᠢ᠂ ᠵᠢᠩᠬᠢᠨᠢ ᠶᠡᠬᠡ ᠦᠢᠯᠡᠰ᠎ᠢ ᠪᠦᠳᠦᠬᠡᠬᠦ ᠳ᠋ᠤ ᠡᠷᠬᠡᠪᠰᠢ ᠦᠪᠡᠷ᠎ᠤᠨ ᠡᠬᠦᠷᠬᠡᠯᠡᠬᠦ ᠬᠠᠷᠢᠭᠤᠴᠠᠯᠭ᠎ᠠ ᠪᠠᠨ ᠬᠦᠢᠴᠡᠳᠬᠡᠬᠦ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠪᠣᠯᠤᠨ ᠠᠷᠠᠳ ᠲᠦᠮᠡᠨ᠎ᠡᠴᠡ ᠤᠯᠭᠤᠬᠰᠠᠨ ᠢᠷᠠᠭᠤ ᠠᠯᠳᠠᠷᠲᠤ ᠡᠭᠦᠷᠭᠡ᠎ᠶ᠋ᠢ ᠡᠷᠡᠰ ᠪᠠᠲᠤ ᠪᠡᠶᠡᠯᠡᠭᠦᠯᠬᠦ᠌᠎ᠳᠦ᠂ ᠪᠢᠳᠡ ᠠᠵᠢᠯ ᠬᠢᠵᠦ᠍ ᠦᠢᠯᠡᠰ ᠪᠤᠰᠭᠠᠬᠤ ᠣᠷᠭᠢᠯᠤᠮ᠎ᠠ ᠬᠠᠯᠠᠭᠤᠨ ᠰᠡᠳᠭᠢᠯᠭᠡ ᠪᠣᠯᠤᠨ ᠣᠮᠣᠭ ᠵᠣᠷᠢᠭ᠎ᠢᠶᠠᠨ ᠢᠮᠠᠭ᠍ᠲᠠ ᠪᠠᠷᠢᠮᠲᠠᠯᠠᠵᠤ᠂ ᠥᠭᠡᠳᠡᠯᠡᠨ ᠳᠠᠪᠱᠢᠬᠤ ᠵᠣᠷᠢᠭ ᠰᠠᠨᠠᠭᠠᠨ᠎ᠤ ᠳᠦᠷᠰᠦ ᠪᠠᠢᠳᠠᠯ᠎ᠢᠶᠠᠷ ᠡᠯ᠎ᠡ ᠵᠦᠢᠯ᠎ᠦᠨ ᠠᠵᠢᠯ ᠢ᠋ ᠰᠠᠢᠲᠤᠷ ᠬᠢᠬᠦ᠌ ᠴᠢᠬᠤᠯᠠᠳᠠᠢ᠃ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ᠎ᠶ᠋ᠢ ᠢᠮᠠᠭ᠍ᠲᠠ ᠳᠡᠢᠯᠦᠩᠭᠦᠢ ᠪᠠᠢᠷᠢᠨ᠎ᠳᠤ ᠲᠠᠯᠪᠢᠵᠤ᠂ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭᠠᠨ᠂ ᠬᠦᠬᠡ ᠴᠡᠩᠬᠡᠷ᠂ ᠠᠷᠢᠭᠤᠨ ᠴᠡᠪᠡᠷ᠎ᠢ ᠦᠨᠡᠨ ᠬᠦ᠌ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠢ; ᠪᠥᠬᠥ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ ᠳᠤᠮᠳᠠᠬᠢ ᠦᠪᠦᠷ ᠮᠤᠩᠭᠤᠯ ᠤ᠋ᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠤᠨ᠂ ᠤᠯᠤᠰ᠎ᠲᠤ ᠨᠠᠩ ᠲᠣᠭ᠍ᠲᠠᠭᠤᠨ᠂ ᠨᠠᠩ ᠠᠮᠤᠷ ᠲᠦᠪᠱᠢᠨ᠂ ᠨᠠᠩ ᠣᠯᠠᠨ ᠪᠣᠬᠢᠷᠲᠤᠯ ᠥᠬᠡᠶ ᠡᠨᠧᠷᠭᠢ᠎ᠶ᠋ᠢᠨ ᠬᠠᠩᠭᠠᠯᠭ᠎ᠠ ᠪᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠠᠩᠭᠠᠬᠤ ᠬᠡᠷᠡᠭ᠌ᠲᠡᠶ; ᠭᠠᠳᠠᠭᠠᠳᠤ ᠨᠡᠬᠡᠬᠡᠯᠳᠡ᠎ᠶ᠋ᠢ ᠪᠦᠬᠦ᠌ ᠲᠠᠯ᠎ᠠ᠎ᠪᠠᠷ ᠥᠷᠭᠡᠳᠭᠡᠵᠦ᠍᠂ ᠮᠠᠨ᠎ᠤ ᠤᠯᠤᠰ᠎ᠤᠨ ᠳᠣᠲᠣᠭᠠᠳᠤ ᠬᠠᠭᠤᠷᠠᠢ᠎ᠶ᠋ᠢᠨ ᠨᠡᠬᠡᠬᠡᠯᠳᠡ᠎ᠶ᠋ᠢᠨ ᠥᠨᠳᠥᠷᠯᠢᠭᠪᠣᠯᠤᠨᠬᠢᠯᠢ ᠳᠠᠭᠠᠤ ᠨᠡᠬᠡᠬᠡᠯᠳᠡ᠎ᠶ᠋ᠢᠨ ᠴᠢᠬᠤᠯᠠ ᠲᠤᠯᠭᠠᠭᠤᠷᠢᠯᠠᠬᠤ ᠴᠡᠭ᠎ᠢ ᠴᠣᠭ᠍ᠴᠠᠯᠠᠬᠤ ᠬᠡᠷᠡᠭ᠌ᠲᠡᠢ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠬᠡᠰ᠎ᠢ ᠡᠭᠦᠷᠢᠳᠡ ᠵᠤᠯᠭᠠᠷᠠᠰᠢ ᠦᠬᠡᠢ ᠳᠡᠯᠭᠡᠷᠡᠭᠦᠯᠬᠦ᠌ ᠬᠡᠷᠡᠭ᠌ᠲᠡᠢ; ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠡᠬᠡ ᠤᠯᠤᠰ᠎ᠤᠨ《ᠤᠮᠠᠷᠠᠳᠤ ᠶᠡᠬᠡ ᠡᠭᠦᠳᠡ》᠂ ᠨᠡᠢᠰᠯᠡᠯ᠎ᠦᠨ 《ᠤᠨᠠᠭᠤᠯᠢ ᠭᠣᠣᠯ》 ᠢ᠋ ᠨᠤᠷᠠᠰᠢ ᠦᠭᠡᠢ ᠬᠠᠳᠠᠭᠤ ᠪᠦᠬᠡ᠂ ᠡᠪᠳᠡᠷᠡᠰᠢ ᠦᠭᠡᠢ ᠪᠠᠲᠤ ᠪᠡᠬᠢ ᠪᠣᠯᠭᠠᠬᠤ ᠬᠡᠷᠡᠭ᠌ᠲᠡᠢ᠃
ᠬᠡᠳᠦ ᠵᠢᠨ ᠲᠦᠯᠦᠪ ᠵᠢᠷᠤᠭ᠍ᠯᠠᠬᠳᠠᠯᠡ᠂ ᠶᠠᠭ ᠰᠠᠯᠬᠢ ᠳᠠᠪᠠᠯᠭᠠᠨ᠎ᠢ ᠵᠦᠰᠦᠨ ᠤᠷᠤᠭ᠍ᠰᠢᠯᠠᠨᠠᠮ; ᠬᠦᠨᠳᠦ ᠡᠭᠦᠷᠭᠡ ᠮᠥᠷᠥᠨ ᠳ᠋ᠤ ᠲᠠᠯᠪᠢᠭᠳᠠᠯ᠎ᠠ᠂ ᠡᠷᠴᠢ ᠵᠤᠷᠢᠭ ᠵᠢᠡᠨ ᠬᠦᠪᠴᠢᠯᠡᠨ ᠭᠠᠪᠰᠢᠭᠠᠢᠯᠠᠨ ᠲᠡᠮᠡᠤᠯᠤᠨᠡᠮ᠃ ᠪᠥᠬᠥ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠶᠡᠬᠡ ᠲᠠᠯ᠎ᠠ ᠡᠴᠡ ᠪᠣᠳᠣᠯᠬᠢᠯᠠᠬᠤ ᠪᠠ ᠠᠵᠢᠯᠯᠠᠬᠤ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠲᠡᠦᠬᠡᠨ ᠡᠭᠦᠷᠭᠡᠲᠦ ᠰᠡᠳᠭᠢᠯᠭᠡ᠎ᠪᠡᠨ ᠦᠨᠡᠨ ᠬᠦ᠌ ᠴᠢᠩᠭᠠᠳᠭᠠᠵᠤ᠂ 《ᠲᠠᠪᠤᠨ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ》 ᠶ᠋ᠢ ᠡᠷᠡᠰ ᠡᠭᠦᠷᠭᠡᠯᠡᠵᠦ᠍᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠶ᠎ᠪᠠᠷ ᠡᠭᠦᠷᠭᠡᠯᠡᠵᠦ᠍᠂ ᠰᠠᠨᠠᠭᠠᠴᠢᠯᠠᠭ᠎ᠠ ᠡᠴᠡᠪᠠᠨᠵᠢᠳᠬᠦᠯ ᠴᠢᠷᠮᠠᠢᠯᠭ᠎ᠠ ᠭᠠᠷᠭᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠦᠷᠬᠦᠯᠵᠢᠯᠡᠨ ᠲᠠᠰᠤᠷᠠᠯᠳᠠ ᠦᠬᠡᠢ ᠲᠡᠮᠡᠴᠡᠬᠦ᠌ ᠳᠤᠮᠳᠠ ᠥᠪᠥᠷ ᠮᠣᠩᠭᠣᠯ᠎ᠤᠨ ᠡᠭᠦᠷᠭᠡᠯᠡᠯ᠎ᠢ ᠢᠯᠡᠷᠡᠭᠦᠯᠵᠦ᠍᠂ ᠥᠪᠥᠷ ᠮᠣᠩᠭᠣᠯ ᠤᠨ ᠬᠦᠴᠦᠨ ᠴᠢᠳᠠᠯ ᠢᠶᠠᠨ ᠡᠷᠭᠦᠵᠦ᠍᠂ ᠥᠪᠥᠷ ᠮᠣᠩᠭᠣᠯ ᠤᠨ ᠴᠣᠭ ᠵᠢᠪᠬᠤᠭᠠᠶ᠋ᠢᠪᠠᠳᠠᠷᠠᠭᠤᠯᠵᠤ᠂ᠨᠠᠮᠤᠨᠲᠥᠪᠬᠣᠷᠢᠶᠠᠨᠤ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠬᠦ᠌ ᠥᠬᠡᠶ᠂ ᠣᠯᠠᠨ ᠲᠦᠮᠡᠨ᠎ᠦ ᠬᠦᠰᠡᠯ ᠡᠷᠡᠮᠡᠯᠵᠡᠯ᠎ᠢ ᠬᠥᠰᠡᠷᠳᠡᠭᠦᠯᠬᠦ᠌ ᠥᠬᠡᠶ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠰᠤᠭᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃