2021-12-02 09:46:20
12 ᠰᠠᠷ᠎ᠠ᠎ᠶ᠋ᠢᠨ 1 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠰᠣᠨᠢᠨ ᠮᠡᠳᠡᠭᠡᠨ᠎ᠦ ᠥᠭᠦᠯᠡᠭ᠌ᠴᠢ ᠵᠧᠩ ᠬᠣᠩ ᠹᠠᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠯᠪᠤᠬᠳᠠᠯ ᠪᠥᠬᠥᠶ ᠠᠭᠤᠯᠭ᠎ᠠ᠎ᠶ᠋ᠢ ᠲᠠᠨᠢᠯᠴᠠᠭᠤᠯᠤᠬᠰᠡᠨ ᠪᠦᠭᠡᠳ ᠶᠡᠬᠡ ᠬᠤᠷᠠᠯ᠎ᠤᠨ ᠵᠣᠷᠢᠭ ᠰᠠᠨᠠᠭ᠎ᠠ ᠳ᠋ᠤ ᠳᠠᠢᠯᠤᠮᠵᠢ ᠬᠢᠪᠠ᠃
ᠵᠧᠩ ᠬᠣᠩ ᠹᠠᠨ᠂ 11 ᠰᠠᠷ᠎ᠠ᠎ᠶ᠋ᠢᠨ 27 ᠡᠴᠡ 30 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨᠤᠠᠷᠪᠠᠨᠨᠢᠭᠡᠳᠦᠭᠡᠷᠤᠳᠠᠭᠠᠶ᠋ᠢᠨᠲᠥᠯᠥᠭᠡᠯᠡᠭ᠌ᠴᠢᠳᠦᠨᠶᠡᠬᠡ ᠬᠤᠷᠠᠯ ᠬᠥᠬᠡᠬᠣᠲᠠ᠎ᠳᠤ ᠬᠤᠷᠠᠯᠳᠤᠪᠠ᠃ ᠶᠡᠬᠡ ᠬᠤᠷᠠᠯ᠎ᠡᠴᠡ ᠱ᠌ᠢ᠎ᠲᠡᠶ ᠹᠸᠩ ᠨᠥᠬᠥᠷ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠤᠷᠢᠶ᠎ᠠ ᠶᠢ ᠲᠥᠯᠥᠬᠡᠯᠡᠨ ᠬᠢᠭ᠌ᠰᠡᠨ ᠢᠯᠡᠳᠭᠡᠯ᠎ᠢ ᠰᠣᠨᠣᠰᠴᠤ᠌ ᠬᠢᠨᠠᠨ ᠵᠥᠪᠯᠡᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶ᠋ᠢ ᠰᠣᠩᠭᠣᠨ ᠭᠠᠷᠭᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠢᠯᠡᠳᠭᠡᠯ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠢᠢᠳᠪᠦᠷᠢ》ᠪᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠢᠢᠳᠪᠦᠷᠢ》 ᠵᠢ ᠪᠠᠲᠤᠯᠠᠵᠤ᠂ ᠡᠯ᠎ᠡ ᠵᠦᠢᠯ᠎ᠦᠨ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠠᠢ ᠭᠡᠵᠤ ᠲᠠᠨᠢᠯᠴᠠᠭᠤᠯᠪᠠ᠃
ᠵᠧᠩ ᠬᠣᠩ ᠹᠠᠨ᠂ ᠶᠡᠬᠡ ᠬᠤᠷᠠᠯ᠎ᠡᠴᠡ ᠨᠠᠮ᠎ᠤᠨ ᠲᠥᠪ ᠬᠤᠷᠢᠶ᠎ᠠ ᠵᠢᠨ ᠬᠤᠭᠤᠴᠠᠭ᠎ᠠ ᠰᠣᠯᠢᠬᠤ ᠠᠵᠢᠯ᠎ᠤᠨ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠴᠢᠩᠭ᠎ᠠ ᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠨ᠂ ᠠᠷᠠᠳᠴᠢᠯᠠᠯ᠎ᠢ ᠭᠦᠢᠴᠡᠳᠪᠠᠳᠠᠷᠠᠭᠤᠯᠵᠤ᠂ ᠪᠦᠬᠦᠢᠯᠡ ᠶᠠᠪᠤᠴᠠ᠎ᠳᠤ ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠲᠠᠶ᠂ ᠰᠠᠬᠢᠯᠭ᠎ᠠ ᠪᠠᠲᠤ ᠴᠢᠩᠭ᠎ᠠ᠂ ᠪᠤᠳᠤᠯᠬᠢᠯᠠᠯ ᠭᠦᠢᠴᠡᠳ᠂ ᠲᠡᠰ ᠳᠠᠷᠠᠭᠠᠯᠠᠯ ᠵᠢᠷᠤᠮᠵᠢᠯ᠎ᠲᠠᠶ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠶᠢᠨᠤᠳᠤᠷᠢᠳᠭᠤ ᠪᠠᠭ᠎ᠤᠨ ᠱᠢᠨ᠎ᠡ ᠬᠠᠭᠤᠴᠢᠨ᠎ᠤ ᠰᠤᠯᠢᠭᠳᠠᠯ᠎ᠢ ᠤᠷᠤᠭ᠍ᠰᠢᠲᠠᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠳᠤᠷᠢᠳᠭᠤᠪᠠᠭᠤᠨᠬᠤᠭᠤᠴᠠᠭᠠ ᠰᠣᠯᠢᠬᠤ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠪᠠᠲᠤ ᠴᠢᠩᠭ᠎ᠠ ᠤᠯᠤᠰ ᠲᠦᠷᠦ᠍᠎ᠶ᠋ᠢᠨ ᠪᠠᠲᠤᠯᠠᠭ᠎ᠠ ᠪᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠵᠠᠢ ᠭᠡᠵᠤ ᠲᠠᠨᠢᠯᠴᠠᠭᠤᠯᠪᠠ᠃
ᠵᠧᠩ ᠬᠣᠩ ᠹᠠᠨ᠂ ᠶᠡᠬᠡ ᠬᠤᠷᠠᠯ᠎ᠡᠴᠡ ᠱ᠌ᠢ᠎ᠲᠡᠶ ᠹᠸᠩ ᠨᠥᠬᠥᠷ᠎ᠦᠨ ᠬᠢᠭ᠌ᠰᠡᠨ ᠢᠯᠡᠳᠬᠡᠯ᠎ᠢ ᠭᠦᠢᠴᠡᠳ ᠨᠤᠲᠠᠯᠠᠭᠰᠠᠨ ᠪᠦᠭᠡᠳ ᠳᠡᠭᠡᠳᠦ ᠬᠡᠮᠵᠢᠶ᠎ᠡ᠎ᠪᠡᠷ ᠦᠨᠡᠯᠡᠪᠡ᠃ ᠬᠤᠷᠠᠯ᠎ᠳᠤ ᠣᠷᠣᠯᠴᠠᠭ᠍ᠰᠠᠨ ᠨᠥᠬᠥᠳ ᠰᠠᠨᠠᠯ ᠨᠢᠭᠡᠲᠡᠶ ᠪᠡᠷ᠂ ᠢᠯᠡᠳᠭᠡᠯ᠎ᠦᠨ ᠤᠯᠤᠰ ᠲᠥᠷᠥ᠎ᠶ᠋ᠢᠨ ᠵᠣᠭ᠍ᠰᠣᠴᠠ ᠥᠨᠳᠥᠷ᠂ ᠦᠵᠡᠯ ᠰᠠᠨᠠᠭ᠎ᠠ ᠭᠦᠨ ᠭᠦᠨᠵᠡᠭᠡᠶ᠂ ᠠᠵᠢᠯ᠎ᠤᠨ ᠨᠠᠢᠳᠠᠪᠤᠷᠢᠵᠢᠭᠤᠯᠤᠯᠲᠠ ᠪᠣᠳᠠᠲᠠᠶ ᠪᠠᠢᠵᠤ᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠣᠯ᠎ᠳᠤ ᠲᠠᠯᠪᠢᠭ᠍ᠰᠠᠨ ᠬᠦᠰᠡᠯ ᠱᠠᠭᠠᠷᠳᠠᠯᠭ᠎ᠠ᠎ᠲᠠᠶ ᠪᠦᠷᠢᠮᠦᠰᠦᠨ ᠨᠡᠢᠴᠡᠵᠦ᠍᠂ ᠥᠪᠥᠷ ᠮᠣᠩᠭᠣᠯᠤᠨᠪᠣᠳᠠᠲᠤ ᠪᠠᠢᠳᠠᠯ᠎ᠲᠠᠶ ᠨᠡᠢᠴᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠲᠡᠶ ᠨᠡᠢᠴᠡᠵᠦ᠍᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠪᠠᠢᠯᠳᠤᠬᠤ ᠪᠣᠳᠣᠯᠭ᠎ᠠ᠎ᠶ᠋ᠢᠨ ᠴᠢᠨᠠᠷ᠂ ᠵᠢᠯᠣᠭᠣᠳᠭᠤ ᠴᠢᠨᠠᠷ᠂ ᠬᠠᠨᠳᠤᠯᠭᠠᠲᠤ ᠴᠢᠨᠠᠷᠲᠠᠶ ᠪᠠᠢᠵᠤ᠂ ᠲᠣᠭ᠎ᠢ ᠥᠨᠳᠥᠷ ᠮᠠᠨᠳᠤᠭᠤᠯᠤᠭ᠍ᠰᠠᠨ᠂ ᠦᠨᠡᠨ᠎ᠡᠴᠡ ᠵᠥᠪ᠎ᠢ ᠡᠷᠢᠭ᠌ᠰᠡᠨ᠂ ᠵᠠᠮ ᠨᠡᠭᠡᠭᠡᠨ ᠤᠷᠤᠭ᠍ᠰᠢᠯᠠᠭ᠍ᠰᠠᠨ᠂ ᠬᠥᠮᠦᠰ᠎ᠦᠨ ᠰᠡᠳᠭᠢᠯ᠎ᠢ ᠵᠣᠷᠢᠭ᠍ᠵᠢᠭᠤᠯᠤᠭ᠍ᠰᠠᠨ ᠰᠠᠢᠨ ᠢᠯᠡᠳᠭᠡᠯ ᠪᠣᠯᠤᠨ᠎ᠠ ᠭᠡᠵᠦ ᠦᠵᠡᠵᠦ ᠪᠠᠢᠨ᠎ᠠ ᠭᠡᠵᠦ ᠢᠯᠡᠳᠭᠡᠪᠡ᠃
ᠵᠧᠩ ᠬᠣᠩ ᠹᠠᠨ᠂ ᠶᠡᠬᠡ ᠬᠤᠷᠠᠯ᠎ᠤᠨ ᠭᠣᠣᠯ ᠰᠡᠳᠦᠪᠲᠤ᠌ ᠵᠢᠯᠣᠭᠣᠳᠭᠤ ᠦᠵᠡᠯ ᠰᠠᠨᠠᠭ᠎ᠠ᠂ ᠬᠥᠳᠡᠯᠭᠡᠬᠦ᠌ ᠬᠦᠴᠦᠨᠦᠡᠬᠢ ᠪᠤᠯᠠᠭ᠂ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠂ ᠲᠡᠮᠡᠴᠡᠬᠦ᠌ ᠬᠠᠷᠠᠯᠲᠠ ᠵᠡᠷᠭᠡ ᠴᠢᠬᠤᠯᠠ ᠠᠭᠤᠯᠭ᠎ᠠ᠎ᠶ᠋ᠢ ᠬᠠᠮᠤᠷᠴᠤ᠌᠂ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠣᠯ᠎ᠳᠤ ᠲᠠᠯᠪᠢᠭ᠍ᠰᠠᠨᠨᠠᠨᠳᠢᠨᠬᠦᠰᠡᠯᠨᠠᠢᠳᠠᠯᠭᠠᠪᠣᠯᠤᠨᠴᠢᠬᠤᠯᠠᠱᠠᠭᠠᠷᠳᠠᠯᠭᠠᠶ᠋ᠢ ᠲᠤᠭᠤᠱᠢᠯᠠᠭᠤᠯᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠣᠨᠴᠠᠯᠢᠭ᠎ᠢ ᠢᠯᠡᠷᠡᠭᠦᠯᠪᠡ᠃ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠥᠩᠭᠡᠷᠡᠭ᠌ᠰᠡᠨ ᠲᠠᠪᠤᠨ ᠵᠢᠯ᠎ᠦᠨ ᠭᠣᠣᠯ ᠠᠵᠢᠯ᠎ᠢ ᠳ᠋ᠦᠩᠨᠡᠵᠦ᠍᠂ ᠠᠮᠵᠢᠯᠲᠠ ᠪᠦᠲᠦᠮᠵᠢ᠎ᠶ᠋ᠢ ᠢᠯᠡᠷᠡᠭᠦᠯᠵᠦ᠍᠂ ᠬᠥᠮᠦᠰ᠎ᠦᠨ ᠰᠡᠳᠭᠢᠯ᠎ᠢ ᠵᠣᠷᠢᠭ᠍ᠵᠢᠭᠤᠯᠤᠭ᠍ᠰᠠᠨ ᠮᠥᠷᠲᠡᠭᠡᠨ ᠪᠠᠰᠠ ᠠᠰᠠᠭᠤᠳᠠᠯ᠎ᠳᠤ ᠱᠢᠭᠤᠳ ᠬᠠᠨᠳᠤᠵᠤ᠂ ᠰᠡᠷᠭᠡᠭ ᠪᠠᠢᠬᠤ᠎ᠶ᠋ᠢ ᠪᠠᠲᠤᠯᠠᠪᠠ᠃ ᠢᠯᠡᠳᠭᠡᠯ᠎ᠳᠦ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ᠂ ᠥᠪᠥᠷ ᠮᠣᠩᠭᠣᠯ᠎ᠤᠨ ᠬᠠᠷᠢᠭᠤᠴᠠᠯᠭ᠎ᠠ ᠪᠣᠯᠤᠨ ᠡᠭᠦᠷᠭᠡ᠎ᠶ᠋ᠢ ᠳᠤᠷᠠᠳᠴᠤ᠌᠂ ᠬᠣᠢᠱᠢᠳᠠ᠎ᠶ᠋ᠢᠨ ᠲᠠᠪᠤᠨ ᠵᠢᠯ᠎ᠦᠨ ᠬᠠᠷᠠᠯᠲᠠ ᠱᠠᠭᠠᠷᠳᠠᠯᠭ᠎ᠠ᠂ ᠭᠤᠤᠯ ᠡᠭᠦᠷᠭᠡ᠎ᠶ᠋ᠢ ᠰᠤᠳᠤᠯᠤᠨ ᠲᠣᠭ᠍ᠲᠠᠭᠠᠵᠤ᠂ ᠪᠥᠬᠥ᠌ ᠣᠷᠣᠨ᠎ᠤ ᠳᠡᠭᠡᠳᠦ ᠳᠤᠤᠷᠠᠳᠤ ᠱᠠᠲᠤ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠶᠡᠬᠡ ᠲᠠᠯ᠎ᠠ᠎ᠡᠴᠡ ᠰᠡᠳᠭᠢᠬᠦ᠌ ᠪᠠ ᠠᠵᠢᠯᠯᠠᠬᠤ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠲᠡᠦᠬᠡᠨ ᠡᠭᠦᠷᠭᠡᠲᠦ ᠰᠡᠳᠭᠢᠯᠭᠡ᠎ᠶ᠋ᠢ᠎ᠨᠢ ᠤᠯᠠᠮ ᠴᠢᠨᠠᠭ᠍ᠰᠢᠳᠠ ᠴᠢᠩᠭᠠᠳᠭᠠᠵᠠᠶ ᠭᠡᠵᠦ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠂ ᠨᠠᠮ᠎ᠤᠨ ᠬᠤᠷᠢᠶ᠎ᠠ ᠵᠢᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠂ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠨᠥᠬᠥᠳ ᠰᠣᠨᠢᠨ ᠮᠡᠳᠡᠭᠡ ᠨᠡᠢᠲᠡᠯᠡᠬᠦ᠌ ᠬᠤᠷᠠᠯ᠎ᠳᠤ ᠣᠷᠣᠯᠴᠠᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠲᠣᠳᠣᠷᠬᠠᠢᠯᠠᠭ᠍ᠰᠠᠨ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠂ ᠠᠵᠤ ᠠᠬᠤᠶ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠂ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ ᠵᠡᠷᠭᠡ ᠠᠭᠤᠯᠭ᠎ᠠ᠎ᠶ᠋ᠢᠨ ᠲᠤᠬᠠᠶ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃