2021-12-02 09:47:48
ᠰᠢᠨ᠎ᠠ ᠰᠢᠯᠭᠠᠯᠳᠠ ᠵᠢᠨ ᠠᠶᠠᠨ ᠳ᠋ᠦ ᠴᠢᠷᠮᠠᠢᠨ ᠲᠡᠮᠡᠴᠡᠵᠦ ᠠᠮᠵᠢᠯᠳᠠ ᠪᠦᠳᠦᠮᠵᠢ ᠭᠠᠷᠭᠠᠰᠤᠭᠠᠢ
ᠲᠡᠦᠬᠡ᠎ᠶ᠋ᠢᠨ ᠵᠦᠭ᠌ᠯᠡᠭᠦᠷ ᠱᠢᠨ᠎ᠡ ᠴᠠᠭ ᠦᠶ᠎ᠡ ᠵᠢ ᠵᠢᠭᠠᠬᠤ᠎ᠳᠦ᠂ ᠡᠷᠡᠮᠡᠬᠡᠢᠯᠡᠨ ᠤᠷᠤᠭ᠍ᠰᠢᠯᠠᠬᠤ ᠠᠯᠬᠤᠭ᠎ᠠ ᠪᠡᠷ ᠱᠢᠨ᠎ᠡ ᠠᠶᠠᠨᠳᠠᠭᠠᠨ ᠮᠤᠷᠳᠠᠯ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠤᠳᠠᠭ᠎ᠠ ᠵᠢᠨ ᠲᠦᠯᠦᠭᠡᠯᠡᠭᠴᠢᠳ᠎ᠤᠨ ᠶᠡᠬᠡ ᠬᠤᠷᠠᠯ ᠡᠴᠡ ᠬᠤᠢᠰᠢᠳᠠ᠎ᠶ᠋ᠢᠨ ᠲᠠᠪᠤᠨ ᠵᠢᠯ᠎ᠦᠨ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ᠎ᠶ᠋ᠢᠨ ᠰᠠᠢ᠌ᠨ ᠰᠠᠢᠬᠠᠨ ᠵᠢᠷᠤᠭ ᠳᠦᠰᠦᠪ᠎ᠢ ᠱᠢᠨᠵᠢᠯᠡᠬᠦ᠌ ᠤᠬᠠᠭᠠᠨᠴᠢ᠎ᠪᠠᠷ ᠵᠢᠷᠤᠭ᠍ᠯᠠᠨ ᠲᠦᠰᠤᠪᠯᠠᠵᠦ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠪᠠ᠃ ᠣᠷᠣᠨ ᠳᠠᠶᠠᠭᠠᠷ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠤᠳᠠᠭ᠎ᠠ ᠵᠢᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠳᠠᠷᠤᠢ ᠲᠦᠷᠭᠡᠨ ᠨᠢᠭᠡᠳᠭᠡᠵᠦ᠍᠂ ᠬᠠᠷᠢᠭᠤᠴᠠᠯᠭ᠎ᠠ ᠪᠠᠨ ᠮᠡᠳᠡᠵᠦ᠍᠂ ᠬᠠᠷᠢᠭᠤᠴᠠᠯᠭ᠎ᠠ ᠪᠠᠨ ᠡᠬᠦᠷᠬᠡᠯᠡᠵᠥ᠂ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠱᠢᠨ᠎ᠡ ᠵᠢᠳᠬᠦᠯ ᠴᠢᠷᠮᠠᠢᠯᠭ᠎ᠠ᠎ᠪᠠᠷ᠎ᠢᠶᠠᠨ ᠱᠢᠨ᠎ᠡ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ᠎ᠶ᠋ᠢ ᠡᠭᠦᠳᠬᠦ᠌᠎ᠪᠡᠷ ᠴᠢᠷᠮᠠᠢᠬᠤ ᠬᠡᠷᠡᠭ᠌ᠲᠡᠢ᠃
ᠬᠡᠷᠡᠭ ᠪᠤᠳᠠᠰ᠎ᠤᠨ ᠭᠤᠤᠯ ᠭᠤᠭᠴᠤᠭ᠎ᠠ᠎ᠶᠢ ᠠᠳᠬᠤᠪᠠᠯ ᠰᠠᠶᠢ ᠪᠤᠰᠤᠳ ᠭᠤᠭᠴᠤᠭ᠎ᠠ᠎ᠶᠢ ᠲᠠᠢᠴᠢᠯᠠᠵᠤ ᠴᠢᠳᠠᠨ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠤᠳᠠᠭ᠎ᠠ ᠵᠢᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠳᠤ ᠡᠷᠬᠡᠪᠰᠢ ᠶᠡᠬᠡ ᠬᠤᠷᠠᠯ᠎ᠤᠨ ᠭᠣᠣᠯ ᠰᠡᠳᠦᠪ᠎ᠢ ᠭᠦᠨᠵᠡᠭᠡᠢ ᠣᠢᠯᠠᠭᠠᠬᠤ ᠬᠡᠷᠡᠭ᠌ᠲᠡᠢ᠃ ᠡᠨᠡ ᠬᠦ᠌ ᠭᠣᠣᠯ ᠰᠡᠳᠦᠪ ᠪᠣᠯ ᠳᠠᠷᠤᠢ᠄ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠣᠯᠤᠨ ᠲᠡᠦᠬᠡᠨ ᠲᠤᠷᠱᠢᠯᠭ᠎ᠠ ᠡᠴᠡ ᠤᠶᠤᠨ ᠤᠬᠠᠭᠠᠨ ᠪᠣᠯᠤᠨ ᠬᠦᠴᠦᠨ ᠴᠢᠳᠠᠯ ᠰᠢᠩᠬᠡᠬᠡᠵᠥ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠣᠷᠢᠭ᠍ᠲᠠᠢ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠥ᠂ ᠳᠤᠮᠳᠠᠳᠤ᠎ᠶ᠋ᠢᠨ ᠦᠨᠳᠦᠰᠦᠲᠡᠨᠦᠬᠠᠮᠲᠤᠶ᠋ᠢᠨᠴᠣᠭ᠍ᠴᠠᠶ᠋ᠢᠨᠤᠬᠠᠮᠰᠠᠷᠢᠴᠥᠬᠥᠷᠡᠰᠢ ᠦᠭᠡᠢ ᠪᠠᠲᠤ ᠴᠣᠭ᠍ᠴᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠲᠦᠷᠭᠡᠳᠭᠡᠨ ᠪᠠᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠶᠠᠪᠤᠳᠠᠯ ᠪᠤᠯᠤᠨ᠎ᠠ᠃
ᠡᠨᠡ ᠬᠦ᠌ ᠭᠣᠣᠯ ᠰᠡᠳᠦᠪ ᠨᠢ ᠵᠢᠯᠣᠭᠣᠳᠭᠤ ᠦᠵᠡᠯ ᠰᠠᠨᠠᠭ᠎ᠠ᠂ ᠬᠥᠳᠡᠯᠭᠡᠭ᠌ᠴᠢ ᠬᠦᠴᠦᠨ᠎ᠦ ᠡᠬᠢ ᠪᠤᠯᠠᠭ᠂ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠂ ᠲᠡᠮᠡᠴᠡᠬᠦ᠌ ᠬᠠᠷᠠᠯᠲᠠ ᠵᠡᠷᠭᠡ ᠴᠢᠬᠤᠯᠠ ᠠᠭᠤᠯᠭ᠎ᠠ ᠵᠢ ᠬᠠᠮᠤᠷᠴᠤ᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠤ ᠲᠠᠯᠪᠢᠭ᠍ᠰᠠᠨ ᠬᠦᠰᠡᠯ ᠨᠠᠢᠳᠠᠯᠭ᠎ᠠ ᠪᠣᠯᠤᠨ ᠴᠢᠬᠤᠯᠠ ᠱᠠᠭᠠᠷᠳᠠᠯᠭ᠎ᠠ᠎ᠶ᠋ᠢ ᠲᠤᠭᠤᠱᠢᠯᠠᠭᠤᠯᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠣᠨᠴᠠᠯᠢᠭ᠎ᠢ ᠢᠯᠡᠷᠡᠭᠦᠯᠵᠤ᠂ ᠮᠠᠰᠢ ᠴᠢᠩᠭ᠎ᠠ ᠵᠢᠯᠣᠭᠣᠳᠭᠤ ᠴᠢᠨᠠᠷ ᠪᠠ ᠦᠶ᠋ᠯᠡᠳᠦᠯᠭᠡᠲᠦ ᠴᠢᠨᠠᠷᠲᠠᠶ᠂ ᠬᠣᠢᠱᠢᠳᠠ᠎ᠶ᠋ᠢᠨ ᠲᠠᠪᠤᠨ ᠵᠢᠯ᠎ᠦᠨ ᠪᠦᠬᠦ᠌ ᠣᠷᠣᠨ᠎ᠤ ᠠᠵᠢᠯ᠎ᠤᠨ ᠶᠡᠷᠦᠩᠬᠡᠶ ᠬᠥᠲᠥᠯᠪᠦᠷᠢ ᠪᠠᠢᠵᠤ᠂ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠲᠤ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠵᠤ᠂ ᠨᠠᠮ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠤᠬᠠᠮᠰᠠᠷ᠎ᠡᠴᠡ᠎ᠪᠠᠨ ᠦᠶ᠋ᠯᠡᠳᠦᠯᠭᠡᠵᠢᠭᠦᠯᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠱᠢᠨ᠎ᠡ ᠴᠠᠭ ᠦᠶ᠎ᠡ᠎ᠳᠤ ᠲᠡᠮᠡᠴᠡᠵᠤ᠂ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ᠎ᠳᠤ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠶᠡᠬᠡ ᠬᠤᠷᠠᠯ᠎ᠤᠨ ᠭᠣᠣᠯ ᠰᠡᠳᠦᠪ᠎ᠢ ᠭᠦᠨᠵᠡᠭᠡᠢ ᠤᠢ᠍ᠢᠯᠠᠭᠠᠨ ᠣᠨᠣᠪᠴᠢᠲᠠᠢ ᠡᠵᠡᠮᠱᠢᠵᠦ᠍᠂ ᠤᠬᠠᠮᠰᠠᠷ᠎ᠡᠴᠡ᠎ᠪᠠᠨ ᠡᠭᠦᠨ᠎ᠢᠶᠡᠷ ᠦᠵᠡᠯ ᠰᠠᠨᠠᠭ᠎ᠠ ᠲᠠᠨᠢᠯᠲᠠ᠎ᠪᠠᠨ ᠨᠢᠭᠡᠳᠭᠡᠵᠦ᠍᠂ ᠤᠷᠤᠭ᠍ᠰᠢᠯᠠᠨ ᠲᠠᠪᠱᠢᠬᠤ ᠬᠦᠴᠦᠨ ᠴᠢᠳᠠᠯ᠎ᠢ ᠨᠢᠭ᠍ᠲᠠᠷᠠᠭᠤᠯᠵᠤ᠂ ᠢᠷᠡᠭᠡᠳᠦᠢ᠎ᠶ᠋ᠢᠨ ᠬᠥᠭ᠌ᠵᠢᠯᠲᠡ᠎ᠶ᠋ᠢ ᠬᠦᠳᠦᠯᠥᠨ ᠳᠠᠭᠠᠭᠤᠯᠪᠠᠯ ᠰᠠᠶ᠍ᠢ ᠥᠪᠥᠷ ᠮᠣᠩᠭᠣᠯ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠴᠦ᠍ ᠴᠢᠳᠠᠨ᠎ᠠ᠃
ᠲᠠᠨᠢᠯᠲᠠ ᠭᠦᠨᠵᠡᠭᠡᠢᠷᠡᠮᠡᠨᠵᠢᠨ ᠰᠠᠶᠢ ᠲᠤᠭᠤᠰᠢᠳᠠᠢ ᠨᠠᠢᠳᠠᠪᠦᠷᠢᠵᠢᠭᠤᠯᠵᠤ ᠴᠢᠳᠠᠨ᠎ᠠ᠃ ᠥᠩᠭᠡᠷᠡᠭ᠌ᠰᠡᠨ ᠲᠠᠪᠤᠨ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠪᠦᠬᠦ᠌ ᠲᠠᠯ᠎ᠠ᠎ᠶ᠋ᠢᠨ ᠬᠦᠭᠵᠢᠯᠳᠡ ᠲᠠᠪᠰᠢᠯᠳᠠ᠎ᠶᠢ ᠪᠡᠶᠡᠯᠡᠭᠦᠯᠵᠦ᠍ ᠴᠢᠳᠠᠭ᠍ᠰᠠᠨ᠎ᠤ ᠬᠠᠮᠤᠭ᠎ᠤᠨ ᠦᠨᠳᠦᠰᠦᠨ ᠵᠦᠢᠯ ᠨᠢ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠶᠢᠨᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠂ ᠶᠡᠷᠦᠩᠬᠡᠢ ᠱᠦᠵᠢ ᠰᠢ᠎ᠶ᠋ᠢᠨ ᠫᠢᠩ ᠪᠡᠶ᠎ᠡ᠎ᠪᠡᠷ᠎ᠢᠶᠡᠨ ᠥᠪᠥᠷ ᠮᠣᠩᠭᠣᠯ᠎ᠤᠨ ᠰᠤᠳᠠᠯ᠎ᠢ ᠪᠠᠷᠢᠵᠤ ᠴᠢᠭ᠌ᠯᠡᠯ᠎ᠢ ᠲᠣᠭ᠍ᠲᠠᠭᠠᠵᠤ᠂ ᠵᠠᠮ᠎ᠢ ᠵᠢᠭᠠᠵᠤ ᠠᠶᠠᠯᠠᠯ᠎ᠢ ᠵᠢᠯᠣᠭᠣᠳᠤᠭ᠍ᠰᠠᠨ᠎ᠳᠤ ᠪᠤᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠬᠡ ᠬᠤᠷᠠᠯ᠎ᠤᠨ ᠭᠤᠤᠯ ᠰᠡᠳᠦᠪ᠎ᠢ ᠣᠨᠣᠪᠴᠢᠲᠠᠶ ᠤᠢᠯᠠᠭᠠᠨ ᠡᠵᠡᠮᠱᠢᠵᠦ᠍᠂ ᠪᠢᠳᠡᠨ᠎ᠢ ᠡᠷᠬᠡᠪᠰᠢ 《ᠬᠣᠶᠠᠷ᠎ᠢ ᠲᠣᠭ᠍ᠲᠠᠭᠠᠬᠤ》 ᠶ᠋ᠢ ᠪᠡᠶ᠎ᠡ᠎ᠪᠡᠷ᠎ᠢᠶᠡᠨ ᠦᠶ᠋ᠯᠡᠳᠦᠯᠭᠡᠵᠢᠭᠦᠯᠵᠦ᠍᠂ 《 ᠬᠣᠶᠠᠷ᠎ᠢ ᠬᠠᠮᠠᠭᠠᠯᠠᠬᠤ 》 ᠶ᠋ᠢ ᠤᠬᠠᠮᠰᠠᠷ᠎ᠡᠴᠡ᠎ᠪᠠᠨ ᠪᠡᠶᠡᠯᠡᠭᠦᠯᠵᠦ᠍᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠢᠮᠠᠭ᠍ᠲᠠ ᠰᠤᠷᠤᠯᠴᠠᠨ ᠮᠡᠳᠡᠵᠦ᠂ ᠨᠡᠪᠲᠡᠷᠡᠲᠡᠯ᠎ᠡ ᠤᠢᠯᠠᠭᠠᠵᠤ᠂ ᠪᠤᠲᠠᠲᠠᠢ᠌ᠵᠢᠭᠤᠯᠵᠤ᠂ ᠢᠮᠠᠭ᠍ᠲᠠ ᠶᠡᠷᠦᠩᠬᠡᠶ ᠱᠦᠵᠢ ᠰᠢ᠎ᠶ᠋ᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠴᠤᠴᠠᠯᠲᠠ ᠥᠬᠡᠶ ᠤᠷᠤᠭ᠍ᠰᠢᠯᠠᠵᠤ᠂ ᠡᠴᠦᠰ᠎ᠲᠦᠨᠢ ᠲᠤᠯᠲᠠᠯ᠎ᠠ ᠲᠤᠢᠯᠪᠦᠷᠢᠳᠠᠢ ᠬᠢᠵᠦ᠍᠂ ᠨᠡᠩ ᠪᠠᠳᠤ ᠴᠢᠩᠭ᠎ᠠ ᠤᠬᠠᠮᠰᠠᠷ ᠵᠢᠡᠷ ᠬᠠᠷᠢᠭᠤᠴᠠᠯᠭ᠎ᠠ ᠪᠠ ᠡᠭᠦᠷᠭᠡᠪᠡᠨᠨᠠᠩ ᠡᠷᠡᠰ ᠱᠢᠭᠤᠷᠬᠠᠶ ᠡᠭᠦᠷᠭᠡᠯᠡᠨ ᠭᠦᠶ᠋ᠴᠡᠳᠭᠡᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠯᠠᠪᠳᠠᠭᠤᠨ ᠪᠠᠲᠤᠲᠠᠶ ᠰᠠᠢᠲᠤᠷ ᠵᠠᠮᠨᠠᠬᠤ ᠵᠢ ᠱᠠᠭᠠᠷᠳᠠᠵᠥ ᠪᠠᠢᠨ᠎ᠠ᠃
ᠠᠤᠭ᠎ᠠ ᠶᠡᠬᠡ ᠦᠢᠯᠡᠰ᠎ᠢ ᠡᠷᠡᠮᠡᠬᠡᠢᠯᠡᠨ ᠲᠡᠮᠡᠴᠡᠬᠦ᠌ ᠳᠤᠮᠳᠠ ᠴᠣᠭ᠍ᠴᠠᠯᠠᠵᠤ᠂ ᠢᠷᠠᠭᠤ ᠭᠠᠢᠬᠠᠮᠱᠢᠭ᠍ᠲᠤ ᠬᠠᠭᠤᠳᠠᠰᠤ᠎ᠶ᠋ᠢ ᠡᠷᠡᠮᠡᠬᠡᠢᠯᠡᠨ ᠤᠷᠤᠭ᠍ᠰᠢᠯᠠᠬᠤ ᠳᠤᠮᠳᠠ ᠪᠢᠴᠢᠭ᠌ᠯᠡᠨ᠎ᠡ᠃ ᠣᠳᠣᠬᠠᠨ᠎ᠳᠤ ᠥᠪᠥᠷ ᠮᠣᠩᠭᠣᠯ᠎ᠤᠨ ᠬᠥᠭ᠌ᠵᠢᠯᠲᠡ ᠶᠠᠭ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯᠳᠤ ᠬᠤᠭᠤᠴᠠᠭᠠᠨ᠎ᠳᠤ ᠣᠷᠣᠱᠢᠵᠤ᠂ ᠬᠣᠢᠱᠢᠳᠠ᠎ᠶ᠋ᠢᠨ ᠲᠠᠪᠤᠨ ᠵᠢᠯ ᠪᠣᠯ ᠤᠮᠠᠷᠠᠲᠤ ᠬᠢᠯᠢ᠎ᠶ᠋ᠢᠨ ᠡᠬᠡ ᠭᠠᠵᠠᠷ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠠᠵᠢᠯ ᠦᠢᠯᠡᠰ᠎ᠦᠨ ᠬᠥᠭ᠌ᠵᠢᠯᠲᠡ ᠥᠷᠨᠢᠨ ᠬᠥᠭ᠌ᠵᠢᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠴᠠᠭ ᠬᠥᠮᠦᠨ᠎ᠢ ᠬᠦᠯᠢᠶᠡᠬᠦ᠌ ᠦᠭᠡᠢ! ᠲᠣᠬᠢᠶᠠᠯ ᠬᠥᠮᠦᠨ᠎ᠢ ᠬᠦᠯᠢᠶᠡᠬᠦ᠌ ᠦᠭᠡᠢ! ᠬᠥᠭ᠌ᠵᠢᠯᠲᠡ ᠬᠥᠮᠦᠨ᠎ᠢ ᠬᠦᠯᠢᠶᠡᠬᠦ᠌ ᠦᠭᠡᠢ! ᠪᠢᠳᠡ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠤᠳᠠᠭ᠎ᠠ ᠵᠢᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠵᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ᠎ᠶᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠨᠢᠭ᠍ᠲᠠ ᠤᠶᠠᠯᠳᠤᠭᠤᠯᠵᠦ᠂ ᠶᠡᠬᠡ ᠬᠤᠷᠠᠯ᠎ᠤᠨ ᠴᠢᠬᠤᠯᠠ ᠠᠴᠢ ᠬᠣᠯᠪᠣᠭ᠍ᠳᠠᠯ᠎ᠢ ᠭᠦᠶ᠋ᠴᠡᠳ ᠲᠠᠨᠢᠵᠦ᠂ ᠶᠡᠬᠡ ᠬᠤᠷᠠᠯ᠎ᠤᠨ ᠭᠤᠤᠯ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠶ ᠣᠢᠯᠠᠭᠠᠵᠦ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠰᠡᠳᠭᠢᠮᠵᠢ᠂ ᠱᠢᠨ᠎ᠡ ᠬᠠᠷᠠᠯᠲᠠ᠂ ᠱᠢᠨ᠎ᠡ ᠡᠭᠦᠷᠭᠡ᠂ ᠱᠢᠨ᠎ᠡ ᠱᠠᠭᠠᠷᠳᠠᠯᠭ᠎ᠠ ᠶ᠋ᠢ ᠪᠦᠬᠦ᠌ ᠲᠠᠯ᠎ᠠ᠎ᠪᠠᠷ ᠡᠵᠡᠮᠳᠡᠨ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠳᠤᠷᠠᠳᠤᠭ᠍ᠰᠠᠨ ᠬᠠᠷᠠᠯᠲᠠ ᠡᠭᠦᠷᠭᠡ ᠪᠣᠯᠤᠨ ᠭᠣᠣᠯᠳᠠᠯᠭ᠎ᠠ᠎ᠲᠠᠶ ᠠᠵᠢᠯ᠎ᠢ ᠲᠤᠭᠲᠠᠭᠠᠵᠦ᠂ ᠴᠠᠭ ᠪᠢᠳᠡᠨ᠎ᠢ ᠬᠦᠯᠢᠶᠡᠬᠦ᠌ ᠦᠭᠡᠢᠭᠡᠬᠦ ᠲᠤᠯᠭᠠᠮᠰᠡᠳᠭᠢᠯᠭᠡ᠂ ᠥᠷᠯᠥᠭᠡ ᠦᠳᠡᠰᠢ᠎ᠲᠠᠢ ᠲᠡᠮᠡᠴᠡᠬᠦ᠌ ᠡᠭᠦᠷᠭᠡᠲᠦ ᠰᠡᠳᠭᠢᠯᠭᠡ᠂ ᠲᠡᠮᠡᠴᠡᠬᠦ ᠳ᠋ᠤ ᠪᠢ ᠤᠷᠤᠯᠴᠠᠨ᠎ᠠ ᠭᠡᠬᠦ ᠬᠠᠷᠢᠭᠤᠴᠠᠯᠭᠠᠲᠤ ᠰᠡᠳᠭᠢᠯᠭᠡ᠎ᠪᠠᠷ ᠰᠦᠷ ᠳᠠᠯᠠᠢᠴᠠᠲᠠᠶ ᠠᠸ᠋ᠭ᠎ᠠ ᠵᠢᠷᠤᠭ ᠲᠥᠰᠦᠪ᠎ᠢ ᠨᠢᠭᠡᠳ ᠨᠢᠭᠡ ᠪᠠᠷ ᠴᠠᠭ ᠦᠶ᠎ᠡ᠎ᠶ᠋ᠢᠨ ᠠᠮᠢᠳᠤᠯᠢᠭ ᠦᠶ᠋ᠯᠡᠳᠦᠯᠭᠡ ᠪᠣᠯᠭᠠᠬᠤ ᠬᠡᠷᠡᠭᠲᠡᠢ᠃
ᠬᠥᠭ᠌ᠵᠢᠯ ᠪᠠᠳᠠᠷᠠᠯᠳᠤ ᠴᠠᠭ ᠦᠶ᠎ᠠ ᠪᠠᠨ ᠨᠠᠨᠳᠢᠩᠨᠠᠵᠤ᠂ ᠬᠥᠭ᠌ᠵᠢᠯ ᠪᠠᠳᠠᠷᠠᠯᠳᠤ ᠴᠠᠭ ᠦᠶ᠎ᠠ ᠳ᠋ᠡᠭᠡᠡ ᠣᠰᠣᠯᠳᠠᠬᠤ ᠦᠭᠡᠢ; ᠡᠭᠦᠷᠭᠡᠯᠡᠵᠦ ᠪᠦᠬᠦᠢ ᠡᠭᠦᠷᠭᠡ ᠬᠠᠷᠢᠭᠤᠴᠠᠯᠭ᠎ᠠ᠎ᠪᠠᠨ ᠭᠤᠲᠤᠭᠠᠬᠤ ᠥᠬᠡᠶ᠃ 《ᠬᠣᠣᠰ ᠵᠠᠭᠤᠨ ᠵᠢᠯ》 ᠤ᠋ᠨ ᠲᠡᠮᠡᠴᠡᠬᠦ᠌ ᠬᠠᠷᠠᠯᠲᠠ᠎ᠶ᠋ᠢᠨ ᠲᠡᠦᠬᠡᠨ ᠠᠭᠤᠯᠵᠠᠷ᠎ᠲᠤ ᠵᠣᠭ᠍ᠰᠣᠵᠤ᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠬᠤ ᠳ᠋ᠠᠭᠠᠠ᠂ ᠪᠢᠳᠠ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠶᠢᠨᠲᠣᠭᠣᠷᠢᠨᠳᠤ ᠨᠡᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨᠨᠠᠢᠳᠠᠪᠤᠷᠢᠵᠢᠭᠤᠯᠵᠤ᠂ᠲᠡᠮᠡᠴᠡᠯ᠎ᠢᠶᠡᠷ ᠭᠣᠢᠳᠠ ᠰᠠᠢᠬᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠵᠦ᠍᠂ ᠪᠣᠳᠠᠲᠠᠢ ᠠᠵᠢᠯᠯᠠᠭ᠎ᠠ᠎ᠪᠠᠷ᠎ᠢᠶᠠᠨ ᠰᠠᠢ᠌ᠨ ᠰᠠᠢᠬᠠᠨ ᠢᠷᠡᠭᠡᠳᠦᠢ᠎ᠪᠡᠨ ᠴᠣᠭ᠍ᠴᠠᠯᠠᠵᠤ᠂ ᠨᠡᠩ ᠢᠲᠡᠭᠡᠯ ᠲᠡᠭᠦᠯᠳᠡᠷ᠂ ᠡᠷᠡᠮᠡᠬᠡᠢᠯᠡᠨ ᠲᠡᠮᠡᠴᠡᠵᠦ᠍ ᠵᠢᠳᠬᠦᠯ ᠴᠢᠷᠮᠠᠢᠯᠭᠠᠭᠠᠷᠭᠠᠵᠤ ᠪᠠᠢᠭᠠᠳ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠶ᠋ᠢᠨ ᠵᠠᠮ᠎ᠢᠶᠠᠷ ᠰᠠᠢᠲᠤᠷ ᠵᠠᠮᠨᠠᠰᠤᠭᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃