ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-03 09:09:22

ᠵᠣᠬᠢᠶᠠᠭ᠍ᠴᠢ᠄ ᠦᠪᠦᠷ ᠮᠤᠩᠭᠤᠯ ᠎ᠤᠨ ᠡᠳᠦᠷ ᠎ᠦᠨ ᠰᠣᠨᠢᠨ᠎ᠤ ᠱᠢᠭᠦᠮᠵᠢᠯᠡᠭ᠌ᠴᠢ ᠣᠩᠱᠢᠭ᠍ᠰᠠᠨ ᠣᠳᠠᠭ᠎ᠠ᠄ 3

ᠡᠷᠬᠢᠮ ᠨᠠᠨᠳᠢᠨ ᠳᠤᠷᠰᠢᠯᠭ᠎ᠠ ᠡᠴᠡ ᠡᠷᠡᠮᠡᠬᠡᠢᠯᠡᠨ ᠤᠷᠤᠬᠰᠢᠯᠠᠬᠤ ᠬᠦᠴᠦᠨ ᠴᠢᠳᠠᠯ᠎ᠢ ᠰᠢᠩᠬᠡᠬᠡᠰᠤᠬᠡᠢ

ᠲᠠᠪᠤᠨ ᠵᠢᠯ᠎ᠦᠨ ᠠᠶᠠᠨ ᠳ᠋ᠤ ᠡᠷᠡᠮᠡᠬᠡᠢᠯᠡᠨ ᠤᠷᠤᠭ᠍ᠰᠢᠯᠠᠵᠤ᠂ ᠲᠠᠪᠤᠨ ᠵᠢᠯ ᠴᠢᠷᠮᠠᠢᠨ ᠠᠵᠢᠯᠯᠠᠵᠤ ᠦᠷ᠎ᠡ ᠪᠦᠲᠦᠮᠵᠢ ᠤᠯᠤᠯ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠪᠦᠬᠦ᠌ ᠣᠷᠣᠨ᠎ᠤ ᠲᠠᠪᠤᠨ ᠵᠢᠯ᠎ᠦᠨ ᠲᠤᠷᠱᠢᠬᠢ ᠠᠵᠤ ᠠᠬᠤᠢ ᠨᠡᠢᠭᠡᠮ᠎ᠦᠨ ᠬᠥᠭ᠌ᠵᠢᠯᠲᠡ ᠪᠣᠯᠤᠨ ᠨᠠᠮ᠎ᠤᠨ ᠪᠠᠢᠭᠤᠯᠤᠯᠲᠠ᠎ᠶ᠋ᠢᠨ ᠣᠯᠤᠭ᠍ᠰᠠᠨ ᠠᠮᠵᠢᠯᠲᠠ ᠪᠦᠲᠦᠮᠵᠢ᠎ᠶ᠋ᠢ ᠪᠦᠬᠦ᠌ ᠲᠠᠯ᠎ᠠ᠎ᠪᠠᠷ ᠳ᠋ᠦᠩᠨᠡᠵᠦ᠍᠂ ᠬᠥᠮᠦᠰ᠎ᠢ ᠶᠡᠬᠡᠳᠡ ᠤᠷᠮᠠᠱᠢᠭᠤᠯᠤᠨ ᠵᠣᠷᠢᠭ᠍ᠵᠢᠭᠤᠯᠪᠠ᠃ ᠱᠢᠨ᠎ᠡ ᠠᠶᠠᠨ᠎ᠳᠤ᠂ ᠪᠢᠳᠡ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ ᠲᠤ᠌ ᠣᠯᠤᠭ᠍ᠰᠠᠨ ᠠᠮᠵᠢᠯᠲᠠ ᠪᠦᠳᠦᠮᠵᠢ ᠳᠤᠮᠳᠠ ᠡᠴᠡ ᠡᠷᠡᠮᠡᠬᠡᠢᠯᠡᠨ ᠤᠷᠤᠭ᠍ᠰᠢᠯᠠᠬᠤ ᠬᠥᠳᠡᠯᠭᠡᠬᠦ᠌ ᠬᠦᠴᠦᠨ ᠣᠯᠵᠤ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ᠎ᠤ ᠳᠦᠷᠰᠦ ᠪᠠᠢᠳᠠᠯ᠂ ᠨᠡᠩ ᠪᠣᠳᠠᠲᠠᠢ᠎ᠶ᠋ᠢ ᠡᠷᠬᠢᠮᠯᠡᠬᠦ᠌ ᠠᠵᠢᠯ᠎ᠤᠨ ᠰᠤᠷᠲᠠᠯ᠎ᠢᠶᠠᠷ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠵᠦ᠍᠂ ᠨᠠᠮ ᠪᠣᠯᠤᠨ ᠠᠷᠠᠳ ᠲᠦᠮᠡᠨ᠎ᠳᠦ ᠨᠡᠩ ᠶᠡᠬᠡ ᠢᠷᠠᠭᠤ ᠠᠯᠳᠠᠷ᠎ᠢ ᠲᠡᠮᠡᠴᠡᠨ ᠤᠯᠬᠤ ᠬᠡᠷᠡᠭ᠌ᠲᠡᠢ᠃

ᠥᠩᠭᠡᠷᠡᠭ᠌ᠰᠡᠨ ᠲᠠᠪᠤᠨ ᠵᠢᠯ᠎ᠢ ᠡᠷᠭᠢᠴᠡᠭᠦᠯᠬᠦᠶ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠍᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ᠎ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠯ᠎ᠡ ᠲᠠᠯ᠎ᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠬᠤ ᠲᠠᠯ᠎ᠠ ᠪᠡᠷ ᠢᠳᠡᠷᠡᠭᠦᠨ᠎ᠠᠯᠬᠤᠭ᠎ᠠ᠎ᠪᠠᠨ ᠠᠯᠬᠤᠪᠠ᠃ ᠭᠤᠷᠪᠠᠨ ᠶᠡᠬᠡ ᠪᠣᠭᠣᠮᠲᠠ ᠱᠢᠪᠲᠤᠯᠬᠤ ᠳᠠᠢᠯᠠᠯᠳᠤᠭᠠᠨ ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠬᠡᠯᠪᠡᠷᠢ᠎ᠪᠡᠨ ᠬᠤᠪᠢᠷᠠᠭᠤᠯᠬᠤ᠂ ᠪᠦᠲᠦᠴᠡ᠎ᠪᠡᠨ ᠲᠤᠬᠢᠷᠠᠭᠤᠯᠬᠤ᠎ᠶ᠋ᠢ ᠲᠦᠷᠭᠡᠳᠭᠡᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠦᠨᠳᠦᠰᠦᠲᠡᠨ᠎ᠦ ᠠᠵᠢᠯ᠎ᠢ ᠦᠨᠡᠨ ᠬᠦ᠌ ᠴᠢᠩᠭᠠᠳᠭᠠᠨ ᠰᠠᠢᠵᠢᠷᠠᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠰᠡᠳᠭᠢᠯ ᠲᠠᠯᠪᠢᠨ ᠬᠦᠴᠦ ᠤᠷᠤᠭᠤᠯᠵᠦ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠥ᠂ ᠪᠦᠬᠦ᠌ ᠤᠯᠤᠰ᠎ᠲᠠᠶ ᠬᠠᠮᠲᠤ᠎ᠪᠠᠷ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠵᠤ᠂ ᠲᠠᠰᠤᠷᠠᠯᠳᠠ ᠦᠭᠡᠢ᠎ᠬᠦᠴᠢᠷ ᠎ᠠᠰᠠᠭᠤᠳᠠᠯ ᠎ᠢ ᠎ᠱᠢᠢᠳᠪᠦᠷᠢᠯᠡᠨ᠂ ᠪᠣᠳᠠᠲᠤ ᠦᠷ᠎ᠡ ᠪᠦᠲᠦᠮᠵᠢ ᠤᠯᠪᠠ᠃ ᠥᠨᠥᠳᠦᠷ᠎ᠦᠨ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠠᠵᠤ ᠠᠬᠤᠢ ᠬᠥᠭ᠌ᠵᠢᠭ᠌ᠰᠡᠨ᠂ ᠨᠡᠢᠭᠡᠮ ᠡᠶ᠎ᠡ ᠵᠣᠬᠢᠴᠠᠩᠭᠤᠢ᠂ ᠦᠨᠳᠦᠰᠦᠲᠡᠨ ᠪᠦᠯᠬᠦᠮᠳᠡᠭ᠌ᠰᠡᠨ᠂ ᠬᠢᠯᠢ ᠬᠢᠵᠠᠭᠠᠷ ᠠᠮᠤᠷ ᠲᠣᠭ᠍ᠲᠠᠭᠤᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠠᠮᠤᠷ ᠵᠢᠮᠦᠷ ᠠᠵᠤ ᠲᠦᠷᠦᠵᠤ᠂ ᠡᠯ᠎ᠡ ᠵᠦᠢᠯ᠎ᠦᠨ ᠠᠵᠢᠯ ᠦᠢᠯᠡᠰ ᠴᠡᠴᠡᠭ᠌ᠯᠡᠨ ᠬᠥᠭ᠌ᠵᠢᠵᠦ᠍᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠣᠮᠣᠭ ᠪᠠᠬᠠᠳᠤᠯᠳᠤ ᠰᠡᠳᠭᠢᠯᠭᠡ᠂ ᠢᠲᠡᠭᠡᠯ ᠵᠣᠷᠢᠭ᠂ ᠨᠢᠭ᠍ᠲᠠᠷᠠᠯ᠎ᠤᠨ ᠬᠦᠴᠦᠨ ᠢᠯᠡᠳᠲᠡ ᠴᠢᠩᠭᠠᠷᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠤᠭ᠎ᠠ ᠬᠠᠷᠠᠯᠲᠠ ᠲᠡᠢᠰᠢ ᠡᠷᠡᠮᠡᠬᠡᠢᠯᠡᠨ ᠤᠷᠤᠭ᠍ᠰᠢᠯᠠᠵᠤ ᠪᠠᠢᠨᠠᠮ᠃

ᠠᠭᠤᠤ ᠶᠡᠬᠡ ᠦᠢᠯᠡᠳᠦᠯᠭᠡ ᠰᠦᠷ ᠳᠠᠯᠠᠢᠴᠠᠲᠠᠢ᠂ ᠲᠤᠷᠱᠢᠯᠭ᠎ᠠ᠎ᠶ᠋ᠢᠨ ᠰᠡᠩᠬᠡᠷᠡᠭᠦᠯᠦᠯ ᠲᠤᠢᠯ᠎ᠤᠨ ᠡᠷᠬᠢᠮ ᠨᠠᠨᠳᠢᠨ ᠶᠤᠮ᠃ ᠳᠡᠯᠡᠬᠡᠢ ᠳ᠋ᠠᠬᠢᠨ᠎ᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢᠨ ᠡᠮᠦᠨ᠎ᠡ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠠᠵᠤ ᠠᠬᠤᠢ᠎ᠶ᠋ᠢᠨ ᠪᠠᠢᠳᠠᠯ᠎ᠤᠨ ᠡᠮᠦᠨ᠎ᠡ᠂ ᠮᠠᠨ᠎ᠤ᠎ᠣᠷᠣᠨ᠎ᠤ᠎ᠤᠷᠳᠤ ᠬᠤᠭᠤᠴᠠᠭᠠᠨ᠎ᠤ ᠲᠤᠷᠰᠢ ᠬᠤᠷᠠᠮᠳᠤᠵᠤ ᠪᠦᠷᠢᠯᠳᠦᠭ᠌ᠰᠡᠨ ᠡᠯ᠎ᠡ ᠵᠦᠢᠯ᠎ᠦᠨ ᠨᠠᠷᠢᠨ ᠪᠤᠳᠤᠯᠢᠶᠠᠨᠲᠠᠢ ᠵᠥᠷᠢᠴᠡᠯ᠂ ᠬᠤᠷᠴᠠ ᠱᠢᠷᠦᠭᠦᠨ ᠠᠰᠠᠭᠤᠳᠠᠯ᠂ ᠠᠶᠤᠯ ᠲᠦᠭ᠌ᠰᠢᠭᠦᠷᠢ ᠵᠢᠨ ᠭᠡᠮ ᠰᠣᠭᠣᠭ᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠭ᠍ᠰᠠᠨ ᠬᠠᠮᠤᠭ᠎ᠤᠨ ᠦᠨᠳᠦᠰᠦᠨ ᠵᠦᠢᠯ ᠨᠢ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠳᠤ ᠪᠠᠢᠵᠤ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠪᠡᠶ᠎ᠡ᠎ᠪᠡᠷ᠎ᠢᠶᠡᠨ ᠥᠪᠥᠷ ᠮᠣᠩᠭᠣᠯ᠎ᠤᠨ ᠰᠤᠳᠠᠯ᠎ᠢ ᠪᠠᠷᠢᠵᠤ ᠴᠢᠭ᠌ᠯᠡᠯ᠎ᠢ ᠲᠣᠭ᠍ᠲᠠᠭᠠᠵᠤ᠂ ᠵᠠᠮ᠎ᠢ ᠵᠢᠭᠠᠵᠤ ᠠᠶᠠᠯᠠᠯ᠎ᠢ ᠵᠢᠯᠣᠭᠣᠳᠤᠭ᠍ᠰᠠᠨ᠎ᠳᠤ ᠪᠠᠢᠨ᠎ᠠ᠃ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠵᠦ᠍᠂ ᠥᠪᠥᠷ ᠮᠣᠩᠭᠣᠯ᠎ᠤᠨ ᠶᠠᠪᠤᠳᠠᠯ᠎ᠢ ᠰᠠᠢᠲᠤᠷ ᠭᠦᠢᠴᠡᠳᠭᠡᠬᠦ ᠬᠠᠮᠤᠭ᠎ᠤᠨ ᠦᠨᠳᠦᠰᠦᠨ ᠵᠦᠢᠯ ᠪᠣᠯ ᠳᠠᠷᠤᠢ ᠢᠮᠠᠭ᠍ᠲᠠ ᠤᠬᠠᠮᠰᠠᠷ ᠡᠴᠡ᠎ᠪᠠᠨ ᠨᠠᠮ᠎ᠤᠨ ᠲᠥᠪ ᠬᠣᠷᠢᠶ᠎ᠠ ᠪᠡᠷ ᠪᠠᠷᠢᠮᠵᠢᠶᠠᠯᠠᠨ ᠨᠢᠭᠡᠳᠦᠯᠳᠡᠢ ᠪᠠᠢᠯᠭᠠᠵᠤ᠂ ᠢᠮᠠᠭ᠍ᠲᠠ《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠶᠠᠪᠤᠳᠠᠯ ᠪᠣᠯᠤᠨ᠎ᠠ ᠭᠡᠳᠡᠭ᠎ᠢ ᠪᠢᠳᠡ ᠭᠦᠨᠵᠡᠭᠡᠢ ᠣᠢᠯᠠᠭᠠᠪᠠ᠃

ᠴᠠᠭ᠎ᠦᠶ᠎ᠡ᠎ᠶ᠋ᠢᠨ᠎ᠲᠠᠪᠴᠠᠩ᠎ᠬᠢᠵᠠᠭᠠᠯᠠᠰᠢ᠎ᠦᠭᠡᠢ᠎ᠥᠷᠭᠡᠨ ᠠᠭᠤᠳᠠᠮ᠂ ᠬᠥᠭ᠌ᠵᠢᠯᠲᠡ᠎ᠶ᠋ᠢᠨ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ᠂ ᠤᠷᠤᠭ᠍ᠰᠢᠯᠠᠯᠲᠠ᠎ᠶ᠋ᠢᠨ ᠬᠥᠳᠡᠯᠭᠡᠬᠦ᠌ ᠬᠦᠴᠦᠨ ᠬᠢᠵᠠᠭᠠᠯᠠᠰᠢ ᠦᠭᠡᠢ ᠤᠷᠬᠢᠯᠤᠮ᠎ᠠ ᠪᠠᠳᠠᠷᠠᠭᠤᠨ ᠶᠤᠮ᠃ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠬᠤ ᠳ᠋ᠤ᠂ ᠪᠢᠳᠡ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠶ᠋ᠢ ᠦᠨᠡᠨ ᠬᠦ᠌ ᠱᠢᠨ᠎ᠡ ᠴᠠᠭ ᠦᠶ᠎ᠡ᠎ᠳᠦ ᠡᠷᠡᠮᠡᠬᠡᠢᠯᠡᠨ ᠲᠡᠮᠡᠴᠡᠬᠦ᠌᠂ ᠱᠢᠨ᠎ᠡ᠎ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠬᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠳᠠᠭ ᠯᠠ ᠶᠤᠮ ᠪᠣᠯ ᠯᠠᠪᠲᠠᠢ ᠬᠥᠮᠦᠰ᠎ᠢ ᠭᠠᠢᠬᠠᠭᠤᠯᠤᠮ᠎ᠠ ᠨᠡᠩ ᠤᠯᠠᠨ ᠭᠡᠷᠡᠯ ᠰᠠᠴᠤᠷᠠᠩᠭᠤᠢ ᠠᠮᠵᠢᠯᠲᠠ᠎ᠶ᠋ᠢ ᠲᠠᠰᠤᠷᠠᠯᠳᠠ ᠦᠭᠡᠢ ᠡᠭᠦᠳᠴᠦ᠍ ᠴᠢᠳᠠᠬᠤ ᠶᠤᠮ; ᠪᠢᠳᠡ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠭᠠᠷᠭᠠᠭ᠍ᠰᠠᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠳᠤᠷᠠᠳᠤᠭ᠍ᠰᠠᠨ᠎ᠬᠠᠷᠠᠯᠲᠠ᠎ᠱᠠᠭᠠᠷᠳᠠᠯᠭ᠎ᠠ᠎ᠶ᠋ᠢ᠎ᠲᠡᠷᠡ ᠶᠣᠰᠣᠭᠠᠷ ᠨᠢ ᠪᠣᠳᠠᠲᠠᠢ ᠨᠠᠢᠳᠠᠪᠤᠷᠢᠵᠢᠭᠤᠯᠳᠠᠭ ᠯᠠ ᠶᠤᠮ ᠪᠣᠯ ᠪᠢᠳᠡ ᠯᠠᠪᠲᠠᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ᠎ᠲᠡᠮᠡᠴᠡᠬᠦ᠌᠎ᠰᠦᠷ᠎ᠳᠠᠯᠠᠢᠴᠠᠲᠠᠢ᠎ᠬᠦᠴᠦᠨ᠎ᠢ᠎ᠨᠢᠭ᠍ᠲᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠥᠪᠥᠷ᠎ᠮᠣᠩᠭᠣᠯ᠎ᠤᠨ᠎ᠨᠡᠩ᠎ᠭᠡᠷᠡᠯ ᠰᠠᠴᠤᠷᠠᠩᠭᠤᠢ ᠭᠣᠢᠳᠠ ᠰᠠᠢᠬᠠᠨ ᠬᠠᠭᠤᠳᠠᠰᠤ᠎ᠶ᠋ᠢ ᠪᠢᠴᠢᠭ᠌ᠯᠡᠵᠦ᠍ ᠴᠢᠳᠠᠬᠤ ᠶᠤᠮ᠃

ᠲᠡᠦᠬᠡ᠎ᠶ᠋ᠢᠨ ᠤᠯᠠᠷᠢᠯ ᠬᠤᠪᠢᠷᠠᠯ᠎ᠲᠠᠢ ᠤᠷᠲᠤ ᠠᠶᠠᠨ ᠭᠡᠭᠴᠢ ᠵᠦᠪᠬᠡᠨ ᠬᠠᠮᠤᠭ᠎ᠤᠨ ᠡᠮᠦᠨ᠎ᠡ᠎ᠡᠩᠨᠡᠭᠡᠨ᠎ᠳᠦ᠎ᠬᠤᠰᠢᠭᠤᠷᠠᠬᠤ᠎ᠡᠷᠡᠮᠡᠬᠡᠢᠯᠡᠨ ᠤᠷᠤᠬᠰᠢᠯᠠᠬᠰᠡᠳ᠎ᠢ ᠯᠡ ᠬᠠᠷᠠᠭᠠᠯᠵᠠᠳᠠᠬ᠃ ᠪᠢᠳᠡ᠎ᠬᠢᠯᠪᠠᠷ᠎ᠪᠤᠰᠤ᠎ᠪᠠᠷ᠎ᠣᠯᠤᠭ᠍ᠰᠠᠨ᠎ᠠᠮᠵᠢᠯᠲᠠ᠎ᠪᠠᠨ᠎ᠮᠠᠰᠢ ᠨᠠᠨᠳᠢᠩᠨᠠᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠶ᠎ᠪᠠᠷ ᠡᠭᠦᠷᠭᠡᠯᠡᠵᠦ᠍᠂ ᠡᠷᠴᠢ ᠵᠣᠷᠢᠭ᠎ᠢᠶᠠᠨ ᠬᠥᠪᠴᠢᠯᠡᠵᠦ᠍᠂ ᠦᠷᠭᠦᠯᠵᠢᠯᠡᠨ ᠲᠡᠮᠡᠴᠡᠵᠦ᠍᠂ ᠱᠢᠨ᠎ᠡ ᠭᠠᠷᠤᠭ᠎ᠠ ᠲᠡᠭᠡᠷ᠎ᠠ ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ ᠦᠶ᠋ᠯᠡᠰ᠎ᠢ ᠲᠠᠰᠤᠷᠠᠯᠲᠠ ᠥᠬᠡᠶ ᠤᠷᠤᠭ᠍ᠰᠢ ᠪᠡᠨ ᠠᠬᠢᠭᠤᠯᠤᠶ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面