ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-02 09:21:33

ᠵᠣᠬᠢᠶᠠᠭ᠍ᠴᠢ᠄ ᠯᠢᠦ ᠱᠢᠶᠤᠤ ᠳ᠋ᠦᠩ ᠣᠩᠱᠢᠭ᠍ᠰᠠᠨ ᠣᠳᠠᠭ᠎ᠠ᠄ 3

ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠵᠥ᠍《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠳᠤᠷᠢᠳᠭᠤ ᠪᠠᠭ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠣᠷᠢᠶ᠎ᠠ᠎ᠶᠢᠨ ᠲᠣᠭ᠍ᠲᠠᠭᠠᠯ》 ᠎ᠢ᠋ ᠬᠢᠨᠠᠨ ᠵᠥᠪᠯᠡᠵᠦ᠍ ᠪᠠᠲᠤᠯᠠᠪᠠ


12 ᠰᠠᠷ᠎ᠠ᠎ᠶ᠋ᠢᠨ 1 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠠᠩᠬᠠᠳᠤᠭᠠᠷ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠵᠤ᠂ ᠲᠤᠭᠤᠱᠢᠯᠠᠭᠤᠯᠤᠨ ᠎ᠨᠠᠢᠳᠠᠪᠤᠷᠢᠵᠢᠭᠤᠯᠬᠤ ᠎ᠶ᠋ᠢ ᠎ᠭᠦᠨᠵᠡᠭᠡᠢᠷᠡᠭᠦᠯᠬᠦ᠌ ᠠᠵᠢᠯ᠎ᠢ ᠰᠤᠳᠤᠯᠤᠨ ᠪᠠᠢᠷᠢᠯᠠᠭᠤᠯᠪᠠ᠃ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠤᠳᠤᠷᠢᠳᠭᠤ ᠪᠠᠭ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠣᠷᠢᠶ᠎ᠠ ᠵᠢᠨ ᠲᠣᠭ᠍ᠲᠠᠭᠠᠯ》᠎ᠢ᠋ ᠬᠢᠨᠠᠨ ᠵᠥᠪᠯᠡᠵᠦ᠍᠂ ᠬᠢᠯᠢ᠎ᠶ᠋ᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠤᠳᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠲᠤᠬᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠱ᠌ᠢ ᠲᠠᠢ ᠹᠸᠩ ᠬᠤᠷᠠᠯ᠎ᠢ ᠡᠷᠬᠢᠯᠡᠪᠡ᠃

ᠬᠤᠷᠠᠯ᠎ᠡᠴᠡ᠂ ᠱᠢᠨ᠎ᠡ ᠨᠢᠭᠡ ᠬᠤᠭᠤᠴᠠᠭᠠᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠬᠤᠷᠢᠶ᠎ᠠ᠎ᠶᠢᠨ ᠤᠳᠤᠷᠢᠳᠭᠤ ᠪᠠᠭ ᠤᠳᠤᠷᠢᠳᠭᠤ ᠬᠠᠮᠲᠤ᠎ᠶ᠋ᠢᠨ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠦ᠍᠂ ᠪᠠᠢᠩᠭᠤ᠎ᠶ᠋ᠢᠨ ᠬᠤᠷᠢᠶ᠎ᠠ᠎ᠶᠢᠨ ᠨᠥᠬᠥᠳ ᠨᠢᠭᠡ ᠪᠦᠷᠢ ᠲᠤᠰ ᠪᠡᠶ᠎ᠡ᠎ᠶ᠋ᠢᠨ ᠬᠤᠪᠢᠳᠠᠨ ᠬᠠᠮᠢᠶᠠᠷᠴᠤ᠌ ᠪᠠᠢᠭ᠎ᠠ ᠬᠦᠷᠢᠶᠡᠨ᠎ᠳᠡᠬᠢ ᠴᠢᠬᠤᠯᠠ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠡᠭᠦᠷᠭᠡᠯᠡᠵᠦ᠍᠂ ᠡᠷᠬᠡᠪᠰᠢ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠢᠮᠠᠭ᠍ᠲᠠ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠨ ᠴᠢᠩᠭ᠎ᠠ ᠠᠳᠭᠤᠨ ᠰᠠᠢᠲᠤᠷ ᠠᠳᠭᠤᠵᠤ᠂ ᠤᠬᠠᠮᠰᠠᠷ᠎ᠡᠴᠡ᠎ᠪᠠᠨ ᠡᠭᠦᠨ᠎ᠢᠶᠡᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠡᠨ ᠵᠢᠯᠤᠭᠤᠳᠤᠭᠤᠯᠤᠨ᠂ ᠠᠵᠢᠯ᠎ᠢᠶᠠᠨ ᠠᠬᠢᠭᠤᠯᠵᠤ᠂ ᠰᠤᠷᠤᠯᠴᠠᠨ ᠦᠢᠯᠠᠭᠠᠵᠥ ᠨᠡᠪᠳᠡᠷᠡᠳᠡᠯ᠎ᠡ ᠡᠵᠡᠮᠰᠢᠵᠥ ᠪᠤᠳᠠᠳᠠᠢᠵᠢᠭᠤᠯᠬᠤ ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠢ᠃ ᠤᠯᠤᠰ ᠲᠦᠷᠦ᠍ ᠪᠠ ᠪᠦᠬᠦ᠌ ᠎ᠲᠠᠯ᠎ᠠ ᠎ᠶ᠋ᠢᠨ ᠎ᠦᠨᠳᠦᠷᠴᠡ ᠎ᠡᠴᠡ ᠎ᠶᠡᠷᠦᠩᠬᠡᠶ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠳᠤ ᠲᠠᠯᠪᠢᠭ᠍ᠰᠠᠨ ᠬᠦᠰᠡᠯ ᠨᠠᠢᠳᠠᠯᠭ᠎ᠠ᠎ᠶ᠋ᠢ ᠬᠦᠨᠵᠡᠭᠡᠢ ᠤᠢᠯᠠᠭᠠᠵᠤ᠂ ᠦᠨᠡᠨ ᠰᠡᠳᠭᠢᠯ᠎ᠡᠴᠡ᠎ᠪᠡᠨ᠎ᠣᠢᠯᠠᠭᠠᠵᠤ᠂᠎ᠥᠪᠥᠷ ᠮᠣᠩᠭᠣᠯ᠎ᠤᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠳᠡᠬᠢ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶ᠋ᠢ ᠡᠷᠡᠰ ᠡᠭᠦᠷᠭᠡᠯᠡᠬᠦ ᠵᠢ ᠭᠦᠨᠵᠡᠭᠡᠶ ᠲᠠᠨᠢᠵᠤ᠂ ᠪᠠᠲᠤ ᠴᠡᠭᠡᠵᠢᠯᠡᠵᠤ᠂ ᠤᠬᠠᠮᠰᠠᠷ᠎ᠡᠴᠡ᠎ᠪᠠᠨ ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ᠎ᠢ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠯᠪᠢᠵᠤ ᠬᠢᠨᠠᠨ ᠱᠢᠨᠵᠢᠵᠦ᠍ ᠠᠬᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠡᠨ ᠬᠦ᠌ ᠪᠠᠲᠤ ᠴᠤᠬᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠯᠠᠪᠳᠠᠭᠤᠨ ᠪᠠᠳᠤᠳᠠᠢ ᠰᠠᠢᠳᠤᠷ ᠵᠠᠮᠨᠠᠵᠤ᠂《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠲᠦᠷᠭᠡᠳᠭᠡᠨ ᠪᠠᠢᠭᠤᠯᠬᠤ ᠭᠡᠷᠡᠭᠳᠠᠢ᠃ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠡᠷ ᠢᠮᠠᠭ᠍ᠲᠠ ᠠᠶᠠᠯᠠᠯ᠎ᠤᠨ ᠵᠦᠭᠯᠡᠬᠦᠷ ᠪᠣᠯᠭᠠᠵᠤ᠂ ᠨᠡᠩ ᠡᠷᠡᠰ ᠪᠠᠲᠤ ᠨᠢᠭᠡᠳᠦᠯᠲᠡᠢ ᠪᠠᠢᠵᠤ᠂ ᠣᠨᠣᠪᠴᠢᠲᠠᠢ ᠪᠠᠷᠢᠮᠵᠢᠶᠠᠯᠠᠵᠤ᠂ ᠲᠡᠭᠦᠨ᠎ᠳᠦ ᠠᠭᠤᠯᠤᠭ᠍ᠳᠠᠵᠤ ᠪᠠᠢᠭ᠎ᠠ ᠤᠯᠤᠰ ᠲᠦᠷᠦ᠍᠎ᠶ᠋ᠢᠨ ᠠᠴᠢ ᠬᠣᠯᠪᠣᠭ᠍ᠳᠠᠯ᠂ ᠦᠵᠡᠯ ᠰᠠᠨᠠᠭᠠᠨ᠎ᠤ ᠤᠬᠢ ᠰᠣᠳᠣ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠡᠵᠡᠮᠱᠢᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠲᠡᠷᠡ ᠶᠣᠰᠣᠭᠠᠷ ᠨᠢ ᠰᠠᠢᠲᠤᠷ ᠠᠳᠭᠤᠵᠤ᠂ ᠠᠶᠠᠯᠠᠯ ᠬᠡᠯᠪᠡᠢᠬᠦ᠌ ᠦᠭᠡᠢ᠂ ᠶᠠᠩᠵᠤ ᠥᠭᠡᠷᠡᠲᠦᠬᠦ᠌ ᠦᠭᠡᠢ᠂ ᠴᠠᠯᠠᠭᠠᠢᠷᠠᠬᠤ ᠦᠭᠡᠢ ᠪᠠᠢᠬᠤ᠎ᠶ᠋ᠢ ᠪᠡᠶᠡᠯᠡᠭᠦᠯᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠬᠠᠯᠠᠮᠵᠢᠯᠠᠯ ᠪᠣᠯᠤᠨ ᠬᠦᠰᠡᠯ ᠨᠠᠢᠳᠠᠯᠭ᠎ᠠ᠎ᠶ᠋ᠢ ᠦᠨᠡᠨ ᠬᠦ᠌ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭ᠌ᠲᠡᠢ᠃ ᠡᠷᠡᠰ ᠬᠦᠴᠦᠲᠡᠶ ᠪᠠᠢᠵᠤ᠂ ᠨᠢᠭᠡ᠎ᠡᠴᠡ ᠵᠦᠶ᠋ᠴᠢᠯᠡᠨ ᠨᠥᠭᠥᠭᠡ᠎ᠶ᠋ᠢ ᠮᠡᠳᠡᠵᠦ᠍ ᠠᠰᠠᠭᠤᠳᠠᠯ᠎ᠢ ᠴᠡᠭ᠌ᠴᠡᠯᠡᠨ ᠵᠠᠰᠠᠵᠤ᠂ ᠠᠵᠢᠯ᠎ᠢᠶᠠᠨ ᠰᠠᠢᠵᠢᠷᠠᠭᠤᠯᠤᠨ᠂ ᠤᠯᠤᠰ ᠲᠥᠷᠥ᠎ᠶ᠋ᠢ ᠡᠷᠬᠢᠮᠯᠡᠬᠦ᠌ ᠱᠠᠭᠠᠷᠳᠠᠯᠭ᠎ᠠ᠎ᠶ᠋ᠢ ᠪᠣᠳᠠᠲᠠᠶ ᠠᠵᠢᠯᠯᠠᠭ᠎ᠠ ᠳᠡᠭᠡᠷ᠎ᠡ᠎ᠪᠡᠨ ᠢᠯᠡᠷᠡᠭᠦᠯᠵᠦ᠍᠂ ᠪᠣᠳᠠᠲᠠᠶ ᠠᠵᠢᠯ᠎ᠤᠨ ᠳᠤᠮᠳᠠ᠎ᠪᠠᠨ ᠨᠠᠢᠳᠠᠪᠤᠷᠢᠵᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ᠎ᠪᠡᠷ᠎ᠢᠶᠡᠨ 《ᠬᠣᠶᠠᠷ᠎ᠢ ᠬᠠᠮᠠᠭᠠᠯᠠᠬᠤ》 ᠶ᠋ᠢ ᠦᠶ᠋ᠯᠡᠳᠦᠯᠭᠡᠵᠢᠭᠦᠯᠬᠦ᠌ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ᠎ᠡᠴᠡ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠤᠳᠤᠷᠢᠳᠭᠤ ᠪᠠᠭ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠤᠷᠢᠶ᠎ᠠ᠎ᠶᠢᠨ ᠲᠣᠭ᠍ᠲᠠᠭᠠᠯ》 ᠎ᠢ᠋ ᠬᠢᠨᠠᠨ ᠵᠥᠪᠯᠡᠵᠦ᠍᠂ ᠨᠠᠮ᠎ᠤᠨ ᠭᠤᠤᠯᠯᠠᠭ᠍ᠴᠢ ᠪᠣᠯᠤᠨ ᠨᠠᠮ᠎ᠤᠨ ᠲᠥᠪ ᠬᠤᠷᠢᠶ᠎ᠠ ᠵᠢᠨ ᠡᠷᠬᠡ ᠰᠦᠷ᠎ᠢ ᠡᠷᠡᠰ ᠬᠠᠮᠠᠭᠠᠯᠠᠬᠤ᠂ ᠤᠯᠤᠰ ᠲᠥᠷᠥ᠎ᠶ᠋ᠢᠨ ᠢᠲᠡᠭᠡᠯ ᠪᠢᠱᠢᠷᠡᠯ᠎ᠢᠶᠡᠨ ᠪᠠᠲᠤᠳᠭᠠᠬᠤ᠂ ᠨᠠᠮ᠎ᠤᠨ ᠤᠯᠤᠰ ᠲᠥᠷᠥ᠎ᠶ᠋ᠢᠨ ᠰᠠᠬᠢᠯᠭ᠎ᠠ ᠪᠠᠲᠤ ᠪᠣᠯᠤᠨ ᠤᠯᠤᠰ ᠲᠥᠷᠥ᠎ᠶ᠋ᠢᠨ ᠶᠣᠰᠣ ᠲᠦᠷᠢᠮ᠎ᠢ ᠴᠢᠩᠳᠠᠯᠠᠬᠤ᠂ ᠤᠯᠤᠰ ᠲᠥᠷᠥ᠎ᠶ᠋ᠢᠨ ᠵᠣᠭ᠍ᠰᠣᠯᠲᠠ᠎ᠪᠠᠨ ᠪᠠᠲᠤᠳᠭᠠᠬᠤ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ᠂ ᠤᠯᠤᠰ ᠲᠥᠷᠥ᠎ᠶ᠋ᠢᠨ ᠪᠠᠷᠢᠮᠵᠢᠶ᠎ᠠ᠎ᠶ᠋ᠢ ᠳᠣᠪᠣᠢᠯᠭᠠᠨ ᠬᠥᠮᠦᠨ ᠰᠣᠩᠭᠣᠨ ᠬᠡᠷᠡᠭ᠌ᠯᠡᠬᠦ᠌᠂ ᠤᠯᠤᠰ ᠲᠥᠷᠥ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌᠂ ᠤᠯᠤᠰ ᠲᠥᠷᠥ᠎ᠶ᠋ᠢᠨ ᠡᠭᠦᠷᠭᠡᠯᠡᠯ᠎ᠢᠶᠡᠨ ᠴᠢᠩᠭᠠᠳᠭᠠᠬᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠬᠦ᠌᠂ ᠠᠷᠢᠭᠤᠨ ᠴᠢᠬᠡᠴᠢ ᠤᠯᠤᠰ ᠲᠥᠷᠥ᠎ᠶ᠋ᠢᠨ ᠮᠥᠨ ᠴᠢᠨᠠᠷ᠎ᠢ ᠡᠭᠦᠷᠢᠳᠡ ᠪᠠᠲᠤᠯᠠᠬᠤ ᠵᠡᠷᠭᠡ ᠠᠷᠪᠠᠨ ᠲᠠᠯ᠎ᠠ᠎ᠡᠴᠡ ᠨᠠᠮ᠎ᠤᠨ ᠬᠣᠷᠢᠶ᠎ᠠ ᠵᠢᠨ ᠤᠳᠤᠷᠢᠳᠭᠤ ᠪᠠᠭ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠲᠣᠭ᠍ᠲᠠᠭᠠᠯ ᠭᠠᠷᠭᠠᠵᠤ᠂ ᠶᠣᠰᠣ ᠲᠦᠷᠢᠮ᠎ᠢ ᠲᠣᠳᠣᠷᠬᠠᠶ ᠲᠣᠭ᠍ᠲᠠᠭᠠᠪᠠ᠃ ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠤᠯᠤᠰ ᠲᠦᠷᠦ᠍᠎ᠶ᠋ᠢᠨ ᠪᠠᠢᠭᠤᠯᠤᠯᠲᠠ᠎ᠪᠠᠷ ᠶᠡᠷᠦᠨᠭ᠌ᠬᠡᠢ᠌ᠯᠡᠨ ᠵᠢᠯᠤᠭᠤᠳᠤᠭᠤᠯᠵᠤ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢ ᠴᠢᠩᠭᠠᠳᠭᠠᠨ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠪᠠᠢᠩᠭᠤ᠎ᠶ᠋ᠢᠨ ᠬᠤᠷᠢᠶ᠎ᠠ ᠵᠢᠨ ᠤᠳᠤᠷᠢᠳᠭᠤ ᠪᠠᠭ᠎ᠢ ᠦᠨᠡᠨ ᠬᠦ᠌ ᠨᠡᠩ ᠪᠠᠲᠤ ᠴᠢᠩᠭ᠎ᠠ ᠬᠦᠴᠦᠨ᠎ᠲᠡᠶ ᠪᠣᠯᠭᠠᠨ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ᠃ ᠪᠠᠢᠩᠭᠤ᠎ᠶ᠋ᠢᠨ ᠬᠤᠷᠢᠶ᠎ᠠ ᠵᠢᠨ ᠨᠥᠬᠥᠳ ᠨᠢᠭᠡ ᠪᠦᠷᠢ ᠴᠥᠮ ᠥᠪᠡᠷ᠎ᠦᠨ ᠨᠢᠭᠡᠳᠦᠭᠡᠷ ᠭᠠᠷᠤᠯ ᠪᠣᠯ ᠡᠪ ᠬᠠᠮᠲᠤ ᠨᠠᠮ᠎ᠤᠨ ᠭᠡᠱᠢᠭᠦᠨ᠂ ᠨᠢᠭᠡᠳᠦᠭᠡᠷ ᠲᠤᠱᠢᠶᠠᠯ ᠬᠠᠷᠢᠭᠤᠴᠠᠯᠭ᠎ᠠ ᠪᠣᠯ ᠨᠠᠮ᠎ᠤᠨ ᠲᠥᠯᠥᠭᠡ ᠠᠵᠢᠯᠯᠠᠬᠤ ᠪᠤᠯᠤᠨ᠎ᠠ ᠬᠡᠲᠡᠭ ᠵᠢᠨᠨ ᠪᠠᠲᠤ ᠴᠡᠬᠡᠵᠢᠯᠡᠵᠥ᠂ ᠲᠣᠭ᠍ᠲᠠᠭᠠᠯ᠎ᠳᠤ ᠳᠤᠷᠠᠳᠤᠭ᠍ᠰᠠᠨ ᠡᠯ᠎ᠡ ᠵᠦᠢᠯ᠎ᠦᠨ ᠱᠠᠭᠠᠷᠳᠠᠯᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠪᠦᠯᠬᠦᠮᠳᠡᠨ ᠨᠢᠭᠡᠳᠴᠦ᠍᠂ ᠬᠠᠮᠲᠤ᠎ᠪᠠᠷ ᠴᠢᠷᠮᠠᠢᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠬᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ ᠮᠠᠨ᠎ᠤ ᠣᠷᠣᠨ᠎ᠤ ᠬᠢᠯᠢ᠎ᠶ᠋ᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂《ᠥᠪᠡᠷᠲᠡᠭᠡᠨ ᠵᠠᠰᠠᠬᠤ ᠣᠷᠣᠨ᠎ᠤ ᠬᠢᠯᠢ᠎ᠶ᠋ᠢᠨ ᠬᠠᠭᠤᠷᠠᠶ ᠵᠠᠮ᠎ᠤᠨ ᠪᠣᠭᠣᠮᠲᠠ᠎ᠶ᠋ᠢᠨ ᠭᠠᠵᠠᠷ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠪᠠ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠵᠢᠯᠣᠭᠣᠳᠭᠤ ᠰᠠᠨᠠᠯ》᠎ᠢ᠋ ᠰᠤᠳᠤᠯᠤᠨ ᠬᠢᠨᠠᠨ ᠵᠥᠪᠯᠡᠪᠡ᠃ ᠬᠤᠷᠠᠯ᠎ᠡᠴᠡ᠂ ᠡᠷᠡᠰ ᠬᠦᠴᠦᠲᠡᠢ ᠠᠷᠭ᠎ᠠ ᠬᠡᠮᠵᠢᠶ᠎ᠡ ᠠᠪᠴᠤ᠌ ᠮᠠᠨᠵᠤᠤᠷ ᠬᠤᠳᠠ᠎ᠶ᠋ᠢᠨ ᠬᠢᠵᠢᠭ᠎ᠦᠨ ᠪᠠᠢᠳᠠᠯ᠎ᠢ ᠡᠵᠡᠮᠳᠡᠵᠦ᠍᠂ ᠮᠠᠨᠵᠤᠤᠷ ᠬᠤᠳᠠ᠎ᠶ᠋ᠢᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠍᠂ ᠴᠠᠭ ᠮᠥᠴᠡ᠎ᠲᠡᠶ ᠤᠷᠤᠯᠳᠤᠨ ᠪᠥᠭᠡᠮ ᠬᠦᠴᠢᠯ᠎ᠦᠨ ᠪᠠᠢᠴᠠᠭᠠᠯᠲᠠ ᠱᠢᠭ᠌ᠰᠢᠨ ᠪᠠᠢᠴᠠᠭᠠᠯᠲᠠ ᠪᠣᠯᠤᠨ ᠲᠠᠬᠤᠯ ᠡᠪᠡᠳᠴᠢᠨ ᠢ᠋ ᠪᠠᠢᠴᠠᠭᠠᠵᠤ ᠡᠬᠢ ᠰᠤᠷᠪᠤᠯᠵᠢ ᠵᠢ ᠮᠦᠷᠳᠡᠬᠦ ᠠᠵᠢᠯᠯᠠᠭ᠎ᠠ ᠦᠷᠨᠢᠭᠦᠯᠵᠦ᠂ ᠬᠠᠮᠤᠭ᠎ᠤᠨ ᠲᠦᠷᠭᠡᠨ ᠬᠤᠷᠳᠤᠴᠠ᠂ ᠬᠠᠮᠤᠭ᠎ᠤᠨ ᠶᠡᠬᠡ ᠴᠢᠷᠮᠠᠢᠯᠭ᠎ᠠ᠎ᠪᠠᠷ ᠬᠢᠵᠢᠭ᠎ᠦᠨ ᠪᠠᠢᠳᠠᠯ᠎ᠢ ᠰᠢᠭᠰᠢᠨ ᠪᠠᠢᠴᠠᠭᠠᠨ ᠡᠵᠡᠮᠳᠡᠵᠦ᠍᠂ ᠬᠢᠵᠢᠭ᠎ᠦᠨ ᠪᠠᠢᠳᠠᠯ᠎ᠤᠨ ᠭᠠᠳᠠᠭ᠍ᠰᠢ ᠳᠡᠯᠭᠡᠷᠡᠬᠦ᠌᠎ᠶ᠋ᠢ ᠰᠡᠷᠭᠡᠢᠯᠡᠬᠦ᠌ ᠬᠡᠷᠡᠭ᠌ᠲᠡᠢ᠃ ᠬᠥᠯᠥᠨ ᠪᠤᠢ᠌ᠷ ᠬᠤᠳᠠ᠎ᠶ᠋ᠢᠨ ᠬᠢᠨ ᠪᠦᠬᠦ᠌ ᠬᠤᠳᠠ᠎ᠶ᠋ᠢᠨ ᠡᠬᠢ ᠪᠠᠶᠠᠯᠢᠭ ᠪᠣᠯᠤᠨ ᠬᠦᠴᠦᠨ᠎ᠢ ᠲᠥᠪᠯᠡᠷᠡᠭᠦᠯᠦᠨ ᠮᠠᠨᠵᠤᠤᠷ ᠬᠤᠳᠠ᠎ᠶ᠋ᠢ ᠲᠤᠰᠠᠯᠠᠵᠤ᠂ ᠡᠯ᠎ᠡ ᠠᠢᠮᠠᠭ ᠬᠤᠳᠠ᠎ᠶ᠋ᠢᠨ ᠬᠢᠨ ᠤᠢ᠍ᠢᠷ᠎ᠠ᠎ᠶ᠋ᠢᠨ ᠬᠤᠭᠤᠴᠠᠭᠠᠨ᠎ᠳᠤ ᠮᠠᠨᠵᠤᠤᠷ ᠬᠤᠳᠠ᠎ᠳᠤ ᠵᠢᠭᠤᠯᠴᠢᠯᠠᠨ ᠰᠠᠭᠤᠷᠢᠱᠢᠭ᠍ᠰᠠᠨ ᠲᠡᠦᠬᠡ᠎ᠲᠡᠶ ᠬᠥᠮᠦᠰ᠎ᠢ ᠱᠠᠯᠠᠪᠳᠠᠭᠤᠯᠤᠨ ᠪᠠᠢᠴᠠᠭᠠᠵᠤ᠂ ᠲᠤᠰᠠᠭᠠᠷᠯᠠᠬᠤ ᠶᠣᠰᠣᠲᠠᠢ᠎ᠶ᠋ᠢ ᠨᠢ ᠲᠤᠰᠠᠭᠠᠷᠯᠠᠵᠤ᠂ ᠬᠠᠮᠢᠶᠠᠷᠤᠨ ᠡᠵᠡᠮᠳᠡᠬᠦ᠌ ᠶᠣᠰᠣᠲᠠᠢ᠎ᠶ᠋ᠢ ᠨᠢ ᠬᠠᠮᠢᠶᠠᠷᠤᠨ ᠡᠵᠡᠮᠳᠡᠵᠦ᠍᠂ ᠬᠢᠵᠢᠭ᠎ᠦᠨ ᠪᠠᠢᠳᠠᠯ᠎ᠤᠨ ᠲᠠᠷᠬᠠᠨ ᠳᠡᠯᠭᠡᠷᠡᠬᠦ᠌᠎ᠶ᠋ᠢ ᠡᠷᠡᠰ ᠬᠣᠷᠢᠭ᠍ᠯᠠᠬᠤ ᠬᠡᠷᠡᠭ᠌ᠲᠡᠢ᠃ ᠡᠮᠴᠢᠯᠡᠭᠡᠨ᠎ᠦ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠵᠦ᠍ ᠡᠪᠡᠳᠴᠢᠲᠡᠨ᠎ᠢ ᠪᠦᠬᠦ᠌ ᠬᠦᠴᠦᠨ᠎ᠢᠶᠡᠷ ᠠᠪᠤᠷᠠᠨ ᠡᠮᠨᠡᠵᠦ᠍᠂ ᠡᠪᠡᠳᠴᠢᠨ ᠎ᠤ ᠪᠠᠢᠲᠠᠯ ᠨᠢ ᠬᠥᠨᠭᠬᠡᠨ ᠡᠴᠡ ᠪᠡᠨ ᠬᠥᠨᠲᠥᠷᠡᠬᠥ ᠎ᠶ᠋ᠢ ᠡᠷᠡᠰ ᠰᠡᠷᠭᠡᠢᠯᠡᠵᠦ᠍᠂ ᠡᠮᠨᠡᠯᠭᠡ᠎ᠶ᠋ᠢᠨ ᠬᠤᠷᠢᠶ᠎ᠠ ᠵᠢᠨ ᠬᠠᠯᠳᠠᠪᠦᠷᠢᠯᠠᠯ ᠤ᠋ᠨ ᠠᠰᠠᠭᠤᠳᠠᠯ ᠡᠭᠦᠰᠭᠦ᠎ᠶ᠋ᠢ ᠡᠷᠡᠰ ᠰᠡᠷᠭᠡᠢᠯᠡᠬᠦ᠌ ᠬᠡᠷᠡᠭ᠌ᠲᠡᠢ᠃ ᠬᠢᠯᠢ ᠵᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠰᠠᠢᠲᠤᠷ ᠠᠳᠭᠤᠵᠤ᠂ ᠬᠢᠯᠢ ᠵᠢᠨ ᠪᠣᠭᠣᠮᠲᠠ᠎ᠳᠤ ᠬᠣᠯᠪᠣᠭ᠍ᠳᠠᠬᠤ ᠡᠯ᠎ᠡ ᠠᠢᠮᠠᠭ ᠬᠤᠳᠠ᠎ᠶ᠋ᠢᠨ ᠬᠢᠨ ᠪᠦᠷ ᠰᠢᠭᠰᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠭᠦᠨᠵᠡᠭᠡᠢ ᠥᠷᠨᠢᠭᠦᠯᠵᠦ᠍᠂ ᠨᠦᠬᠦᠬᠦ ᠶᠣᠰᠣᠲᠠᠢ ᠳᠤᠲᠠᠭ᠍ᠳᠠᠯ᠎ᠢ ᠲᠦᠷᠭᠡᠨ ᠨᠥᠬᠥᠪᠥᠷᠢᠯᠡᠵᠦ᠍᠂ ᠲᠡᠰ ᠳᠡᠪᠱᠢᠭᠦᠯᠬᠦ᠌ ᠶᠣᠰᠣᠲᠠᠢ ᠠᠷᠭ᠎ᠠ ᠪᠠᠷᠢᠯ᠎ᠢ ᠲᠦᠷᠭᠡᠨ ᠲᠡᠰ ᠳᠡᠪᠱᠢᠭᠦᠯᠵᠦ᠍᠂ ᠲᠡᠭᠦᠯᠳᠡᠷᠵᠢᠭᠦᠯᠬᠦ᠌ ᠶᠣᠰᠣᠲᠠᠢ ᠠᠷᠭ᠎ᠠ ᠬᠡᠮᠵᠢᠶ᠎ᠠ᠎ᠶ᠋ᠢ ᠦᠨᠡᠨ ᠬᠦ᠌ ᠲᠡᠭᠦᠯᠳᠡᠷᠵᠢᠭᠦᠯᠵᠦ᠍᠂ ᠬᠥᠮᠦᠨ ᠬᠢᠭᠡᠳ ᠬᠥᠮᠦᠠ᠂ ᠬᠥᠮᠦᠨ ᠬᠢᠭᠡᠳ ᠪᠤᠲᠠᠰ᠂ ᠬᠥᠮᠦᠨ ᠬᠢᠭᠡᠳ ᠣᠷᠴᠢᠨ ᠲᠣᠭᠣᠷᠢᠨ᠎ᠤ ᠬᠦᠷᠦᠯᠴᠡᠬᠦ ᠰᠡᠷᠭᠡᠢᠯᠡᠨ ᠡᠵᠡᠮᠳᠡᠬᠦ᠌ ᠠᠵᠢᠯ᠎ᠢ ᠵᠠᠪᠠᠯ ᠴᠢᠩᠭ᠎ᠠ᠎ᠠᠴᠠ ᠴᠢᠩᠭ᠎ᠠ᠂ ᠨᠢᠮᠪᠠᠢ᠎ᠠᠴᠠ ᠨᠢᠮᠪᠠᠢ ᠬᠢᠬᠦ᠌ ᠬᠡᠷᠡᠭ᠌ᠲᠡᠢ᠃ ᠪᠢᠳᠡᠭᠦᠮᠵᠢᠯᠡᠯ ᠡᠴᠡ ᠭᠠᠳᠠᠨᠠᠬᠢ ᠰᠡᠷᠭᠡᠢᠯᠡᠯᠲᠡ᠎ᠶ᠋ᠢᠨ᠎ᠱᠤᠭᠤᠮ᠎ᠢ᠎ᠪᠦᠷᠢᠨᠱᠢᠬᠦᠯᠦᠨ᠎ᠲᠡᠭᠦᠯᠳᠡᠷᠵᠢᠭᠦᠯᠵᠦ᠍᠂᠎ᠪᠣᠭᠣᠮᠲᠠ᠎ᠶ᠋ᠢᠨ ᠬᠣᠯᠪᠣᠭ᠍ᠳᠠᠯ ᠪᠦᠬᠦᠢ ᠬᠥᠮᠦᠰ᠎ᠢ ᠬᠠᠮᠢᠶᠠᠷᠤᠨ ᠡᠵᠡᠮᠳᠡᠬᠦ᠌ ᠳᠡᠰ᠎ᠢ ᠳᠡᠭᠡᠭ᠌ᠰᠢᠯᠡᠭᠦᠯᠵᠦ᠂ ᠢᠯᠠᠩᠭᠤᠶ᠎ᠠ ᠬᠣᠯᠪᠣᠭ᠍ᠳᠠᠯ ᠪᠦᠬᠦᠢ ᠠᠵᠤ ᠠᠬᠤᠢᠯᠠᠯ᠎ᠤᠨ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠠᠵᠤ ᠠᠬᠤᠢᠯᠠᠯ᠎ᠤᠨ ᠠᠵᠢᠯᠳᠠᠳ᠎ᠤᠨ ᠬᠠᠮᠢᠶᠠᠷᠤᠯᠲᠠ᠎ᠶ᠋ᠢ ᠴᠢᠩᠭᠠᠳᠭᠠᠨ᠂ ᠪᠥᠭᠡᠮ ᠬᠦᠴᠢᠯ᠎ᠦᠨ ᠪᠠᠢᠴᠠᠭᠠᠯᠲᠠ ᠵᠢᠨ ᠤᠳᠠᠭ᠎ᠠ ᠲᠤᠭ᠎ᠠ᠎ᠶ᠋ᠢ ᠨᠡᠮᠡᠭ᠌ᠳᠡᠭᠦᠯᠵᠦ᠍᠂ ᠡᠯ᠎ᠡ ᠵᠦᠢᠯ᠎ᠦᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠢ᠃ ᠬᠢᠯᠢ᠎ᠶ᠋ᠢᠨ ᠪᠣᠭᠣᠮᠲᠠ ᠶ᠋ᠢᠨ᠎ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠯᠪᠣᠭ᠍ᠳᠠᠯ ᠪᠦᠬᠦᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠳᠤᠲᠠᠭᠤᠳᠠᠯ᠎ᠢ ᠲᠦᠷᠭᠡᠨ ᠨᠥᠬᠥᠪᠥᠷᠢᠯᠡᠬᠦ᠌ ᠬᠡᠷᠡᠭ᠌ᠲᠡᠢ᠃ ᠡᠯ᠎ᠡ ᠱᠠᠳᠤ ᠡᠯ᠎ᠡ ᠲᠠᠯ᠎ᠠ᠎ᠶ᠋ᠢᠨ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠ᠎ᠶ᠋ᠢ ᠲᠠᠬᠢᠨ ᠴᠢᠩᠭ᠎ᠠ ᠪᠣᠳᠠᠲᠠᠢᠵᠢᠭᠤᠯᠵᠤ᠂ ᠬᠥᠯᠥᠨ ᠪᠤᠢ᠌ᠷ ᠬᠤᠳᠠ᠂ ᠮᠠᠨᠵᠤᠤᠷ ᠬᠤᠳᠠ ᠪᠣᠯᠤᠨ ᠲᠦᠩᠯᠢᠶᠣᠤ ᠬᠤᠳᠠ᠎ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠵᠦ᠍ ᠱᠢᠢᠳᠪᠦᠷᠢᠯᠡᠬᠦ᠌᠎ᠶ᠋ᠢ ᠲᠡᠷᠢᠭᠦᠨ ᠴᠢᠬᠤᠯᠠ ᠶᠡᠬᠡ ᠶᠠᠪᠤᠳᠠᠯ ᠪᠣᠯᠭᠠᠵᠤ᠂ ᠭᠣᠣᠯ ᠤᠳᠤᠷᠢᠳᠭᠤ ᠨᠥᠬᠥᠳ ᠡᠮᠦᠨ᠎ᠡ ᠹᠷᠣᠨᠲ᠎ᠲᠤ ᠬᠦᠷᠴᠤ᠂ ᠡᠮᠦᠨ᠎ᠠ ᠹᠷᠤᠨᠲ ᠲᠣ᠌ ᠵᠢᠯᠣᠭᠣᠳᠴᠤ᠌᠂ ᠡᠷᠡᠰ ᠱᠢᠭᠤᠷᠬᠠᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠌᠂ ᠪᠦᠬᠦ᠌ ᠬᠦᠴᠦᠨ᠎ᠢᠶᠡᠷ ᠠᠵᠢᠯ᠎ᠢᠶᠠᠨ ᠰᠠᠢᠲᠤᠷ ᠬᠢᠵᠦ᠍᠂ ᠬᠢᠵᠢᠭ᠎ᠦᠨ ᠪᠠᠢᠳᠠᠯ᠎ᠤᠨ ᠰᠦᠨᠦᠭᠡᠯᠳᠡ ᠵᠢᠨ ᠳᠠᠢᠯᠠᠯᠳᠤᠭᠠᠨ᠎ᠢ ᠡᠷᠡᠰ ᠰᠠᠢᠲᠤᠷ ᠬᠢᠬᠦ᠌ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠲᠤᠰ ᠭᠠᠵᠠᠷ ᠣᠷᠣᠨ᠎ᠤ᠎ᠪᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠲᠠᠬᠢᠨ ᠪᠠᠢᠷᠢᠯᠠᠭᠤᠯᠵᠤ᠂ ᠵᠢᠭᠰᠠᠭᠠᠯ᠎ᠢᠶᠡᠨ ᠴᠢᠩᠭ᠎ᠠ ᠰᠡᠷᠭᠡᠢᠯᠡᠨ᠎ᠰᠠᠬᠢᠵᠤ᠂ ᠠᠵᠢᠯ ᠪᠤᠯᠭᠠᠨ᠎ᠤ ᠬᠠᠷᠢᠭᠤᠴᠠᠯᠭ᠎ᠠ᠎ᠶ᠋ᠢ ᠪᠤᠳᠠᠳᠠᠢ ᠬᠥᠮᠦᠨ᠎ᠳᠦ ᠨᠠᠢᠳᠠᠪᠤᠷᠢᠵᠢᠭᠤᠯᠵᠦ᠂᠎ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠵᠦ᠂ ᠠᠵᠢᠯ᠎ᠤᠨ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠢ᠃ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠨᠢᠭᠡᠴᠢ ᠴᠥᠮ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ᠍᠂ ᠨᠢᠭ᠍ᠲᠠ ᠬᠠᠮᠵᠢᠯᠴᠠᠨ᠂ ᠣᠷᠣᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠴᠦ᠍ ᠲᠡᠷᠡ᠂ ᠱᠢᠰᠲ᠋ᠧᠮ᠎ᠢᠶᠡᠷ᠎ᠢᠶᠡᠨ ᠬᠠᠮᠢᠶᠠᠷᠬᠤ ᠪᠠᠢᠭᠤᠯᠭ᠎ᠠ ᠴᠦ᠍ ᠲᠡᠷᠡ ᠴᠥᠮ ᠲᠤᠰ ᠲᠤᠰ᠎ᠤᠨ ᠬᠠᠷᠢᠭᠤᠴᠠᠯᠭ᠎ᠠ᠎ᠪᠠᠨ ᠲᠣᠳᠣᠷᠬᠠᠢᠯᠠᠵᠤ᠂ ᠬᠠᠷᠢᠶ᠎ᠠ ᠭᠠᠵᠠᠷ᠎ᠤᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ᠎ᠣᠷᠳᠣᠨ᠎ᠤ᠎ᠨᠢᠭᠡᠳᠦᠯᠲᠡᠶ᠎ᠵᠢᠯᠣᠭᠣᠳᠤᠯᠭ᠎ᠠ ᠳᠣᠣᠷ᠎ᠠ ᠠᠯᠬᠤᠮ ᠨᠢᠭᠡᠲᠡᠶ᠎ᠪᠡᠷ ᠠᠵᠢᠯ᠎ᠢᠶᠠᠨ ᠥᠷᠨᠢᠭᠦᠯᠵᠦ᠂ ᠲᠠᠯ᠎ᠠ ᠲᠠᠯ᠎ᠠ᠎ᠠᠴᠠ ᠵᠠᠰᠠᠭ ᠶᠠᠪᠤᠭᠤᠯᠬᠤ ᠪᠤᠶᠤ ᠥᠪᠡᠷ ᠥᠪᠡᠷ᠎ᠦᠨ ᠬᠢ᠎ᠪᠡᠷ᠎ᠢᠶᠡᠨ ᠬᠢᠵᠦ᠍ ᠣᠭ᠍ᠲᠣ ᠪᠣᠯᠬᠤ ᠦᠭᠡᠶ᠃ ᠰᠠᠬᠢᠯᠭ᠎ᠠ ᠪᠠᠲᠤ᠎ᠶ᠋ᠢᠨ ᠱᠠᠭᠠᠷᠳᠠᠯᠭ᠎ᠠ᠎ᠶ᠋ᠢ ᠴᠢᠩᠳᠠᠯᠠᠵᠤ᠂ ᠬᠢᠨᠠᠯᠲᠠ ᠲᠠᠯᠪᠢᠵᠤ ᠦᠷ᠎ᠡ ᠪᠦᠲᠦᠮᠵᠢ᠎ᠶ᠋ᠢ ᠦᠵᠡᠬᠦ ᠵᠢ ᠴᠢᠩᠭᠠᠳᠭᠠᠵᠤ᠂ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ᠎ᠥᠬᠡᠶ᠂᠎ᠬᠠᠮᠢᠶᠠᠷᠤᠨ ᠡᠵᠡᠮᠳᠡᠭ᠌ᠰᠡᠨ᠎ᠢᠶᠡᠷ ᠬᠦᠷᠦᠯᠴᠡᠭᠰᠡᠡ ᠥᠬᠡᠶ᠎ᠡᠴᠡ ᠪᠣᠯᠵᠣ ᠬᠢᠵᠢᠭ᠎ᠦᠨ ᠪᠠᠢᠳᠠᠯ ᠦᠷᠪᠢᠰᠦᠨ ᠳᠡᠯᠭᠡᠷᠡᠭ᠌ᠰᠡᠨ ᠪᠠᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠍ ᠬᠠᠷᠢᠭᠤᠴᠠᠯᠭ᠎ᠠ ᠲᠤᠯᠭᠠᠬᠤ ᠬᠡᠷᠡᠭ᠌ᠲᠡᠶ ᠬᠡᠵᠤ ᠴᠢᠬᠤᠯᠠᠴᠢᠯᠠᠪᠠ᠃

ᠬᠤᠷᠠᠯ᠎ᠡᠴᠡ 《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠲᠣᠭ᠍ᠲᠠᠭᠠᠯ》 ᠎ᠢ᠋ ᠬᠢᠨᠠᠠ ᠵᠦᠪᠯᠡᠵᠦ᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠣᠣᠯ ᠰᠡᠳᠦᠪ ᠭᠣᠣᠯ ᠰᠢᠵᠢᠮ᠂ ᠲᠤᠳᠤᠷᠬᠠᠢᠯᠠᠭᠰᠠᠨ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠂ ᠳᠤᠷᠠᠳᠤᠭ᠍ᠰᠠᠨ ᠬᠠᠷᠠᠯᠲᠠ ᠡᠭᠦᠷᠭᠡ᠎ᠶᠢ ᠭᠦᠨᠵᠡᠭᠡᠢ ᠤᠢ᠍ᠢᠯᠠᠭᠠᠭᠤᠯᠤᠨ ᠣᠨᠣᠪᠴᠢᠲᠠᠢ ᠡᠵᠡᠮᠱᠢᠭᠦᠯᠵᠦ᠂ ᠦᠵᠡᠯ ᠰᠠᠨᠠᠭ᠎ᠠ᠎ᠪᠠᠨ ᠤᠯᠠᠮ ᠴᠢᠨᠠᠭ᠍ᠰᠢᠳᠠ ᠨᠢᠭᠡᠳᠭᠡᠵᠦ᠍᠂ ᠲᠡᠮᠡᠴᠡᠯ᠎ᠦᠨ ᠵᠣᠷᠢᠭ᠎ᠢᠶᠠᠨ ᠴᠢᠩᠭᠠᠳᠭᠠᠵᠤ᠂ ᠬᠦᠴᠦᠨ ᠴᠢᠳᠠᠯ᠎ᠢᠶᠠᠨ ᠨᠢᠭ᠍ᠲᠠᠷᠠᠭᠤᠯᠵᠤ᠂ ᠡᠯ᠎ᠡ ᠲᠠᠯ᠎ᠠ᠎ᠶ᠋ᠢᠨ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠡᠯ᠎ᠡ ᠵᠦᠢᠯ᠎ᠦᠨ ᠦᠢᠯᠡᠰ᠎ᠢ ᠲᠠᠰᠤᠷᠠᠯᠲᠠ ᠦᠭᠡᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠬᠤᠷᠠᠯ᠎ᠠᠴᠠ ᠪᠠᠰᠠ ᠪᠤᠰᠤᠳ ᠵᠦᠢᠯ᠎ᠢ ᠰᠤᠳᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面