2021-12-05 11:15:20
— ᠲᠤᠮᠳᠠᠳᠤ ᠤᠯᠤᠰᠤᠨᠡᠪ ᠬᠠᠮᠲᠤ ᠨᠠᠮ᠎ᠤᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ
ᠱᠢᠨ᠎ᠡ ᠠᠶᠠᠨ ᠵᠠᠮ ᠭᠡᠷᠡᠯ ᠰᠠᠴᠤᠷᠠᠩᠭᠤᠢ ᠪᠡᠷ ᠡᠬᠢᠯᠡᠵᠦ᠍᠂ ᠱᠢᠨ᠎ᠡ ᠬᠠᠷᠠᠯᠲᠠ ᠵᠢᠨ ᠪᠦᠷᠢᠶ᠎ᠠ ᠬᠠᠩᠬᠢᠨᠠᠵᠤ ᠠᠶᠠᠨ ᠵᠠᠮ᠎ᠳᠠᠭᠠᠨ ᠮᠤᠷᠳᠠᠬᠤ ᠵᠢ ᠱᠠᠭᠠᠷᠳᠠᠵᠤ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠬᠣᠢᠱᠢᠳᠠ᠎ᠶ᠋ᠢᠨ ᠲᠠᠪᠤᠨ ᠵᠢᠯ᠎ᠦᠨ ᠮᠠᠨ᠎ᠤ ᠣᠷᠣᠨ᠎ᠤ ᠲᠡᠮᠡᠴᠡᠬᠦ᠌ ᠬᠠᠷᠠᠯᠲᠠ᠎ᠶ᠋ᠢ ᠲᠣᠳᠣᠷᠬᠠᠢᠯᠠᠪᠠ᠂ ᠲᠤᠬᠠᠢᠯᠠᠪᠠᠯ ᠣᠷᠣᠨᠲᠠᠶᠠᠭᠠᠷᠤᠨ ᠴᠥᠬᠥᠷᠡᠰᠢ ᠥᠬᠡᠶ ᠴᠢᠷᠮᠠᠢᠯᠭ᠎ᠠ᠎ᠪᠠᠷ ᠳᠡᠮᠵᠢᠨ᠂ 《ᠬᠣᠶᠠᠷ ᠬᠠᠯᠬᠠᠪᠴᠢ》ᠨᠠᠩ ᠪᠠᠲᠤ ᠪᠠᠬᠢ ᠪᠣᠯᠵᠣ᠂《ᠬᠣᠶᠠᠷ ᠰᠠᠭᠤᠷᠢᠨ》᠎ᠤ᠋ ᠲᠤᠭ᠎ᠠ ᠶᠠᠰᠤ ᠴᠢᠨᠠᠷ ᠵᠡᠷᠭᠡ᠎ᠪᠡᠷ ᠳᠡᠭᠡᠭ᠌ᠰᠢᠯᠡᠵᠦ᠍᠂《ᠨᠢᠭᠡ ᠪᠡᠬᠢᠯᠡᠯᠲᠡ》᠎ᠶ᠋ᠢᠨ ᠦᠶ᠋ᠯᠡᠳᠦᠯ᠎ᠢ ᠢᠯᠡᠷᠡᠭᠦᠯᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢᠪᠣᠯᠭᠠᠭ᠍ᠰᠠᠨᠴᠢᠨᠠᠷᠰᠠᠢᠲᠠᠶᠬᠥᠭ᠌ᠵᠢᠯᠲᠡᠴᠢᠬᠤᠯᠠ ᠶᠡᠬᠡ ᠠᠯᠬᠤᠮ᠎ᠢ ᠠᠯᠬᠤᠨ᠎ᠠ᠃
ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠤᠷᠳᠡᠵᠤ᠂ ᠥᠪᠥᠷ ᠮᠣᠩᠭᠣᠯ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠪᠡᠨ ᠰᠠᠢᠲᠤᠷ ᠭᠦᠢᠴᠡᠳᠭᠡᠬᠦ᠌᠎ᠳᠦ᠂ ᠡᠷᠬᠡᠪᠰᠢ ᠠᠮᠢᠠᠬᠤᠶᠶ᠋ᠢᠤᠷᠢᠳᠢᠶᠠᠷᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ᠃ ᠡᠨᠡ ᠪᠣᠯ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠢ᠎ᠠ᠎ᠠᠴᠠ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠲᠠᠯᠪᠢᠭ᠍ᠰᠠᠨ ᠬᠦᠰᠡᠯ ᠨᠡᠢᠳᠡᠯᠭᠠ ᠪᠣᠯᠤᠨ᠎ᠠ᠂ ᠴᠢᠬᠤᠯᠠ ᠶᠡᠬᠡ ᠤᠯᠤᠰ ᠲᠦᠷᠦ᠍᠎ᠶ᠋ᠢᠨ ᠱᠠᠭᠠᠷᠳᠠᠯᠭ᠎ᠠ ᠪᠣᠯᠤᠨ᠎ᠠ᠃ ᠪᠢᠳᠡ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠲᠣᠭ᠎ᠢ ᠥᠨᠳᠥᠷ ᠮᠠᠨᠳᠤᠭᠤᠯᠵᠤ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠬᠦᠴᠦᠯᠡᠨ ᠦᠶ᠋ᠯᠡᠴᠢᠯᠡᠬᠦ᠌ ᠪᠠ ᠠᠭᠤᠰᠤᠯᠴᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠯᠠᠪᠳᠠᠭᠤᠨ ᠪᠠᠲᠤᠲᠠᠶ ᠰᠠᠢᠲᠤᠷ ᠵᠠᠮᠨᠠᠬᠤ ᠬᠡᠷᠡᠭ᠌ᠲᠡᠶ᠃
ᠪᠦᠬᠦ᠌ ᠲᠠᠯ᠎ᠠ᠎ᠶ᠋ᠢ ᠲᠦᠯᠦᠪᠵᠢᠭᠦᠯᠬᠦ ᠳ᠋ᠤ ᠡᠩ ᠲᠡᠷᠢᠭᠦᠨ ᠳ᠋ᠤ ᠪᠠᠢᠳᠠᠯ᠎ᠢ ᠱᠢᠨᠵᠢᠨᠠ᠃ ᠡᠨᠡ ᠬᠦ᠌ ᠱᠢᠨ᠎ᠡ ᠵᠠᠮ᠎ᠢᠶᠠᠷ ᠵᠠᠮᠨᠠᠬᠤ ᠪᠣᠯ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠂ ᠬᠥᠭ᠌ᠵᠢᠯᠲᠡ᠎ᠶ᠋ᠢᠨ ᠠᠷᠭ᠎ᠠ ᠵᠠᠮ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠂ ᠬᠥᠭ᠌ᠵᠢᠯᠲᠡ᠎ᠶ᠋ᠢᠨ ᠬᠠᠷᠠᠯᠲᠠ᠎ᠶ᠋ᠢᠨ ᠪᠦᠬᠦ᠌ ᠲᠠᠯ᠎ᠠ᠎ᠶ᠋ᠢᠨ ᠬᠤᠪᠢᠷᠠᠯᠲᠠ ᠮᠥᠨ᠂ ᠪᠦᠬᠦ᠌ ᠲᠠᠯ᠎ᠠ᠎ᠶ᠋ᠢᠨ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠤᠷᠳᠤ ᠬᠤᠭᠤᠴᠠᠭᠠᠨ᠎ᠤ ᠴᠢᠨᠠᠷᠲᠠᠢ ᠱᠠᠭᠠᠷᠳᠠᠯᠭ᠎ᠠ ᠮᠥᠨ᠂ ᠪᠤᠢ ᠪᠦᠬᠦᠢ ᠬᠦᠷᠢᠶ᠎ᠡ᠂ ᠪᠤᠢ ᠪᠦᠬᠦᠢ ᠣᠷᠣᠨ ᠪᠦᠰᠡ᠂ ᠪᠤᠢ ᠪᠦᠬᠦᠢ ᠠᠵᠤ ᠦᠢᠯᠡᠰ᠂ ᠪᠤᠢ ᠪᠦᠬᠦᠢ ᠠᠵᠢᠯ ᠲᠦᠷᠦᠯ ᠴᠥᠮ ᠡᠭᠦᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠡᠯ᠎ᠡ ᠵᠦᠢᠯ᠎ᠦᠨ ᠴᠢᠬᠤᠯᠠ ᠶᠡᠬᠡ ᠬᠠᠷᠠᠯᠲᠠ ᠡᠭᠦᠷᠭᠡ᠂ ᠴᠢᠬᠤᠯᠠ ᠶᠡᠬᠡ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠂ ᠴᠢᠬᠤᠯᠠ ᠶᠡᠬᠡ ᠢᠨᠵᠧᠨᠧᠷᠢᠩ᠎ᠦᠨ ᠲᠦᠷᠦᠯ ᠵᠦᠢᠯ᠎ᠢ ᠴᠥᠮ ᠡᠭᠦᠨ ᠳ᠋ᠤ ᠲᠦᠰᠢᠭᠯᠡᠨ ᠪᠠᠢᠷᠢᠰᠢᠭᠤᠯᠵᠤ ᠦᠷᠨᠢᠭᠦᠯᠬᠦ ᠬᠡᠷᠡᠭᠳᠠᠢ᠃ ᠤᠯᠠᠮᠵᠢᠯᠠᠯᠲᠤ ᠬᠥᠭ᠌ᠵᠢᠯᠲᠡ᠎ᠶ᠋ᠢᠨ ᠵᠠᠭ᠍ᠪᠤᠷ᠎ᠢ ᠦᠷᠭᠦᠯᠵᠢᠯᠡᠭᠦᠯᠬᠦ᠌᠎ᠳᠦ ᠪᠡᠷᠬᠡ᠂ ᠬᠠᠭᠤᠴᠢᠨ ᠵᠠᠮ᠎ᠢᠶᠠᠷ᠎ᠢᠶᠠᠨ ᠵᠠᠮᠨᠠᠵᠤ ᠳᠡᠢᠯᠬᠦ᠌ ᠦᠭᠡᠢ᠂ ᠲᠠᠬᠢᠵᠤ ᠵᠠᠮᠨᠠᠵᠤ ᠪᠣᠯᠬᠤ ᠦᠭᠡᠢ᠂ ᠠᠮᠢ ᠠᠬᠤᠢ ᠤᠷᠴᠢᠨ ᠲᠤᠭᠤᠷᠢᠨ ᠵᠥᠪᠱᠢᠶᠡᠷᠡᠬᠦ᠌ ᠦᠭᠡᠢ᠂ ᠠᠷᠠᠳ ᠤᠯᠠᠨ ᠵᠥᠪᠱᠢᠶᠡᠷᠡᠬᠦ᠌ ᠦᠭᠡᠢ ᠭᠡᠳᠡᠭ᠎ᠢ ᠪᠢᠳᠡ ᠡᠷᠬᠡᠪᠰᠢ ᠭᠦᠨᠵᠡᠭᠡᠢ ᠲᠠᠨᠢᠬᠤ ᠬᠡᠷᠡᠭ᠌ᠲᠡᠢ᠃ ᠣᠷᠣᠨ ᠳᠠᠶᠠᠭᠠᠷ᠎ᠢᠶᠠᠨ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠤ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ ᠤᠯᠤᠰ ᠲᠥᠷᠥ᠎ᠶ᠋ᠢᠨ ᠤᠳᠤᠷᠢᠳᠤᠮᠵᠢ ᠪᠠ ᠥᠷᠲᠡᠭ᠎ᠦᠨ ᠬᠥᠭᠡᠭᠡᠴᠡᠯᠳᠦᠯ᠎ᠢ ᠪᠠᠲᠤᠳᠬᠠᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢ ᠡᠬᠢ ᠪᠠᠶᠠᠯᠢᠭ᠎ᠲᠤ ᠲᠦᠱᠢᠭ᠌ᠯᠡᠬᠦ᠌ ᠬᠡᠯᠪᠡᠷᠢ᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠬᠤᠪᠢᠷᠠᠭᠤᠯᠬᠤ᠂ ᠪᠦᠳᠦᠭᠦᠯᠢᠭ ᠦᠨᠳᠦᠷ ᠨᠡᠭᠦᠷᠡᠰᠦᠲᠥ᠋ᠷᠥᠭ᠌ᠴᠢᠲᠦ ᠬᠡᠯᠪᠡᠷᠢ ᠡᠴᠡ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭ᠌ᠴᠢᠳᠤ ᠬᠡᠯᠪᠡᠷᠢ ᠲᠡᠢᠰᠢ ᠬᠤᠪᠢᠷᠠᠭᠤᠯᠵᠤ᠂ ᠲᠠᠷᠠᠬᠠᠶ ᠪᠤᠲᠠᠷᠬᠠᠶ ᠦᠷ᠎ᠡ ᠠᠱᠢᠭ ᠳᠤᠤᠷ᠎ᠠ ᠬᠡᠯᠪᠡᠷᠢ᠎ᠡᠴᠡ ᠡᠷᠴᠢᠮᠯᠢᠭ ᠥᠨᠳᠥᠷ ᠪᠦᠲᠦᠮᠵᠢᠲᠡᠶ ᠬᠡᠯᠪᠡᠷᠢ ᠲᠡᠢᠰᠢ ᠬᠤᠪᠢᠷᠠᠭᠤᠯᠬᠤ ᠵᠢ ᠬᠦᠴᠦᠯᠡᠨ ᠠᠬᠢᠭᠤᠯᠵᠤ᠂ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠱᠠᠭᠠᠷᠳᠠᠯᠭ᠎ᠠ ᠲᠠᠢ ᠦᠯᠦ ᠨᠡᠢᠴᠡᠬᠦ ᠦᠯᠦ ᠵᠤᠬᠢᠴᠠᠬᠤ ᠴᠢᠨᠠᠭᠰᠢᠯᠠᠪᠠᠯ ᠲᠡᠭᠦᠨ ᠲᠠᠢ ᠵᠦᠷᠢᠴᠡᠯᠳᠦᠬᠦ ᠦᠵᠡᠯ ᠰᠠᠨᠠᠭ᠎ᠠ ᠦᠵᠡᠯᠳᠡ᠂ ᠦᠢᠯᠡ ᠠᠵᠢᠯᠯᠠᠭ᠎ᠠ᠂ ᠬᠥᠭ᠌ᠵᠢᠯᠲᠡ᠎ᠶ᠋ᠢᠨ ᠵᠠᠭ᠍ᠪᠤᠷ ᠲᠤ᠌ ᠡᠷᠡᠰ ᠲᠤᠬᠢᠷᠠᠭᠤᠯᠤᠯᠳᠠ ᠬᠢᠵᠤ᠂ ᠵᠠᠯᠠᠷᠠᠭᠤᠯᠬᠤ ᠪᠠ ᠲᠠᠶᠠᠭᠳᠠᠵᠤ᠂ ᠪᠠᠢᠳᠠᠯ ᠪᠤᠳᠤᠯᠢᠶᠠᠨᠲᠠᠶ ᠡᠴᠡ ᠪᠣᠯᠵᠤ ᠴᠢᠭ᠌ᠯᠡᠯ᠎ᠢᠶᠡᠨ ᠠᠯᠳᠠᠵᠤ ᠶᠠᠭᠠᠬᠢᠭ᠍ᠰᠠᠨ ᠴᠤ᠌ ᠪᠣᠯᠬᠤ ᠦᠭᠡᠢ᠂ ᠨᠢᠭᠡᠨ ᠴᠠᠭ᠎ᠤᠨ ᠠᠱᠢᠭ᠂ ᠨᠢᠭᠡᠨ ᠴᠠᠭ᠎ᠤᠨ ᠬᠦᠴᠢᠷᠳᠡᠯ ᠡᠴᠡ ᠪᠤᠯᠵᠤ ᠣᠯᠵᠤ ᠠᠯᠳᠠᠬᠤ ᠵᠢ ᠪᠣᠳᠣᠵᠤ ᠪᠤᠯᠬᠤ ᠦᠭᠡᠢ᠂ ᠠᠵᠤ ᠠᠬᠤᠢ᠎ᠶ᠋ᠢᠨ ᠨᠡᠮᠡᠭ᠌ᠳᠡᠯ᠎ᠦᠨ ᠬᠡᠯᠪᠡᠯᠵᠡᠯ᠎ᠳᠦ ᠬᠦᠳᠦᠯᠦᠭ᠌ᠳᠡᠨ ᠶᠠᠪᠤᠵᠤ ᠶᠠᠭᠠᠬᠢᠭᠰᠠᠨ ᠴᠤ᠌ ᠪᠣᠯᠬᠤ ᠦᠭᠡᠢ᠂ ᠱᠢᠨ᠎ᠡ ᠵᠠᠮ᠎ᠢᠶᠠᠷ ᠨᠢᠭᠡ ᠨᠢᠭᠡ ᠠᠯᠬᠤᠮ ᠵᠢᠡᠷ ᠯᠠᠪᠳᠠᠭᠤᠨ ᠪᠠᠲᠤᠲᠠᠢ ᠰᠠᠢᠲᠤᠷ ᠵᠠᠮᠨᠠᠬᠤ ᠬᠡᠷᠡᠭ᠌ᠲᠡᠢ᠃
ᠬᠢᠬᠦ ᠡᠴᠡ ᠪᠡᠨ ᠡᠮᠦᠨ᠎ᠡ ᠰᠠᠢᠳᠤᠷ ᠲᠦᠯᠦᠪᠯᠡᠨ ᠪᠤᠳᠤᠯᠬᠢᠯᠠᠵᠤ᠂ ᠭᠦᠢᠴᠡᠳ ᠪᠡᠯᠡᠳᠭᠡᠯ ᠲᠠᠢ ᠪᠤᠯ ᠰᠠᠶᠢ ᠤᠴᠢᠷ ᠶᠠᠪᠤᠳᠠᠯ᠎ᠢ ᠰᠠᠢᠳᠤᠷ ᠰᠢᠢᠳᠪᠦᠷᠢᠯᠡᠵᠦ ᠴᠢᠳᠠᠨ᠎ᠠ᠃ ᠥᠩᠭᠡᠷᠡᠭ᠌ᠰᠡᠨ 5 ᠵᠢᠯ᠎ᠳᠦ᠂ ᠥᠪᠥᠷ ᠮᠣᠩᠭᠣᠯ ᠬᠡᠯᠪᠡᠷᠢ᠎ᠪᠡᠨ ᠬᠤᠪᠢᠷᠠᠭᠤᠯᠬᠤ᠂ ᠪᠦᠲᠦᠴᠡ᠎ᠪᠡᠨ ᠲᠣᠬᠢᠷᠠᠭᠤᠯᠬᠤ᠎ᠶ᠋ᠢ ᠲᠦᠷᠭᠡᠳᠭᠡᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠵᠤ᠂ ᠲᠠᠰᠤᠷᠠᠯᠲᠠ ᠥᠬᠡᠶ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠪᠣᠳᠠᠲᠠᠶ ᠦᠷ᠎ᠡ ᠪᠦᠲᠦᠮᠵᠢ ᠤᠯᠪᠠ᠃ ᠢᠷᠡᠭᠡᠳᠦᠢ᠎ᠳᠦ ᠬᠠᠨᠳᠤᠬᠤᠶ᠎ᠠ᠂ ᠪᠢᠳᠡ ᠵᠢᠷᠤᠭ ᠲᠦᠰᠦᠪ ᠪᠠ ᠬᠦᠰᠡᠯ ᠵᠡᠭᠦᠳᠦ᠍᠎ᠲᠡᠶ ᠪᠠᠢᠬᠤ᠎ᠪᠠᠷ ᠪᠠᠷᠠᠬᠤ ᠦᠭᠡᠢ ᠨᠡᠩ ᠴᠤ᠌ ᠲᠡᠮᠡᠴᠡᠯ᠎ᠦᠨ ᠵᠣᠷᠢᠭ ᠰᠦᠰᠦ ᠪᠠ ᠡᠷᠴᠢ ᠬᠦᠴᠦᠨ᠎ᠲᠠᠶ ᠪᠠᠢᠬᠤ ᠬᠡᠷᠡᠭ᠌ᠲᠡᠢ᠃ ᠣᠷᠣᠨ ᠳᠠᠶᠠᠭᠠᠷ᠎ᠢᠶᠠᠨ ᠱᠢᠨ᠎ᠡ ᠵᠠᠮ᠎ᠢᠶᠠᠷ ᠰᠠᠢᠲᠤᠷ ᠵᠠᠮᠨᠠᠬᠤ ᠤᠯᠤᠰ ᠲᠥᠷᠥ᠎ᠶ᠋ᠢᠨ ᠤᠬᠠᠮᠰᠠᠷᠲᠤ ᠴᠢᠨᠠᠷ ᠪᠣᠯᠤᠨ ᠪᠣᠳᠠᠲᠤ ᠲᠤᠯᠭᠠᠮ ᠰᠡᠳᠭᠢᠯᠭᠡ᠎ᠪᠡᠨ ᠴᠢᠩᠭᠠᠳᠭᠠᠵᠤ᠂ ᠱᠢᠷᠭᠠᠭᠤ ᠬᠠᠲᠠᠭᠤᠵᠢᠯᠲᠠᠶ ᠠᠵᠢᠯᠯᠠᠨ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠨᠢᠭᠡ ᠨᠢᠭᠡ᠎ᠪᠡᠷ ᠰᠢᠢᠳᠪᠦᠷᠢᠯᠡᠵᠦ᠂ ᠨᠢᠭᠡ ᠨᠢᠭᠡ᠎ᠪᠡᠷ ᠪᠣᠭᠣᠮᠲᠠ ᠱᠢᠪᠲᠤᠯᠵᠤ᠂ ᠨᠢᠭᠡ ᠨᠢᠭᠡ᠎ᠪᠡᠷ ᠨᠠᠢᠳᠠᠪᠤᠷᠢᠵᠢᠭᠤᠯᠵᠤ᠂ ᠵᠢᠷᠤᠭ ᠲᠥᠰᠦᠪ᠎ᠢ ᠪᠣᠳᠠᠲᠤ ᠠᠬᠤᠶ ᠪᠣᠯᠭᠠᠨ ᠬᠤᠪᠢᠷᠠᠭᠤᠯᠵᠤ᠂ ᠬᠦᠰᠡᠯ ᠡᠷᠡᠮᠡᠯᠵᠡᠯ᠎ᠢ ᠪᠣᠳᠠᠲᠤ ᠠᠬᠤᠶ ᠪᠣᠯᠭᠠᠨ ᠬᠤᠪᠢᠷᠠᠭᠤᠯᠬᠤ᠎ᠪᠠᠷ ᠴᠢᠷᠮᠠᠢᠬᠤ ᠬᠡᠷᠡᠭ᠌ᠲᠡᠶ᠃ ᠣᠷᠣᠨ ᠳᠠᠶᠠᠭᠠᠷ᠎ᠤᠨ ᠴᠥᠬᠥᠷᠡᠰᠢ ᠦᠭᠡᠢ ᠴᠢᠷᠮᠠᠢᠯᠭ᠎ᠠ᠎ᠪᠠᠷ ᠳᠠᠮᠵᠢᠨ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ ᠨᠡᠩ ᠶᠡᠬᠡ ᠦᠷ᠎ᠡ ᠪᠦᠲᠦᠭᠡᠯ ᠣᠯᠵᠤ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ ᠨᠡᠩ ᠶᠡᠬᠡ ᠦᠷ᠎ᠡ ᠪᠦᠲᠦᠮᠵᠢ ᠣᠯᠵᠤ᠂ ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ ᠨᠡᠩ ᠶᠡᠬᠡ ᠠᠬᠢᠴᠠ᠎ᠲᠠᠶ ᠪᠣᠯᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠥᠨᠳᠥᠷ ᠪᠦᠲᠦᠮᠵᠢᠲᠡᠢ ᠵᠠᠰᠠᠯᠲᠠ ᠨᠡᠩ ᠶᠡᠬᠡ ᠱᠢᠪᠲᠤᠯᠤᠯᠲᠠ᠎ᠲᠠᠶ ᠪᠣᠯᠬᠤ ᠬᠡᠷᠡᠭ᠌ᠲᠡᠢ᠃
ᠵᠤᠷᠢᠭ ᠪᠠᠢᠪᠠᠯ ᠵᠤᠷᠢᠭᠰᠠᠨ ᠳ᠋ᠠᠭᠠᠨ ᠯᠠᠪᠲᠠᠶ ᠬᠦᠷᠦᠨ᠎ᠡ᠃ ᠣᠷᠣᠨ ᠳᠠᠶᠠᠭᠠᠷ᠎ᠢᠶᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠮᠡᠳᠡᠬᠦᠢ ᠬᠢᠬᠦᠢ ᠪᠠᠨᠨᠢᠭᠡᠳᠭᠡᠬᠦ᠌ᠶ᠋ᠢ ᠪᠠᠷᠢᠮᠲᠠᠯᠠᠵᠤ᠂ ᠪᠠᠢᠯᠳᠤᠬᠤ ᠪᠤᠳᠤᠯᠭᠠᠶ᠋ᠢᠨᠲᠣᠭ᠍ᠲᠠᠯᠬᠦᠴᠦᠨᠢᠶᠡᠨᠪᠠᠲᠤᠯᠠᠵᠤ᠂ᠠᠮᠢᠠᠬᠤᠢᠶ᠋ᠢᠤᠷᠢᠳᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠵᠤ᠂ ᠲᠡᠮᠡᠴᠡᠯ᠎ᠦᠨ ᠬᠠᠷᠠᠯᠲᠠ᠎ᠪᠠᠨ ᠵᠤᠷᠢᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠦᠷᠭᠦᠯᠵᠢᠯᠡᠨ ᠬᠦᠴᠦᠯᠡᠵᠦ᠍᠂ ᠴᠥᠬᠥᠷᠡᠰᠢ ᠦᠭᠡᠢ ᠴᠢᠷᠮᠠᠢᠳᠠᠭ ᠯᠠ ᠶᠤᠮ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ 《ᠬᠤᠷᠳᠤᠴᠠ ᠪᠠᠨ ᠨᠡᠮᠡᠬᠦ》 ᠵᠢ ᠯᠠᠪᠲᠠᠢ ᠪᠡᠶᠡᠯᠡᠭᠦᠯᠵᠦ᠍᠂ ᠮᠠᠨ᠎ᠤ ᠬᠠᠷᠠᠯᠳᠠ ᠯᠠᠪᠳᠠᠢ ᠪᠡᠶᠡᠯᠡᠭᠳᠡᠵᠤ᠂ ᠮᠠᠨ᠎ᠤ ᠢᠷᠡᠭᠡᠳᠦᠢ ᠨᠡᠩ ᠰᠠᠢ᠌ᠨ ᠰᠠᠢᠬᠠᠨ ᠪᠣᠯᠬᠤ ᠨᠢ ᠯᠠᠪᠲᠠᠢ ᠶᠤᠮ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃