ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-05 11:17:52

ᠵᠣᠬᠢᠶᠠᠭ᠍ᠴᠢ᠄ ᠸᠠᠩ ᠲᠠᠨ᠎ᠠ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 2 ᠤ᠋ᠨ ᠡᠳᠦᠷ᠂ ᠤᠯᠠᠭᠠᠨᠬᠠᠳᠠ ᠬᠤᠲᠠ᠎ᠶ᠋ᠢᠨ ᠨᠠᠮ᠎ᠤᠨ ᠬᠤᠷᠢᠶ᠎ᠠ ᠺᠠᠳ᠋ᠷᠴᠤᠳ᠎ᠤᠨ ᠶᠡᠭᠡ ᠬᠤᠷᠠᠯ ᠬᠢᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ᠎ᠨᠠᠮ᠎ᠤᠨ᠎ᠲᠥᠯᠥᠭᠡᠯᠡᠭ᠌ᠴᠢᠳ᠎ᠤᠨ᠎ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠲᠤᠭᠤᠱᠢᠯᠠᠭᠤᠯᠪᠠ᠃

ᠬᠤᠷᠠᠯ᠎ᠡᠴᠡ᠂ ᠪᠥᠬᠦ᠌ ᠬᠤᠲᠠ ᠳᠠᠶᠠᠭᠠᠷ᠎ᠢᠶᠠᠨ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠭᠠᠨ᠂ ᠨᠢᠮᠪᠠᠶ ᠵᠣᠬᠢᠶᠠᠨ ᠪᠠᠢᠭᠤᠯᠵᠤ᠂ ᠬᠢᠨᠠᠮᠠᠭᠠᠢ ᠪᠠᠢᠷᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠠ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠲᠠᠢ ᠤᠶᠠᠯᠳᠤᠭᠤᠯᠤᠨ᠂ ᠣᠯᠠᠨ ᠵᠦᠢᠯ᠎ᠤᠨ ᠠᠷᠭ᠎ᠠ ᠬᠡᠯᠪᠡᠷᠢ᠎ᠪᠠᠷ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠤᠬᠠᠭᠤᠯᠤᠨ ᠲᠤᠭᠤᠱᠢᠯᠠᠭᠤᠯᠵᠤ᠂ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠮ᠎ᠤᠨ ᠭᠡᠱᠢᠭᠦᠨ ᠺᠠᠳ᠋ᠷ ᠨᠢᠭᠡ ᠪᠦᠷᠢ᠎ᠳᠤ ᠤᠯᠠᠮᠵᠢᠯᠠᠨ᠂ ᠲᠦᠭ ᠲᠦᠮᠡᠨ ᠠᠢᠯ ᠡᠷᠦᠬᠡ᠎ᠳᠤ ᠳᠠᠮᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠱᠠᠭᠠᠷᠳᠠᠯᠭ᠎ᠠ ᠳᠡᠭᠡᠷ᠎ᠡ ᠦᠨᠡᠨ᠎ᠬᠦ᠌ ᠨᠢᠭᠡᠳᠭᠡᠨ᠂ ᠢᠯᠠᠡᠭᠭᠤᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠯᠠᠭᠠᠨᠬᠠᠳᠠ᠎ᠶ᠋ᠢ ᠬᠠᠯᠠᠮᠵᠢᠯᠠᠵᠤ ᠪᠠᠢᠭ᠎ᠠ᠎ᠶ᠋ᠢ ᠪᠠᠲᠤ ᠴᠡᠭᠡᠵᠢᠯᠡᠵᠦ᠍᠂ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠨ᠂ ᠲᠡᠷᠡ ᠶᠤᠰᠤᠭᠠᠷ᠎ᠨᠢ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ᠎ᠲᠥᠯᠥᠭᠡᠯᠡᠭ᠌ᠴᠢᠳ᠎ᠤᠨ᠎ᠶᠡᠭᠡ᠎ᠬᠤᠷᠠᠯ᠎ᠤᠨ᠎ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠤᠯᠠᠭᠠᠨᠬᠠᠳᠠ᠎ᠳᠤ ᠨᠠᠢᠳᠠᠪᠤᠷᠢᠵᠢᠭᠤᠯᠵᠦ᠍᠂ ᠴᠡᠴᠡᠭ᠌ᠯᠡᠭᠦᠯᠦᠨ ᠵᠢᠮᠢᠰᠯᠡᠬᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠵᠠᠢ᠃

ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠡᠴᠡ ᠤᠯᠠᠭᠠᠨᠬᠠᠳᠠ᠂ ᠲᠦᠩᠯᠢᠶᠣᠤ᠎ᠶ᠋ᠢᠨ《ᠬᠤᠣᠰ ᠣᠳᠣᠨ ᠣᠷᠣᠨ》ᠢ᠋ ᠭᠤᠣᠯᠳᠠᠯᠭ᠎ᠠ᠎ᠲᠠᠢ ᠪᠦᠲᠦᠭᠡᠨ ᠪᠠᠢᠭᠤᠯᠤᠨ᠎ᠠ ᠭᠡᠵᠦ᠍ ᠲᠣᠳᠣᠷᠬᠠᠢ ᠳᠤᠷᠠᠳᠪᠠ᠃ ᠪᠦᠬᠦ᠌ ᠬᠤᠲᠠ ᠳᠠᠶᠠᠭᠠᠷ ᠡᠷᠬᠡᠪᠰᠢ《ᠬᠤᠤᠰ ᠣᠳᠣᠨ ᠣᠷᠣᠨ》᠎ᠤ ᠪᠠᠶᠠᠯᠢᠭ ᠠᠭᠤᠯᠤᠭ᠍ᠳᠠᠬᠤᠨ ᠎ᠪᠠ ᠎ᠮᠥᠨ ᠴᠢᠨᠠᠷ᠎ᠤᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ ᠬᠠᠷᠢᠭᠤᠴᠠᠯᠭ᠎ᠠ᠎ᠶ᠋ᠢ᠎ᠲᠣᠳᠣᠷᠬᠠᠶ᠎ᠲᠠᠨᠢᠨ᠂ ᠵᠥᠷᠢᠶ᠎ᠡ᠎ᠶ᠋ᠢ ᠣᠯᠵᠤ ᠬᠠᠷᠠᠨ᠂ ᠶᠡᠷᠦᠩᠬᠡᠶ ᠬᠠᠷᠠᠯᠲᠠ᠎ᠶ᠋ᠢᠨ ᠲᠣᠭᠤᠷᠢᠨ᠎ᠳᠤ ᠪᠠᠷᠢᠯᠭ᠎ᠠ᠎ᠶ᠋ᠢᠨ ᠵᠢᠷᠤᠭ ᠲᠣᠭ᠍ᠲᠠᠭᠠᠵᠤ᠂ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠲᠥᠪ ᠬᠤᠲᠠ᠂ ᠳᠤᠮᠳᠠᠳᠤ ᠤᠯᠤᠰ᠎ᠤᠨ ᠤᠮᠠᠷᠠᠲᠤ᠎ᠶ᠋ᠢᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠦᠢᠯᠡᠳᠪᠦᠷᠢᠯᠡᠵᠦ᠍ ᠭᠠᠷᠭᠠᠬᠤ ᠰᠠᠭᠤᠷᠢᠨ᠂ ᠤᠯᠤᠰ᠎ᠤᠨ ᠠᠵᠤ ᠦᠢᠯᠡᠰ᠎ᠤᠨ ᠱᠢᠯᠵᠢᠯᠲᠡ᠎ᠶ᠋ᠢ ᠬᠦᠯᠢᠶᠡᠨ ᠠᠪᠬᠤ ᠬᠠᠮᠲᠤᠷᠠᠯᠴᠠᠭᠠᠨ᠎ᠤ ᠵᠢᠱ᠌ᠢᠶ᠎ᠡ ᠦᠵᠡᠭᠦᠯᠬᠦ᠌ ᠣᠷᠣᠨ᠂ ᠠᠷᠠᠯᠵᠢᠶ᠎ᠠ ᠬᠤᠳᠠᠯᠳᠤᠭᠠᠨ᠎ᠤ ᠦᠢᠯᠡᠴᠢᠯᠡᠭᠡᠨ᠎ᠤ ᠬᠡᠯᠪᠡᠷᠢ᠎ᠶ᠋ᠢᠨ ᠤᠯᠤᠰ᠎ᠤᠨ ᠪᠠᠷᠠᠭᠠᠨ᠎ᠤ ᠭᠦᠢᠯᠭᠡᠭᠡᠨ᠎ᠤ ᠬᠦᠢᠰᠦ ᠬᠤᠲᠠ ᠵᠢᠴᠢ ᠤᠯᠤᠰ᠎ᠤᠨ ᠣᠨᠴᠠᠯᠢᠭ᠎ᠲᠠᠢ ᠰᠣᠶᠣᠯ ᠵᠢᠭᠤᠯᠴᠢᠯᠠᠯ ᠪᠠ ᠰᠡᠯᠡᠭᠦᠴᠡᠨ ᠠᠮᠠᠷᠠᠬᠤ ᠰᠠᠭᠤᠷᠢᠨ ᠵᠡᠷᠭᠡ ᠪᠣᠳᠠᠲᠠᠶ ᠠᠵᠢᠯᠯᠠᠭᠠᠨ᠎ᠤ ᠲᠥᠰᠦᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠳᠠᠷᠤᠤ ᠬᠢᠴᠢᠶᠡᠩᠭᠦᠶ᠎ᠪᠠᠷ ᠲᠦᠩᠯᠢᠶᠣᠤ ᠵᠢᠴᠢ ᠥᠪᠥᠷ ᠮᠣᠩᠭᠤᠯ᠎ᠤᠨ ᠵᠡᠭᠦᠨ ᠬᠡᠰᠡᠭ᠎ᠤᠨ ᠠᠬ᠎ᠠ ᠳᠡᠭᠦᠦ ᠠᠢᠮᠠᠭ ᠬᠤᠲᠠ᠎ᠡᠴᠡ ᠰᠤᠷᠤᠯᠴᠠᠵᠤ᠂ ᠲᠦᠩᠯᠢᠶᠣᠤ ᠬᠤᠲᠠ᠎ᠲᠠᠢ ᠮᠥᠷᠥ᠍ ᠵᠡᠷᠭᠡᠴᠡᠨ ᠪᠠᠢᠯᠳᠤᠵᠤ᠂ ᠬᠦᠴᠦ᠍᠎ᠪᠠᠨ ᠬᠠᠮᠲᠤᠳᠭᠠᠨ ᠬᠠᠮᠲᠤᠷᠠᠨ ᠠᠵᠢᠯᠯᠠᠨ᠂ ᠦᠨᠡᠨ ᠪᠣᠳᠠᠲᠠᠶ ᠠᠵᠢᠯᠯᠠᠭᠠᠨ᠎ᠤ ᠠᠷᠭ᠎ᠠ ᠬᠡᠮᠵᠢᠶ᠎ᠡ᠎ᠪᠠᠷ《ᠬᠤᠤᠰ ᠣᠳᠣᠨ ᠣᠷᠣᠨ》᠎ᠤ ᠪᠥᠲᠥᠭᠡᠨ ᠪᠠᠢᠭᠤᠯᠤᠯᠲᠠ᠎ᠶ᠋ᠢ ᠠᠯᠢ ᠲᠦᠷᠭᠡᠨ᠎ᠢᠶᠠᠷ ᠢᠯᠡᠳᠲᠡ ᠠᠬᠢᠯᠲᠠ᠎ᠲᠠᠢ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面