2021-12-04 10:40:35
( 2021 ᠣᠨ ᠤ 11 ᠰᠠᠷ᠎ᠠ ᠶᠢᠨ 30 ᠤ᠋ ᠡᠳᠦᠷ )
ᠱ᠌ᠢ᠎ᠲᠡᠶ ᠹᠧᠩ
ᠲᠥᠯᠥᠭᠡᠯᠡᠭ᠌ᠴᠢᠳ ᠡ᠂ ᠨᠥᠬᠥᠳ ᠡ᠄
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠳᠣᠲᠣᠨᠣ ᠬᠠᠯᠠᠮᠵᠢᠯᠠᠯ ᠳᠣᠣᠷ᠎ᠠ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠦᠨ ᠱᠠᠯᠠᠪᠳᠠᠭᠤᠯᠤᠨ ᠵᠢᠯᠣᠭᠣᠳᠭᠤ ᠳᠤᠭᠤᠢᠯᠠᠩ᠎ᠤᠨ ᠨᠢᠮᠪᠠᠢ ᠵᠢᠯᠤᠭᠤᠳᠤᠯᠭ᠎ᠠ ᠳᠣᠣᠷ᠎ᠠ᠂ ᠪᠦᠬᠦ᠌ ᠲᠥᠯᠥᠭᠡᠯᠡᠭ᠌ᠴᠢ᠂ ᠬᠤᠷᠠᠯ ᠳᠤ ᠣᠷᠣᠯᠴᠠᠭ᠍ᠰᠠᠨ ᠨᠥᠬᠥᠳ ᠪᠣᠯᠤᠨ ᠥᠷᠭᠡᠨ ᠤᠯᠠᠨ ᠠᠵᠢᠯᠳᠠᠨᠤᠬᠠᠮᠲᠤᠶᠢᠨᠴᠢᠷᠮᠠᠢᠯᠭᠠᠪᠠᠷ᠂ᠡᠯᠡᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠦᠭᠡᠳ ᠠᠮᠵᠢᠯᠲᠠ᠎ᠲᠠᠶ ᠲᠡᠭᠦᠰᠭᠦ ᠪᠣᠯᠤᠯ᠎ᠠ᠃
ᠡᠨᠡ ᠤᠳᠠᠭ᠎ᠠ᠎ᠶᠢᠨ ᠶᠡᠬᠡ ᠬᠤᠷᠠᠯ ᠮᠠᠰᠢ ᠠᠮᠵᠢᠯᠲᠠ᠎ᠲᠠᠶ ᠬᠤᠷᠠᠯᠳᠤᠵᠤ᠂ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠎ᠢ ᠪᠠᠳᠠᠷᠠᠭᠤᠯᠵᠤ᠂ ᠦᠷᠨᠢᠭᠦᠨ ᠵᠢᠪᠬᠤᠭᠠᠳᠤ ᠡᠷᠴᠢ ᠵᠣᠷᠢᠭ᠎ᠢ ᠬᠥᠪᠴᠢᠯᠡᠵᠦ᠍᠂ ᠮᠤᠷᠳᠠᠬᠤ ᠪᠡᠷ ᠪᠡᠯᠡᠬᠡᠨ ᠪᠤᠯᠤᠭᠰᠠᠨ ᠱᠢᠨ᠎ᠡ ᠳᠦᠷᠰᠦ ᠪᠠᠢᠳᠠᠯ᠎ᠢ ᠨᠡᠭᠡᠭᠡᠵᠦ᠍᠂ ᠲᠤᠭᠢᠶᠠᠨᠥᠨᠳᠥᠷ ᠮᠠᠨᠳᠤᠭᠤᠯᠵᠤ᠂ ᠬᠦᠰᠡᠯ ᠨᠠᠢᠳᠠᠯᠭ᠎ᠠ᠎ᠶᠢ ᠪᠠᠲᠤ ᠴᠡᠭᠡᠵᠢᠯᠡᠵᠦ᠍᠂ ᠪᠠᠷᠢᠮᠵᠢᠶᠠᠯᠠᠨ ᠬᠠᠷᠭᠤᠭᠤᠯᠵᠤ ᠨᠢᠭᠡᠳᠦᠯᠲᠡᠢ ᠪᠠᠢᠬᠤ ᠵᠢ ᠪᠠᠷᠢᠮᠳᠠᠯᠠᠬᠰᠠᠨ ᠨᠢᠭᠡᠨ ᠤᠳᠠᠭᠠᠨ᠎ᠤ ᠶᠡᠬᠡ ᠬᠤᠷᠠᠯ᠂ ᠦᠵᠡᠯ ᠰᠠᠨᠠᠭ᠎ᠠ᠎ᠪᠠᠨ ᠨᠢᠭᠡᠳᠭᠡᠵᠦ᠍᠂ ᠬᠦᠴᠦᠨ ᠴᠢᠳᠠᠯ᠎ᠢᠶᠠᠨ ᠨᠢᠭ᠍ᠲᠠᠷᠠᠭᠤᠯᠵᠤ᠂ ᠵᠠᠮ ᠨᠡᠭᠡᠭᠡᠨ ᠱᠢᠨ᠎ᠡ᠎ᠶᠢ ᠡᠭᠦᠳᠦᠭᠰᠡᠨ ᠨᠢᠭᠡᠨ ᠤᠳᠠᠭᠠᠨ᠎ᠤ ᠶᠡᠬᠡ ᠬᠤᠷᠠᠯ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠭ᠌ᠰᠡᠨ᠂ ᠪᠦᠯᠬᠦᠮᠳᠡᠯ ᠠᠷᠠᠳᠴᠢᠯᠠᠯ᠎ᠲᠠᠶ᠂ ᠰᠤᠷᠲᠠᠯ ᠴᠢᠬᠡᠴᠢ ᠣᠪᠣᠷ ᠲᠥᠪ ᠨᠢᠭᠡᠨ ᠤᠳᠠᠭᠠᠨ᠎ᠤ ᠶᠡᠬᠡ ᠬᠤᠷᠠᠯ ᠪᠣᠯᠵᠠᠢ᠃
ᠶᠡᠬᠡ ᠬᠤᠷᠠᠯ᠎ᠠᠴᠠ ᠦᠨᠡᠨᠴᠢ ᠱᠢᠳᠤᠷᠭᠤ᠂ ᠶᠡᠬᠡ ᠲᠠᠯ᠎ᠠ ᠵᠢ ᠡᠷᠬᠢᠮᠯᠡᠬᠦ ᠤᠯᠤᠰ ᠲᠦᠷᠦ᠍ ᠶᠢᠨ ᠱᠠᠭᠠᠷᠳᠠᠯᠭ᠎ᠠ ᠶᠢ ᠢᠮᠠᠭ᠍ᠲᠠ ᠲᠤᠭᠤᠱᠢᠯᠠᠭᠤᠯᠵᠤ᠂ ᠬᠦᠨᠳᠦ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠌ ᠬᠠᠷᠢᠭᠤᠴᠠᠯᠭᠠᠲᠤ ᠵᠣᠷᠢᠭ ᠰᠠᠨᠠᠭ᠎ᠠ ᠵᠢ ᠢᠮᠠᠭᠲᠠ ᠲᠤᠭᠤᠱᠢᠯᠠᠭᠤᠯᠵᠤ᠂ ᠲᠥᠯᠥᠭᠡᠯᠡᠭ᠌ᠴᠢᠳ ᠪᠣᠯᠤᠨ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ 《ᠬᠣᠶᠠᠷ᠎ᠢ ᠲᠣᠭ᠍ᠲᠠᠭᠠᠬᠤ》 ᠵᠢᠨ ᠱᠢᠢᠳᠪᠦᠷᠢᠲᠦ ᠴᠢᠨᠠᠷᠲᠠᠢ ᠠᠴᠢ ᠬᠣᠯᠪᠣᠭ᠍ᠳᠠᠯ᠎ᠤᠨ ᠲᠤᠬᠠᠢ ᠨᠡᠩ ᠭᠦᠨᠵᠡᠭᠡᠢ ᠲᠠᠨᠢᠯᠲᠠ᠎ᠲᠠᠶ ᠪᠣᠯᠵᠤ᠂ ᠶᠡᠷᠦᠩᠬᠡᠶ ᠱᠦᠵᠢ ᠰᠢ᠎ᠶᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠡᠴᠡ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠳᠦ ᠨᠠᠩ ᠭᠦᠨᠵᠡᠭᠡᠶ ᠣᠢᠯᠠᠭᠠᠯᠲᠠ᠎ᠲᠠᠶ ᠪᠣᠯᠵᠤ᠂ ᠥᠪᠥᠷ ᠮᠣᠩᠭᠣᠯ᠎ᠤᠨ ᠪᠦᠬᠦ᠌ ᠲᠠᠯ᠎ᠠ᠎ᠶᠢᠨ ᠣᠳᠣᠬᠢᠴᠢᠯᠠᠯᠲᠠ᠎ᠶᠢᠨ ᠠᠬᠢᠴᠠ ᠳᠤᠮᠳᠠᠬᠢ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶᠢ ᠡᠭᠦᠷᠭᠡᠯᠡᠬᠦ᠌᠎ᠳᠦ ᠨᠠᠩ ᠡᠷᠡᠰ ᠪᠠᠲᠤ ᠤᠬᠠᠮᠰᠠᠷ᠎ᠲᠠᠶ ᠪᠣᠯᠵᠤ᠂《ᠶᠡᠷᠦᠩᠬᠡᠢ ᠱᠦᠵᠢ ᠰᠢ᠎ᠶᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠰ ᠭᠤᠢᠪᠢᠰᠢ ᠦᠭᠡᠢ ᠴᠤᠴᠠᠯᠲᠠ ᠦᠭᠡᠢ ᠤᠷᠤᠭ᠍ᠰᠢᠯᠠᠵᠤ᠂ ᠡᠴᠦᠰ᠎ᠲᠦᠨᠢ ᠲᠤᠯᠲᠠᠯ᠎ᠠ ᠲᠡᠮᠡᠴᠡᠶ᠎ᠡ》᠂ 《ᠦᠷᠭᠦᠯᠵᠢᠯᠡᠨ ᠲᠡᠮᠡᠴᠡᠬᠦ᠌ ᠳᠤᠮᠳᠠ ᠥᠪᠥᠷ ᠮᠣᠩᠭᠣᠯ᠎ᠤᠨ ᠡᠭᠦᠷᠭᠡᠯᠡᠯ᠎ᠢ ᠢᠯᠡᠷᠡᠭᠦᠯᠵᠦ᠂ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠵᠦ᠂ ᠥᠪᠥᠷ ᠮᠣᠩᠭᠣᠯ᠎ᠤᠨ ᠴᠤᠭ ᠵᠢᠪᠬᠤᠭ᠎ᠠ᠎ᠶᠢ ᠪᠠᠳᠠᠷᠠᠭᠤᠯᠤᠶ᠎ᠠ》 ᠬᠡᠬᠦ ᠨᠢ ᠬᠤᠷᠠᠯ᠎ᠤᠨ ᠲᠠᠯᠠᠪᠠᠢ᠎ᠶᠢᠨ ᠳᠣᠲᠣᠨ᠎ᠠ ᠭᠠᠳᠠᠨ᠎ᠠ ᠳᠠᠭᠤᠷᠢᠰᠤᠭ᠍ᠰᠠᠨ ᠭᠣᠣᠯ ᠬᠦᠭ ᠠᠶᠠᠰ ᠪᠣᠯᠵᠤ᠂ ᠤᠮᠠᠷᠠᠲᠤ ᠬᠢᠯᠢ᠎ᠶᠢᠨ ᠭᠠᠵᠠᠷ ᠪᠤᠯᠭᠠᠨ᠎ᠳ᠋ᠤ ᠲᠠᠮᠵᠢᠭᠤᠯᠤᠬᠳᠠᠬᠰᠡᠨ ᠬᠠᠮᠤᠭ᠎ᠤᠨ ᠬᠦᠴᠦᠷᠬᠡᠭ ᠳᠠᠭᠤᠨ ᠪᠤᠯᠵᠠᠢ᠃
ᠶᠡᠬᠡ ᠬᠤᠷᠠᠯ ᠨᠢ ᠢᠮᠠᠭ᠍ᠲᠠ ᠱᠢᠨ᠎ᠡ ᠵᠠᠮ᠎ᠢᠶᠠᠷ ᠵᠠᠮᠨᠠᠵᠤ᠂ ᠰᠢᠨ᠎ᠡ ᠪᠠᠢᠳᠠᠯ᠎ᠢ ᠨᠡᠭᠡᠭᠡᠬᠦ ᠡᠷᠡᠰ ᠪᠠᠲᠤ ᠢᠲᠡᠭᠡᠯ ᠪᠢᠰᠢᠷᠡᠯ᠎ᠢᠶᠡᠷ ᠪᠢᠯᠬᠠᠵᠤ᠂ ᠢᠮᠠᠭ᠍ᠲᠠ ᠳᠠᠬᠢᠨ ᠮᠤᠷᠳᠠᠵᠤ᠂ ᠵᠤᠷᠢᠬᠳᠠᠢ ᠪᠡᠷ ᠵᠠᠮ ᠨᠡᠭᠡᠭᠡᠨ ᠤᠷᠤᠭ᠍ᠰᠢᠯᠠᠬᠤ ᠣᠮᠣᠭ ᠵᠣᠷᠢᠭ᠎ᠢᠶᠡᠷ ᠪᠢᠯᠬᠠᠵᠤ᠂ ᠲᠥᠯᠥᠭᠡᠯᠡᠭ᠌ᠴᠢᠳ ᠪᠣᠯᠤᠨ ᠪᠦᠬᠦ᠌ ᠣᠷᠣᠨ᠎ᠤ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶᠢᠨ ᠳᠤᠮᠳᠠᠬᠢ ᠵᠠᠷᠢᠮ ᠴᠢᠬᠤᠯᠠ ᠶᠡᠬᠡ ᠠᠰᠠᠭᠤᠳᠠᠯ᠎ᠳᠤ ᠨᠡᠩ ᠰᠡᠷᠭᠡᠭ ᠭᠦᠨᠵᠡᠭᠡᠶ ᠲᠠᠨᠢᠯᠲᠠ᠎ᠲᠠᠶ ᠪᠣᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠥᠪᠥᠷ ᠮᠣᠩᠭᠣᠯ ᠶᠠᠮᠠᠷ ᠶᠠᠪᠤᠳᠠᠯ ᠬᠢᠬᠦ᠌ ᠪᠤᠢ᠂ ᠶᠠᠭᠠᠬᠢᠵᠤ ᠬᠢᠬᠦ᠌ ᠪᠤᠢ᠂ ᠶᠠᠮᠠᠷ ᠶᠠᠪᠤᠳᠠᠯ᠎ᠢ ᠬᠢᠵᠦ ᠪᠤᠯᠬᠤ ᠪᠣᠶ᠂ ᠶᠠᠮᠠᠷ ᠶᠠᠪᠤᠳᠠᠯ᠎ᠢ ᠬᠢᠵᠦ ᠪᠤᠯᠬᠤ ᠦᠭᠡᠢ ᠪᠤᠢ ᠭᠡᠳᠡᠭ ᠲᠤ᠌ ᠨᠠᠩ ᠣᠶᠤᠨᠴᠢ ᠪᠦᠬᠡᠳ ᠪᠣᠳᠠᠲᠠᠶ᠎ᠶᠢ ᠡᠷᠬᠢᠮᠯᠡᠭᠰᠡᠨ ᠡᠵᠡᠮᠳᠡᠬᠦ ᠴᠢᠳᠠᠪᠦᠷᠢ ᠲᠠᠢ ᠪᠤᠯᠵᠤ᠂ ᠠᠮᠢ ᠠᠬᠤᠶ᠎ᠶᠢ ᠤᠷᠢᠳ᠎ᠢᠶᠡᠷ ᠪᠤᠳᠤᠯᠬᠢᠯᠠᠬᠤ᠂ ᠪᠣᠬᠢᠷᠲᠤᠯ᠎ᠦᠭᠡᠢ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶᠢᠨ ᠱᠢᠨ᠎ᠡ ᠵᠠᠮ᠎ᠤᠨ ᠦᠵᠡᠯ ᠰᠠᠨᠠᠭᠠᠨᠡᠩ ᠨᠢᠭᠡᠳᠦᠯᠲᠡᠢ ᠪᠣᠯᠵᠤ᠂ ᠰᠡᠳᠭᠢᠮᠵᠢ ᠨᠠᠩ ᠲᠡᠭᠦᠯᠳᠡᠷᠵᠢᠵᠦ᠂《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠠᠢᠭᠤᠯᠬᠤ 《ᠵᠠᠮ᠎ᠤᠨ ᠵᠢᠷᠤᠭ ᠲᠦᠰᠦᠪ》 ᠨᠡᠩ ᠲᠣᠳᠣᠷᠬᠠᠢ ᠪᠣᠯᠵᠤ᠂ 《ᠪᠠᠷᠢᠯᠭ᠎ᠠ᠎ᠶᠢᠨ ᠵᠢᠷᠤᠭ ᠲᠦᠰᠦᠪ》 ᠨᠠᠩ ᠪᠤᠳᠠᠳᠠᠢ ᠪᠣᠯᠵᠤ᠂ ᠣᠷᠣᠨ ᠳᠠᠶᠠᠭᠠᠷ᠎ᠤᠨ ᠬᠠᠭᠤᠴᠢᠨ ᠵᠠᠮ᠎ᠢᠶᠡᠨ ᠲᠤᠢᠯᠪᠤᠷᠢᠲᠠᠶ ᠲᠠᠶᠠᠭᠳᠠᠵᠤ᠂ ᠱᠢᠨ᠎ᠡ ᠵᠠᠮ᠎ᠢᠶᠠᠷ ᠡᠷᠡᠰ ᠪᠠᠲᠤᠲᠠᠢ ᠰᠠᠢᠲᠤᠷ ᠵᠠᠮᠨᠠᠬᠤ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ ᠤᠷᠢᠳ ᠡᠮᠦᠨ᠎ᠡ ᠪᠠᠢᠭ᠎ᠠ ᠦᠭᠡᠢ ᠳᠡᠭᠡᠭ᠌ᠰᠢᠯᠡᠵᠦ᠂ ᠪᠦᠬᠦ᠌ᠬᠦᠴᠦᠨᠢᠶᠡᠷᠢᠶᠡᠨ ᠪᠦᠲᠦᠴᠡ᠎ᠳ᠋ᠤ ᠲᠣᠬᠢᠷᠠᠭᠤᠯᠤᠯᠳᠠ ᠬᠢᠬᠦ᠂ ᠴᠢᠳᠠᠮᠵᠢ ᠵᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭᠠᠨ᠎ᠤ ᠤᠬᠠᠮᠰᠠᠷ ᠤᠷᠢᠳ ᠡᠮᠦᠨ᠎ᠡ ᠪᠠᠢᠭ᠎ᠠ ᠦᠭᠡᠢ ᠴᠢᠩᠭᠠᠷᠠᠪᠠ᠃
ᠤᠯᠠᠨ᠎ᠢᠶᠠᠷ᠎ᠢᠶᠠᠨ᠂ ᠡᠨᠡ ᠤᠳᠠᠭ᠎ᠠ᠎ᠶᠢᠨ ᠶᠡᠬᠡ ᠬᠤᠷᠠᠯ ᠨᠢᠭᠡᠨ ᠰᠠᠢ᠌ᠨ ᠢᠯᠡᠳᠭᠡᠯ᠎ᠢ ᠪᠦᠷᠢᠯᠳᠦᠭᠦᠯᠵᠦ᠍᠂ ᠨᠢᠭᠡᠨ ᠰᠠᠢ᠌ᠨ ᠪᠠᠭ᠎ᠢ ᠰᠤᠩᠭᠤᠨ ᠭᠠᠷᠭᠠᠵᠤ᠂ ᠴᠢᠬᠤᠯᠠ ᠶᠡᠬᠡ ᠠᠴᠢ ᠬᠣᠯᠪᠣᠭ᠍ᠳᠠᠯ᠎ᠲᠠᠶ᠂ ᠦᠯᠡᠮᠵᠢ ᠶᠡᠬᠡ ᠦᠷ᠎ᠡ ᠪᠦᠲᠦᠭᠡᠯ ᠣᠯᠵᠤ᠂ ᠯᠠᠪᠲᠠᠢ ᠥᠪᠥᠷ ᠮᠣᠩᠭᠣᠯ᠎ᠤᠨ ᠬᠥᠭ᠌ᠵᠢᠯᠲᠡ᠎ᠶᠢᠨ ᠲᠡᠦᠬᠡᠨ᠎ᠳᠦ ᠭᠦᠨ ᠰᠠᠭᠤᠭ᠍ᠳᠠᠯᠦᠯᠡᠳᠡᠭᠡᠵᠦ᠍᠂ ᠯᠠᠪᠲᠠᠢ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠭᠦᠨᠵᠡᠭᠡᠢ ᠪᠥᠭᠡᠳ ᠠᠯᠤᠰ ᠬᠡᠳᠤ᠎ᠶᠢᠨ ᠨᠥᠯᠥᠭᠡ ᠦᠵᠡᠭᠦᠯᠬᠦ᠌ ᠪᠣᠯᠤᠨ᠎ᠠ ᠭᠡᠵᠦ᠍ ᠨᠡᠢᠳᠡᠮ ᠦᠵᠡᠵᠡᠭᠡᠭᠰᠡᠨ ᠪᠠᠢᠨ᠎ᠠ᠃
ᠲᠥᠯᠥᠭᠡᠯᠡᠭ᠌ᠴᠢᠳ ᠡ᠂ ᠨᠥᠬᠥᠳ ᠡ! ᠡᠨᠡ ᠤᠳᠠᠭ᠎ᠠ᠎ᠵᠢᠨ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠳᠦ ᠶᠡᠷᠦᠩᠬᠡᠢ ᠱᠦᠵᠢ ᠰᠢ᠎ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠨᠠᠨᠳᠢᠨ ᠬᠦᠰᠡᠯ ᠨᠠᠢᠳᠠᠯᠭ᠎ᠠ ᠵᠢ ᠠᠴᠢᠶᠠᠯᠠᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠵᠢᠨ ᠬᠦᠰᠡᠯ ᠡᠷᠡᠮᠡᠯᠵᠡᠯ ᠢ᠋ ᠠᠭᠤᠯᠵᠤ ᠪᠠᠢᠨ᠎ᠠ᠃ ᠪᠢᠳᠡ ᠰᠢ᠎ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠪᠣᠯᠤᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠶᠡᠬᠡ ᠬᠤᠷᠠᠯ᠎ᠡᠴᠡ ᠲᠣᠭ᠍ᠲᠠᠭᠠᠭ᠍ᠰᠠᠨᠠᠤᠭᠠᠬᠠᠷᠠᠯᠲᠠᠲᠡᠢᠰᠢ ᠡᠷᠡᠮᠡᠬᠡᠢᠯᠡᠨ ᠤᠷᠤᠭ᠍ᠰᠢᠯᠠᠵᠤ᠂ ᠲᠤᠮᠤ ᠠᠯᠬᠤᠮ᠎ᠢᠶᠠᠷ ᠤᠷᠤᠭ᠍ᠰᠢᠯᠠᠵᠤ᠂ ᠵᠢᠷᠤᠭ ᠲᠥᠰᠦᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠬᠡᠳᠦ ᠵᠢᠨ ᠲᠦᠯᠦᠪᠢ ᠪᠣᠳᠠᠲᠤ ᠦᠵᠡᠮᠵᠢ ᠪᠣᠯᠭᠠᠨ ᠬᠤᠪᠢᠷᠠᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠵᠢᠨ ᠱᠢᠨ᠎ᠡ ᠬᠠᠭᠤᠳᠠᠰᠤ᠎ᠶᠢ ᠪᠢᠴᠢᠭ᠌ᠯᠡᠶ᠎ᠠ᠃
ᠪᠢᠳᠡ ᠡᠷᠬᠡᠪᠰᠢ ᠲᠤᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶᠢ ᠡᠷᠬᠢᠮᠯᠡᠵᠤ᠂《ᠬᠣᠶᠠᠷ᠎ᠢ ᠬᠠᠮᠠᠭᠠᠯᠠᠬᠤ》 ᠶᠢ ᠡᠷᠡᠰ ᠦᠶ᠋ᠯᠡᠳᠦᠯᠭᠡᠵᠢᠭᠦᠯᠵᠤ᠂ ᠨᠠᠮ᠎ᠤᠨ ᠲᠥᠪ ᠬᠣᠷᠢᠶ᠎ᠠ ᠵᠢᠨ ᠵᠠᠷᠯᠢᠭ᠎ᠢ ᠡᠷᠡᠰ ᠰᠤᠨᠤᠰᠴᠤ᠂ ᠨᠠᠮ᠎ᠤᠨ ᠲᠥᠪ ᠬᠣᠷᠢᠶ᠎ᠠ ᠵᠢᠨ ᠵᠢᠯᠣᠭᠣᠳᠤᠯᠭ᠎ᠠ᠎ᠶᠢ ᠲᠠᠭᠠᠵᠤ᠂ ᠨᠠᠮ᠎ᠤᠨ ᠪᠦᠯᠬᠦᠮᠳᠡᠯ ᠨᠢᠭᠡᠳᠦᠯ᠎ᠢ ᠡᠷᠡᠰ ᠬᠠᠮᠠᠭᠠᠯᠠᠵᠤ᠂ ᠨᠠᠮ᠎ᠤᠨ ᠤᠳᠤᠷᠢᠳᠤᠯᠭ᠎ᠠ ᠵᠢ ᠰᠤᠯᠠᠷᠠᠭᠤᠯᠬᠤ᠂ ᠭᠠᠵᠢᠭᠤᠳᠠᠭᠤᠯᠬᠤ᠂ ᠦᠭᠡᠢᠰᠭᠡᠬᠦ᠌ ᠠᠯᠢᠪᠠ ᠦᠭᠡ ᠶᠠᠷᠢᠶ᠎ᠠ ᠦᠢᠯᠡ ᠠᠵᠢᠯᠯᠠᠭᠠᠲᠠᠢᠡᠷᠡᠰᠲᠡᠮᠡᠴᠡᠯᠬᠢᠵᠤ᠂ ᠨᠠᠮᠤᠨᠲᠥᠪ ᠬᠣᠷᠢᠶ᠎ᠠ᠎ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠳ᠋ᠤ ᠦᠩᠬᠡᠨ ᠲᠡᠭᠡᠷ᠎ᠡ ᠬᠦᠢᠴᠡᠳᠬᠡᠬᠦ᠂ᠨᠦᠬᠦᠴᠡᠯᠳᠤᠷᠠᠳᠬᠤ᠂ ᠳᠦᠭᠦᠮᠴᠢᠯᠡᠬᠦ᠂ ᠰᠤᠩᠭᠤᠯᠳᠠ ᠲᠠᠢ ᠬᠢᠬᠦ᠂ ᠦᠭᠡᠷᠡᠳᠦᠭᠦᠯᠬᠦ ᠦᠢᠯᠡ ᠠᠵᠢᠯᠯᠠᠭ᠎ᠠ ᠵᠢ ᠡᠷᠡᠰ ᠡᠰᠡᠷᠭᠦᠴᠡᠨ ᠵᠠᠯᠠᠷᠠᠭᠤᠯᠵᠤ᠂ ᠭᠤᠤᠯᠯᠠᠭᠴᠢ ᠳ᠋ᠤ ᠦᠨᠡᠨᠴᠢ ᠰᠢᠳᠤᠷᠭᠤ ᠪᠠᠢᠬᠤ᠂ ᠭᠣᠣᠯᠯᠠᠭ᠍ᠴᠢ᠎ᠶᠢ ᠬᠦᠷᠢᠶᠡᠯᠡᠬᠦ᠂ ᠭᠤᠤᠯᠯᠠᠭᠴᠢ ᠲᠠᠢ ᠨᠢᠭᠡᠳᠦᠯᠳᠠᠢ ᠪᠠᠢᠬᠤ᠂ ᠭᠤᠤᠯᠯᠠᠭ᠍ᠴᠢ᠎ᠶᠢ ᠬᠠᠮᠠᠭᠠᠯᠠᠬᠤ ᠤᠯᠤᠰ ᠲᠥᠷᠥ᠎ᠵᠢᠨ ᠤᠬᠠᠮᠰᠠᠷ ᠦᠵᠡᠯ ᠰᠠᠨᠠᠭᠠᠨ᠎ᠤ ᠤᠬᠠᠮᠰᠠᠷ ᠦᠢᠯᠡ ᠠᠵᠢᠯᠯᠠᠭ᠎ᠠ᠎ᠵᠢᠨ ᠤᠬᠠᠮᠰᠠᠷ᠎ᠢᠶᠡᠨ ᠲᠠᠰᠤᠷᠠᠯᠳᠠ ᠦᠭᠡᠢ ᠴᠢᠩᠭᠠᠳᠬᠠᠨ᠂ ᠤᠯᠤᠰ ᠲᠥᠷᠥ᠎ᠵᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠵᠢᠨ ᠤᠢᠯᠠᠭᠠᠬᠤ ᠴᠢᠳᠠᠪᠤᠷᠢ᠂ ᠤᠯᠤᠰ ᠲᠦᠷᠦ᠍᠎ᠵᠢᠨ ᠭᠦᠢᠴᠡᠳᠭᠡᠬᠦ᠌ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠤ᠂ ᠤᠯᠤᠰ ᠲᠦᠷᠦ ᠵᠢᠨ ᠲᠠᠯ᠎ᠠ ᠪᠡᠷ ᠬᠢ ᠪᠠᠳᠤ ᠵᠤᠭᠰᠤᠯᠳᠠ ᠪᠠ ᠪᠠᠳᠤ ᠴᠢᠩᠭ᠎ᠠ ᠪᠠᠢᠬᠤ ᠪᠠᠢᠳᠠᠯ ᠵᠢᠡᠷ ᠡᠯ᠎ᠠ ᠵᠦᠢᠯ ᠤ᠋ᠨ ᠠᠵᠢᠯ ᠦᠢᠯᠡᠰ ᠤ᠋ᠨ ᠤᠷᠤᠭᠰᠢᠳᠠᠢ ᠠᠬᠢᠵᠤ᠂ ᠡᠷᠡᠭᠦᠯ ᠵᠢᠡᠷ ᠬᠦᠭᠵᠢᠬᠦ ᠵᠢ ᠪᠠᠳᠤᠯᠠᠬᠤ ᠬᠡᠷᠡᠭᠳᠠᠢ᠃ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠨᠠᠮ ᠳ᠋ᠤ ᠬᠠᠷᠢᠴᠠᠯᠠᠱᠢᠭᠦᠢᠦᠨᠡᠨᠴᠢᠱᠢᠳᠤᠷᠭᠤᠪᠠᠢᠬᠤᠤᠯᠤᠰᠲᠦᠷᠦ᠍ᠵᠢᠨᠬᠡᠪ ᠴᠢᠨᠠᠷ᠎ᠢᠶᠠᠨ ᠲᠠᠰᠤᠷᠠᠯᠳᠡ ᠦᠭᠡᠢ ᠳᠠᠪᠲᠠᠨ ᠪᠣᠯᠪᠠᠰᠤᠷᠠᠭᠤᠯᠵᠤ᠂ ᠵᠥᠪ ᠪᠤᠷᠤᠭᠤ ᠠᠰᠠᠭᠤᠳᠠᠯ ᠤ᠋ᠨ ᠡᠮᠦᠨ᠎ᠡ ᠡᠷᠬᠡᠪᠰᠢ ᠲᠤᠭ ᠲᠡᠮᠳᠡᠭ ᠲᠣᠳᠣᠷᠬᠠᠢ᠂ ᠲᠠᠷᠢᠬᠢ ᠲᠣᠯᠣᠭᠠᠢ ᠰᠡᠷᠭᠡᠭ᠂ ᠵᠣᠭ᠍ᠰᠣᠯᠲᠠ ᠪᠠᠲᠤ ᠪᠠᠢᠵᠤ᠂ ᠶᠠᠭᠠᠬᠢᠭ᠍ᠰᠠᠨ ᠴᠤ᠌ ᠵᠡᠭᠦᠨᠰᠢ ᠪᠠᠷᠠᠭᠤᠨᠰᠢ ᠭᠤᠢᠪᠢᠯᠵᠠᠵᠤ᠂ 《 ᠰᠠᠯᠬᠢᠨ᠎ᠤ ᠠᠶ᠎ᠠ ᠵᠢ ᠬᠠᠷᠠᠬᠴᠢ 》 ᠪᠤᠯᠵᠤ ᠪᠣᠯᠬᠤ ᠦᠭᠡᠢ᠂ ᠶᠠᠭᠠᠬᠢᠭ᠍ᠰᠠᠨ ᠴᠤ᠌ ᠢᠯᠡ᠎ᠪᠡᠷ ᠲᠠᠭᠠᠵᠤ ᠳᠠᠯᠳᠠᠭᠤᠷ ᠡᠰᠡᠷᠭᠦᠴᠡᠵᠤ᠂ 《ᠬᠣᠶᠠᠷ ᠨᠢᠭᠤᠷᠳᠠᠨ》 ᠪᠤᠯᠵᠤ ᠪᠣᠯᠬᠤ ᠦᠭᠡᠢ᠂ ᠶᠠᠭᠠᠬᠢᠭ᠍ᠰᠠᠨ ᠴᠤ᠌ ᠤᠪᠤᠷ ᠵᠢᠡᠨ ᠳᠤᠳᠤ ᠢᠯᠡᠷᠬᠡᠢᠯᠡᠬᠦ ᠦᠭᠡᠢ᠂ 《ᠠᠷᠭ᠎ᠠ ᠮᠡᠬᠡ》 ᠭᠠᠷᠭᠠᠵᠤ ᠪᠣᠯᠬᠤ ᠦᠭᠡᠢ᠂ ᠶᠠᠭᠠᠬᠢᠭ᠍ᠰᠠᠨ ᠴᠤ᠌ ᠬᠡᠨ ᠲᠠᠢ ᠴᠤ᠌ ᠦᠯᠦ ᠮᠠᠭᠤᠳᠠᠯᠴᠠᠬᠤ 《ᠰᠠᠢᠨ ᠬᠦᠮᠦᠨ》ᠪᠤᠯᠵᠤ ᠪᠣᠯᠬᠤ ᠦᠭᠡᠢ᠂ ᠵᠠᠷᠴᠢᠮ ᠪᠠ ᠵᠣᠭ᠍ᠰᠣᠯᠲᠠ᠎ᠵᠢᠨ ᠠᠰᠠᠭᠤᠳᠠᠯ ᠳᠡᠭᠡᠷ᠎ᠡ ᠨᠠᠮ ᠪᠣᠯᠤᠨ ᠠᠷᠠᠳ ᠲᠦᠮᠡᠨ᠎ᠲᠡᠶ ᠢᠮᠠᠭᠳᠠ ᠰᠡᠳᠭᠢᠯ ᠨᠢᠭᠡᠳᠠᠢ ᠵᠤᠷᠢᠭ ᠨᠢᠭᠡᠳᠠᠢ ᠪᠠᠢᠵᠤ᠂ ᠥᠴᠦᠬᠡᠨ ᠴᠤ᠌ ᠬᠤᠢᠷᠭᠤᠰᠢᠵᠤ ᠪᠤᠯᠬᠤ ᠦᠭᠡᠢ᠂ ᠦᠴᠦᠬᠡᠨ ᠴᠤ᠌ ᠢᠯᠳᠠᠷ ᠬᠠᠶᠠᠵᠤ ᠪᠤᠯᠬᠤ ᠦᠭᠡᠢ᠃
ᠪᠢᠳᠡ ᠡᠷᠬᠡᠪᠰᠢ ᠡᠭᠦᠷᠭᠡ ᠬᠠᠷᠢᠭᠤᠴᠠᠯᠭ᠎ᠠ᠎ᠪᠠᠨ ᠤᠢᠯᠠᠭᠠᠨ ᠵᠤᠷᠢᠭᠳᠠᠢ ᠡᠬᠦᠷᠬᠡᠯᠡᠨ᠂ 《 ᠤᠯᠤᠰ᠎ᠤᠨ ᠶᠡᠬᠡ ᠶᠠᠪᠤᠳᠠᠯ 》 ᠢ᠋ ᠢᠮᠠᠭ᠍ᠲᠠ ᠪᠠᠲᠤ ᠴᠡᠭᠡᠵᠢᠯᠡᠵᠤ᠂ ᠢᠮᠠᠭ᠍ᠲᠠ ᠶᠡᠬᠡ ᠲᠠᠯ᠎ᠠ ᠡᠴᠡ ᠰᠡᠳᠭᠢᠬᠦ᠌ ᠪᠠ ᠠᠵᠢᠯᠯᠠᠬᠤ ᠵᠢ ᠪᠠᠷᠢᠮᠳᠠᠯᠠᠵᠤ᠂ ᠤᠯᠤᠰ᠎ᠤᠨ ᠠᠮᠢ ᠠᠬᠤᠶ᠎ᠵᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠵᠢᠨ ᠬᠠᠷᠢᠭᠤᠴᠠᠯᠭ᠎ᠠ ᠵᠢ ᠨᠡᠩ ᠪᠠᠳᠤ ᠴᠢᠩᠭ᠎ᠠ ᠤᠬᠠᠮᠰᠠᠷ᠂ ᠨᠡᠩ ᠡᠷᠡᠰ ᠬᠦᠴᠦᠳᠠᠢ ᠪᠡᠷ ᠡᠭᠦᠷᠭᠡᠯᠡᠵᠤ᠂ ᠰᠠᠢᠳᠤᠷ ᠭᠦᠢᠴᠡᠳᠭᠡᠵᠤ᠂ᠤᠯᠤᠰ᠎ᠤᠨ ᠡᠨᠧᠷᠭᠢ᠎ᠵᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ ᠪᠠ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠵᠢᠨ ᠬᠠᠷᠢᠭᠤᠴᠠᠯᠭ᠎ᠠ ᠵᠢ ᠡᠭᠦᠷᠭᠡᠯᠡᠵᠤ᠂ ᠰᠠᠢᠳᠤᠷ ᠭᠦᠢᠴᠡᠳᠭᠡᠵᠤ᠂ ᠤᠯᠤᠰ ᠤ᠋ᠨ ᠬᠦᠷᠰᠢ ᠵᠡᠷᠭᠡᠯᠡᠳᠡᠭᠡ ᠵᠢ ᠡᠪᠯᠡᠨ ᠵᠠᠰᠠᠬᠤ ᠪᠠ ᠭᠠᠳᠠᠭᠠᠳᠤ ᠨᠡᠭᠡᠭᠡᠯᠲᠡ᠎ᠵᠢᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌ ᠴᠢᠬᠤᠯᠠ ᠶᠡᠬᠡ ᠤᠯᠤᠰ ᠲᠥᠷᠥ᠎ᠵᠢᠨ ᠬᠠᠷᠢᠭᠤᠴᠠᠯᠭ᠎ᠠ᠎ᠵᠢ ᠡᠭᠦᠷᠭᠡᠯᠡᠨ ᠰᠠᠢᠲᠤᠷ ᠭᠦᠶ᠋ᠴᠡᠳᠭᠡᠵᠤ᠂ ᠤᠯᠤᠰ ᠤ᠋ᠨ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠᠶᠡᠬᠡᠤᠯᠤᠰ ᠲᠥᠷᠥ᠎ᠵᠢᠨ ᠬᠠᠷᠢᠭᠤᠴᠠᠯᠭ᠎ᠠ᠎ᠵᠢ ᠡᠭᠦᠷᠭᠡᠯᠡᠨ᠂ ᠰᠠᠢᠳᠤᠷ ᠭᠦᠢᠴᠡᠳᠭᠡᠵᠤ᠂ ᠡᠬᠡ ᠤᠯᠤᠰ᠎ᠤᠨ ᠤᠮᠠᠷᠠᠲᠤ ᠬᠢᠯᠢ᠎ᠶᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠵᠢᠨ ᠬᠠᠷᠢᠭᠤᠴᠠᠯᠭ᠎ᠠ᠎ᠵᠢ ᠡᠭᠦᠷᠭᠡᠯᠡᠨ᠂ ᠰᠠᠢᠲᠤᠷ ᠭᠦᠶ᠋ᠴᠡᠳᠭᠡᠵᠤ᠂ ᠪᠠᠢᠯᠳᠤᠬᠤ ᠪᠣᠳᠣᠯᠭ᠎ᠠ᠎ᠵᠢᠨ ᠪᠠᠢᠷᠢ ᠲᠣᠭ᠍ᠲᠠᠭᠠᠯᠲᠠᠶᠢᠪᠠᠲᠤᠰᠠᠬᠢᠵᠤ᠂ ᠪᠠᠢᠯᠳᠤᠬᠤ ᠪᠣᠳᠣᠯᠭ᠎ᠠ᠎ᠵᠢᠨ ᠲᠣᠭ᠍ᠲᠠᠯ ᠬᠦᠴᠦᠨ ᠢ᠋ ᠪᠠᠳᠤᠯᠠᠵᠤ᠂ ᠥᠪᠥᠷᠮᠣᠩᠭᠣᠯᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠵᠢᠨ ᠱᠢᠨ᠎ᠡ ᠠᠶᠠᠨ᠎ᠳᠤ ᠡᠩᠨᠡᠭᠡ᠎ᠡᠴᠡ᠎ᠪᠡᠨ ᠬᠣᠴᠣᠷᠬᠤ ᠦᠭᠡᠶ᠂ ᠪᠤᠷᠤᠭᠤ ᠴᠢᠭᠯᠡᠯ ᠵᠢᠡᠷ ᠶᠠᠪᠤᠬᠤ ᠦᠭᠡᠢ ᠪᠠᠢᠬᠤ ᠵᠢ ᠪᠠᠲᠤᠯᠠᠬᠤ ᠬᠡᠷᠡᠭ᠌ᠲᠡᠶ᠃
ᠪᠢᠳᠡ ᠡᠷᠬᠡᠪᠰᠢ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠠᠮᠢ ᠠᠬᠤᠶ᠎ᠶᠢ ᠤᠷᠢᠳ ᠵᠢᠡᠷ ᠪᠤᠳᠤᠯᠬᠢᠯᠠᠬᠤ ᠤᠯᠤᠰ ᠲᠥᠷᠥ᠎ᠵᠢᠨ ᠤᠳᠤᠷᠢᠳᠤᠮᠵᠢ ᠪᠠ ᠥᠷᠲᠡᠭ᠎ᠦᠨ ᠬᠥᠭᠡᠭᠡᠴᠡᠯᠳᠦᠯ᠎ᠢ ᠪᠠᠲᠤᠳᠬᠠᠵᠤ᠂ ᠠᠵᠤ ᠠᠬᠤᠢ᠎ᠵᠢᠨ ᠬᠥᠭ᠌ᠵᠢᠯᠲᠡ ᠵᠢ ᠡᠬᠢ ᠪᠠᠶᠠᠯᠢᠭ᠎ᠲᠤ ᠲᠦᠱᠢᠭ᠌ᠯᠡᠬᠦ ᠬᠡᠯᠪᠡᠷᠢ᠎ᠡᠴᠡ ᠱᠢᠨ᠎ᠡ᠎ᠶᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠬᠤᠪᠢᠷᠠᠭᠤᠯᠬᠤ᠂ ᠪᠦᠳᠦᠭᠦᠯᠢᠭ ᠪᠦᠬᠡᠳ ᠶᠡᠬᠡ ᠨᠡᠭᠦᠷᠡᠰᠦᠲᠥ᠋ᠷᠥᠭ᠌ᠴᠢᠲᠦ ᠬᠡᠯᠪᠡᠷᠢ᠎ᠡᠴᠡ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠬᠡᠯᠪᠡᠷᠢ ᠲᠡᠢᠰᠢ ᠪᠠᠨ ᠬᠤᠪᠢᠷᠠᠭᠤᠯᠬᠤ᠂ ᠲᠠᠷᠠᠬᠠᠶ ᠪᠤᠲᠠᠷᠬᠠᠶ᠂ ᠦᠷ᠎ᠡ ᠠᠱᠢᠭ ᠳᠤᠤᠷ᠎ᠠ ᠬᠡᠯᠪᠡᠷᠢ᠎ᠡᠴᠡ ᠡᠷᠴᠢᠮᠯᠢᠭ ᠥᠨᠳᠥᠷ ᠪᠦᠲᠦᠮᠵᠢᠲᠡᠶ ᠬᠡᠯᠪᠡᠷᠢ ᠲᠡᠢᠰᠢᠬᠤᠪᠢᠷᠠᠭᠤᠯᠬᠤᠵᠢ ᠬᠦᠴᠦᠳᠠᠢᠠᠬᠢᠭᠤᠯᠵᠤ᠂ ᠠᠮᠢ ᠠᠬᠤᠶ᠎ᠶᠢ ᠤᠷᠢᠳ ᠵᠢᠡᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠭᠦᠯᠬᠦ ᠱᠠᠭᠠᠷᠳᠠᠯᠭ᠎ᠠ ᠲᠠᠢ ᠵᠤᠬᠢᠴᠠᠬᠤ ᠦᠭᠡᠢ ᠴᠢᠨᠠᠭᠰᠢᠯᠠᠪᠠᠯ ᠲᠡᠭᠦᠨᠲᠠᠢᠵᠦᠷᠢᠴᠡᠯᠳᠦᠬᠦᠦᠵᠡᠯ ᠰᠠᠨᠠᠭ᠎ᠠ ᠦᠵᠡᠯᠳᠡ᠂ ᠦᠢᠯᠡ ᠠᠵᠢᠯᠯᠠᠭ᠎ᠠ᠂ ᠬᠦᠭᠵᠢᠯᠳᠡᠵᠢᠨᠵᠠᠭᠪᠤᠷᠲᠤ᠌ᠡᠷᠡᠰ ᠲᠤᠬᠢᠷᠠᠭᠤᠯᠤᠯᠳᠠ ᠬᠢᠵᠤ᠂ ᠵᠠᠯᠠᠷᠠᠭᠤᠯᠬᠤ ᠪᠠ ᠲᠠᠶᠠᠭ᠍ᠳᠠᠵᠤ᠂ ᠪᠠᠢᠳᠠᠯ ᠪᠤᠳᠤᠯᠢᠶᠠᠨᠲᠠᠶ᠎ᠡᠴᠡ ᠪᠣᠯᠵᠤ ᠴᠢᠭ᠌ᠯᠡᠯ᠎ᠢᠶᠡᠨ ᠠᠯᠳᠠᠵᠤ ᠶᠠᠭᠠᠬᠢᠭ᠍ᠰᠠᠨ ᠴᠤ᠌ ᠪᠣᠯᠬᠤ ᠦᠭᠡᠢ᠂ ᠨᠢᠭᠡᠨ ᠴᠠᠭ᠎ᠤᠨ ᠠᠱᠢᠭ᠂ ᠨᠢᠭᠡᠨ ᠴᠠᠭ᠎ᠤᠨ ᠬᠦᠴᠢᠷᠳᠡᠯ ᠡᠴᠡ ᠪᠤᠯᠵᠤ ᠤᠯᠵᠤ ᠠᠯᠳᠠᠬᠤ ᠵᠢ ᠪᠤᠳᠤᠵᠤ ᠪᠤᠯᠬᠤ ᠦᠭᠡᠢ᠂ ᠶᠠᠭᠠᠬᠢᠬᠰᠠᠨ ᠴᠤ᠌ ᠠᠵᠤ ᠠᠬᠤᠢ᠎ᠵᠢᠨ ᠨᠡᠮᠡᠭ᠌ᠳᠡᠯ᠎ᠦᠨ ᠬᠡᠯᠪᠡᠯᠵᠡᠯ᠎ᠤᠨ ᠪᠠᠢᠳᠠᠯ᠎ᠳᠦ ᠬᠦᠳᠦᠯᠦᠭ᠌ᠳᠡᠨ ᠶᠠᠪᠤᠵᠤ ᠪᠣᠯᠬᠤ ᠦᠭᠡᠢ᠂ ᠶᠠᠭᠠᠬᠢᠬᠰᠠᠨ ᠴᠤ᠌ ᠪᠤᠴᠠᠵᠤ ᠬᠠᠭᠤᠴᠢᠨ ᠵᠠᠮ᠎ᠢᠶᠠᠷ᠎ᠢᠶᠠᠨ ᠵᠠᠮᠨᠠᠬᠤ ᠬᠡᠰᠡᠨ ᠬᠡᠢ ᠬᠦᠰᠡᠯ ᠪᠠᠢᠵᠤ ᠪᠣᠯᠬᠤ ᠦᠭᠡᠢ᠂ ᠶᠡᠬᠡ ᠬᠤᠷᠠᠯ᠎ᠡᠴᠡ ᠴᠢᠬᠤᠯᠠᠴᠢᠯᠠᠭ᠍ᠰᠠᠨ 《 ᠲᠠᠪᠤᠨ ᠡᠷᠬᠡᠪᠰᠢ 》 ᠵᠢᠨ ᠴᠢᠬᠤᠯᠠ ᠱᠠᠭᠠᠷᠳᠠᠯᠭ᠎ᠠ᠎ᠶᠢ ᠦᠨᠡᠨᠬᠦ ᠪᠣᠳᠠᠲᠠᠢ᠎ᠳᠤ ᠨᠠᠢᠳᠠᠪᠤᠷᠢᠵᠢᠭᠤᠯᠵᠤ᠂ ᠮᠡᠳᠡᠬᠦᠶ ᠬᠢᠬᠦᠶ᠎ᠶᠢ ᠨᠢᠭᠡᠳᠭᠡᠬᠦ᠂ ᠬᠡᠵᠢᠶᠡᠳᠡ ᠦᠯᠦ ᠬᠤᠪᠢᠷᠠᠬᠤ ᠵᠢ ᠪᠡᠶᠡᠯᠡᠭᠦᠯᠬᠦ ᠬᠡᠷᠡᠭᠳᠠᠢ᠃
ᠪᠢᠳᠡ ᠡᠷᠬᠡᠪᠰᠢ ᠱᠢᠷᠭᠠᠭᠤ ᠬᠠᠲᠠᠭᠤᠵᠢᠯᠲᠠᠢ ᠠᠵᠢᠯᠯᠠᠵᠤ ᠨᠠᠢᠳᠠᠪᠤᠷᠢᠵᠢᠭᠤᠯᠤᠯᠲᠠ᠎ᠶᠢ ᠠᠳᠭᠤᠵᠤ᠂ ᠶᠡᠬᠡ ᠬᠤᠷᠠᠯ᠎ᠠᠴᠠ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶᠢᠨ ᠲᠣᠭᠣᠷᠢᠨ᠎ᠳᠤ᠂ ᠨᠢᠭᠡ ᠨᠢᠭᠡ ᠠᠰᠠᠭᠤᠳᠠᠯ᠎ᠢᠶᠠᠷ ᠰᠢᠢᠳᠪᠦᠷᠢᠯᠡᠵᠤ᠂ ᠨᠢᠭᠡ ᠨᠢᠭᠡ ᠵᠦᠢᠯ᠎ᠢᠶᠡᠷ ᠪᠣᠭᠣᠮᠲᠠ ᠱᠢᠪᠲᠤᠯᠵᠤ᠂ ᠨᠢᠭᠡ ᠨᠢᠭᠡ ᠵᠦᠢᠯ᠎ᠢᠶᠡᠷ ᠨᠠᠢᠳᠠᠪᠤᠷᠢᠵᠢᠭᠤᠯᠵᠤ᠂ ᠬᠢᠪᠡᠰᠦ ᠵᠣᠬᠢᠬᠤ ᠶᠠᠪᠤᠳᠠᠯ᠎ᠳ᠋ᠤ ᠡᠷᠬᠡᠪᠰᠢ ᠡᠭᠦᠷᠭᠡ᠎ᠶᠢ ᠡᠭᠦᠷᠭᠡᠯᠡᠵᠦ᠍᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠬᠡᠳᠦᠢ ᠬᠦᠴᠢᠷ ᠪᠠᠢᠯ᠎ᠠ ᠴᠤ᠌ ᠭᠡᠰᠡᠨ ᠬᠢᠬᠦ᠌ ᠬᠡᠷᠡᠭ᠌ᠲᠡᠢ ︔ ᠬᠠᠷᠢᠭᠤᠴᠠᠪᠠᠰᠤ ᠵᠤᠬᠢᠬᠤ ᠬᠠᠷᠢᠭᠤᠴᠠᠯᠭ᠎ᠠ ᠳ᠋ᠤ ᠡᠷᠬᠡᠪᠰᠢ ᠴᠡᠭᠡᠵᠢ ᠲᠦᠷᠢᠨ ᠭᠠᠷᠴᠤ᠌᠂ ᠰᠠᠨᠠᠭᠠᠴᠢᠯᠠᠭ᠎ᠠ᠎ᠠᠴᠠ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠠᠷᠠᠰᠤ ᠮᠢᠬᠠᠬᠤᠬᠵᠢᠷᠠᠬᠰᠠᠨ ᠴᠸ᠋ ᠬᠠᠷᠢᠭᠤᠴᠠᠯᠭ᠎ᠠ ᠡᠭᠦᠷᠭᠡᠯᠡᠬᠦ᠌ ᠬᠡᠷᠡᠭ᠌ᠲᠡᠢ᠂ ᠶᠠᠭᠠᠬᠢᠭ᠍ᠰᠠᠨ ᠴᠤ᠌ ᠭᠠᠷ ᠡᠷᠭᠢᠭᠦᠯᠦᠨ ᠵᠢᠭᠠᠵᠤ ᠲᠤᠬᠢᠭ᠍ᠴᠢ᠂ ᠬᠠᠨᠴᠤᠢ ᠳᠤᠭ᠍ᠲᠤᠢᠯᠠᠨ ᠬᠠᠵᠠᠭᠤ᠎ᠠᠴᠠ ᠨᠢ ᠬᠠᠷᠠᠭᠴᠢ᠂ ᠶᠠᠭᠤ ᠴᠤ᠌ ᠬᠢᠬᠦ ᠦᠬᠡᠢ ᠵᠠᠮ᠎ᠤᠨ ᠬᠦᠮᠦᠨ ᠪᠤᠯᠵᠤ ᠪᠣᠯᠬᠤ ᠦᠭᠡᠢ᠃ ᠡᠷᠡᠯᠬᠡᠭ᠌ᠯᠡᠨ ᠤᠷᠤᠭ᠍ᠰᠢᠯᠠᠬᠤ ᠲᠦᠷᠰᠦ ᠪᠠᠢᠳᠠᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠡᠷᠴᠢ ᠵᠣᠷᠢᠭ᠂ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ ᠰᠤᠷᠲᠠᠯ᠂ ᠰᠠᠨᠠᠬᠰᠠᠨ ᠳ᠋ᠠᠭᠠᠨ ᠬᠦᠷᠬᠦ ᠪᠡᠷ ᠰᠢᠨᠳᠠᠷᠠᠰᠢ ᠦᠭᠡᠢ ᠴᠢᠷᠮᠠᠢᠬᠤ᠂ ᠵᠣᠷᠢᠯᠭ᠎ᠠ᠎ᠳᠠᠭᠠᠨ ᠬᠦᠷᠬᠦ᠌ ᠦᠭᠡᠢ ᠪᠣᠯ ᠵᠣᠭ᠍ᠰᠣᠬᠤ ᠦᠭᠡᠢ ᠪᠠᠢᠬᠤ ᠪᠠᠢᠳᠠᠯ᠎ᠵᠢᠡᠨ ᠢᠮᠠᠭ᠍ᠲᠠ ᠪᠠᠲᠤᠯᠠᠵᠤ᠂ ᠴᠥᠬᠥᠷᠡᠰᠢ ᠦᠭᠡᠢ ᠴᠢᠷᠮᠠᠢᠯᠭ᠎ᠠ᠎ᠪᠠᠷ ᠳᠠᠮᠵᠢᠨ᠂ ᠠᠵᠤ ᠠᠬᠤᠢ᠎ᠶᠢᠨ ᠴᠢᠨᠠᠷ ᠰᠠᠢᠲᠠᠢ ᠬᠥᠭ᠌ᠵᠢᠯᠲᠡ᠎ᠶᠢᠨ ᠨᠡᠩ ᠶᠡᠬᠡ ᠦᠷ᠎ᠡ ᠪᠦᠲᠦᠭᠡᠯ ᠤᠯᠬᠤ᠂ ᠠᠮᠢ ᠠᠬᠤᠢ᠎ᠶᠢᠨ ᠣᠷᠴᠢᠨ ᠲᠤᠭᠤᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ ᠨᠡᠩ ᠶᠡᠬᠡ ᠦᠷ᠎ᠡ ᠪᠦᠲᠦᠮᠵᠢ ᠤᠯᠬᠤ᠂ ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ᠎ᠢ ᠴᠣᠭ᠍ᠴᠠᠯᠠᠬᠤ ᠠᠵᠢᠯ ᠨᠡᠩ ᠶᠡᠬᠡ ᠠᠬᠢᠴᠠ᠎ᠲᠠᠶ ᠪᠣᠯᠬᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠥᠨᠳᠥᠷ ᠪᠦᠲᠦᠮᠵᠢᠲᠡᠶ ᠵᠠᠰᠠᠯᠲᠠ ᠨᠠᠩ ᠶᠡᠬᠡ ᠱᠢᠪᠲᠤᠯᠤᠯᠲᠠ᠎ᠲᠠᠶ ᠪᠣᠯᠬᠤ ᠵᠢ ᠠᠬᠢᠭᠤᠯᠵᠤ᠂ 《ᠬᠣᠶᠠᠷ ᠬᠠᠯᠬᠠᠪᠴᠢ》᠎ᠶᠢ ᠨᠠᠩ ᠪᠠᠲᠤ ᠪᠡᠬᠢ ᠪᠣᠯᠭᠠᠵᠤ᠂ 《ᠬᠣᠶᠠᠷ ᠰᠠᠭᠤᠷᠢᠨ》᠎ᠤ᠋ ᠶᠠᠰᠤ ᠴᠢᠨᠠᠷ᠎ᠢ ᠵᠡᠷᠭᠡ᠎ᠪᠡᠷ ᠳᠡᠭᠡᠭ᠌ᠰᠢᠯᠡᠭᠦᠯᠵᠦ᠂ 《ᠨᠢᠭᠡ ᠪᠡᠬᠢᠯᠡᠯᠲᠡ》 ᠶᠢᠨ ᠦᠢᠯᠡᠳᠦᠯ᠎ᠢ ᠢᠯᠡᠷᠬᠡᠶ ᠪᠣᠯᠭᠠᠵᠤ᠂ ᠠᠮᠢ ᠠᠬᠤᠶ᠎ᠶᠢ ᠤᠷᠢᠳ᠎ᠢᠶᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠴᠢᠬᠤᠯᠠ ᠶᠡᠬᠡ ᠠᠯᠬᠤᠮ᠎ᠢ ᠠᠯᠬᠤᠬᠤ ᠬᠡᠷᠡᠭᠲᠡᠢ᠃
ᠪᠢᠳᠡ ᠡᠷᠬᠡᠪᠰᠢ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ ᠠᠭᠤᠤ ᠦᠢᠯᠡᠰ᠎ᠢ ᠴᠣᠭ᠍ᠴᠠᠯᠠᠵᠤ᠂ ᠠᠷᠠᠳ ᠲᠦᠮᠡᠨ᠎ᠢ ᠳᠡᠭᠡᠳᠦᠯᠡᠬᠦ᠌᠂ ᠠᠷᠠᠳ ᠲᠦᠮᠡᠨ᠎ᠳ᠋ᠤ ᠨᠢᠬᠳᠠ ᠲᠦᠱᠢᠭ᠌ᠯᠡᠬᠦ᠂ ᠠᠷᠠᠳ ᠲᠦᠮᠡᠨ᠎ᠳᠦ ᠲᠠᠰᠤᠷᠠᠯᠲᠠ ᠦᠭᠡᠢ ᠪᠤᠶᠠᠨ ᠦᠶ᠋ᠯᠡᠳᠬᠦ᠂ ᠠᠷᠠᠳ ᠲᠦᠮᠡᠨ᠎ᠦ ᠳᠤᠮᠳᠠ ᠪᠠᠲᠤ ᠦᠨᠳᠦᠰᠦᠯᠡᠬᠦ᠎ᠵᠢ ᠢᠮᠠᠭ᠍ᠲᠠ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠢ ᠶᠡᠬᠡ ᠪᠡᠷ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠪᠠᠢᠭᠤᠯᠤᠯᠲᠠ᠎ᠶᠢ ᠪᠦᠬᠦ᠌ ᠲᠠᠯ᠎ᠠ᠎ᠪᠠᠷ ᠠᠬᠢᠭᠤᠯᠵᠤ᠂ ᠬᠠᠮᠤᠭ᠎ᠤᠨ ᠥᠷᠭᠡᠨ ᠳᠡᠯᠭᠡᠷ ᠤᠯᠤᠰ᠎ᠢᠶᠡᠨ ᠬᠠᠢᠷᠠᠯᠠᠬᠤ ᠨᠢᠭᠡᠳᠦᠮᠡᠯ ᠹᠷᠣᠨᠲ᠎ᠢ ᠲᠠᠰᠤᠷᠠᠯᠲᠠ ᠦᠭᠡᠢ ᠪᠡᠬᠢᠵᠢᠭᠦᠯᠦᠨ ᠬᠥᠭ᠌ᠵᠢᠭᠦᠯᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ᠎ᠢ ᠥᠷᠭᠡᠨ᠎ᠢᠶᠡᠷ ᠨᠢᠭ᠍ᠲᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ᠎ᠢ ᠭᠦᠢᠴᠡᠳ ᠳᠠᠢᠴᠢᠯᠠᠵᠤ᠂ ᠡᠯ᠎ᠡ ᠠᠷᠠᠳᠴᠢᠯᠠᠭ᠍ᠰᠠᠨ ᠨᠠᠮ ᠪᠦᠯᠦᠭ ᠪᠠ ᠠᠷᠠᠳ᠎ᠤᠨ ᠪᠦᠯᠬᠦᠮ᠎ᠦᠨ ᠳᠠᠪᠠᠭᠤᠯᠢᠭ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠵᠢᠱ᠌ᠢᠶ᠎ᠡ ᠦᠵᠡᠭᠦᠯᠵᠦ᠍ ᠳᠠᠭᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠦᠨᠳᠦᠰᠦᠨ ᠱᠠᠲᠤ ᠪᠠ ᠣᠯᠠᠨ ᠲᠦᠮᠡᠨ᠎ᠦ ᠱᠢᠨ᠎ᠡ᠎ᠶᠢ ᠡᠭᠦᠳᠦᠨ ᠦᠶ᠋ᠯᠡᠰ ᠪᠤᠰᠬᠠᠬᠤ ᠬᠠᠯᠠᠭᠤᠨ ᠰᠡᠳᠭᠢᠯᠭᠡ᠎ᠶᠢ ᠭᠦᠶ᠋ᠴᠡᠳ ᠬᠥᠭ᠌ᠵᠢᠭᠡᠵᠦ᠂ ᠡᠯ᠎ᠡ ᠲᠠᠯ᠎ᠠ᠎ᠶᠢᠨ ᠤᠶᠤᠨ ᠤᠬᠠᠭᠠᠨ ᠪᠠ ᠬᠦᠴᠦᠨ ᠴᠢᠳᠠᠯ᠎ᠢ ᠶᠡᠬᠡ ᠬᠤᠷᠠᠯ᠎ᠠᠴᠠ ᠲᠤᠬᠳᠠᠭᠠᠬᠰᠠᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠂ ᠲᠣᠭ᠍ᠲᠠᠭ᠍ᠰᠠᠨ ᠬᠠᠷᠠᠯᠲᠠ ᠡᠭᠦᠷᠭᠡ ᠳᠡᠭᠡᠷ᠎ᠡ ᠦᠨᠡᠨ ᠬᠦ᠌ ᠨᠢᠭ᠍ᠲᠠᠷᠠᠭᠤᠯᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠨᠢᠭᠡ ᠰᠡᠳᠭᠢᠯ ᠨᠢᠭᠡ ᠵᠤᠷᠢᠭᠵᠢᠡᠷ ᠬᠥᠭ᠌ᠵᠢᠯᠲᠡ᠎ᠶᠢ ᠰᠦᠪᠡᠭ᠌ᠴᠢᠯᠡᠵᠦ᠂ ᠠᠯᠬᠤᠮ ᠨᠢᠭᠡᠲᠡᠶ ᠪᠡᠷ ᠠᠵᠢᠯᠯᠠᠬᠤ ᠬᠡᠷᠡᠭᠲᠡᠢ᠃
ᠪᠢᠳᠡ ᠡᠷᠬᠡᠪᠰᠢ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠰᠠᠢᠳᠤᠷ ᠬᠠᠮᠢᠶᠠᠷᠴᠤ᠂ ᠡᠭᠦᠷᠢᠳᠡ ᠵᠤᠭᠰᠤᠰᠢ ᠦᠭᠡᠢ ᠪᠠᠢᠬᠤ ᠬᠤᠷᠴᠠ ᠰᠡᠷᠭᠡᠭ ᠪᠠᠢᠳᠠᠯ ᠪᠠ ᠡᠷᠡᠰ ᠪᠠᠲᠤ ᠵᠤᠷᠢᠭ᠎ᠵᠢᠡᠨ ᠢᠮᠠᠭᠲᠠ ᠪᠠᠲᠤᠯᠠᠵᠤ᠂ ᠰᠤᠯᠠᠷᠠᠵᠤ ᠠᠪᠬᠤ ᠲᠠᠯᠪᠢᠭᠤᠷᠠᠵᠤ ᠦᠵᠡᠬᠦ ᠰᠡᠳᠭᠢᠯᠭᠡ ᠪᠠ ᠨᠢᠭᠡᠨᠲᠡ ᠲᠦᠢᠯ ᠳ᠋ᠠᠭᠠᠨ ᠲᠤᠯᠲᠠᠯ᠎ᠠ ᠴᠢᠨᠭᠭᠠᠷᠠᠪᠠ ᠭᠡᠬᠦ ᠰᠡᠳᠭᠢᠯᠭᠡ ᠵᠢ ᠡᠷᠡᠰ ᠲᠡᠪᠴᠢᠵᠦ᠂ ᠵᠣᠷᠢᠭ᠍ᠲᠠᠶ᠎ᠪᠠᠷ ᠠᠰᠠᠭᠤᠳᠠᠯ᠎ᠳᠤ ᠱᠢᠭᠤᠳ ᠬᠠᠨᠳᠤᠵᠤ᠂ ᠵᠣᠷᠢᠭ᠍ᠲᠠᠶ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠂ ᠴᠢᠩᠭ᠎ᠠ ᠪᠠᠢᠬᠤ ᠱᠠᠭᠠᠷᠳᠠᠯᠭ᠎ᠠ᠎ᠶᠢ ᠨᠠᠮ᠎ᠢ ᠬᠠᠮᠢᠶᠠᠷᠴᠤ᠌ ᠨᠠᠮ᠎ᠢ ᠵᠠᠰᠠᠬᠤ ᠪᠦᠬᠦ᠌ ᠶᠠᠪᠤᠴᠠᠳᠤᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ ᠰᠤᠯᠠᠷᠠᠬᠤ᠂ ᠨᠠᠮ᠎ᠤᠨ ᠪᠠᠢᠭᠤᠯᠤᠯᠲᠠ ᠳᠤᠲᠠᠭ᠍ᠳᠠᠬᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠡᠷᠴᠢᠮ ᠬᠦᠷᠦᠯᠴᠡᠬᠦ ᠦᠭᠡᠢ ᠪᠠᠢᠬᠤ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠂ ᠨᠠᠮ᠎ᠤᠨ ᠳᠣᠲᠣᠭᠠᠳᠤ᠎ᠶᠢᠨ ᠤᠯᠤᠰ ᠲᠥᠷᠥ᠎ᠶᠢᠨ ᠠᠮᠢᠳᠤᠷᠠᠯ ᠰᠤᠯᠠ ᠶᠡᠷᠦᠮᠳᠡᠭ ᠪᠤᠯᠬᠤ᠂ ᠳᠤᠷ᠎ᠠ ᠲᠡᠪᠡ᠎ᠵᠢᠨ ᠪᠤᠯᠬᠤ᠂ ᠪᠦᠳᠦᠭᠦᠯᠢᠭ ᠪᠤᠯᠬᠤ᠂ ᠠᠷᠠᠯᠵᠢᠶᠠᠨ᠎ᠤ ᠰᠢᠨᠵᠢ ᠲᠠᠢ ᠪᠤᠯᠬᠤ ᠵᠡᠷᠭᠡ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠂《ᠳᠥᠷᠪᠡᠨ ᠰᠤᠷᠲᠠᠯ》᠎ᠢ᠋ ᠥᠴᠦᠬᠡᠨ ᠴᠦ᠍ ᠰᠤᠯᠠᠷᠠᠭᠤᠯᠤᠯ ᠥᠬᠡᠶ ᠵᠠᠯᠠᠷᠠᠭᠤᠯᠤᠨ ᠵᠠᠰᠠᠵᠤ᠂ ᠢᠯᠵᠠᠷᠠᠯ᠎ᠢ ᠥᠴᠦᠬᠡᠨ ᠴᠦ᠍ ᠢᠯᠳᠠᠷ ᠬᠠᠶᠠᠬᠤ ᠦᠭᠡᠢ ᠪᠡᠷ ᠵᠠᠯᠬᠠᠭᠠᠨ ᠰᠢᠢᠳᠭᠡᠵᠦ᠂ ᠢᠯᠵᠠᠷᠠᠯ᠎ᠤᠨ ᠬᠡᠮᠵᠢᠢ᠎ᠡ ᠵᠢ ᠬᠦᠴᠦᠲᠡᠢ ᠪᠠᠭᠠᠰᠭᠠᠵᠤ᠂ ᠢᠯᠵᠡᠷᠡᠯ᠎ᠤᠨ ᠨᠡᠮᠡᠭ᠌ᠳᠡᠯ᠎ᠢ ᠬᠤᠷᠢᠭᠯᠠᠵᠤ᠂ ᠬᠤᠤᠷᠳᠦ ᠬᠠᠪᠤᠳᠠᠷ᠎ᠢ ᠡᠷᠡᠰ ᠬᠤᠰᠤᠨ ᠠᠪᠴᠤ᠂ ᠬᠣᠣᠷ᠎ᠤᠨ ᠡᠬᠢ᠎ᠶᠢ ᠠᠷᠢᠯᠭᠠᠬᠤ᠂ ᠲᠠᠷᠬᠠᠭ᠍ᠰᠠᠨ ᠬᠣᠣᠷ᠎ᠢ ᠡᠷᠡᠰ ᠴᠡᠪᠡᠷᠯᠡᠵᠤ᠂ ᠢᠯᠠᠯᠲᠠ᠎ᠶᠢᠨ ᠡᠷᠴᠢᠨ ᠳᠡᠭᠡᠷ᠎ᠡ ᠤᠷᠤᠭ᠍ᠰᠢᠯᠠᠵᠤ᠂ ᠨᠢᠭᠡ ᠯᠡ ᠠᠮᠢᠰᠭᠤᠭ᠎ᠠ᠎ᠪᠠᠷ ᠥᠪᠥᠷ ᠮᠣᠩᠭᠣᠯ᠎ᠤᠨ ᠤᠯᠤᠰ ᠲᠥᠷᠥ᠎ᠶᠢᠨ ᠠᠮᠢ ᠠᠬᠤᠶ᠎ᠶᠢ ᠪᠥᠬᠥ᠌ ᠲᠠᠯ᠎ᠠ᠎ᠪᠠᠷ ᠳᠠᠬᠢᠨ ᠴᠣᠭ᠍ᠴᠠᠯᠠᠵᠤ᠂ ᠦᠨᠳᠦᠰᠦᠨ᠎ᠡᠴᠡ ᠨᠢ ᠰᠠᠢᠵᠢᠷᠠᠭᠤᠯᠬᠤ ᠵᠢ ᠠᠬᠢᠭᠤᠯᠬᠤ ᠬᠡᠷᠡᠭᠲᠡᠢ᠃
ᠲᠥᠯᠥᠭᠡᠯᠡᠭ᠌ᠴᠢᠳ ᠡ᠂ ᠨᠥᠬᠥᠳ ᠡ! ᠠᠵᠠ ᠪᠡᠷ ᠪᠠᠳᠠᠷᠠᠯᠳᠤ ᠡᠷᠢᠨ ᠳ᠋ᠤ ᠳᠤᠬᠢᠶᠠᠬᠰᠠᠨ ᠪᠠᠢᠨ᠎ᠠ᠂ ᠴᠠᠭ ᠦᠶ᠎ᠠ ᠳ᠋ᠤ ᠦᠯᠦ ᠣᠰᠣᠯᠳᠠᠶᠠ; ᠡᠭᠦᠷᠭᠡ ᠬᠠᠷᠢᠭᠤᠴᠠᠯᠭ᠎ᠠ ᠮᠥᠷᠥᠨᠳᠡᠭᠡᠷᠡᠲᠠᠯᠪᠢᠭᠳᠠᠵᠤᠪᠠᠢᠨᠠ᠂ᠡᠭᠦᠷᠭᠡᠬᠠᠷᠢᠭᠤᠴᠠᠯᠭᠠᠳ᠋ᠠᠭᠠᠨᠦᠯᠦ ᠤᠰᠤᠯᠳᠠᠶᠠ᠃ ᠪᠢᠳᠡ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠢᠯᠡᠨ ᠤᠷᠤᠭ᠍ᠰᠢᠯᠠᠵᠤ᠂ ᠵᠠᠮ ᠨᠡᠭᠡᠭᠡᠨ ᠱᠢᠨ᠎ᠡ᠎ᠶᠢ ᠡᠭᠦᠳᠴᠦ᠍᠂ ᠵᠢᠳᠬᠦᠯ ᠲᠡᠮᠡᠴᠡᠯ᠎ᠢᠶᠡᠷ ᠭᠣᠢᠳᠠ ᠰᠠᠢᠬᠠᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭ᠌ᠯᠡᠵᠦ᠍᠂ ᠦᠨᠡᠨ ᠪᠣᠳᠠᠲᠠᠢ ᠠᠵᠢᠯᠯᠠᠵᠤ ᠰᠠᠢ᠌ᠨ ᠰᠠᠢᠬᠠᠨ ᠢᠷᠡᠭᠡᠳᠦᠢ᠎ᠶᠢ ᠴᠣᠭ᠍ᠴᠠᠯᠠᠵᠤ᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶᠢ ᠤᠭ᠍ᠲᠤᠵᠤ᠂ ᠨᠡᠩ ᠢᠲᠡᠭᠡᠯ ᠲᠡᠭᠦᠯᠳᠡᠷ᠂ ᠨᠡᠩ ᠲᠤᠷᠪᠢᠯᠢᠭ ᠬᠦᠴᠦᠳᠡᠢ ᠠᠯᠬᠤᠭ᠎ᠠ ᠪᠡᠷ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶᠢ ᠪᠡᠶᠡᠯᠡᠭᠦᠯᠬᠦ᠌ ᠱᠢᠯᠭᠠᠯᠲᠠ ᠳ᠋ᠤ ᠤᠷᠤᠯᠴᠠᠬᠤ ᠱᠢᠨ᠎ᠡ ᠵᠠᠮ᠎ᠢᠶᠠᠷ ᠰᠠᠢᠲᠤᠷ ᠵᠠᠮᠨᠠᠶ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃