2021-12-05 11:20:40
12 ᠰᠠᠷ᠎ᠠ᠎ᠶ᠋ᠢᠨ 1 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠥᠪᠥᠷ ᠮᠣᠩᠭᠣᠯ᠎ᠤᠨ ᠥᠩᠭᠡᠷᠡᠭ᠌ᠰᠡᠨ ᠲᠠᠪᠤᠨ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠯᠤᠲᠤ ᠶᠡᠬᠡ ᠠᠮᠵᠢᠯᠲᠠ ᠪᠦᠲᠦᠮᠵᠢ ᠪᠣᠯᠤᠨ ᠡᠷᠬᠢᠮ ᠨᠠᠨᠳᠢᠨ ᠲᠤᠷᠱᠢᠯᠭ᠎ᠠ᠎ᠶ᠋ᠢ ᠪᠦᠬᠦ᠌ ᠲᠠᠯ᠎ᠠ᠎ᠪᠠᠷ ᠳ᠋ᠦᠩᠨᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠠᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠶ᠋ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠢᠷᠡᠭᠡᠳᠦᠢ᠎ᠶ᠋ᠢᠨ ᠲᠠᠪᠤᠨ ᠵᠢᠯ᠎ᠦᠨ ᠬᠠᠷᠠᠯᠲᠠ ᠱᠠᠭᠠᠷᠳᠠᠯᠭ᠎ᠠ᠂ ᠭᠣᠣᠯ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠢ᠎ᠡ᠎ᠶ᠋ᠢ ᠲᠣᠳᠣᠷᠬᠠᠢ ᠳᠤᠷᠠᠳᠤᠭᠰᠠᠨ ᠨᠢ ᠥᠪᠡᠷᠲᠡᠭᠡᠨ ᠵᠠᠰᠠᠬᠤ ᠣᠷᠣᠨ᠎ᠤ ᠣᠳᠣᠬᠢᠴᠢᠯᠠᠭᠰᠠᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠦᠬᠦ᠌ ᠲᠠᠯ᠎ᠠ᠎ᠶ᠋ᠢ ᠲᠥᠯᠥᠪᠵᠢᠭᠦᠯᠬᠦ᠌᠂ ᠱᠢᠨ᠎ᠡ ᠪᠠᠢᠳᠠᠯ᠎ᠢ ᠡᠭᠦᠳᠬᠦ᠌ ᠣᠨᠴᠠᠭᠠᠢ ᠠᠴᠢ ᠬᠣᠯᠪᠣᠭ᠍ᠳᠠᠯ᠎ᠲᠠᠶ ᠶᠤᠮ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠶ᠋ᠢ ᠰᠠᠢᠲᠤᠷ ᠰᠤᠷᠤᠯᠴᠠᠵᠤ ᠰᠠᠢᠲᠤᠷ ᠤᠬᠠᠭᠤᠯᠤᠨ ᠰᠠᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ ᠤ ᠴᠢᠬᠤᠯᠠ ᠡᠭᠦᠷᠭᠡ ᠪᠣᠯᠤᠨ᠎ᠠ᠃
ᠪᠥᠬᠥ᠌ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠱᠢᠰᠲ᠋ᠧᠮ᠎ᠦᠨ ᠨᠠᠮ᠎ᠤᠨ ᠭᠡᠱᠢᠭᠦᠨ ᠺᠠᠳ᠋ᠷᠴᠤᠳ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ ᠭᠦᠶ᠋ᠴᠡᠳ ᠲᠠᠨᠢᠵᠤ᠂ ᠤᠯᠤᠰ ᠲᠥᠷᠥ᠎ᠶ᠋ᠢ ᠡᠷᠬᠢᠮᠯᠡᠬᠦ᠌ ᠦᠨᠳᠦᠷᠴᠡ᠎ᠠᠴᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠰᠠᠢᠲᠤᠷ ᠠᠳᠭᠤᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠲᠣᠭ᠍ᠲᠠᠭᠠᠭ᠍ᠰᠠᠨ ᠡᠯ᠎ᠡ ᠵᠦᠶ᠋ᠯ᠎ᠦᠨ ᠬᠠᠷᠠᠯᠲᠠ ᠡᠭᠦᠷᠭᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ᠃ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠨᠢᠭ᠍ᠲᠠ ᠤᠶᠠᠯᠳᠤᠭᠤᠯᠵᠤ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠲᠡᠶ ᠨᠢᠭ᠍ᠲᠠ ᠤᠶᠠᠯᠳᠤᠭᠤᠯᠵᠤ᠂ ᠪᠥᠬᠥ᠌ ᠵᠢᠯ᠎ᠦᠨ ᠡᠯ᠎ᠡ ᠵᠦᠶ᠋ᠯ᠎ᠦᠨ ᠬᠠᠷᠠᠯᠲᠠ ᠡᠭᠦᠷᠭᠡ᠎ᠶ᠋ᠢ ᠪᠥᠬᠥ᠌ ᠲᠠᠯ᠎ᠠ᠎ᠪᠠᠷ ᠪᠡᠶᠡᠯᠡᠭᠦᠯᠬᠦ᠌᠎ᠲᠡᠶ ᠤᠶᠠᠯᠳᠤᠭᠤᠯᠵᠤ᠂ ᠪᠥᠬᠥ᠌ ᠲᠠᠯ᠎ᠠ᠎ᠪᠠᠷ ᠱᠢᠰᠲ᠋ᠧᠮ᠎ᠲᠡᠶ ᠭᠦᠨᠵᠡᠭᠡᠶ ᠰᠤᠷᠤᠯᠴᠠᠵᠤ᠂ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠵᠤ᠂ ᠠᠭᠤᠰᠤᠯᠴᠠᠭᠤᠯᠤᠨ ᠨᠡᠪᠲᠡᠷᠡᠯᠴᠡᠭᠦᠯᠵᠦ᠍᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠶ ᠭᠡᠵᠦ ᠱᠠᠭᠠᠷᠳᠠᠪᠠ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠨᠠᠮ᠎ᠤᠨ ᠦᠨᠳᠦᠰᠦᠲᠡᠨ᠎ᠦ ᠠᠵᠢᠯ᠎ᠢ ᠲᠤᠪᠤᠢ᠌ᠮ᠎ᠠ ᠪᠠᠢᠷᠢᠨ᠎ᠳᠤ ᠲᠠᠯᠪᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠳᠤᠷᠠᠳᠴᠠᠢ᠃ ᠪᠦᠬᠦ᠌ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠱᠢᠰᠲᠧᠮ᠎ᠤᠨ ᠬᠢᠨ ᠨᠠᠷᠢᠨ ᠬᠢᠨᠠᠮᠠᠭᠠᠶ ᠰᠤᠷᠤᠯᠴᠠᠵᠤ᠂ ᠭᠦᠨᠵᠡᠭᠡᠶ ᠣᠢᠯᠠᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ᠎ᠶ᠋ᠢ ᠪᠠᠲᠤ ᠡᠵᠡᠮᠳᠡᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠰᠠᠨᠠᠭᠠᠴᠢᠯᠠᠭ᠎ᠠ᠎ᠠᠴᠠ᠎ᠪᠠᠨ《ᠡᠭᠦᠷᠭᠡ ᠴᠢᠳᠠᠪᠬᠢ᠎ᠪᠠᠨ ᠬᠤᠪᠢᠷᠠᠭᠤᠯᠵᠤ᠂ ᠠᠷᠭ᠎ᠠ ᠬᠡᠯᠪᠡᠷᠢ ᠪᠠᠨ ᠬᠤᠪᠢᠷᠠᠭᠤᠯᠤᠨ᠂ ᠠᠵᠢᠯ᠎ᠤᠨ ᠰᠤᠷᠲᠠᠯ᠎ᠢᠶᠠᠨ ᠬᠤᠪᠢᠷᠠᠭᠤᠯᠵᠤ》᠂ 《ᠶᠡᠬᠡ ᠰᠤᠷᠪᠤᠯᠵᠢᠯᠠᠭ᠎ᠠ᠂ ᠶᠡᠬᠡ ᠪᠠᠢᠴᠠᠭᠠᠨ ᠰᠤᠳᠤᠯᠤᠯᠳᠠ᠂ ᠲᠥᠷᠥ᠎ᠶ᠋ᠢᠨ ᠪᠣᠳᠣᠯᠭ᠎ᠠ ᠵᠢ ᠬᠦᠷᠭᠡᠬᠦ᠂ ᠬᠠᠯᠠᠭᠤᠨ ᠳᠤᠯᠠᠭᠠᠨ᠎ᠢ ᠬᠦᠷᠭᠡᠬᠦ᠂ ᠪᠦᠯᠬᠦᠮᠳᠡᠯ᠎ᠢ ᠠᠬᠢᠭᠤᠯᠬᠤ᠂ ᠬᠥᠭ᠌ᠵᠢᠯᠲᠡ᠎ᠶ᠋ᠢ ᠠᠬᠢᠭᠤᠯᠬᠤ》ᠲᠤᠰᠭᠠᠶ ᠠᠵᠢᠯᠯᠠᠭ᠎ᠠ ᠵᠢ ᠰᠠᠢᠲᠤᠷ ᠦᠷᠨᠢᠭᠦᠯᠵᠦ᠂《ᠠᠷᠪᠠᠪᠠᠢᠬᠤ᠌》 ᠵᠠᠭ᠍ᠪᠤᠷ᠎ᠢᠶᠠᠷ ᠠᠵᠢᠯ᠎ᠢᠶᠠᠨ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠨᠡᠢᠭᠡᠮ ᠵᠢᠷᠤᠮᠳᠤ ᠣᠳᠣᠬᠢᠴᠢᠯᠠᠯᠲᠠ ᠲᠡᠢᠰᠢ ᠤᠷᠤᠭ᠍ᠰᠢᠯᠠᠬᠤ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠡᠮᠦᠨ᠎ᠡ ᠨᠢ ᠬᠣᠱᠢᠭᠤᠷᠠᠨ ᠳᠠᠭᠤᠷᠢᠶᠠᠯ ᠦᠵᠡᠭᠦᠯᠬᠦ᠌ ᠪᠡᠷ ᠴᠢᠷᠮᠠᠢᠵᠤ᠂ ᠱᠢᠨ᠎ᠡ ᠴᠠᠭ ᠦᠶᠡᠶ᠋ᠢᠨᠨᠠᠮᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃