2021-12-06 10:09:55
— ᠲᠤᠮᠳᠠᠳᠤ ᠤᠯᠤᠰᠤᠨᠡᠪ ᠬᠠᠮᠲᠤ ᠨᠠᠮ᠎ᠤᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ
ᠲᠤᠰ ᠰᠣᠨᠢᠨ᠎ᠤ ᠱᠢᠭᠦᠮᠵᠢᠯᠡᠭ᠌ᠴᠢ
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠨᠠᠮ᠎ᠤᠨ ᠲᠥᠪ ᠬᠤᠷᠢᠶ᠎ᠠ ᠵᠢᠨ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠬᠠᠮᠠᠭᠠᠯᠠᠵᠤ᠂ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠬᠤ ᠪᠣᠯ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠲᠠᠰᠤᠷᠠᠯᠲᠠ ᠦᠭᠡᠢ ᠬᠥᠭ᠌ᠵᠢᠨ ᠤᠷᠤᠭ᠍ᠰᠢᠯᠠᠬᠤ᠎ᠶ᠋ᠢ ᠠᠬᠢᠭᠤᠯᠬᠤ ᠦᠨᠳᠦᠰᠦᠨ ᠤᠯᠤᠰ ᠲᠦᠷᠦ᠍᠎ᠶ᠋ᠢᠨ ᠪᠠᠲᠤᠯᠠᠭ᠎ᠠ ᠮᠥᠨ᠂ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠤᠯᠤᠰ ᠲᠦᠷᠦ᠍᠎ᠶ᠋ᠢᠨ ᠤᠷᠢᠲᠠᠯ ᠮᠥᠨ ᠭᠡᠵᠤ ᠴᠢᠬᠤᠯᠠᠴᠢᠯᠠᠬᠰᠠᠨ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ᠂ ᠡᠩ ᠲᠡᠷᠢᠭᠦᠨ᠎ᠳᠦ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌᠎ᠶ᠋ᠢ ᠬᠠᠮᠤᠭ᠎ᠤᠨ ᠳᠡᠭᠡᠳᠦ ᠤᠯᠤᠰ ᠲᠦᠷᠦ᠍᠎ᠶ᠋ᠢᠨ ᠱᠠᠭᠠᠷᠳᠠᠯᠭ᠎ᠠ᠂ ᠬᠠᠮᠤᠭ᠎ᠤᠨ ᠳᠡᠭᠡᠳᠦ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠣᠯᠭᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠴᠤᠴᠠᠯᠲᠠ ᠦᠭᠡᠢ ᠤᠷᠤᠭ᠍ᠰᠢᠯᠠᠵᠤ᠂ ᠡᠴᠦᠰ᠎ᠲᠦᠨᠢ ᠲᠤᠯᠲᠠᠯ᠎ᠠ ᠬᠢᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠠᠨᠠᠭᠠᠷ ᠲᠠᠯᠠᠢ ᠬᠠᠯᠭᠢᠯᠠᠨ ᠴᠠᠯᠭᠢᠯᠠᠬᠤᠶᠠ ᠤᠷᠭᠤᠭ᠎ᠠ ᠬᠠᠳᠠ ᠢᠯᠡᠭᠡᠨ᠂ ᠰᠦᠷ ᠳᠠᠯᠠᠢᠴᠠᠲᠠᠢ ᠠᠭᠤᠯᠠ ᠨᠢᠷᠤᠭᠤᠳ᠎ᠤᠨ ᠨᠤᠶᠠᠨ ᠤᠷᠭᠢᠯ᠎ᠢ ᠪᠠᠷᠠᠯᠠᠮᠤᠢ᠃ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠪᠣᠯ ᠮᠠᠨ᠎ᠤ ᠨᠠᠮ᠎ᠤᠨ ᠴᠢᠬᠤᠯᠠ ᠶᠡᠬᠡ ᠤᠯᠤᠰ ᠲᠦᠷᠦ᠍ ᠶ᠋ᠢᠨ ᠦᠷ᠎ᠡ ᠪᠦᠲᠦᠭᠡᠯ ᠪᠠ ᠡᠷᠬᠢᠮ ᠨᠠᠨᠳᠢᠨ ᠲᠤᠷᠱᠢᠯᠭ᠎ᠠ ᠮᠥᠨ᠂ ᠮᠠᠨ᠎ᠤ ᠨᠠᠮ᠎ᠤᠨ ᠬᠠᠮᠤᠭ᠎ᠤᠨ ᠴᠢᠬᠤᠯᠠ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ ᠶᠣᠰᠣ ᠲᠦᠷᠢᠮ ᠮᠥᠨ᠃ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠵᠦ᠍᠂ ᠥᠪᠥᠷ ᠮᠣᠩᠭᠣᠯ᠎ᠤᠨ ᠶᠠᠪᠤᠳᠠᠯ᠎ᠢ ᠰᠠᠢᠲᠤᠷ ᠬᠢᠬᠦ᠌ ᠶ᠋ᠢᠨ ᠬᠠᠮᠤᠭ᠎ᠤᠨ ᠦᠨᠳᠦᠰᠦᠨ ᠨᠢᠬᠡ ᠵᠦᠢᠯ ᠪᠣᠯ ᠳᠠᠷᠤᠢ ᠢᠮᠠᠭ᠍ᠲᠠ ᠤᠬᠠᠮᠰᠠᠷ᠎ᠠᠴᠠ᠎ᠪᠠᠨ ᠨᠠᠮ᠎ᠤᠨ ᠲᠥᠪ ᠬᠣᠷᠢᠶ᠎ᠠ᠎ᠲᠠᠶ ᠪᠠᠷᠢᠮᠵᠢᠶᠠᠯᠠᠨ ᠬᠠᠷᠭᠤᠭᠤᠯᠵᠦ ᠨᠢᠭᠡᠳᠦᠯᠲᠡᠢ ᠪᠠᠢᠵᠤ᠂ ᠢᠮᠠᠭ᠍ᠲᠠ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠶᠠᠪᠤᠳᠠᠯ ᠪᠣᠯᠤᠨ᠎ᠠ ᠭᠡᠳᠡᠭ᠎ᠢ ᠦᠢᠯᠡᠳᠦᠯᠭᠡ ᠲᠠᠬᠢᠨ ᠳᠠᠪᠲᠠᠨ ᠭᠡᠷᠡᠴᠢᠯᠡᠭ᠌ᠰᠡᠨ ᠪᠠᠢᠨ᠎ᠠ᠃
ᠲᠤᠭ ᠲᠡᠮᠳᠡᠭ ᠴᠢᠭ᠌ᠯᠡᠯ᠎ᠢ ᠬᠦᠳᠦᠯᠥᠨ ᠳᠠᠭᠠᠭᠤᠯᠵᠤ᠂ ᠭᠣᠣᠯᠯᠠᠭ᠍ᠴᠢ ᠡᠴᠡ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃《ᠬᠣᠶᠠᠷ᠎ᠢ ᠬᠠᠮᠠᠭᠠᠯᠠᠬᠤ》ᠵᠢ ᠡᠷᠡᠰ ᠪᠡᠶᠡᠯᠡᠭᠦᠯᠬᠦ᠌᠎ᠳᠦ᠂ ᠭᠣᠣᠯᠯᠠᠭ᠍ᠴᠢ᠎ᠳᠤ ᠦᠨᠡᠨᠴᠢ ᠱᠢᠳᠤᠷᠭᠤ ᠪᠠᠢᠬᠤ᠂ ᠭᠣᠣᠯᠯᠠᠭ᠍ᠴᠢ᠎ᠶ᠋ᠢ ᠬᠦᠷᠢᠶᠡᠯᠡᠬᠦ᠌᠂ ᠭᠣᠣᠯᠯᠠᠭ᠍ᠴᠢ᠎ᠲᠠᠶ ᠨᠢᠭᠡᠳᠦᠯᠲᠡᠢ ᠪᠠᠢᠬᠤ᠂ ᠭᠣᠣᠯᠯᠠᠭ᠍ᠴᠢ᠎ᠶ᠋ᠢ ᠬᠠᠮᠠᠭᠠᠯᠠᠬᠤ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠡᠯ᠎ᠡ ᠵᠦᠢᠯ᠎ᠦᠨ ᠠᠵᠢᠯ ᠦᠢᠯᠡᠰ ᠢᠮᠠᠭ᠍ᠲᠠ ᠵᠥᠪ ᠤᠯᠤᠰ ᠲᠦᠷᠦ᠍᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ ᠶ᠋ᠢ ᠪᠠᠲᠤᠯᠠᠬᠤ ᠬᠡᠷᠡᠭ᠌ᠲᠡᠢ ; ᠨᠠᠮ᠎ᠤᠨ ᠪᠦᠯᠬᠦᠮᠳᠡᠯ ᠨᠢᠭᠡᠳᠦᠯ᠎ᠢ ᠤᠬᠠᠮᠰᠠᠷ᠎ᠠᠴᠠ᠎ᠪᠠᠨ ᠡᠷᠡᠰ ᠬᠠᠮᠠᠭᠠᠯᠠᠵᠤ᠂《ᠤᠯᠤᠰ᠎ᠤᠨ ᠶᠡᠬᠡ ᠶᠠᠪᠤᠳᠠᠯ》 ᠢ᠋ ᠢᠮᠠᠭ᠍ᠲᠠ ᠪᠠᠲᠤ ᠴᠡᠭᠡᠵᠢᠯᠡᠵᠦ᠍᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠲᠤᠭᠤᠱᠢᠯᠠᠭᠤᠯᠤᠨ ᠬᠡᠷᠡᠭ᠌ᠵᠢᠭᠦᠯᠵᠦ᠍᠂ ᠨᠠᠮ᠎ᠤᠨ ᠲᠥᠪ ᠬᠣᠷᠢᠶᠠᠨ᠎ᠤ ᠰᠠᠨᠠᠭᠠᠴᠢᠯᠠᠭ᠎ᠠ᠎ᠶ᠋ᠢ ᠡᠷᠡᠰ ᠴᠤᠤᠷᠢᠶᠠᠲᠤᠨ ᠲᠠᠭᠠᠬᠤ᠂ ᠨᠠᠮ᠎ᠤᠨ ᠲᠥᠪ ᠬᠣᠷᠢᠶᠠᠨ᠎ᠤ ᠲᠣᠭ᠍ᠲᠠᠭᠠᠯ᠎ᠢ ᠡᠷᠡᠰ ᠵᠢᠷᠤᠮᠯᠠᠨ ᠭᠦᠢᠴᠡᠳᠭᠡᠬᠦ᠌᠂ ᠨᠠᠮ᠎ᠤᠨ ᠲᠥᠪ ᠬᠣᠷᠢᠶᠠᠨ᠎ᠤ ᠴᠠᠭᠠᠵᠠᠯᠠᠭ᠍ᠰᠠᠨ᠎ᠢ ᠡᠷᠡᠰ ᠬᠢᠬᠦ᠌ ᠦᠭᠡᠢ ᠪᠠᠢᠬᠤ᠎ᠶ᠋ᠢ ᠦᠨᠡᠨ ᠬᠦ᠌ ᠪᠡᠶᠡᠯᠡᠭᠦᠯᠵᠦ᠍᠂ ᠢᠮᠠᠭ᠍ᠲᠠ ᠤᠯᠤᠰ ᠲᠦᠷᠦ᠍᠎ᠶ᠋ᠢᠨ ᠵᠣᠭ᠍ᠰᠣᠯᠲᠠ᠂ ᠤᠯᠤᠰ ᠲᠦᠷᠦ᠍᠎ᠶ᠋ᠢᠨ ᠴᠢᠭ᠌ᠯᠡᠯ᠂ ᠤᠯᠤᠰ ᠲᠦᠷᠦ᠍᠎ᠶ᠋ᠢᠨ ᠵᠠᠷᠴᠢᠮ᠂ ᠤᠯᠤᠰ ᠲᠦᠷᠦ᠍᠎ᠶ᠋ᠢᠨ ᠵᠠᠮ ᠳᠡᠭᠡᠷ᠎ᠡ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭ᠌ᠲᠡᠢ᠃ ᠭᠠᠭ᠍ᠴᠠ ᠬᠦ᠌ ᠢᠩᠭᠢᠪᠡᠯ ᠰᠠᠶᠢ 《ᠪᠡᠶ᠎ᠡ᠎ᠨᠢ ᠭᠠᠷ᠎ᠢᠶᠠᠨ ᠵᠡᠬᠢᠷᠴᠤ᠂ ᠭᠠᠷ᠎ᠨᠢ ᠬᠤᠷᠤᠭᠤ᠎ᠪᠠᠨ ᠬᠦᠳᠡᠯᠬᠡᠬᠦ ᠮᠡᠲᠦ ᠪᠠᠢᠵᠤ᠂ ᠤᠷᠪᠠᠭᠠᠨ ᠬᠦᠷᠪᠡᠭᠡᠨ ᠲᠠᠢ ᠬᠤᠪᠢᠷᠠᠯᠲᠠ᠎ᠶ᠋ᠢ ᠪᠦᠳᠦᠮᠵᠢᠳᠡᠢ ᠠᠷᠭᠠᠴᠠᠭᠠᠵᠤ ᠬᠦᠴᠢᠷ ᠪᠡᠷᠬᠡ ᠵᠢ ᠬᠢᠯᠪᠡᠷ᠎ᠢᠶᠡᠷ ᠲᠠᠪᠠᠵᠤ᠂ ᠪᠦᠬᠦ ᠤᠯᠤᠰ ᠲᠠᠶᠠᠭᠠᠷ ᠠᠯᠬᠤᠮ ᠨᠢᠬᠡᠳᠡᠢ ᠠᠵᠢᠯᠯᠠᠭ᠎ᠠ ᠨᠢᠬᠡᠳᠡᠢ ᠪᠠᠢᠵᠤ ᠴᠢᠳᠠᠨ᠎ᠠ》᠃
ᠠᠭᠤᠤ ᠶᠡᠬᠡ ᠦᠵᠡᠯ ᠰᠠᠨᠠᠭ᠎ᠠ᠎ᠨᠢ ᠦᠢᠯᠡ ᠠᠵᠢᠯᠯᠠᠭ᠎ᠠ ᠪᠤᠯᠵᠤ ᠦᠢᠯᠡᠳᠦᠯᠬᠡᠵᠢᠬᠦᠯᠦᠭᠳᠡᠪᠡᠯ ᠰᠠᠶᠢ ᠠᠸ᠋ᠭ᠎ᠠ ᠦᠢᠯᠡᠰ ᠪᠤᠯᠵᠤ ᠴᠢᠳᠠᠨ᠎ᠠ᠃ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌᠎ᠳᠦ ᠡᠷᠡᠰ ᠪᠠᠲᠤ ᠣᠪᠣᠷ ᠪᠠᠢᠬᠤ ᠪᠡᠷ ᠪᠠᠷᠠᠬᠤ ᠥᠬᠡᠶ᠂ ᠨᠠᠩ ᠴᠤ᠌ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ᠌᠂ ᠦᠨᠡᠨ ᠪᠣᠳᠠᠳᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭ᠌ᠲᠡᠶ᠃ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌᠎ᠶ᠋ᠢ ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ᠎ᠤᠨ ᠪᠥᠬᠥ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠬᠦ᠌ ᠪᠣᠳᠠᠲᠠᠶ ᠠᠵᠢᠯ᠎ᠳᠤ ᠨᠠᠢᠳᠠᠪᠤᠷᠢᠵᠢᠭᠤᠯᠵᠤ᠂ ᠨᠠᠮ᠎ᠤᠨ ᠭᠡᠱᠢᠭᠦᠨ ᠺᠠᠳ᠋ᠷ᠎ᠤᠨ ᠡᠳᠦᠷ ᠲᠤᠲᠤᠮ᠎ᠤᠨ ᠦᠭᠡ ᠶᠠᠷᠢᠶ᠎ᠠ ᠦᠶ᠋ᠯᠡ ᠠᠵᠢᠯᠯᠠᠭ᠎ᠠ ᠳᠡᠭᠡᠷ᠎ᠡ ᠢᠯᠡᠷᠡᠭᠦᠯᠬᠦ᠌ ᠬᠡᠷᠡᠭ᠌ᠲᠡᠶ᠃ ᠤᠯᠤᠰ ᠲᠦᠷᠦ᠍᠎ᠶ᠋ᠢᠨ ᠦᠨᠡᠨᠴᠢ ᠱᠢᠳᠤᠷᠭᠤ ᠪᠠᠢᠬᠤ ᠵᠢ ᠨᠠᠮ ᠪᠣᠯᠤᠨ ᠤᠯᠤᠰ᠎ᠤᠨ ᠶᠡᠬᠡ ᠲᠠᠯ᠎ᠠ᠎ᠳᠤ ᠰᠠᠭᠤᠷᠢᠯᠠᠨ ᠥᠪᠥᠷ ᠮᠣᠩᠭᠣᠯ᠎ᠤᠨ ᠬᠠᠷᠢᠭᠤᠴᠠᠯᠭ᠎ᠠ᠎ᠶ᠋ᠢ ᠡᠭᠦᠷᠭᠡᠯᠡᠬᠦ᠌᠂ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠬᠦ᠌ ᠳᠡᠭᠡᠷ᠎ᠡ ᠢᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠳᠤᠷᠠᠳᠤᠭ᠍ᠰᠠᠨ 《 ᠲᠠᠪᠤᠨ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ》ᠵᠢ ᠭᠦᠢᠴᠡᠳᠭᠡᠬᠦ᠌ ᠳᠡᠭᠡᠷ᠎ᠡ ᠨᠠᠢᠳᠠᠪᠤᠷᠢᠵᠢᠭᠤᠯᠵᠤ᠂ ᠤᠯᠤᠰ᠎ᠤᠨ ᠶᠡᠬᠡ ᠲᠠᠯ᠎ᠠ᠂ ᠤᠯᠤᠰ᠎ᠤᠨ ᠴᠢᠬᠤᠯᠠ ᠶᠠᠪᠤᠳᠠᠯ᠂ ᠤᠯᠤᠰ᠎ᠤᠨ ᠶᠡᠬᠡ ᠶᠠᠪᠤᠳᠠᠯ᠂ ᠤᠯᠤᠰ᠎ᠤᠨ ᠶᠡᠬᠡ ᠪᠤᠳᠤᠯᠭ᠎ᠠ᠎ᠶ᠋ᠢ ᠴᠠᠭ ᠢᠮᠠᠭ᠍ᠲᠠ ᠠᠵᠢᠭ᠍ᠯᠠᠵᠤ᠂ ᠰᠡᠳᠭᠢᠨ ᠤᠢᠯᠠᠭᠠᠵᠤ᠂ ᠦᠢᠯᠡᠳᠦᠯᠭᠡᠵᠢᠭᠦᠯᠵᠦ᠍᠂ ᠶᠡᠬᠡ ᠲᠠᠯ᠎ᠠ ᠪᠦᠬᠦ ᠲᠠᠯ᠎ᠠ᠎ᠶ᠋ᠢ ᠨᠡᠩ ᠰᠠᠢᠲᠤᠷ ᠲᠠᠭᠠᠬᠤ ᠪᠠ ᠲᠡᠭᠦᠨ ᠳ᠋ᠤ ᠦᠢᠯᠡᠴᠢᠯᠡᠬᠦ᠌ ᠳᠤᠮᠳᠠ ᠲᠤᠰ ᠪᠡᠶ᠎ᠡ᠎ᠶ᠋ᠢᠨ ᠬᠥᠭ᠌ᠵᠢᠯᠲᠡ᠎ᠪᠡᠨ ᠪᠡᠶᠡᠯᠡᠭᠦᠯᠬᠦ᠌᠎ᠪᠡᠷ ᠴᠢᠷᠮᠠᠢᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠡᠴᠡ ᠴᠢᠬᠤᠯᠠ᠂ ᠭᠤᠤᠯᠳᠠᠯᠭ᠎ᠠ ᠵᠢᠨ ᠲᠤᠳᠤᠷᠠᠬᠢ ᠭᠤᠤᠯᠳᠠᠯᠭ᠎ᠠ ᠪᠣᠯᠭᠠᠵᠤ᠂ ᠡᠭᠦᠨ᠎ᠦ ᠳᠣᠲᠣᠷᠠᠬᠢ ᠤᠯᠤᠰ ᠲᠦᠷᠦ᠍᠎ᠶ᠋ᠢᠨ ᠪᠠᠷᠢᠮᠵᠢᠶ᠎ᠠ ᠪᠣᠯᠤᠨ ᠤᠯᠤᠰ ᠲᠦᠷᠦ᠍᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠡᠯ᠎ᠡ ᠵᠦᠢᠯ᠎ᠦᠨ ᠠᠵᠢᠯ᠎ᠳᠠᠭᠠᠨ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠨᠥᠬᠥᠴᠡᠯ ᠳᠤᠷᠠᠳᠬᠤ ᠦᠭᠡᠢ᠂ ᠦᠭᠡᠷᠡᠳᠦᠭᠦᠯᠬᠦ ᠦᠭᠡᠢ᠂ ᠳᠦᠭᠦᠮᠴᠢᠯᠡᠬᠦ ᠦᠭᠡᠢ ᠪᠠᠢᠵᠤ᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠥᠪᠥᠷ ᠮᠣᠩᠭᠣᠯ᠎ᠳᠤ ᠬᠦᠴᠦᠲᠡᠢ ᠪᠦᠲᠦᠮᠵᠢᠲᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠢ᠃ ᠨᠢᠭᠡ ᠠᠵᠢᠯ ᠢ᠋ ᠬᠢᠬᠦ ᠳ᠋ᠡᠭᠡᠨ ᠪᠦᠬᠦ ᠲᠠᠯ᠎ᠠ ᠵᠢ ᠪᠤᠳᠤᠯᠬᠢᠯᠠᠵᠤ᠂ ᠤᠬᠠᠮᠰᠠᠷ ᠡᠴᠡ᠎ᠪᠠᠨ ᠥᠪᠥᠷ ᠮᠣᠩᠭᠣᠯ᠎ᠤᠨ ᠠᠵᠢᠯ᠎ᠢ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠯᠪᠢᠵᠤ ᠬᠢᠨᠠᠨ ᠰᠢᠨᠵᠢᠬᠦ ᠪᠠ ᠠᠬᠢᠭᠤᠯᠵᠤ᠂ ᠨᠠᠮ᠎ᠤᠨ ᠲᠥᠪ ᠬᠣᠷᠢᠶ᠎ᠠ ᠡᠴᠡ ᠪᠠᠢᠷᠢᠯᠠᠭᠤᠯᠤᠭ᠍ᠰᠠᠨ ᠯᠡ ᠶᠤᠮ ᠪᠣᠯ᠂ ᠤᠯᠤᠰ ᠡᠴᠡ ᠬᠡᠷᠡᠭ᠌ᠰᠡᠳᠡᠭ ᠯᠡ ᠶᠤᠮ ᠪᠤᠯ ᠡᠷᠡᠰ ᠬᠢᠵᠦ᠍᠂ ᠳᠠᠷᠤᠢ ᠲᠦᠷᠭᠡᠨ ᠬᠢᠵᠦ᠍᠂ ᠪᠣᠳᠠᠲᠠᠢ ᠠᠳᠭᠤᠵᠤ᠂ ᠠᠯᠢᠪᠠ᠎ᠶ᠋ᠢ ᠬᠢᠬᠦ ᠳ᠋ᠤ ᠶᠡᠬᠡ ᠲᠠᠯ᠎ᠠ᠎ᠳᠤ ᠵᠣᠭ᠍ᠰᠣᠵᠤ᠂ ᠶᠡᠬᠡ ᠲᠠᠯ᠎ᠠ᠎ᠶ᠋ᠢ ᠳᠠᠭᠠᠵᠤ᠂ ᠶᠡᠬᠡ ᠲᠠᠯ᠎ᠠ᠎ᠳᠤ ᠦᠢᠯᠡᠴᠢᠯᠡᠵᠦ᠍᠂ ᠶᠡᠬᠡ ᠲᠠᠯ᠎ᠠ᠎ᠶ᠋ᠢ ᠬᠠᠮᠠᠭᠠᠯᠠᠬᠤ ᠬᠡᠷᠡᠭ᠌ᠲᠡᠢ᠃
ᠠᠶᠠᠨ᠎ᠤ ᠵᠠᠮ ᠤᠷᠳᠤ᠂ ᠬᠦᠴᠢᠷ ᠪᠡᠷᠭᠡ ᠤᠯᠠᠨ᠂ ᠬᠦᠨᠳᠦ ᠡᠭᠦᠷᠭᠡ᠎ᠶ᠋ᠢ ᠡᠭᠦᠷᠭᠡᠯᠡᠨ ᠳᠠᠬᠢᠨᠳᠠ ᠮᠤᠷᠳᠠᠰᠤᠭᠠᠢ᠃ ᠱᠢᠯᠭᠠᠯᠲᠠ᠎ᠳᠤ ᠣᠷᠣᠯᠴᠠᠬᠤ ᠱᠢᠨ᠎ᠡ ᠵᠠᠮ ᠳ᠋ᠤ᠂ ᠪᠢᠳᠡ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠬᠦ᠌᠎ᠶ᠋ᠢ ᠴᠢᠰᠤ ᠮᠢᠬᠠᠨ᠎ᠳᠠᠭᠠᠨ ᠠᠭᠤᠰᠭᠠᠵᠤ᠂ ᠰᠦᠭ ᠰᠦᠨᠡᠰᠦᠨ ᠳ᠋ᠡᠭᠡᠨ ᠱᠤᠭᠤᠵᠤ᠂ ᠣᠷᠣᠨ ᠳᠠᠶᠠᠭᠠᠷ᠎ᠤᠨ ᠣᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠵᠤ᠂ ᠦᠵᠡᠯ ᠰᠠᠨᠠᠭ᠎ᠠ ᠪᠠᠨ ᠨᠢᠭᠡᠳᠭᠡᠵᠦ᠍᠂ ᠵᠣᠷᠢᠭ ᠰᠠᠨᠠᠭ᠎ᠠ ᠪᠠᠨ ᠨᠢᠭᠡᠳᠭᠡᠵᠦ᠍᠂ ᠦᠶ᠋ᠯᠡ ᠠᠵᠢᠯᠯᠠᠭ᠎ᠠ᠎ᠪᠠᠨ ᠨᠢᠭᠡᠳᠭᠡᠵᠦ᠍᠂ ᠵᠥᠪ ᠤᠯᠤᠰ ᠲᠥᠷᠥ᠎ᠶ᠋ᠢᠨ ᠴᠢᠭ᠌ᠯᠡᠯ᠎ᠢᠶᠡᠷ ᠡᠷᠡᠰ ᠤᠷᠤᠭ᠍ᠰᠢᠯᠠᠵᠤ᠂ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤᠱᠢᠨᠡᠠᠶᠠᠨᠳᠤᠱᠢᠨᠡᠦᠶ᠋ᠯᠡᠰᠢ ᠪᠦᠲᠦᠭᠡᠵᠦ᠍᠂ ᠱᠢᠨ᠎ᠡ ᠪᠠᠢᠳᠠᠯ᠎ᠢ ᠡᠬᠦᠳᠰᠦᠬᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃