ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-06 10:16:43

ᠵᠣᠬᠢᠶᠠᠭ᠍ᠴᠢ᠄ ᠵᠧᠩ ᠱᠢᠤᠸᠠᠢ ᠯᠢᠶᠠᠩ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 1 ᠤ᠋ ᠡᠳᠦᠷ᠂ ᠬᠥᠬᠡᠬᠣᠲᠠ ᠪᠦᠬᠦ᠌ ᠬᠤᠳᠠ᠎ᠶ᠋ᠢᠨ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠱ᠌ᠢ᠎ᠲᠡᠶ ᠹᠸᠩ ᠨᠥᠬᠥᠷ᠎ᠦᠨ᠎ᠬᠥᠬᠡᠬᠣᠲᠠ᠎ᠶ᠋ᠢᠨ᠎ᠲᠥᠯᠥᠭᠡᠯᠡᠭ᠌ᠴᠢᠳ᠎ᠦᠨ᠎ᠪᠦᠯᠬᠦᠮ᠎ᠦᠨ᠎ᠬᠢᠨᠠᠨ᠎ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠪᠦᠬᠦ᠌ ᠬᠤᠳᠠ᠎ᠶ᠋ᠢᠨ ᠬᠢᠨ᠎ᠤ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠍᠂ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠵᠢᠭᠠᠭ᠍ᠰᠠᠨ ᠴᠢᠭ᠌ᠯᠡᠯ᠎ᠢᠶᠡᠷ ᠡᠷᠡᠰ ᠭᠤᠢᠪᠢᠰᠢ ᠦᠭᠡᠢ ᠤᠷᠤᠭ᠍ᠰᠢᠯᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠳᠤᠮᠳᠠ ᠣᠷᠣᠨ᠎ᠤ ᠲᠥᠪ᠎ᠦᠨ ᠡᠭᠦᠷᠭᠡᠯᠡᠯ᠎ᠢᠶᠡᠨ ᠢᠯᠡᠷᠡᠭᠦᠯᠵᠦ᠍᠂ ᠣᠷᠣᠨ᠎ᠤ ᠲᠥᠪ᠎ᠦᠨ ᠬᠦᠴᠦᠨ ᠴᠢᠳᠠᠯ᠎ᠢᠶᠠᠨ ᠡᠷᠭᠦᠵᠦ᠍᠂ ᠣᠷᠣᠨ᠎ᠤ ᠲᠥᠪ᠎ᠦᠨ ᠴᠤᠭ ᠵᠢᠪᠬᠤᠭ᠎ᠠ᠎ᠪᠠᠨ ᠦᠨᠡᠨ ᠬᠦ᠌ ᠪᠠᠳᠠᠷᠠᠭᠤᠯᠬᠤ ᠵᠢ ᠳᠠᠢᠴᠢᠯᠠᠪᠠ᠃

ᠬᠤᠷᠠᠯ᠎ᠠᠴᠠ᠂ ᠪᠦᠬᠦ᠌ ᠬᠤᠳᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠴᠢᠬᠤᠯᠠ ᠠᠴᠢ ᠬᠣᠯᠪᠣᠭ᠍ᠳᠠᠯ᠎ᠢ ᠭᠦᠢᠴᠡᠳ ᠲᠠᠨᠢᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠳ᠋ᠡᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠶ᠋ᠢ ᠭᠦᠨᠵᠡᠭᠡᠢ ᠣᠢᠯᠠᠭᠠᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠣᠯᠤᠨ ᠬᠠᠷᠠᠯᠲᠠ ᠱᠠᠭᠠᠷᠳᠠᠯᠭ᠎ᠠ᠎ᠶ᠋ᠢ ᠣᠨᠣᠪᠴᠢᠲᠠᠢ ᠡᠵᠡᠮᠳᠡᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ᠎ᠰᠠᠨᠠᠭ᠎ᠠ᠎ᠶ᠋ᠢ ᠡᠷᠡᠰ ᠪᠠᠲᠤ᠂ ᠢᠮᠠᠭ᠍ᠲᠠ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ᠃ ᠢᠯᠡᠳᠭᠡᠯ᠎ᠳᠦ ᠳᠤᠷᠠᠳᠤᠭ᠍ᠰᠠᠨ《ᠲᠠᠪᠤᠨ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ》 ᠵᠢ ᠭᠦᠨᠵᠡᠭᠡᠢ ᠣᠢᠯᠠᠭᠠᠵᠤ᠂ ᠴᠠᠭ ᠢᠮᠠᠭ᠍ᠲᠠ ᠪᠠᠷᠢᠮᠵᠢᠶᠠᠯᠠᠨ ᠬᠠᠷᠭᠤᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠬᠤ ᠬᠡᠷᠡᠭ᠌ᠲᠡᠢ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠪᠦᠬᠦ᠌ ᠲᠠᠯ᠎ᠠ᠎ᠪᠠᠷ ᠰᠠᠢᠲᠤᠷ ᠠᠳᠭᠤᠵᠤ᠂ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠨᠠᠷᠢᠨ ᠨᠢᠭ᠍ᠲᠠ ᠲᠤᠬᠢᠷᠠᠭᠤᠯᠤᠨ ᠪᠠᠢᠷᠢᠯᠠᠭᠤᠯᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠠ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠬᠦ᠌᠎ᠲᠡᠶ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠠᠷᠢᠨ ᠨᠢᠮᠪᠠᠢ ᠤᠬᠠᠭᠠᠯᠠᠵᠤ᠂ ᠪᠦᠬᠦ᠌ ᠬᠤᠳᠠ᠎ᠳᠤ ᠤᠬᠠᠭᠤᠯᠤᠨ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠵᠤ᠂ ᠪᠦᠬᠦ᠌ ᠬᠤᠳᠠ᠎ᠶ᠋ᠢᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠦ ᠦᠵᠡᠯ ᠰᠠᠨᠠᠭ᠎ᠠ ᠪᠠ ᠦᠢᠯᠡ᠎ᠠᠵᠢᠯᠯᠠᠭ᠎ᠠ᠎ᠪᠠᠨ᠎ᠨᠠᠮ᠎ᠤᠨ᠎ᠲᠥᠯᠥᠭᠡᠯᠡᠭ᠌ᠴᠢᠳ᠎ᠦᠨ᠎ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭᠡᠳᠭᠡᠬᠦ᠌᠎ᠶ᠋ᠢ ᠬᠦᠳᠦᠯᠦᠨ ᠵᠢᠯᠣᠭᠣᠳᠴᠤ᠌᠂ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠳᠡᠭᠡᠷ᠎ᠡ ᠨᠢᠭ᠍ᠲᠠᠷᠠᠭᠤᠯᠬᠤ ᠬᠡᠷᠡᠭ᠌ᠲᠡᠢ ᠭᠡᠵᠦ ᠱᠠᠭᠠᠷᠳᠠᠪᠠ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠦᠬᠡᠬᠤᠳᠡ ᠵᠢᠨ ᠪᠠᠢᠷᠢ ᠲᠣᠭ᠍ᠲᠠᠭᠠᠯᠲᠠ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ ᠣᠷᠣᠨ᠎ᠤ ᠲᠥᠪ᠎ᠦᠨ ᠤᠬᠠᠮᠰᠠᠷ᠎ᠢᠶᠠᠨ ᠤᠯᠠᠮ ᠴᠢᠨᠠᠭ᠍ᠰᠢᠳᠠ ᠴᠢᠩᠭᠠᠳᠭᠠᠵᠤ᠂ ᠣᠷᠣᠨ᠎ᠤ ᠲᠥᠪ᠎ᠦᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠣᠷᠣᠨ᠎ᠤ ᠲᠥᠪ᠎ᠦᠨ ᠡᠭᠦᠷᠭᠡᠯᠡᠯ᠎ᠢ ᠢᠯᠡᠷᠡᠭᠦᠯᠵᠦ᠍᠂ ᠪᠠᠷᠢᠮᠵᠢᠶ᠎ᠠ ᠶ᠋ᠢ ᠳᠡᠭᠡᠭ᠌ᠰᠢᠯᠡᠭᠦᠯᠵᠦ᠍᠂ ᠰᠠᠨᠠᠭᠠᠴᠢᠯᠠᠭ᠎ᠠ᠎ᠠᠴᠠ᠎ᠪᠠᠨ ᠳᠠᠷᠤᠯᠲᠠ᠎ᠪᠠᠨ ᠨᠡᠮᠡᠭ᠌ᠳᠡᠭᠦᠯᠵᠦ᠍᠂ ᠠᠵᠤ ᠠᠬᠤᠶ ᠴᠡᠴᠡᠭ᠌ᠯᠡᠨ ᠬᠥᠭ᠌ᠵᠢᠭ᠌ᠰᠡᠨ᠂ ᠴᠢᠳᠠᠮᠵᠢ ᠪᠦᠷᠢᠨ ᠲᠡᠭᠦᠯᠳᠡᠷ᠂ ᠣᠷᠴᠢᠨ ᠲᠣᠭᠣᠷᠢᠨ ᠭᠣᠶᠣ ᠰᠠᠢᠬᠠᠨ᠂ ᠪᠣᠯᠪᠠᠰᠤᠨ ᠡᠶ᠎ᠡ ᠵᠣᠬᠢᠴᠠᠩᠭᠤᠶ᠂ ᠨᠥᠯᠥᠭᠡᠯᠡᠨ ᠳᠠᠢᠴᠢᠯᠠᠬᠤ ᠬᠦᠴᠦᠨ᠎ᠢᠶᠡᠷ ᠴᠢᠩᠭ᠎ᠠ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠲᠥᠪ ᠬᠣᠲᠠ᠎ᠶ᠋ᠢ ᠪᠥᠲᠥᠭᠡᠨ ᠪᠠᠢᠭᠤᠯᠬᠤ᠎ᠶ᠋ᠢᠨ ᠲᠣᠭᠣᠷᠢᠨ᠎ᠳᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ᠃ ᠣᠷᠣᠨ᠎ᠤ ᠲᠥᠪ᠎ᠦᠨ ᠪᠣᠳᠠᠲᠠᠶ᠎ᠲᠠᠶ ᠨᠢᠭ᠍ᠲᠠ ᠤᠶᠠᠯᠳᠤᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠤᠯᠤᠰ ᠲᠥᠷᠥ᠎ᠶ᠋ᠢᠨ ᠲᠠᠯ᠎ᠠ᠎ᠪᠠᠷ ᠰᠦᠪᠡᠭᠴᠢᠯᠡᠬᠦ᠂ ᠶᠡᠬᠡ ᠲᠠᠯ᠎ᠠ᠎ᠶ᠋ᠢᠨ ᠳᠤᠤᠷ᠎ᠠ ᠠᠵᠢᠯᠯᠠᠬᠤ᠂ ᠣᠷᠣᠨ᠎ᠤ ᠲᠥᠪ᠎ᠦᠨ ᠳᠠᠪᠠᠭᠤᠯᠢᠭ᠎ᠲᠤ ᠰᠠᠭᠤᠷᠢᠯᠠᠬᠤ᠂ ᠰᠠᠢ᠌ᠨ᠎ᠢᠶᠠᠨ ᠪᠠᠳᠠᠷᠠᠭᠤᠯᠵᠤ ᠬᠦᠷᠦᠯᠴᠡᠬᠦ ᠦᠬᠡᠢ᠎ᠪᠠᠨ ᠲᠡᠪᠴᠢᠬᠦ᠂ ᠱᠢᠯᠢᠳᠡᠭ᠎ᠢ ᠪᠣᠢᠵᠢᠭᠤᠯᠵᠤ ᠦᠷ᠎ᠡ ᠠᠱᠢᠭ᠎ᠢ ᠨᠡᠮᠡᠭ᠌ᠳᠡᠭᠦᠯᠬᠦ ᠵᠢ ᠪᠠᠷᠢᠮᠳᠠᠯᠠᠵᠤ᠂ ᠣᠷᠣᠨ᠎ᠤ ᠲᠥᠪ ᠬᠣᠲᠠ᠎ᠶ᠋ᠢᠨ ᠭᠤᠤᠯᠯᠠᠬᠤ ᠴᠢᠳᠠᠮᠵᠢ ᠪᠠ ᠠᠵᠤ ᠦᠶ᠋ᠯᠡᠰ᠎ᠦᠨ ᠴᠢᠳᠠᠪᠤᠷᠢ ᠲᠠᠰ᠎ᠢ ᠬᠦᠴᠦᠯᠡᠨ ᠳᠡᠭᠡᠭ᠌ᠰᠢᠯᠡᠭᠦᠯᠵᠤ᠂ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ᠎ᠪᠠᠷ ᠴᠢᠷᠮᠠᠢᠵᠤ᠂ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠠᠯᠬᠤᠮ᠎ᠢ ᠠᠯᠬᠤᠵᠤ᠂ ᠬᠣᠲᠠ᠎ᠶ᠋ᠢᠨ ᠪᠦᠲᠦᠭᠡᠨ ᠪᠠᠢᠭᠤᠯᠤᠯᠲᠠ᠎ᠪᠠ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠱᠢᠨ᠎ᠡ ᠳᠡᠭ᠌ᠲᠡᠷ᠎ᠲᠦ ᠭᠠᠷᠴᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢ ᠴᠢᠩᠭᠠᠳᠭᠠᠬᠤ ᠲᠠᠯ᠎ᠠ᠎ᠪᠠᠷ ᠱᠢᠨ᠎ᠡ ᠡᠭᠦᠷᠭᠡᠯᠡᠯ ᠎ᠢ ᠢᠯᠡᠷᠡᠬᠦᠯᠵᠤ᠂ ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠣᠷᠣᠨ᠎ᠤ ᠲᠥᠪ᠎ᠦᠨ᠎ᠴᠢᠨᠠᠷ᠎ᠰᠠᠢᠲᠠᠶ ᠬᠥᠭ᠌ᠵᠢᠯᠲᠡ᠎ᠶ᠋ᠢ ᠤᠷᠢᠳ᠎ᠢᠶᠠᠷ ᠪᠡᠶᠡᠯᠡᠭᠦᠯᠬᠦ᠌᠎ᠶ᠋ᠢ ᠠᠬᠢᠭᠤᠯᠬᠤ ᠭᠡᠷᠡᠭᠳᠠᠢ᠃ ᠠᠷᠠᠳ ᠲᠦᠮᠡᠨ᠎ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠤᠯᠠᠨ ᠲᠦᠮᠡᠨ᠎ᠦ ᠠᠩᠬᠠᠷᠴᠤ᠌ ᠪᠠᠢᠭ᠎ᠠ ᠪᠣᠳᠠᠲᠠᠢ ᠠᠰᠠᠭᠤᠳᠠᠯ᠎ᠢ ᠰᠡᠳᠭᠢᠯ ᠲᠠᠯᠪᠢᠨ ᠬᠠᠢᠷ᠎ᠠ ᠰᠡᠳᠭᠢᠯᠭᠡ᠎ᠲᠡᠶ᠎ᠪᠡᠷ ᠬᠦᠴᠦ᠍ ᠣᠷᠣᠭᠤᠯᠤᠨ᠎ᠰᠠᠢᠲᠤᠷ᠎ᠱᠢᠢᠳᠪᠦᠷᠢᠯᠡᠬᠦ᠌ ᠬᠡᠷᠡᠭ᠌ᠲᠡᠢ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠢ ᠰᠠᠢᠲᠤᠷ ᠬᠢᠬᠦ᠌᠎ᠶ᠋ᠢ ᠣᠳᠣᠬᠠᠨ᠎ᠤ ᠲᠤᠮᠤ ᠶᠠᠪᠤᠳᠠᠯ ᠴᠢᠬᠤᠯᠠ ᠶᠠᠪᠤᠳᠠᠯ ᠪᠣᠯᠭᠠᠨ ᠠᠳᠭᠤᠵᠤ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠱᠢᠨ ᠪᠣᠯᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠪᠦᠬᠦ᠌ ᠬᠦᠴᠦ᠍᠎ᠪᠡᠷ᠎ᠢᠶᠡᠨ ᠪᠠᠲᠤᠯᠠᠬᠤ ᠬᠡᠷᠡᠭ᠌ᠲᠡᠢ᠃ ᠳᠤᠮᠳᠠᠳᠤ᠎ᠶ᠋ᠢᠨ᠎ᠦᠨᠳᠦᠰᠦᠲᠡᠨ᠎ᠦ᠎ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠦᠨᠳᠦᠰᠦᠨ᠎ᠱᠠᠲᠤᠨ᠎ᠤ ᠵᠣᠬᠢᠶᠠᠨ ᠪᠠᠢᠭᠤᠯᠤᠯᠲᠠ ᠪᠠ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠴᠢᠩᠭᠠᠳᠭᠠᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠬᠤ᠎ᠶ᠋ᠢ ᠴᠥᠬᠥᠷᠡᠰᠢ ᠦᠭᠡᠢ ᠥᠷᠨᠢᠭᠦᠯᠵᠦ᠍᠂ ᠲᠤᠭ ᠲᠡᠮᠳᠡᠭ ᠲᠣᠳᠣᠷᠬᠠᠢ᠎ᠪᠠᠷ ᠠᠵᠢᠯ ᠬᠢᠵᠦ᠍ ᠦᠢᠯᠡᠰ ᠪᠤᠰᠭᠠᠬᠤ ᠤᠳᠤᠷᠢᠳᠤᠮᠵᠢ᠎ᠶ᠋ᠢ ᠪᠤᠢ ᠪᠣᠯᠭᠠᠵᠤ᠂ ᠣᠷᠣᠨ᠎ᠤ ᠲᠥᠪ᠎ᠦᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ ᠭᠡᠷᠡᠭᠳᠠᠢ ᠬᠡᠵᠤ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面