ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-06 10:44:56

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

12 ᠰᠠᠷ᠎ᠠ ᠎ᠶ᠋ᠢᠨ 1᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ ᠨᠠᠮ᠎ᠤᠨ ᠤᠳᠤᠷᠢᠳᠭᠤ ᠳᠤᠭᠤᠢᠯᠠᠩ ( ᠥᠷᠭᠡᠳᠭᠡᠭ᠌ᠰᠡᠨ ) ᠤ᠋ᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ᠎ᠲᠥᠯᠥᠭᠡᠯᠡᠭ᠌ᠴᠢᠳ᠎ᠦᠨ᠎ᠶᠡᠬᠡ᠎ᠬᠤᠷᠠᠯ᠎ᠤᠨ᠎ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠰᠠᠨᠠᠯ ᠎ᠢ ᠰᠤᠳᠤᠯᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠪᠠᠢᠴᠠᠭᠠᠬᠤ ᠳᠠᠷᠤᠭ᠎ᠠ ᠯᠢ ᠴᠢ ᠯᠢᠨ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

ᠯᠢ ᠴᠢ ᠯᠢᠨ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠦᠨ ᠭᠣᠣᠯ ᠰᠡᠳᠦᠪ ᠭᠣᠣᠯ ᠱᠤᠭᠤᠮ ᠲᠣᠳᠣᠷᠬᠠᠢ᠂ ᠬᠠᠷᠠᠯᠲᠠ ᠡᠭᠦᠷᠭᠡ ᠪᠣᠯᠤᠨ ᠠᠵᠢᠯ᠎ᠤᠨ ᠠᠷᠭ᠎ᠠ ᠬᠡᠮᠵᠢᠶ᠎ᠡ ᠲᠣᠳᠣᠷᠬᠠᠢ᠂ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠪᠣᠯᠤᠨ ᠪᠦᠬᠦ᠌ ᠪᠠᠢᠴᠠᠭᠠᠬᠤ ᠠᠵᠢᠯᠳᠠᠨ ᠶᠡᠬᠡ ᠬᠤᠷᠠᠯ᠎ᠤᠨ᠎ᠵᠣᠷᠢᠭ᠎ᠰᠠᠨᠠᠭᠠᠨ᠎ᠤ᠎ᠮᠥᠨ᠎ᠴᠢᠨᠠᠷ᠎ᠢ ᠭᠦᠨᠵᠡᠭᠡᠢ ᠰᠤᠷᠤᠯᠴᠠᠨ ᠣᠢᠯᠠᠭᠠᠵᠤ᠂ ᠪᠠᠢᠴᠠᠭᠠᠬᠤ ᠪᠠᠢᠭᠤᠯᠭ᠎ᠠ᠎ᠶ᠋ᠢᠨ ᠡᠭᠦᠷᠭᠡᠯᠡᠵᠦ᠍ ᠪᠠᠢᠭ᠎ᠠ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ ᠬᠡᠵᠦ ᠵᠢᠭᠠᠵᠤ ᠭᠠᠷᠭᠠᠵᠠᠢ᠃

ᠯᠢ ᠴᠢ ᠯᠢᠨ᠂ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠨᠠᠮ᠎ᠤᠨ ᠪᠠᠢᠴᠠᠭᠠᠬᠤ ᠠᠵᠢᠯ᠎ᠳᠠᠬᠢ ᠬᠠᠷᠢᠴᠠᠯᠠᠱᠢᠭᠦᠢ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠨᠠᠮ ᠪᠣᠯᠤᠨ ᠠᠷᠠᠳ ᠲᠦᠮᠡᠨ᠂ ᠦᠨᠳᠦᠰᠦᠨ ᠬᠠᠤᠯᠢ ᠬᠠᠤᠯᠢ ᠴᠠᠭᠠᠵᠠ ᠡᠴᠨ ᠣᠯᠭᠣᠭ᠍ᠰᠠᠨ ᠤᠯᠤᠰ ᠲᠦᠷᠦ᠍ ᠶ᠋ᠢᠨ ᠬᠠᠷᠢᠭᠤᠴᠠᠯᠭ᠎ᠠ᠂ ᠬᠠᠤᠯᠢᠵᠢᠯ᠎ᠤᠨ ᠬᠠᠷᠢᠭᠤᠴᠠᠯᠭ᠎ᠠ᠂ ᠪᠠᠢᠴᠠᠭᠠᠬᠤ ᠬᠠᠷᠢᠭᠤᠴᠠᠯᠭ᠎ᠠ ᠎ᠪᠠᠨ ᠰᠠᠢᠲᠤᠷ ᠭᠦᠢᠴᠡᠳᠭᠡᠬᠦ᠌ ᠬᠡᠷᠡᠭ᠌ᠲᠡᠢ᠃ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠠᠮᠤᠷ ᠲᠣᠭ᠍ᠲᠠᠭᠤᠨ᠎ᠢ ᠨᠡᠩ ᠰᠠᠢᠲᠤᠷ ᠬᠠᠮᠠᠭᠠᠯᠠᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ᠌ ᠬᠡᠷᠡᠭ᠌ᠲᠡᠢ᠃ ᠤᠯᠤᠰ ᠲᠦᠷᠦ᠍ ᠬᠠᠤᠯᠢ ᠴᠠᠭᠠᠵᠠ ᠶ᠋ᠢᠨ ᠡᠩᠨᠡᠭᠡᠨ᠎ᠦ ᠬᠥᠮᠦᠵᠢᠯ ᠴᠡᠭ᠌ᠴᠡᠯᠡᠯᠲᠡ᠎ᠶ᠋ᠢᠨ ᠦᠷ᠎ᠡ ᠪᠦᠲᠦᠭᠡᠯ᠎ᠢ ᠭᠦᠨᠵᠡᠭᠡᠢᠷᠡᠭᠦᠯᠦᠨ ᠪᠡᠬᠢᠵᠢᠭᠦᠯᠵᠦ᠍᠂ ᠪᠠᠢᠴᠠᠭᠠᠬᠤ ᠡᠩᠨᠡᠭᠡ᠎ᠳᠦ ᠣᠷᠣᠱᠢᠵᠤ ᠪᠠᠢᠭ᠎ᠠ ᠠᠷᠬᠠᠭ ᠭᠡᠮ ᠎ᠢ ᠦᠷᠭᠦᠯᠵᠢᠯᠡᠨ ᠱᠢᠢᠳᠪᠦᠷᠢᠯᠡᠵᠦ᠍᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠪᠠᠢᠴᠠᠭᠠᠬᠤ ᠠᠵᠢᠯ᠎ᠤᠨ ᠭᠠᠪᠰᠢᠭᠠᠢ ᠴᠡᠷᠢᠭ ᠎ᠢ ᠴᠢᠷᠮᠠᠢᠨ ᠪᠠᠢᠭᠤᠯᠬᠤ ᠬᠡᠷᠡᠭ᠌ᠲᠡᠢ᠃ ᠨᠠᠮ᠎ᠤᠨ ᠲᠥᠯᠥᠭᠡᠯᠡᠭ᠌ᠴᠢᠳ᠎ᠦᠨ ᠎ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠤᠨ᠂ ᠵᠢᠯ᠎ᠦᠨ ᠡᠴᠦᠰ᠎ᠦᠨ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠦ᠍᠂ ᠪᠦᠬᠦ᠌ ᠵᠢᠯ᠎ᠦᠨ ᠪᠠᠢᠴᠠᠭᠠᠬᠤ ᠠᠵᠢᠯ᠎ᠤᠨ ᠲᠡᠭᠦᠰ ᠠᠮᠵᠢᠯᠲᠠ᠎ᠲᠠᠶ ᠶᠠᠪᠤᠬᠳᠠᠬᠤ ᠵᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ ᠱᠠᠭᠠᠷᠳᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面