ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-07 09:32:44

ᠵᠣᠬᠢᠶᠠᠭ᠍ᠴᠢ᠄ ᠵᠠᠩ ᠯᠦ᠍ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 2 ᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠨᠠᠮ᠎ᠤᠨ ᠤᠳᠤᠷᠢᠳᠭᠤ ᠳᠤᠭᠤᠢᠯᠠᠩ ( ᠥᠷᠭᠡᠳᠭᠡᠭ᠌ᠰᠡᠨ )᠎ᠤ᠋ᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠬᠤ᠎ᠶ᠋ᠢᠨ ᠬᠠᠮᠲᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠤᠨ ᠪᠠᠢᠷᠢᠯᠠᠭᠤᠯᠪᠠ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠬᠡ ᠬᠤᠭᠤᠴᠠᠭᠠᠨ᠎ᠤ ᠴᠢᠬᠤᠯᠠ ᠶᠡᠬᠡ ᠡᠭᠦᠷᠭᠡ ᠪᠣᠯᠭᠠᠵᠤ᠂ ᠨᠠᠷᠢᠨ ᠨᠢᠮᠪᠠᠢ ᠵᠣᠬᠢᠶᠠᠨ ᠪᠠᠢᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠪᠦᠬᠦ᠌ ᠣᠷᠣᠨ᠎ᠤ ᠡᠯ᠎ᠡ ᠱᠠᠲᠤᠨ᠎ᠤ ᠠᠵᠢᠯᠴᠢᠨ᠎ᠤ ᠡᠪᠯᠡᠯ ᠪᠣᠯᠤᠨ ᠥᠷᠭᠡᠨ ᠤᠯᠠᠨ ᠠᠵᠢᠯᠳᠠᠨ ᠠᠵᠢᠯᠴᠢᠨ᠎ᠤ ᠳᠤᠮᠳᠠ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠤᠯᠭᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠬᠤᠷᠠᠯ᠎ᠠᠴᠠ᠂ ᠨᠠᠮ᠎ᠤᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠠᠵᠢᠯᠴᠢᠨ᠎ᠤ ᠡᠪᠯᠡᠯ᠎ᠦᠨ ᠠᠵᠢᠯ᠎ᠤᠨ ᠵᠥᠪ ᠴᠢᠭ᠌ᠯᠡᠯ᠎ᠢ ᠪᠠᠲᠤ ᠡᠵᠡᠮᠳᠡᠬᠦ᠌ ᠬᠡᠷᠡᠭ᠌ᠲᠡᠢ᠃ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠤᠯᠤᠰ᠎ᠤᠨ ᠶᠡᠬᠡ ᠶᠠᠪᠤᠳᠠᠯ》 ᠎ᠢ᠋ ᠢᠮᠠᠭ᠍ᠲᠠ ᠪᠠᠲᠤ ᠴᠡᠭᠡᠵᠢᠯᠡᠵᠦ᠍᠂ ᠤᠯᠤᠰ᠎ᠤᠨ ᠶᠡᠬᠡ ᠲᠠᠯ᠎ᠠ᠂ ᠤᠯᠤᠰ᠎ᠤᠨ ᠴᠢᠬᠤᠯᠠ ᠶᠠᠪᠤᠳᠠᠯ᠂ ᠤᠯᠤᠰ᠎ᠤᠨ ᠶᠡᠬᠡ ᠶᠠᠪᠤᠳᠠᠯ᠂ ᠤᠯᠤᠰ᠎ᠤᠨ ᠶᠡᠬᠡ ᠪᠤᠳᠤᠯᠭ᠎ᠠ᠎ᠶ᠋ᠢ ᠪᠠᠳᠤ ᠡᠵᠡᠮᠱᠢᠵᠦ᠍᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠶ᠋ᠢ ᠤᠬᠠᠮᠰᠠᠷ᠎ᠠᠴᠠ᠎ᠪᠠᠨ ᠲᠠᠭᠠᠵᠤ ᠲᠡᠭᠦᠨ᠎ᠳᠦ ᠦᠢᠯᠡᠴᠢᠯᠡᠵᠦ᠍᠂ ᠠᠵᠢᠯᠴᠢᠨ᠎ᠤ ᠡᠪᠯᠡᠯ᠎ᠦᠨ ᠠᠵᠢᠯ᠎ᠢ ᠶᠡᠬᠡ ᠲᠠᠯ᠎ᠠ᠎ᠳᠤ ᠲᠠᠯᠪᠢᠨ ᠪᠣᠳᠣᠯᠬᠢᠯᠠᠵᠤ᠂ ᠡᠵᠡᠮᠳᠡᠵᠦ᠍᠂ ᠠᠬᠢᠭᠤᠯᠬᠤ ᠬᠡᠷᠡᠭ᠌ᠲᠡᠢ᠃ ᠠᠵᠢᠯᠳᠠᠨ ᠠᠵᠢᠯᠴᠢᠨ᠎ᠤ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠡᠷᠡᠭ᠌ᠲᠡᠢ ; ᠠᠵᠤ ᠦᠢᠯᠡᠰ᠎ᠦᠨ ᠠᠵᠢᠯᠴᠢᠨ᠎ᠤ ᠡᠩᠨᠡᠭᠡᠨ᠎ᠦ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠥᠷᠭᠡᠨ ᠤᠯᠠᠨ ᠠᠵᠢᠯᠳᠠᠨ ᠠᠵᠢᠯᠴᠢᠨ᠎ᠢ ᠵᠣᠬᠢᠶᠠᠨ ᠪᠠᠢᠭᠤᠯᠵᠤ ᠭᠠᠪᠢᠶ᠎ᠠ ᠪᠠᠢᠭᠤᠯᠤᠨ ᠦᠢᠯᠡᠰ ᠪᠤᠰᠬᠠᠬᠤ ᠬᠡᠷᠡᠭᠲᠡᠢ ; ᠠᠵᠢᠯᠲᠠᠨ ᠠᠵᠢᠯᠴᠢᠨ᠎ᠢᠶᠠᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠡᠷᠬᠡ ᠠᠱᠢᠭ᠎ᠢᠶᠠᠨ ᠬᠠᠮᠠᠭᠠᠯᠠᠬᠤ ᠦᠶ᠋ᠯᠡᠴᠢᠯᠡᠭᠡᠨ᠎ᠦ ᠦᠨᠳᠦᠰᠦᠨ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠬᠦ᠌ ᠬᠡᠷᠡᠭ᠌ᠲᠡᠶ; ᠡᠶ᠎ᠡ ᠵᠣᠬᠢᠴᠠᠯ᠎ᠲᠠᠶ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ ᠶᠠᠪᠤᠳᠠᠯ᠎ᠢ ᠢᠳᠡᠪᠬᠢᠲᠡᠶ᠎ᠪᠡᠷ ᠠᠬᠢᠭᠤᠯᠵᠤ᠂ ᠬᠥᠳᠡᠯᠮᠦᠷᠢ᠎ᠶ᠋ᠢᠨ ᠬᠦᠷᠢᠶᠡᠨ᠎ᠦ ᠤᠯᠤᠰ ᠲᠥᠷᠥ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠬᠤ ᠬᠡᠷᠡᠭᠲᠡᠢ; ᠨᠠᠮ ᠎ᠤᠨ ᠎ᠤᠯᠤᠰ ᠲᠦᠷᠦ᠍᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠵᠤ᠂ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠲᠠᠰᠤᠷᠠᠯᠳᠠ ᠦᠭᠡᠢ ᠴᠢᠩᠭᠠᠳᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ᠎ᠲᠥᠯᠥᠭᠡᠯᠡᠭ᠌ᠴᠢᠳ᠎ᠦᠨ᠎ᠶᠡᠬᠡ᠎ᠬᠤᠷᠠᠯ᠎ᠤᠨ᠎ᠵᠣᠷᠢᠭ᠎ᠰᠠᠨᠠᠭ᠎ᠠ᠎ᠶ᠋ᠢ᠎ᠰᠤᠷᠤᠯᠴᠠᠯᠭ᠎ᠠ ᠪᠣᠯᠪᠠᠰᠤᠷᠠᠯ᠂ ᠤᠬᠠᠭᠤᠯᠤᠨ ᠲᠠᠢᠯᠪᠤᠷᠢᠯᠠᠬᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠦᠨᠡᠨ ᠬᠦ᠌ ᠰᠠᠢᠲᠤᠷ ᠠᠳᠭᠤᠵᠤ᠂ ᠳᠠᠷᠠᠭ᠎ᠠ ᠵᠢᠯ᠎ᠦᠨ ᠠᠵᠢᠯᠴᠢᠨ᠎ᠤ ᠡᠪᠯᠡᠯ᠎ᠦᠨ ᠠᠵᠢᠯ᠎ᠢ ᠢᠳᠡᠪᠬᠢᠲᠡᠢ ᠰᠠᠢᠲᠤᠷ ᠲᠥᠯᠥᠪᠵᠢᠭᠦᠯᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面