ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-07 09:30:20

ᠵᠣᠬᠢᠶᠠᠭ᠍ᠴᠢ᠄ ᠦᠪᠦᠷ ᠮᠤᠩᠭᠤᠯ᠎ᠤᠨ ᠡᠳᠦᠷ᠎ᠦᠨ ᠰᠣᠨᠢᠨ᠎ᠤ ᠱᠢᠭᠦᠮᠵᠢᠯᠡᠭ᠌ᠴᠢ ᠣᠩᠱᠢᠭ᠍ᠰᠠᠨ ᠣᠳᠠᠭ᠎ᠠ᠄ 3

ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠰᠤᠭᠠᠢ

ᠱᠢᠲᠠᠷ᠎ᠠ ᠲᠠᠯᠪᠢᠬᠤ ᠳ᠋ᠤ ᠶᠡᠬᠡ ᠪᠠᠢᠳᠠᠯ ᠢ᠋ ᠰᠢᠨᠵᠢᠡ᠂ ᠠᠯᠬᠤᠮ ᠪᠦᠷᠢ᠎ᠳᠤ ᠪᠦᠬᠦ ᠪᠠᠢᠷᠢᠰᠢᠯ᠎ᠢ ᠪᠤᠳᠤᠯᠬᠢᠯᠠᠬᠤ ᠬᠡᠷᠡᠭᠳᠠᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ᠂ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠠᠢᠳᠠᠯ ᠶᠠᠮᠠᠷ ᠪᠠᠢᠬᠤ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠱᠢᠯ ᠲᠣᠭ᠍ᠲᠠᠨᠢᠯ ᠪᠠ ᠬᠥᠭ᠌ᠵᠢᠯᠲᠡ᠎ᠲᠡᠶ ᠬᠣᠯᠪᠣᠭ᠍ᠳᠠᠬᠤ᠎ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠨ᠎ᠠ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠮᠥᠨ᠂ ᠪᠢᠳᠡᠨ᠎ᠦ ᠡᠷᠬᠡᠪᠰᠢ ᠢᠮᠠᠭ᠍ᠲᠠ ᠪᠠᠲᠤ ᠴᠡᠭᠡᠵᠢᠯᠡᠬᠦ᠌ 《ᠤᠯᠤᠰ᠎ᠤᠨ ᠶᠡᠬᠡ ᠶᠠᠪᠤᠳᠠᠯ》 ᠮᠥᠨ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠦᠭᠵᠢᠭᠦᠯᠬᠦ ᠵᠢ ᠪᠠᠷᠢᠮᠳᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠵᠢ ᠪᠠᠳᠤ ᠴᠤᠭᠴᠠᠯᠠᠵᠤ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠨ ᠰᠠᠢᠲᠤᠷ ᠭᠦᠶ᠋ᠴᠡᠳᠭᠡᠬᠦ ᠳ᠋ᠤ᠂ ᠡᠷᠬᠡᠪᠰᠢ ᠶᠡᠬᠡ ᠲᠠᠯ᠎ᠠ᠎ᠶ᠋ᠢᠨ ᠦᠵᠡᠯᠲᠡ᠂ ᠠᠯᠤᠰ ᠭᠡᠳᠦ᠍᠎ᠶ᠋ᠢᠨ ᠦᠵᠡᠯᠲᠡ᠂ ᠪᠦᠬᠦᠯᠢ ᠴᠣᠭ᠍ᠴᠠ ᠵᠢᠨ ᠦᠵᠡᠯᠲᠡ ᠵᠢ ᠪᠠᠳᠤ ᠪᠤᠢ ᠪᠤᠯᠭᠠᠵᠤ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ ᠤᠯᠤᠰ ᠲᠥᠷᠥ᠎ᠶ᠋ᠢᠨ ᠤᠳᠤᠷᠢᠳᠤᠮᠵᠢ ᠪᠠ ᠥᠷᠲᠡᠭ᠎ᠦᠨ ᠬᠥᠭᠡᠭᠡᠴᠡᠯᠳᠦᠯ᠎ᠢ᠎ᠪᠠᠳᠤᠳᠬᠠᠵᠤ᠂᠎ᠠᠮᠢ᠎ᠠᠬᠤᠢ᠎ᠶ᠋ᠢᠨ᠎ᠪᠣᠯᠪᠠᠰᠤᠨ᠎ᠤ᠎ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠨᠢᠳᠤᠨ ᠤ᠋ ᠴᠡᠴᠡᠭᠡᠢ ᠪᠠᠨ ᠬᠠᠮᠠᠭᠠᠯᠠᠬᠤ ᠱᠢᠭ᠋ ᠵᠢᠡᠷ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠵᠤ᠂ ᠠᠮᠢ ᠨᠠᠰᠤᠨ ᠳ᠋ᠠᠭᠠᠨ ᠬᠠᠨᠳᠤᠬᠤ ᠱᠢᠭ᠋ ᠵᠢᠡᠷ ᠠᠮᠢ ᠠᠬᠤᠶ ᠣᠷᠴᠢᠨ ᠲᠣᠭᠣᠷᠢᠨ᠎ᠳᠤ ᠬᠠᠨᠳᠤᠵᠤ᠂ ᠠᠵᠤ ᠠᠬᠤᠶ᠎ᠶ᠋ᠢᠨ ᠪᠦᠲᠦᠭᠡᠨ ᠪᠠᠢᠭᠤᠯᠤᠯᠲᠠ ᠪᠠ ᠠᠮᠢ ᠠᠬᠤᠶ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ ᠵᠥᠷᠢᠴᠡᠯ ᠡᠬᠦᠰᠬᠦ ᠳ᠋ᠤ ᠬᠦᠷᠪᠡᠯ᠂ ᠦᠴᠦᠬᠡᠨ ᠴᠤ᠌ ᠳᠠᠳᠠᠭᠠᠯᠵᠠᠯ ᠦᠭᠡᠢ ᠪᠡᠷ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠲᠡᠷᠢᠭᠦᠨ᠎ᠳᠤ ᠲᠠᠯᠪᠢᠬᠤ ᠬᠡᠷᠡᠭᠲᠡᠢ᠃

ᠰᠠᠢᠨ ᠰᠠᠢᠬᠠᠨ ᠠᠮᠢ ᠠᠬᠤᠶ ᠣᠷᠴᠢᠨ ᠲᠣᠭᠣᠷᠢᠨ ᠪᠣᠯ ᠬᠠᠮᠤᠭ᠎ᠤᠨ ᠲᠦᠭᠡᠮᠡᠯ ᠬᠦᠷᠳᠡᠭᠡᠮᠵᠢᠳᠤ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠮᠥᠨ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠪᠣᠯ ᠠᠷᠠᠳ ᠲᠦᠮᠡᠨ᠎ᠳᠦ ᠪᠤᠶᠠᠨ ᠦᠶ᠋ᠯᠡᠳᠬᠦ᠌ ᠵᠠᠭᠤᠨ ᠵᠢᠯ᠎ᠦᠨ ᠶᠡᠬᠡ ᠪᠣᠳᠣᠯᠭ᠎ᠠ ᠮᠥᠨ᠃ ᠥᠩᠭᠡᠷᠡᠭ᠌ᠰᠡᠨ ᠲᠠᠪᠤᠨ ᠵᠢᠯ᠎ᠳᠦ᠂ ᠣᠷᠣᠨ ᠳᠠᠶᠠᠭᠠᠷ᠎ᠢᠶᠠᠨ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠪᠣᠯᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠠᠷᠢᠴᠠᠭ᠎ᠠ᠎ᠶ᠋ᠢ ᠵᠥᠪ᠎ᠢᠶᠡᠷ ᠱᠢᠶ᠋ᠳᠪᠦᠷᠢᠯᠡᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ᠎ᠪᠡᠯᠴᠢᠭᠡᠷ᠎ᠡᠯᠡᠰᠦ᠎ᠮᠠᠩᠬ᠎ᠠ᠎ᠶ᠋ᠢ᠎ᠱᠢᠰᠲ᠋ᠧᠮ᠎ᠲᠡᠶ᠎ᠵᠠᠰᠠᠬᠤ᠎ᠶ᠋ᠢ᠎ᠨᠢᠭᠡᠳᠦᠯᠲᠡᠶ ᠲᠥᠯᠥᠪᠵᠢᠭᠦᠯᠵᠦ᠍᠂ ᠠᠮᠢ ᠠᠬᠤᠶ ᠣᠷᠴᠢᠨ ᠲᠣᠭᠣᠷᠢᠨ᠎ᠢ ᠱᠢᠰᠲ᠋ᠧᠮ᠎ᠲᠡᠶ ᠬᠠᠮᠠᠭᠠᠯᠠᠬᠤ ᠬᠠᠤᠯᠢ ᠲᠣᠭ᠍ᠲᠠᠭᠠᠯ ᠲᠦᠷᠢᠮ᠎ᠦᠨ ᠱᠢᠰᠲ᠋ᠧᠮ᠎ᠢ ᠢᠳᠡᠪᠬᠢᠲᠡᠶ ᠪᠠᠢᠭᠤᠯᠵᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯᠤᠨ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠠᠬᠢᠭᠤᠯᠬᠤ᠎ᠳᠤ ᠦᠵᠡᠯ ᠰᠠᠨᠠᠭ᠎ᠠ ᠲᠠᠨᠢᠯᠲᠠ ᠡᠴᠡ ᠠᠵᠢᠯ᠎ᠤᠨ ᠦᠶ᠋ᠯᠡᠳᠦᠯᠭᠡ᠎ᠳᠦ ᠬᠦᠷᠲᠡᠯ᠎ᠡ ᠴᠥᠮ ᠪᠥᠬᠥ᠌ ᠲᠠᠯ᠎ᠠ᠎ᠶ᠋ᠢᠨ ᠴᠢᠨᠠᠷᠲᠠᠶ ᠴᠢᠬᠤᠯᠠ ᠶᠡᠬᠡ ᠬᠤᠪᠢᠷᠠᠯᠲᠠ ᠭᠠᠷᠴᠤ᠌᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ ᠺᠠᠳ᠋ᠷ ᠣᠯᠠᠨ ᠲᠦᠮᠡᠨ᠎ᠦ ᠰᠡᠳᠭᠢᠯ᠎ᠳᠦ ᠭᠦᠨ ᠬᠠᠳᠠᠩᠱᠢᠪᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠎ᠪᠣᠬᠢᠷᠲᠤᠯ᠎ᠦᠭᠡᠢ᠎ᠬᠥᠭ᠌ᠵᠢᠭᠦᠯᠬᠦ᠌᠎ᠶ᠋ᠢ᠎ᠪᠠᠷᠢᠮᠲᠠᠯᠠᠵᠤ᠂᠎ᠮᠠᠨ᠎ᠤ᠎ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ᠂ ᠠᠮᠢ ᠠᠬᠤᠢ᠎ᠪᠠᠷ ᠠᠷᠠᠳ᠎ᠲᠤ ᠠᠰᠢᠭ ᠬᠦᠷᠳᠡᠬᠡᠬᠦ᠂ ᠠᠮᠢ ᠠᠬᠤᠢ ᠪᠡᠷ ᠠᠷᠠᠳ᠎ᠲᠤ ᠲᠤᠰᠠ ᠬᠢᠬᠦ᠌᠂ ᠠᠮᠢ ᠠᠬᠤᠢ᠎ᠪᠠᠷ ᠠᠷᠠᠳ᠎ᠲᠤ ᠦᠢᠯᠡᠴᠢᠯᠡᠬᠦ᠌᠎ᠶ᠋ᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠨᠡᠩ ᠤᠯᠠᠨ ᠴᠢᠨᠠᠷ ᠰᠠᠢᠲᠠᠢ ᠠᠮᠢ ᠠᠬᠤᠢ᠎ᠶ᠋ᠢᠨ ᠪᠦᠲᠦᠭᠡᠭ᠌ᠳᠡᠬᠦᠨ᠎ᠢ ᠬᠠᠩᠭᠠᠵᠤ᠂ ᠠᠷᠠᠳ ᠤᠯᠠᠨ᠎ᠤ ᠲᠤᠰᠭᠠᠯ ᠴᠢᠩᠭ᠎ᠠ ᠪᠠᠢᠭ᠎ᠠ ᠣᠷᠴᠢᠨ᠎ᠲᠣᠭᠣᠷᠢᠨ᠎ᠤ᠎ᠲᠤᠪᠤᠢ᠌ᠮ᠎ᠠ᠎ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠠᠷᠠᠳ ᠤᠯᠠᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠦᠵᠡᠰᠭᠦᠯᠡᠩᠲᠦ ᠰᠠᠢᠬᠠᠨ ᠠᠮᠢ ᠠᠬᠤᠢ ᠣᠷᠴᠢᠨ ᠲᠣᠭᠣᠷᠢᠨ᠎ᠤ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠵᠤ᠂ ᠥᠪᠥᠷ ᠮᠣᠩᠭᠣᠯ᠎ᠤᠨ ᠲᠩᠷᠢ᠎ᠶ᠋ᠢ ᠨᠡᠩ ᠴᠡᠯᠮᠡᠭ᠂ ᠠᠭᠤᠯᠠ᠎ᠶ᠋ᠢ ᠨᠡᠩ ᠬᠦᠬᠡᠮᠳᠦᠭ᠂ ᠤᠰᠤ᠎ᠶ᠋ᠢ ᠨᠡᠩ ᠲᠤᠩᠭᠠᠯᠠᠭ ᠪᠣᠯᠭᠠᠬᠤ ᠬᠡᠷᠡᠭ᠌ᠲᠡᠢ᠃

ᠬᠥᠮᠦᠨ ᠬᠦᠬᠡᠮᠳᠦᠭ ᠠᠭᠤᠯᠠ ᠵᠢ ᠬᠦᠰᠡᠷᠳᠡᠭᠦᠯᠬᠦ ᠦᠭᠡᠢ ᠪᠤᠯ᠂ ᠬᠦᠬᠡᠮᠳᠦᠭ ᠠᠭᠤᠯᠠ ᠯᠠᠪ ᠬᠥᠮᠦᠨ᠎ᠢ ᠬᠦᠰᠡᠷᠳᠡᠭᠦᠯᠬᠦ ᠦᠭᠡᠢ᠃ ᠪᠢᠳᠡ ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠶ᠋ᠢᠨ ᠲᠤᠢᠯ᠎ᠤᠨ ᠴᠢᠬᠤᠯᠠ ᠴᠢᠨᠠᠷ᠎ᠢ ᠭᠦᠨᠵᠡᠭᠡᠶ ᠲᠠᠨᠢᠵᠤ᠂ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ᠎ᠶ᠋ᠢ ᠢᠮᠠᠭ᠍ᠲᠠ ᠳᠡᠢᠯᠦᠩᠭᠦᠶ ᠪᠠᠢᠷᠢᠨ᠎ᠳᠤ ᠲᠠᠯᠪᠢᠵᠤ᠂ ᠪᠤᠬᠢᠷᠳᠤᠯ ᠦᠭᠡᠢ ᠵᠢᠨ ᠲᠠᠪᠠᠭᠤᠯᠢᠭ᠎ᠢᠶᠡᠨ ᠨᠡᠩ ᠭᠦᠨᠵᠡᠭᠡᠢᠷᠡᠭᠦᠯᠬᠦ ᠠᠵᠢᠯ᠎ᠢ ᠡᠷᠡᠰ ᠭᠤᠢᠪᠢᠰᠢ ᠥᠬᠡᠶ ᠠᠬᠢᠭᠤᠯᠵᠤ᠂ ᠪᠣᠬᠢᠷᠲᠤᠯ ᠥᠬᠡᠶ ᠬᠥᠭ᠌ᠵᠢᠯᠲᠡ᠎ᠶ᠋ᠢ᠎ᠠᠬᠢᠭᠤᠯᠬᠤ᠎ᠳᠤ ᠠᠱᠢᠭ ᠥᠬᠡᠶ ᠠᠵᠢᠯᠯᠠᠭ᠎ᠠ᠎ᠶ᠋ᠢ ᠡᠷᠡᠰ ᠬᠦᠴᠦᠲᠡᠶ ᠵᠠᠯᠠᠷᠠᠭᠤᠯᠵᠤ᠂ ᠪᠠᠭᠠᠲᠤᠷ ᠡᠷ᠎ᠡ ᠪᠠᠭᠤᠤ᠎ᠪᠠᠨ ᠴᠠᠪᠴᠢᠬᠤ ᠰᠥᠰᠥ᠍ ᠵᠣᠷᠢᠭ᠎ᠢᠶᠠᠷ ᠠᠮᠢ ᠠᠬᠤᠶ ᠣᠷᠴᠢᠨ ᠲᠣᠭᠣᠷᠢᠨ᠎ᠢ ᠬᠣᠬᠢᠷᠠᠭᠤᠯᠬᠤ ᠴᠢᠨᠠᠭ᠍ᠰᠢᠯᠠᠪᠠᠯ ᠡᠪᠳᠡᠬᠦ᠌ ᠬᠥᠭ᠌ᠵᠢᠯᠲᠡ᠎ᠶ᠋ᠢᠨ ᠵᠠᠭ᠍ᠪᠤᠷ᠎ᠢ ᠲᠠᠶᠠᠭ᠍ᠳᠠᠵᠤ᠂ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠤᠬᠳᠤ ᠠᠭᠤᠴᠢᠯᠠᠬᠤ ᠦᠭᠡᠢ ᠣᠪᠣᠷ᠎ᠢᠶᠠᠷ ᠱᠢᠶ᠋ᠳᠪᠦᠷᠢᠯᠡᠵᠦ᠍᠂ ᠣᠷᠳᠣ ᠬᠤᠭᠤᠴᠠᠭ᠎ᠠ᠎ᠪᠠᠷ ᠪᠠᠷᠢᠮᠲᠠᠯᠠᠬᠤ ᠠᠵᠢᠯᠯᠠᠭ᠎ᠠ᠎ᠪᠠᠷ ᠠᠮᠢ ᠠᠬᠤᠶ ᠣᠷᠴᠢᠨ ᠲᠣᠭᠣᠷᠢᠨ᠎ᠤ ᠱᠢᠷᠬ᠎ᠠ ᠰᠣᠷᠪᠢ᠎ᠶ᠋ᠢ ᠵᠠᠰᠠᠨ ᠰᠡᠷᠭᠦᠭᠡᠬᠦ᠌ ᠬᠡᠷᠡᠭ᠌ᠲᠡᠶ᠃

ᠵᠥᠪ ᠵᠠᠮ᠎ᠢᠶᠠᠷ ᠶᠠᠪᠤᠬᠤ ᠳ᠋ᠦ ᠯᠡ ᠬᠦᠷᠪᠡᠯ ᠪᠡᠷᠬᠡ ᠪᠠᠷᠲᠠᠭ᠎ᠠ ᠡᠴᠡ ᠠᠶᠤᠬᠤ᠎ᠦᠭᠡᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ᠂ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠍᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢᠨ ᠨᠡᠩ ᠶᠡᠬᠡ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ ᠪᠠᠢᠷᠢᠱᠢᠯ᠎ᠢ ᠪᠦᠬᠦ᠌ ᠲᠠᠯ᠎ᠠ᠎ᠪᠠᠷ ᠱᠢᠯᠢᠳᠡᠭ᠌ᠵᠢᠭᠦᠯᠬᠦ᠌᠎ᠶ᠋ᠢ ᠪᠡᠶᠡᠯᠡᠭᠦᠯᠵᠦ᠍᠂ ᠪᠦᠬᠦ᠌ ᠣᠷᠣᠨ ᠪᠦᠰᠡ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠦ ᠪᠠᠢᠷᠢᠱᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠍᠂ ᠭᠣᠣᠯᠳᠠᠯᠭ᠎ᠠ᠎ᠲᠠᠶ ᠰᠠᠪᠠ ᠭᠠᠵᠠᠷ ᠪᠠ ᠣᠷᠣᠨ ᠪᠦᠰᠡ᠎ᠶ᠋ᠢᠨ ᠠᠮᠢ ᠠᠬᠤᠢ ᠣᠷᠴᠢᠨ ᠲᠣᠭᠣᠷᠢᠨ᠎ᠢ ᠪᠦᠲᠦᠮᠵᠢᠲᠡᠢ ᠬᠠᠮᠠᠭᠠᠯᠠᠵᠤ᠂ ᠴᠢᠨᠠᠷ ᠰᠠᠢᠲᠠᠢ ᠠᠮᠢ ᠠᠬᠤᠢ᠎ᠶ᠋ᠢᠨ ᠦᠢᠯᠡᠳᠬᠦᠨ᠎ᠦ ᠬᠠᠩᠭᠠᠯᠭ᠎ᠠ᠎ᠶ᠋ᠢ ᠨᠡᠮᠡᠭ᠌ᠳᠡᠭᠦᠯᠵᠦ᠍ ᠪᠠᠭ᠍ᠲᠠᠭᠠᠮᠵᠢ᠎ᠶ᠋ᠢ ᠥᠷᠭᠡᠳᠭᠡᠬᠦ᠌ ᠬᠡᠷᠡᠭ᠌ᠲᠡᠢ᠃ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠦᠷ᠎ᠡ ᠪᠦᠲᠦᠮᠵᠢ ᠵᠢ ᠢᠯᠡᠳᠲᠡ ᠪᠣᠯᠭᠠᠵᠣ᠂ ᠭᠤᠤᠯ ᠪᠣᠯᠬᠤ ᠪᠣᠬᠢᠷᠲᠤᠯ ᠪᠣᠳᠠᠰ᠎ᠢ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ ᠵᠢ ᠦᠷᠭᠦᠯᠵᠢᠯᠡᠨ ᠪᠠᠭᠠᠰᠬᠠᠵᠤ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠴᠢᠮ᠎ᠢ ᠪᠦᠲᠦᠮᠵᠢᠲᠡᠶ ᠪᠠᠭᠠᠰᠬᠠᠬᠤ ᠬᠡᠷᠡᠭᠲᠡᠢ᠃ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠤᠯᠢ ᠲᠣᠭ᠍ᠲᠠᠭᠠᠯ ᠲᠦᠷᠢᠮ᠎ᠦᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠠᠮᠢ ᠠᠬᠤᠶ ᠣᠷᠴᠢᠨ ᠲᠣᠭᠣᠷᠢᠨ᠎ᠤ ᠪᠦᠬᠦᠯᠢ ᠴᠣᠭ᠍ᠴᠠ᠎ᠶ᠋ᠢᠨ ᠰᠠᠢᠵᠢᠷᠠᠬᠤ ᠬᠠᠨᠳᠤᠰᠢ᠎ᠶ᠋ᠢ ᠪᠡᠬᠢᠵᠢᠭᠦᠯᠦᠨ ᠥᠷᠭᠡᠳᠭᠡᠬᠦ ᠬᠡᠷᠡᠭᠲᠡᠢ᠃

ᠤᠷᠴᠢᠯᠠᠩ᠎ᠤᠨ ᠲᠦᠮᠡᠨ ᠪᠤᠳᠠᠰ ᠠᠨᠤ ᠦᠪᠡᠷ ᠦᠪᠡᠷ᠎ᠤᠨ ᠠᠷᠭ᠎ᠠ ᠪᠢᠯᠢᠭ᠎ᠤᠨ ᠵᠤᠬᠢᠴᠠᠯᠳᠤᠯ᠎ᠢᠶᠡᠷ ᠠᠮᠢᠯᠠᠵᠤ᠂ ᠦᠪᠡᠷ ᠦᠪᠡᠷ᠎ᠤᠨ ᠰᠢᠮ᠎ᠠ ᠲᠡᠵᠢᠬᠡᠯ᠎ᠢᠶᠡᠷ ᠪᠤᠯᠪᠠᠰᠤᠷᠠᠳᠠᠭ᠃ ᠱᠢᠨ᠎ᠡ ᠠᠶᠠᠨ᠎ᠳᠠᠭᠠᠨ ᠮᠣᠷᠳᠠᠵᠤ᠂ ᠱᠢᠨ᠎ᠡ ᠡᠭᠦᠷᠭᠡ᠎ᠶ᠋ᠢ ᠡᠭᠦᠷᠭᠡᠯᠡᠬᠦ ᠳ᠋ᠦ ᠪᠢᠳᠡ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠡᠷ ᠴᠥᠬᠥᠷᠡᠰᠢ ᠦᠭᠡᠢ ᠴᠢᠷᠮᠠᠢᠵᠤ᠂ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭᠠᠨ᠂ ᠬᠥᠬᠡᠮᠳᠦᠭ ᠴᠡᠩᠬᠡᠷ ᠂ ᠎ᠠᠷᠢᠭᠤᠨ ᠴᠡᠪᠡᠷ ᠎ᠢ ᠰᠠᠢᠲᠤᠷ ᠰᠠᠬᠢᠨ ᠬᠠᠮᠠᠭᠠᠯᠠᠵᠤ᠂ ᠪᠦᠬᠦ᠌ ᠣᠷᠣᠨ ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠣᠷᠣᠱᠢᠨ ᠲᠣᠭ᠍ᠲᠠᠨᠢᠬᠤ ᠪᠠ ᠬᠥᠭ᠌ᠵᠢᠬᠦ᠂ ᠴᠢᠩ ᠦᠨᠡᠨᠴᠢ ᠬᠠᠢᠷ᠎ᠠ ᠰᠡᠳᠭᠢᠯᠭᠡ ᠰᠢᠨᠭᠭᠡᠭᠰᠡᠨ ᠭᠡᠷ ᠣᠷᠣᠨ᠎ᠢᠶᠠᠨ ᠰᠠᠢᠳᠤᠷ ᠰᠠᠬᠢᠨ ᠬᠠᠮᠠᠭᠠᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠳᠦ ᠲᠦᠮᠡᠨ ᠭᠠᠵᠠᠷ᠎ᠤᠨ ᠨᠣᠮᠢᠨ ᠨᠣᠭᠣᠭᠠᠨ ᠤᠷᠳᠤ ᠴᠠᠭᠠᠨ ᠬᠡᠷᠡᠮ᠎ᠢ ᠴᠣᠭ᠍ᠴᠠᠯᠠᠬᠤ ᠬᠡᠷᠡᠭ᠌ᠲᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面