2021-12-09 10:22:47
ᠣᠢᠷ᠎ᠠ᠎ᠳᠤ᠂ ᠬᠢᠩᠭᠠᠨ ᠠᠢᠮᠠᠭ ᠪᠦᠬᠦ᠌ ᠠᠢᠮᠠᠭ᠎ᠤᠨ ᠤᠳᠤᠷᠢᠳᠭᠤ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠳᠠᠬᠢᠨᠲᠠ ᠤᠯᠠᠮᠵᠢᠯᠠᠵᠤ᠂ ᠳᠠᠬᠢᠨᠳᠠ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠳᠠᠬᠢᠨᠳᠠ ᠰᠤᠳᠤᠯᠤᠨ᠂ ᠳᠠᠬᠢᠨᠳᠠ ᠪᠠᠢᠷᠢᠯᠠᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠲᠠᠢᠴᠢᠯᠠᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠲᠠᠷᠢᠬᠢ ᠲᠣᠯᠣᠭᠠᠢ ᠪᠠᠨ ᠦᠨᠡᠨ ᠬᠦ᠌ ᠵᠡᠪᠰᠡᠭᠯᠡᠵᠦ᠂ ᠦᠵᠡᠯ ᠰᠠᠨᠠᠭ᠎ᠠ ᠪᠠᠨ ᠨᠢᠭᠡᠳᠭᠡᠵᠦ᠂ ᠬᠠᠮᠲᠤ᠎ᠶ᠋ᠢᠨ ᠲᠠᠨᠢᠯᠲᠠ ᠪᠠᠨ ᠨᠢᠭ᠍ᠲᠠᠷᠠᠭᠤᠯᠵᠤ᠂ ᠪᠦᠬᠦ᠌ ᠤᠯᠤᠰ ᠪᠦᠬᠦ᠌ ᠣᠷᠣᠨᠤᠶᠡᠬᠡᠲᠠᠯᠠᠳᠤᠰᠠᠭᠤᠷᠢᠯᠠᠨᠬᠢᠩᠭᠠᠨᠠᠢᠮᠠᠭᠤᠨ ᠬᠥᠭ᠌ᠵᠢᠯᠲᠡ᠎ᠶ᠋ᠢ ᠲᠥᠯᠥᠪᠵᠢᠭᠦᠯᠵᠦ᠂ ᠬᠢᠩᠭᠠᠨ ᠠᠢᠮᠠᠭ᠎ᠤᠨ ᠦᠶ᠋ᠯᠡᠰ᠎ᠢ ᠲᠥᠯᠥᠪᠵᠢᠭᠦᠯᠵᠦ᠂ ᠦᠷᠭᠦᠯᠵᠢᠯᠡᠨ ᠲᠡᠮᠡᠴᠡᠬᠦ ᠳᠤᠮᠳᠠ ᠬᠢᠩᠭᠠᠨ ᠠᠢᠮᠠᠭ᠎ᠤᠨ ᠡᠭᠦᠷᠭᠡᠯᠡᠯ᠎ᠢ ᠢᠯᠡᠷᠡᠭᠦᠯᠵᠦ᠂ ᠬᠢᠩᠭᠠᠨ᠎ᠤ ᠬᠦᠴᠦᠨ ᠴᠢᠳᠠᠯ᠎ᠢ ᠡᠷᠭᠦᠨ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨᠡᠠᠶᠠᠨᠳᠤᠬᠢᠩᠭᠠᠨᠠᠢᠮᠠᠭᠤᠨᠴᠢᠨᠠᠷᠰᠠᠢᠲᠠᠢᠬᠥᠭ᠌ᠵᠢᠯᠲᠡ ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠰᠤᠬᠡᠢ ᠬᠡᠵᠡᠢ᠃
ᠬᠤᠷᠠᠯ᠎ᠠᠴᠠ᠂ ᠪᠦᠬᠦ᠌ ᠠᠢᠮᠠᠭ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠰᠤᠷᠤᠯᠴᠠᠵᠤ ᠤᠬᠠᠭᠤᠯᠤᠨ ᠲᠤᠭᠤᠱᠢᠯᠠᠭᠤᠯᠬᠤ ᠦᠵᠡᠯ ᠰᠠᠨᠠᠭᠠᠨ᠎ᠤ ᠤᠬᠠᠮᠰᠠᠷ᠂ ᠤᠯᠤᠰ ᠲᠦᠷᠦ᠍᠎ᠶ᠋ᠢᠨ ᠤᠬᠠᠮᠰᠠᠷ ᠪᠣᠯᠤᠨ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠬᠤ ᠬᠡᠷᠡᠭ᠌ᠲᠡᠢ᠃
ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡ ᠲᠣᠳᠣ ᠭᠣᠣᠯ ᠰᠡᠳᠦᠪ᠎ᠢ ᠭᠦᠨᠵᠡᠭᠡᠢ ᠣᠢᠯᠠᠭᠠᠵᠤ᠂ ᠣᠨᠣᠪᠴᠢᠲᠠᠢ ᠡᠵᠡᠮᠳᠡᠬᠦ᠌ ᠬᠡᠷᠡᠭ᠌ᠲᠡᠢ; ᠥᠩᠭᠡᠷᠡᠭ᠌ᠰᠡᠨ ᠲᠠᠪᠤᠨ ᠵᠢᠯ᠎ᠳ᠋ᠤ ᠮᠠᠨ᠎ᠤ ᠣᠷᠣᠨ᠎ᠤ ᠣᠯᠤᠭ᠍ᠰᠠᠨ ᠭᠡᠷᠡᠯ ᠰᠠᠴᠤᠷᠠᠩᠭᠤᠢ ᠠᠮᠵᠢᠯᠲᠠ᠎ᠶ᠋ᠢ ᠭᠦᠨᠵᠡᠭᠡᠢ ᠤᠢ᠍ᠢᠯᠠᠭᠠᠨ ᠣᠨᠣᠪᠴᠢᠲᠠᠢ ᠡᠵᠡᠮᠳᠡᠬᠦ᠌ ᠬᠡᠷᠡᠭ᠌ᠲᠡᠢ; ᠱᠢᠨ᠎ᠡ ᠠᠶᠠᠨ ᠵᠠᠮ ᠳ᠋ᠡᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶ᠋ᠢ ᠭᠦᠨᠵᠡᠭᠡᠶ ᠣᠢᠯᠠᠭᠠᠵᠤ ᠣᠨᠣᠪᠴᠢᠲᠠᠶ ᠡᠵᠡᠮᠳᠡᠬᠦ᠌ ᠬᠡᠷᠡᠭ᠌ᠲᠡᠶ; ᠪᠦᠬᠦ᠌ ᠣᠷᠣᠨ᠎ᠤ ᠬᠣᠢᠱᠢᠳᠠ᠎ᠶ᠋ᠢᠨ ᠲᠠᠪᠤᠨ ᠵᠢᠯ᠎ᠦᠨ ᠠᠵᠢᠯ᠎ᠤᠨ ᠬᠠᠷᠠᠯᠲᠠ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ ᠣᠨᠣᠪᠴᠢᠲᠠᠶ ᠡᠵᠡᠮᠱᠢᠬᠦ᠌ ᠬᠡᠷᠡᠭ᠌ᠲᠡᠶ; ᠪᠦᠬᠦ᠌ ᠣᠷᠣᠨ ᠤ ᠠᠵᠤ ᠠᠬᠤᠢ ᠨᠡᠢᠭᠡᠮ᠎ᠦᠨ ᠬᠥᠭ᠌ᠵᠢᠯᠲᠡ ᠪᠣᠯᠤᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠯ᠎ᠡ ᠵᠦᠢᠯ᠎ᠦᠨ ᠴᠢᠬᠤᠯᠠ ᠶᠡᠬᠡ ᠪᠠᠢᠷᠢᠯᠠᠭᠤᠯᠤᠯᠲᠠ ᠶ᠋ᠢ ᠭᠦᠨᠵᠡᠭᠡᠢ ᠤᠢ᠍ᠢᠯᠠᠭᠠᠵᠤ ᠣᠨᠣᠪᠴᠢᠲᠠᠢ ᠡᠵᠡᠮᠳᠡᠬᠦ᠌ ᠬᠡᠷᠡᠭ᠌ᠲᠡᠢ ᠬᠡᠵᠦ ᠱᠠᠭᠠᠷᠳᠠᠪᠠ᠃
ᠬᠤᠷᠠᠯ᠎ᠡᠴᠡ᠂ ᠪᠣᠬᠢᠷᠲᠤᠯ ᠦᠭᠡᠢ ᠠᠮᠢ ᠠᠬᠤᠢ ᠶ᠋ᠢᠨ ᠳᠠᠪᠠᠭᠤᠯᠢᠭ᠎ᠢ ᠪᠠᠳᠠᠷᠠᠭᠤᠯᠤᠨ ᠥᠷᠭᠡᠳᠭᠡᠵᠦ᠍᠂《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》ᠭᠡᠬᠦ᠌ ᠤᠨᠤᠯ᠎ᠤᠨ ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠵᠢᠱ᠌ᠢᠢ᠎ᠡ ᠦᠵᠡᠭᠦᠯᠬᠦ᠌ ᠣᠷᠣᠨ᠎ᠢ ᠪᠦᠬᠦ᠌ ᠬᠦᠴᠦ᠍ ᠪᠡᠷ ᠢᠶᠡᠨ ᠪᠠᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ᠂《ᠬᠣᠶᠠᠷ ᠠᠭᠤᠯᠠ》ᠵᠢ ᠬᠤᠪᠢᠷᠠᠭᠤᠯᠬᠤᠶ᠋ᠢᠠᠬᠢᠭᠤᠯᠬᠤᠳᠡᠭᠡᠷᠡᠦᠷᠭᠦᠯᠵᠢᠯᠡᠨ ᠬᠦᠴᠦ᠍ ᠲᠠᠯᠪᠢᠬᠤ ᠬᠡᠷᠡᠭᠳᠡᠢ᠃ ᠪᠣᠬᠢᠷᠲᠤᠯ ᠥᠬᠡᠶ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠌᠎ᠶ᠋ᠢ ᠲᠦᠷᠭᠡᠳᠭᠡᠨ ᠠᠬᠢᠭᠤᠯᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ ᠠᠵᠤ ᠦᠶ᠋ᠯᠡᠰ ᠦᠨ ᠱᠢᠰᠲ᠋ᠧᠮ᠎ᠢ ᠪᠥᠬᠥ᠌ ᠬᠦᠴᠦᠨ᠎ᠢᠶᠡᠷ ᠪᠠᠢᠭᠤᠯᠤᠨ᠂ᠲᠠᠷᠢᠶᠠᠯᠠᠩᠮᠠᠯᠠᠵᠤᠠᠬᠤᠶ ᠶ᠋ᠢ ᠴᠢᠨᠠᠷ ᠰᠠᠢᠲᠠᠶ ᠥᠨᠳᠥᠷ ᠦᠷ᠎ᠡ ᠪᠦᠲᠦᠮᠵᠢᠲᠡᠶ ᠪᠤᠯᠭᠠᠨ ᠬᠤᠪᠢᠷᠠᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠵᠢᠭᠤᠯᠴᠢᠯᠠᠯ᠎ᠤᠨ ᠦᠶ᠋ᠯᠡᠰ᠎ᠢ ᠶᠡᠬᠡ ᠪᠡᠷ ᠬᠥᠭ᠌ᠵᠢᠭᠦᠯᠦᠨ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠢᠳᠡᠪᠬᠢᠲᠡᠶ ᠪᠣᠢᠵᠢᠭᠤᠯᠤᠨ ᠬᠥᠭ᠌ᠵᠢᠭᠦᠯᠵᠦ᠍᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠂ ᠥᠭᠡᠷᠡᠴᠢᠯᠡᠯᠲᠡ ᠨᠡᠭᠡᠭᠡᠯᠲᠡ ᠬᠢᠵᠦ᠍ ᠱᠢᠨ᠎ᠡ ᠶ᠋ᠢ ᠡᠭᠦᠳᠬᠦ᠌ ᠶ᠋ᠢ ᠦᠷᠭᠦᠯᠵᠢᠯᠡᠨ ᠬᠦᠨᠵᠡᠬᠡᠢᠷᠡᠬᠦᠯᠬᠦ ᠬᠡᠷᠡᠭᠳᠡᠢ; ᠠᠷᠭ᠎ᠠ ᠪᠦᠬᠦᠨ᠎ᠢ ᠰᠦᠪᠡᠭ᠌ᠴᠢᠯᠡᠨ ᠠᠷᠠᠳ᠎ᠤᠨ ᠠᠮᠢᠳᠤᠷᠠᠯᠤᠨᠠᠵᠠᠵᠢᠷᠭᠠᠯ ᠢ ᠨᠡᠮᠡᠭ᠌ᠳᠡᠭᠦᠯᠵᠦ᠍᠂ ᠬᠠᠮᠲᠤ ᠪᠠᠷ ᠴᠢᠨᠡᠭᠡᠯᠢᠭ᠌ᠵᠢᠬᠦ᠌᠎ᠶ᠋ᠢ ᠪᠡᠶᠡᠯᠡᠭᠦᠯᠬᠦ᠌᠎ᠳᠦ ᠪᠠᠲᠤ ᠪᠠᠬᠢ ᠰᠠᠭᠤᠷᠢ ᠲᠠᠯᠪᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠠᠵᠢᠯ ᠣᠯᠭᠣᠯᠲᠠ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠲᠣᠪᠣᠢᠮ᠎ᠠ ᠰᠠᠢᠲᠤᠷ ᠠᠳᠭᠤᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳᠤᠨᠠᠮᠢᠳᠤᠷᠠᠯᠤᠨᠪᠠᠢᠭᠤᠯᠤᠯᠲᠠᠶ᠋ᠢᠴᠢᠩᠭᠠᠳᠭᠠᠵᠤ᠂ ᠨᠡᠢᠭᠡᠮ᠎ᠦᠨ ᠡᠶ᠎ᠡ ᠵᠣᠬᠢᠴᠠᠩᠭᠤᠶ ᠲᠣᠭ᠍ᠲᠠᠭᠤᠨ᠎ᠢ ᠪᠥᠬᠥ᠌ ᠬᠦᠴᠦᠨ᠎ᠢᠶᠡᠷ ᠬᠠᠮᠠᠭᠠᠯᠬᠤ ᠬᠡᠷᠡᠭᠳᠡᠢ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠱᠢᠨ᠎ᠡ ᠴᠠᠭ ᠦᠶ᠎ᠡ ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ; ᠨᠠᠮ᠎ᠤᠨ ᠤᠯᠤᠰ ᠲᠦᠷᠦ᠍ ᠶ᠋ᠢᠨ ᠪᠠᠢᠭᠤᠯᠤᠯᠲᠠ ᠪᠠᠷ ᠶᠡᠷᠦᠩᠬᠡᠢᠯᠡᠨ ᠵᠢᠯᠤᠭᠤᠳᠤᠭᠤᠯᠬᠤ᠎ᠶ᠋ᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍ ᠶ᠋ᠢᠨ ᠠᠮᠢ ᠠᠬᠤᠢ ᠶ᠋ᠢ ᠦᠷᠭᠦᠯᠵᠢᠯᠡᠨ ᠪᠤᠢ ᠪᠣᠯᠭᠠᠬᠤ ᠬᠡᠷᠡᠭ᠌ᠲᠡᠢ᠃ᠪᠦᠬᠦ᠌ᠬᠦᠴᠦᠨᠢᠶᠡᠷᠢᠶᠡᠨ ᠬᠠᠷᠠᠯᠲᠠ᠎ᠪᠠᠨ ᠪᠠᠲᠤᠯᠠᠵᠤ᠂ ᠣᠳᠣᠬᠠᠨ᠎ᠤ ᠭᠣᠣᠯᠳᠠᠯᠭ᠎ᠠ᠎ᠲᠠᠶ ᠠᠵᠢᠯ ᠵᠢᠡᠨ ᠰᠠᠢᠲᠤᠷ ᠬᠢᠵᠦ᠍᠂ ᠡᠨᠡ ᠵᠢᠯ᠎ᠦᠨ ᠡᠭᠦᠷᠭᠡ ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠢᠷᠡᠬᠦ᠌ ᠵᠢᠯ᠎ᠦᠨ ᠠᠵᠢᠯ᠎ᠢᠶᠠᠨ ᠰᠠᠢ᠌ᠨ ᠰᠠᠢᠬᠠᠨ ᠡᠬᠢᠯᠡᠭᠦᠯᠬᠦ᠌᠎ᠶ᠋ᠢ ᠪᠠᠲᠤᠯᠠᠬᠤ ᠬᠡᠷᠡᠭ᠌ᠲᠡᠢ ᠬᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃