2021-12-08 10:12:22
— ᠲᠤᠮᠳᠠᠳᠤ ᠤᠯᠤᠰᠤᠨᠡᠪ ᠬᠠᠮᠲᠤ ᠨᠠᠮ᠎ᠤᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ ᠤ ᠠᠷᠪᠠᠨᠨᠢᠭᠡᠳᠦᠭᠡᠷᠤᠳᠠᠭᠠᠶ᠋ᠢᠨᠲᠥᠯᠥᠭᠡᠯᠡᠭ᠌ᠴᠢᠳᠦᠨᠶᠡᠬᠡ ᠬᠤᠷᠠᠯ᠎ᠤᠨ ᠵᠤᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ
ᠲᠤᠰ ᠰᠣᠨᠢᠨ᠎ᠤ ᠱᠢᠭᠦᠮᠵᠢᠯᠡᠭ᠌ᠴᠢ
《ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲᠸᠮ᠎ᠢ ᠪᠠᠢᠭᠤᠯᠤᠨ᠎ᠠ》 《ᠪᠣᠬᠢᠷᠲᠤᠯ ᠦᠭᠡᠢ ᠬᠥᠭ᠌ᠵᠢᠯᠲᠡ᠂ ᠴᠢᠨᠠᠷ ᠰᠠᠢᠲᠠᠢ ᠬᠥᠭ᠌ᠵᠢᠯᠲᠡ᠎ᠶ᠋ᠢ ᠭᠤᠢᠪᠢᠰᠢ ᠦᠭᠡᠢ ᠪᠠᠷᠢᠮᠲᠠᠯᠠᠨ᠎ᠠ》《ᠪᠦᠲᠦᠴᠡ᠎ᠶ᠋ᠢ ᠲᠤᠬᠢᠷᠠᠭᠤᠯᠬᠤ᠂ ᠴᠢᠳᠠᠮᠵᠢ᠎ᠶ᠋ᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠡᠷ ᠪᠦᠬᠦ᠌ ᠬᠦᠴᠦ᠍᠎ᠪᠡᠷ᠎ᠢᠶᠡᠨ ᠴᠢᠷᠮᠠᠢᠨ᠎ᠠ》᠁ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲᠸᠮ᠎ᠢ ᠲᠦᠷᠭᠡᠳᠭᠡᠨ ᠪᠠᠢᠭᠤᠯᠬᠤ᠎ᠶ᠋ᠢᠨ ᠲᠣᠭᠣᠷᠢᠨ᠎ᠳᠤ ᠬᠢᠭᠰᠡᠨ ᠠᠯᠢ ᠤᠯᠠᠨ ᠴᠢᠬᠤᠯᠠ ᠶᠡᠬᠡ ᠪᠠᠢᠷᠢᠯᠠᠭᠤᠯᠤᠯᠲᠠ ᠨᠢ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠪᠦᠬᠦ᠌ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠴᠢᠭ᠌ᠯᠡᠯ᠎ᠢ ᠵᠢᠭᠠᠵᠤ᠂ ᠰᠡᠳᠬᠢᠮᠵᠢᠯᠡᠨ ᠲᠦᠰᠦᠪᠯᠡᠵᠤ ᠦᠭᠴᠡᠢ᠃
ᠬᠥᠭ᠌ᠵᠢᠯᠲᠡ ᠵᠢᠨ ᠬᠡᠯᠪᠡᠷᠢ᠎ᠵᠢ ᠬᠤᠪᠢᠷᠠᠭᠤᠯᠬᠤ᠎ᠳᠤ ᠣᠢᠯᠠᠭᠠᠭ᠍ᠳᠠᠬᠤᠨ᠎ᠢ ᠡᠷᠬᠡᠪᠰᠢ ᠤᠷᠢᠳ᠎ᠢᠶᠠᠷ ᠬᠡᠷᠡᠭ᠌ᠵᠢᠭᠦᠯᠬᠦ᠌ ᠬᠡᠷᠡᠭ᠌ᠲᠡᠢ᠃
ᠥᠨᠥᠳᠦᠷ᠂ ᠥᠪᠥᠷ ᠮᠣᠩᠭᠣᠯ᠎ᠤᠨ ᠠᠵᠤ ᠠᠬᠤᠢ ᠲᠤᠢᠯ᠎ᠤᠨ ᠬᠦᠴᠢᠷ ᠪᠡᠷᠬᠡᠱᠢᠶᠡᠯ᠎ᠲᠡᠶ ᠪᠥᠭᠡᠳ ᠬᠡᠯᠪᠡᠷᠢ᠎ᠪᠡᠨ ᠬᠤᠪᠢᠷᠠᠭᠤᠯᠬᠤ ᠲᠤᠢᠯ᠎ᠤᠨ ᠴᠢᠬᠤᠯᠠ ᠬᠤᠭᠤᠴᠠᠭᠠᠨ᠎ᠳᠤ ᠣᠷᠣᠱᠢᠵᠤ᠂ ᠬᠠᠭᠤᠴᠢᠨ᠎ᠢᠶᠠᠨ ᠦᠬᠦᠨ ᠪᠠᠷᠢᠮᠲᠠᠯᠠᠬᠤ ᠨᠢ ᠭᠠᠷᠬᠤ ᠵᠠᠮ ᠤᠬ᠍ᠳᠤ ᠦᠭᠡᠢ ᠶᠤᠮ᠂ ᠠᠶᠤᠵᠤ ᠲᠠᠲᠠᠭᠠᠯᠵᠠᠭᠠᠳ ᠤᠷᠤᠭ᠍ᠰᠢᠯᠠᠬᠤ ᠦᠭᠡᠢ ᠶᠤᠮ ᠪᠣᠯ ᠰᠠᠢ᠌ᠨ ᠲᠣᠬᠢᠶᠠᠯ᠎ᠢ ᠠᠯᠳᠠᠬᠤ ᠪᠣᠯᠤᠨ᠎ᠠ᠃ ᠬᠥᠭ᠌ᠵᠢᠯᠲᠡ᠎ᠶ᠋ᠢᠨ ᠣᠷᠴᠢᠨ ᠲᠤᠭᠤᠷᠢᠨ᠂ ᠬᠥᠭ᠌ᠵᠢᠯᠲᠡ᠎ᠶ᠋ᠢᠨ ᠨᠥᠬᠥᠴᠡᠯ ᠬᠡᠷᠬᠢᠨ ᠬᠤᠪᠢᠷᠠᠭ᠍ᠰᠠᠨ ᠴᠤ᠌᠂ ᠪᠢᠳᠡ ᠴᠥᠮ ᠠᠮᠢ ᠠᠬᠤᠢ᠎ᠶ᠋ᠢ ᠤᠷᠢᠳ᠎ᠢᠶᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦᠶ᠋ᠢᠨᠱᠠᠭᠠᠷᠳᠠᠯᠭᠠᠳᠤ ᠦᠯᠦ᠍ ᠨᠡᠢᠴᠡᠬᠦ᠌ ᠴᠢᠨᠠᠭ᠍ᠰᠢᠯᠠᠪᠠᠯ ᠲᠡᠭᠦᠨ᠎ᠡᠴᠡ ᠲᠡᠷᠰᠯᠡᠭ᠌ᠰᠡᠨ ᠦᠵᠡᠯ ᠰᠠᠨᠠᠭ᠎ᠠ ᠣᠢᠯᠠᠭᠠᠭ᠍ᠳᠠᠬᠤᠨ᠂ ᠦᠢᠯᠡ ᠠᠵᠢᠯᠯᠠᠭ᠎ᠠ᠎ᠶ᠋ᠢᠨ ᠠᠷᠭ᠎ᠠ ᠬᠡᠯᠪᠡᠷᠢ᠂ ᠬᠥᠭ᠌ᠵᠢᠯᠲᠡ᠎ᠶ᠋ᠢᠨ ᠬᠡᠪ ᠵᠠᠭ᠍ᠪᠤᠷ᠎ᠢ ᠡᠷᠡᠰ ᠲᠤᠬᠢᠷᠠᠭᠤᠯᠵᠤ᠂ ᠵᠠᠯᠠᠷᠠᠭᠤᠯᠬᠤ ᠪᠠ ᠲᠠᠶᠠᠭ᠍ᠳᠠᠬᠤ ᠬᠡᠷᠡᠭᠲᠡᠢ᠂ ᠪᠠᠢᠳᠠᠯ ᠪᠤᠳᠤᠯᠢᠶᠠᠨᠲᠠᠢ᠎ᠠᠴᠠ ᠪᠤᠯᠵᠤ ᠴᠢᠭ᠌ᠯᠡᠯ᠎ᠢᠶᠡᠨ ᠠᠯᠳᠠᠵᠤ ᠶᠠᠭᠠᠬᠢᠭ᠍ᠰᠠᠨ ᠴᠤ᠌ ᠪᠣᠯᠬᠤ ᠦᠭᠡᠢ᠂ ᠨᠢᠭᠡᠨ ᠴᠠᠭ᠎ᠤᠨ ᠠᠱᠢᠭ᠂ ᠨᠢᠭᠡᠨ ᠴᠠᠭ᠎ᠤᠨ ᠬᠦᠴᠢᠷ᠎ᠡᠴᠡ ᠪᠤᠯᠵᠤ ᠣᠯᠵᠤ ᠠᠯᠳᠠᠬᠤ᠎ᠶ᠋ᠢ ᠯᠡ ᠪᠤᠳᠤᠵᠤ ᠶᠠᠭᠠᠬᠢᠭ᠍ᠰᠠᠨ ᠴᠤ᠌ ᠪᠣᠯᠬᠤ ᠦᠭᠡᠢ᠂ ᠠᠵᠤ ᠠᠬᠤᠢ᠎ᠶ᠋ᠢᠨ ᠨᠡᠮᠡᠭ᠌ᠳᠡᠯ᠎ᠦᠨ ᠬᠡᠯᠪᠡᠯᠵᠡᠯ᠎ᠳᠦ ᠬᠦᠲᠦᠯᠦᠭᠳᠡᠵᠦ ᠶᠠᠭᠠᠬᠢᠭ᠍ᠰᠠᠨ ᠴᠤ᠌ ᠪᠣᠯᠬᠤ ᠦᠭᠡᠢ᠂ ᠬᠠᠭᠤᠴᠢᠨ ᠵᠠᠮ᠎ᠢᠶᠠᠷ᠎ᠢᠶᠠᠨ ᠵᠠᠮᠨᠠᠬᠤ ᠭᠡᠰᠡᠨ ᠬᠡᠢ ᠬᠦᠰᠡᠯ ᠥᠴᠦᠬᠡᠨ ᠴᠦ᠍ ᠪᠠᠢᠵᠤ ᠪᠣᠯᠬᠤ ᠦᠭᠡᠢ᠃
ᠥᠪᠥᠷ ᠮᠣᠩᠭᠣᠯ᠎ᠳᠤ ᠠᠪᠴᠤ᠌ ᠬᠡᠯᠡᠪᠡᠯ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠣᠳᠣᠬᠢᠴᠢᠯᠠᠭ᠍ᠰᠠᠨ ᠠᠵᠤ ᠠᠬᠤᠶ᠎ᠶ᠋ᠢᠨ ᠱᠢᠰᠲ᠋ᠧᠮ᠎ᠢ ᠪᠠᠢᠭᠤᠯᠬᠤ᠎ᠨᠢ ᠳᠠᠷᠤᠶ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠤᠯᠤᠰ ᠲᠥᠷᠥ᠎ᠶ᠋ᠢᠨ ᠤᠳᠤᠷᠢᠳᠤᠮᠵᠢ ᠪᠣᠯᠤᠨ ᠥᠷᠲᠡᠭ᠎ᠦᠨ ᠬᠥᠭᠡᠭᠡᠴᠡᠯᠳᠦᠯ᠎ᠢᠶᠡᠨ ᠪᠠᠲᠤᠳᠭᠠᠵᠤ᠂ ᠠᠵᠤ ᠠᠬᠤᠶ᠎ᠶ᠋ᠢᠨ ᠬᠥᠭ᠌ᠵᠢᠯᠲᠡ᠎ᠶ᠋ᠢ ᠡᠬᠢ ᠪᠠᠶᠠᠯᠢᠭ᠎ᠲᠤ ᠲᠦᠱᠢᠭ᠌ᠯᠡᠬᠦ᠌ ᠬᠡᠯᠪᠡᠷᠢ᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠬᠤᠪᠢᠷᠠᠭᠤᠯᠬᠤ᠂ ᠪᠦᠳᠦᠭᠦᠯᠢᠭ ᠦᠨᠳᠦᠷ ᠨᠡᠭᠦᠷᠡᠰᠦᠲᠥ᠋ᠷᠥᠭ᠌ᠴᠢᠲᠦ ᠬᠡᠯᠪᠡᠷᠢ᠎ᠡᠴᠡ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭ᠌ᠴᠢᠲᠤ ᠬᠡᠯᠪᠡᠷᠢ ᠲᠡᠢᠰᠢ ᠬᠤᠪᠢᠷᠠᠭᠤᠯᠬᠤ᠂ ᠲᠠᠷᠠᠬᠠᠶ ᠪᠤᠲᠠᠷᠬᠠᠶ ᠦᠷ᠎ᠡ ᠠᠱᠢᠭ ᠳᠤᠤᠷ᠎ᠠ ᠬᠡᠯᠪᠡᠷᠢ᠎ᠡᠴᠡ ᠡᠷᠴᠢᠮᠯᠢᠭ ᠥᠨᠳᠥᠷ ᠪᠦᠲᠦᠮᠵᠢᠲᠡᠶ ᠬᠡᠯᠪᠡᠷᠢ ᠲᠡᠢᠰᠢ ᠬᠤᠪᠢᠷᠠᠭᠤᠯᠬᠤ᠎ᠶ᠋ᠢ ᠬᠦᠴᠦᠯᠡᠨ ᠠᠬᠢᠭᠤᠯᠬᠤ ᠶᠠᠪᠤᠳᠠᠯ ᠪᠣᠯᠤᠨ᠎ᠠ᠃ ᠳᠠᠷᠤᠶ ᠪᠦᠲᠦᠴᠡ᠎ᠶ᠋ᠢ ᠳᠣᠭᠢᠷᠠᠭᠤᠯᠬᠤ᠂ ᠴᠢᠳᠠᠮᠵᠢ᠎ᠶ᠋ᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠲᠣᠭᠣᠷᠢᠨ᠎ᠳᠤ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠥᠪᠥᠷ ᠮᠣᠩᠭᠣᠯ᠎ᠢ ᠲᠦᠷᠭᠡᠳᠭᠡᠨ ᠪᠠᠢᠭᠤᠯᠵᠤ᠂ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠤ᠋ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ ᠪᠡᠨ ᠬᠤᠪᠢᠷᠠᠭᠤᠯᠬᠤ᠎ᠶ᠋ᠢ ᠠᠬᠢᠭᠤᠯᠤᠨ᠂ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠶ᠋ᠯᠡᠳᠪᠦᠷᠢᠯᠡᠯ᠎ᠦᠨ ᠰᠠᠭᠤᠷᠢᠨ᠎ᠤ ᠴᠢᠨᠠᠷ ᠰᠠᠢᠲᠠᠶ ᠥᠨᠳᠥᠷ ᠦᠷ᠎ᠡ ᠪᠦᠲᠦᠮᠵᠢᠲᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠪᠠᠢᠯᠳᠤᠬᠤ ᠪᠣᠳᠣᠯᠭ᠎ᠠ ᠶ᠋ᠢᠨ ᠴᠢᠨᠠᠷᠲᠠᠶ ᠱᠢᠨ᠎ᠡ᠎ᠪᠡᠷ ᠮᠠᠨᠳᠤᠬᠰᠠᠨ ᠠᠵᠤ ᠦᠶ᠋ᠯᠡᠰ᠂ ᠲᠡᠷᠢᠭᠦᠨ᠎ᠦ ᠦᠶ᠋ᠯᠡᠳᠬᠦ᠌ ᠦᠶ᠋ᠯᠡᠰ ᠪᠠ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠢ ᠶᠡᠬᠡᠪᠡᠷ ᠬᠥᠭ᠌ᠵᠢᠭᠦᠯᠦᠨ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠣᠷᠣᠨ ᠪᠦᠰᠡ ᠪᠠ ᠬᠣᠲᠠ ᠬᠥᠳᠡᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠤᠨ᠂ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢᠨ ᠪᠠᠢᠭᠤᠯᠤᠮᠵᠢ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠦᠪᠰᠢᠨ᠎ᠢ ᠳᠡᠭᠡᠭ᠌ᠰᠢᠯᠡᠭᠦᠯᠬᠦ᠌ ᠶᠠᠪᠤᠳᠠᠯ ᠪᠤᠯᠤᠨ᠎ᠠ᠃
ᠬᠥᠭ᠌ᠵᠢᠯᠲᠡ᠎ᠶ᠋ᠢᠨ ᠵᠠᠮ ᠮᠠᠰᠢ ᠤᠷᠳᠤ ᠪᠠᠢᠳᠠᠭ ᠪᠣᠯᠪᠠᠴᠤ᠌ ᠵᠠᠩᠭᠢᠯᠠᠭ᠎ᠠ᠎ᠶ᠋ᠢᠨ ᠭᠠᠵᠠᠷ ᠨᠢ ᠭᠡᠳᠦᠬᠡᠨ ᠠᠯᠬᠤᠮ ᠳ᠋ᠦ ᠯᠡ ᠪᠠᠢᠳᠠᠭ᠃ ᠪᠦᠬᠦ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠦᠨ ᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢᠨ ᠭᠣᠣᠯ ᠴᠢᠭ᠌ᠯᠡᠯ ᠪᠣᠯ ᠳᠠᠷᠤᠢ ᠪᠣᠬᠢᠷᠲᠤᠯ ᠦᠭᠡᠢ ᠬᠥᠭ᠌ᠵᠢᠯᠲᠡ᠂ ᠴᠢᠨᠠᠷ ᠰᠠᠢᠲᠠᠢ ᠬᠥᠭ᠌ᠵᠢᠯᠲᠡ ᠮᠥᠨ᠂ ᠭᠠᠭ᠍ᠴᠠ ᠬᠦ᠌ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠳᠤᠮᠳᠠᠬᠢ ᠵᠠᠷᠢᠮ ᠴᠢᠬᠤᠯᠠ ᠶᠡᠬᠡ ᠠᠰᠠᠭᠤᠳᠠᠯ᠎ᠳᠤ ᠨᠡᠩ ᠰᠡᠷᠭᠡᠭ ᠭᠦᠨᠵᠡᠭᠡᠢ ᠲᠠᠨᠢᠯᠲᠠ᠎ᠲᠠᠶ ᠪᠠᠢᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠥᠪᠥᠷ ᠮᠣᠩᠭᠣᠯ᠎ᠤᠨ ᠶᠠᠭᠤ ᠬᠢᠬᠦ᠌᠂ ᠶᠠᠭᠠᠬᠢᠵᠤ ᠬᠢᠬᠦ᠌᠂ ᠶᠠᠭᠤ ᠵᠢ ᠬᠢᠵᠦ᠍ ᠪᠤᠯᠬᠤ᠌᠂ ᠶᠠᠭᠤ ᠵᠢ ᠬᠢᠵᠦ᠍ ᠪᠤᠯᠬᠤ᠌ ᠦᠭᠡᠢᠭᠡᠳᠡᠭ ᠲᠸ᠋ ᠨᠡᠩ ᠣᠶᠤᠨᠴᠢ ᠪᠦᠭᠡᠳ ᠪᠣᠳᠠᠲᠠᠢ᠎ᠶ᠋ᠢ ᠡᠷᠬᠢᠮᠯᠡᠭᠰᠡᠨ ᠡᠵᠡᠮᠳᠡᠯ᠎ᠲᠡᠶ ᠪᠠᠢᠵᠤ᠂ ᠬᠤᠷᠳᠤᠴᠠ᠎ᠶ᠋ᠢ ᠯᠡ ᠡᠷᠬᠢᠮᠯᠡᠬᠦ᠂ ᠠᠷᠭ᠎ᠠ ᠵᠠᠮ ᠳ᠋ᠤ ᠨᠡᠢᠳᠡᠨ ᠲᠦᠱᠢᠭ᠌ᠯᠡᠬᠦ ᠪᠠᠢᠳᠠᠯ᠎ᠡᠴᠡ ᠲᠤᠢᠯᠪᠤᠷᠢᠲᠠᠢ ᠠᠩᠭᠢᠵᠢᠷᠠᠵᠤ᠂ ᠳᠠᠷᠤᠯᠲᠠ᠎ᠶ᠋ᠢ ᠳᠠᠭᠠᠭᠠᠵᠤ᠂ ᠡᠪᠡᠷᠱᠢᠶᠡᠯ᠎ᠢ ᠲᠡᠰᠪᠦᠷᠢᠯᠡᠵᠤ ᠲᠡᠢᠯᠪᠡᠯ ᠰᠠᠶᠢ ᠬᠠᠭᠤᠴᠢᠨ ᠵᠠᠮ᠎ᠠᠴᠠ᠎ᠪᠠᠨ ᠲᠤᠢᠯᠪᠤᠷᠢᠲᠠᠢ ᠰᠠᠯᠵᠤ᠂ ᠱᠢᠨ᠎ᠡ ᠵᠠᠮ᠎ᠢᠶᠠᠷ ᠡᠷᠡᠰ ᠪᠠᠲᠤ ᠰᠠᠢᠲᠤᠷ ᠵᠠᠮᠨᠠᠵᠤ ᠴᠢᠳᠠᠨ᠎ᠠ ᠭᠡᠳᠡᠭ᠎ᠢ ᠭᠦᠨᠵᠡᠭᠡᠢ ᠲᠠᠨᠢᠬᠤ ᠬᠡᠷᠡᠭᠲᠡᠢ᠃ 《ᠲᠠᠪᠤᠨ ᠡᠷᠬᠡᠪᠰᠢ》 《ᠭᠤᠷᠪᠠ᠎ᠶ᠋ᠢ ᠬᠤᠪᠢᠷᠠᠭᠤᠯᠬᠤ》 ᠵᠡᠷᠭᠡ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠭᠣᠣᠯ ᠱᠢᠵᠢᠮ ᠪᠣᠯᠭᠠᠨ᠂ ᠣᠳᠣᠬᠢᠴᠢᠯᠠᠭᠰᠠᠨ ᠪᠦᠳᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠠᠬᠢ ᠱᠢᠨ᠎ᠡ᠎ᠶ᠋ᠢ ᠡᠭᠦᠳᠬᠦ᠌ ᠭᠣᠣᠯᠯᠠᠬᠤ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠪᠣᠬᠢᠷᠲᠤᠯ ᠦᠭᠡᠢ ᠤᠨᠴᠠᠯᠢᠬ᠍ᠳᠤ ᠳᠠᠪᠠᠭᠤᠯᠢᠭ ᠤᠳᠤ ᠦᠶ᠎ᠡ᠎ᠶ᠋ᠢᠨ ᠠᠵᠤ ᠦᠢᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠰᠠᠢ᠌ᠨ᠎ᠢᠶᠡᠨ ᠪᠠᠳᠠᠷᠠᠭᠤᠯᠤᠨ ᠬᠦᠷᠦᠯᠴᠡᠬᠦ ᠦᠬᠡᠢ᠎ᠪᠠᠨ ᠲᠡᠪᠴᠢᠵᠦ᠍᠂ ᠱᠢᠯᠢᠳᠡᠭ᠎ᠢ ᠨᠢ ᠪᠣᠢᠵᠢᠭᠤᠯᠤᠨ ᠦᠷ᠎ᠡ ᠠᠱᠢᠭ᠎ᠢ ᠨᠡᠮᠡᠭ᠌ᠳᠡᠭᠦᠯᠵᠦ᠍᠂ ᠠᠮᠢ ᠠᠬᠤᠢ᠎ᠣᠷᠴᠢᠨ ᠲᠤᠭᠤᠷᠢᠨ᠎ᠢ ᠪᠦᠲᠦᠮᠵᠢᠲᠡᠢ ᠬᠠᠮᠠᠭᠠᠯᠠᠬᠤ᠂ ᠡᠨᠧᠷᠭᠢ᠎ᠶ᠋ᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠱᠢᠭ᠍ᠯᠠᠬᠤ᠂ ᠶᠠᠰᠤ ᠴᠢᠨᠠᠷ ᠦᠷ᠎ᠡ ᠠᠱᠢᠭ᠎ᠢ ᠯᠠᠪᠳᠠᠭᠤᠨ ᠢᠶᠠᠷ ᠳᠡᠭᠡᠭ᠌ᠰᠢᠯᠡᠭᠦᠯᠬᠦ᠌ ᠰᠠᠭᠤᠷᠢᠨ ᠳᠡᠭᠡᠷ᠎ᠡ ᠠᠵᠤ ᠠᠬᠤᠢ ᠶ᠋ᠢᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ᠃
《ᠨᠡᠭᠦᠷᠡᠰᠦ ᠵᠢ ᠯᠡ ᠭᠣᠣᠯ ᠪᠤᠯᠭᠠᠬᠤ》᠎ᠳ᠋ᠤ ᠲᠦᠱᠢᠭ᠌ᠯᠡᠬᠦ᠌ ᠪᠠᠢᠳᠠᠯ᠎ᠠᠴᠠ ᠠᠯᠬᠤᠮ ᠠᠯᠬᠤᠮ᠎ᠢᠶᠠᠷ ᠠᠩᠭᠢᠵᠢᠷᠠᠵᠤ᠂ ᠲᠣᠭᠠᠴᠢᠯᠠᠭ᠍ᠰᠠᠨ ᠠᠵᠤ ᠠᠬᠤᠢ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠥᠷᠨᠢᠩᠭᠦᠢ ᠬᠥᠭ᠌ᠵᠢᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠵᠢ ᠡᠳ᠋ᠱᠢᠭᠦᠯᠦᠨ ᠣᠨᠳᠣᠣᠱᠢᠭᠤᠯᠬᠤ ᠨᠤᠷᠮ᠎ᠠ 65% ᠵᠢ ᠳᠠᠪᠠᠪᠠ ᠁ ᠠᠵᠤ ᠠᠬᠤᠢ ᠶ᠋ᠢᠨ ᠡᠵᠡᠩᠨᠡᠯᠲᠡ᠎ᠶ᠋ᠢᠨ ᠬᠡᠯᠪᠡᠷᠢ᠎ᠳᠠᠬᠢ ᠴᠤᠬᠤᠢᠯᠲᠠ᠎ᠶ᠋ᠢᠨ ᠴᠢᠨᠠᠷᠲᠠᠢ᠂ ᠬᠠᠨᠳᠤᠰᠢ᠎ᠶ᠋ᠢᠨ ᠴᠢᠨᠠᠷᠲᠠᠢ ᠬᠤᠪᠢᠷᠠᠯᠲᠠ ᠨᠢ ᠥᠪᠥᠷ ᠮᠣᠩᠭᠣᠯ᠎ᠤᠨ ᠭᠡᠭᠡᠨ ᠰᠠᠷᠠᠭᠤᠯ ᠢᠷᠡᠭᠡᠳᠦᠢ ᠵᠢ ᠢᠯᠡᠷᠡᠭᠦᠯᠪᠡ᠃ ᠣᠮᠣᠭ ᠲᠡᠭᠦᠯᠳᠡᠷ᠎ᠢᠶᠡᠷ ᠱᠢᠨ᠎ᠡ ᠠᠶᠠᠨ ᠳ᠋ᠦ ᠮᠤᠷᠳᠠᠬᠤ᠎ᠳᠠᠭᠠᠨ ᠪᠢᠳᠡ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠩ ᠡᠷᠡᠰ ᠪᠠᠲᠤ ᠵᠣᠷᠢᠭ᠂ ᠨᠠᠩ ᠬᠦᠴᠦᠲᠡᠶ ᠠᠷᠭ᠎ᠠ ᠬᠡᠮᠵᠢᠶ᠎ᠡ᠎ᠪᠡᠷ ᠪᠣᠬᠢᠷᠲᠤᠯ ᠥᠬᠡᠶ ᠬᠥᠭ᠌ᠵᠢᠯᠲᠡ᠂ ᠴᠢᠨᠠᠷ ᠰᠠᠢᠲᠠᠶ ᠬᠥᠭ᠌ᠵᠢᠯᠲᠡ᠎ᠶ᠋ᠢ ᠭᠤᠢᠪᠢᠰᠢ ᠥᠬᠡᠶ ᠪᠠᠷᠢᠮᠲᠠᠯᠠᠵᠤ᠂ ᠪᠥᠬᠥ᠌ ᠬᠦᠴᠦᠨ᠎ᠢᠶᠡᠷ᠎ᠢᠶᠡᠨ ᠪᠦᠲᠦᠴᠡ᠎ᠪᠡᠨ ᠲᠣᠬᠢᠷᠠᠭᠤᠯᠵᠤ᠂ ᠴᠢᠳᠠᠮᠵᠢ᠎ᠪᠠᠨ ᠬᠤᠪᠢᠷᠠᠭᠤᠯᠵᠤ᠂ ᠶᠠᠰᠤ ᠴᠢᠨᠠᠷ᠎ᠢᠶᠠᠨ ᠳᠡᠭᠡᠭ᠌ᠰᠢᠯᠡᠭᠦᠯᠵᠦ᠂ ᠬᠤᠪᠢᠷᠠᠯᠲᠠ᠎ᠶ᠋ᠢᠨ ᠳᠤᠮᠳᠠ ᠤᠷᠤᠬᠰᠢᠯᠠᠨ ᠲᠠᠪᠰᠢᠬᠤ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠡᠷᠡᠰ ᠪᠡᠳᠤ ᠠᠯᠬᠤᠭ᠎ᠠ ᠪᠡᠷ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠶ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃