ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-09 09:59:28

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠲᠤᠮᠳᠠᠳᠤ᠎ᠤᠯᠤᠰ᠎ᠤᠨ ᠡᠪ ᠬᠠᠮᠲᠤ ᠨᠠᠮ᠎ᠤᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ

ᠲᠤᠰ ᠰᠣᠨᠢᠨ᠎ᠤ ᠱᠢᠭᠦᠮᠵᠢᠯᠡᠭ᠌ᠴᠢ

ᠶᠢᠷᠲᠢᠨᠴᠦ᠎ᠲᠡᠯᠡᠬᠡᠢ᠎ᠶᠡᠬᠡ ᠠᠪᠠᠴᠤ᠂ ᠢᠷᠭᠡᠳ ᠢᠨᠦ ᠦᠨᠳᠦᠰᠦ ᠪᠤᠯᠠᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ ᠶ᠋ᠢᠨ ᠦᠵᠡᠯ ᠰᠠᠨᠠᠭ᠎ᠠ᠎ᠶ᠋ᠢ ᠭᠦᠨᠵᠡᠭᠡᠢ ᠦᠢᠯᠡᠳᠦᠯᠭᠡᠵᠢᠭᠦᠯᠬᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠬᠦ᠂ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠠᠯᠢ ᠤᠯᠠᠨ ᠴᠢᠬᠤᠯᠠ ᠶᠡᠬᠡ ᠲᠤᠬᠢᠷᠠᠭᠤᠯᠤᠯᠳᠠ ᠪᠠᠢᠷᠢᠯᠠᠭᠤᠯᠤᠯᠲᠠ ᠬᠢᠵᠦ᠍᠂《ᠠᠷᠠᠳ ᠲᠦᠮᠡᠨ᠎ᠢ ᠰᠠᠢ᠌ᠨ ᠰᠠᠢᠬᠠᠨ ᠠᠮᠢᠳᠤᠷᠠᠭᠤᠯᠬᠤ ᠪᠣᠯ ᠮᠠᠨ᠎ᠤ ᠠᠯᠢᠪᠠ ᠠᠵᠢᠯ᠎ᠤᠨ ᠵᠣᠷᠢᠯᠲᠠ ᠪᠠ ᠲᠤᠰᠤᠯᠳᠠ ᠮᠥᠨ》ᠭᠡᠵᠦ᠍ ᠴᠢᠬᠤᠯᠠᠴᠢᠯᠠᠬᠰᠠᠨ ᠨᠢ ᠬᠥᠮᠦᠰ᠎ᠢ ᠤᠷᠮᠠᠱᠢᠭᠤᠯᠤᠨ ᠵᠤᠷᠢᠭᠵᠢᠭᠤᠯᠤᠨ᠎ᠠ᠃

ᠢᠮᠠᠭ᠍ᠲᠠ ᠠᠷᠠᠳ ᠲᠦᠮᠡᠨ᠎ᠢ ᠳᠡᠭᠡᠳᠦᠯᠡᠬᠦ᠌᠂ ᠠᠷᠠᠳ ᠲᠦᠮᠡᠨ᠎ᠢᠶᠡᠷ ᠭᠣᠣᠯ ᠪᠣᠯᠭᠠᠬᠤ ᠶ᠋ᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠮᠵᠢᠯᠲᠠ ᠣᠯᠤᠭ᠍ᠰᠠᠨ《ᠨᠢᠭᠤᠴᠠ ᠨᠣᠮᠧᠷ》ᠮᠥᠨ᠂ ᠨᠡᠩ ᠴᠤ᠌ ᠪᠢᠳᠡᠨ᠎ᠦ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠥᠭ᠌ᠵᠢᠯᠲᠡ᠎ᠶ᠋ᠢ ᠡᠷᠢᠯᠬᠢᠯᠡᠵᠦ᠍᠂ ᠠᠯᠬᠤᠮ ᠨᠢᠭᠡᠲᠡᠢ᠎ᠪᠡᠷ ᠠᠵᠢᠯ ᠦᠢᠯᠡᠰ ᠪᠦᠲᠦᠭᠡᠬᠦ᠌ ᠵᠢᠨ ᠬᠦᠴᠦᠨ ᠴᠢᠳᠠᠯ᠎ᠤᠨ ᠡᠬᠢ ᠰᠤᠷᠪᠤᠯᠵᠢ ᠮᠥᠨ᠃ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠤᠷᠤᠭ᠍ᠰᠠᠨ᠎ᠤ ᠳᠠᠷᠠᠭ᠎ᠠ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠰᠠᠢᠨ᠎ᠰᠠᠢᠬᠠᠨ᠎ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ ᠨᠠᠩ ᠥᠨᠳᠥᠷ ᠪᠣᠯᠵᠣ᠂ 《ᠰᠠᠢᠨ ᠰᠠᠢᠬᠠᠨ ᠠᠮᠢᠳᠤᠷᠠᠯ᠎ᠢ ᠡᠳ᠋ᠯᠡᠬᠦ᠌》ᠨᠢ ᠨᠢᠭᠡᠨᠲᠡ《ᠢᠳᠡᠵᠦ ᠡᠮᠦᠰᠬᠦ ᠪᠡᠨ ᠰᠢᠢᠳᠪᠦᠷᠢᠯᠡᠬᠦ》《ᠰᠠᠢᠨ᠎ᠢ ᠢᠳᠡᠵᠦ᠍ ᠰᠠᠢᠨ᠎ᠢ ᠡᠮᠦᠰᠭᠦ》 ᠪᠣᠳᠠᠰ᠎ᠤᠨ ᠬᠠᠩᠭᠠᠯᠭ᠎ᠠ ᠲᠡᠳᠦᠶ ᠪᠢᠰᠢ ᠪᠣᠯᠵᠣ᠂ ᠨᠠᠩ ᠡᠷᠬᠡ ᠲᠡᠭ᠌ᠰᠢ ᠡᠷᠬᠡ᠂ ᠨᠠᠩ ᠪᠦᠷᠢᠨ ᠲᠡᠭᠦᠯᠳᠡᠷ ᠪᠠᠲᠤᠯᠠᠭ᠎ᠠ᠂ ᠨᠠᠩ ᠳᠥᠭᠥᠮ ᠳᠥᠲᠡ ᠦᠶ᠋ᠯᠡᠴᠢᠯᠡᠭᠡ᠂ ᠨᠠᠩ ᠬᠡᠷᠡᠯ ᠰᠠᠴᠤᠷᠠᠩᠭᠤᠶ ᠬᠥᠮᠦᠨ᠎ᠦ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠤᠯᠵᠠᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ᠂ ᠪᠢᠳᠡ ᠡᠷᠬᠡᠪᠰᠢ ᠠᠷᠠᠳ ᠲᠦᠮᠡᠨ᠎ᠳᠦ ᠨᠢᠭ᠍ᠲᠠ ᠲᠦᠱᠢᠭ᠌ᠯᠡᠵᠦ᠍᠂ ᠠᠷᠠᠳ ᠲᠦᠮᠡᠨ᠎ᠳᠦ ᠲᠠᠰᠤᠷᠠᠯᠳᠡ ᠦᠭᠡᠢ ᠪᠤᠶᠠᠨ ᠦᠢᠯᠡᠳᠴᠦ᠍᠂ ᠠᠷᠠᠳ ᠲᠦᠮᠡᠨ᠎ᠦ ᠳᠤᠮᠳᠠ ᠪᠠᠲᠤ ᠦᠨᠳᠦᠰᠦᠯᠡᠵᠦ᠍᠂ ᠠᠷᠠᠳ᠎ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠱᠢᠨ᠎ᠡ ᠬᠦᠰᠡᠯ ᠡᠷᠡᠮᠡᠯᠵᠡᠯ᠎ᠳᠦ ᠨᠡᠢᠴᠡᠭᠦᠯᠵᠦ᠍᠂ ᠠᠷᠠᠳ᠎ᠤᠨ ᠠᠮᠢᠳᠤᠷᠠᠯ᠎ᠤᠨ ᠬᠦᠷᠢᠶᠡᠨ᠎ᠦ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠤᠯᠠᠨ ᠲᠦᠮᠡᠨ᠎ᠦ ᠰᠠᠨᠠᠵᠤ ᠬᠦᠰᠡᠵᠤ ᠪᠠᠢᠭ᠎ᠠ᠂ ᠲᠦᠪᠡᠭᠳᠡᠵᠤ ᠬᠦᠰᠡᠵᠦ ᠪᠠᠢᠭ᠎ᠠ ᠶᠠᠪᠤᠳᠠᠯ᠎ᠢ ᠢᠯᠡᠭᠦᠬᠡᠨ ᠬᠢᠵᠦ᠍᠂ ᠠᠷᠠᠳ᠎ᠤᠨ ᠰᠠᠨᠠᠭᠠᠨ᠎ᠳᠤ ᠨᠡᠢᠴᠡᠬᠦ᠂ ᠠᠷᠠᠳ᠎ᠤᠨ ᠵᠣᠪᠠᠭᠤᠷᠢ᠎ᠶ᠋ᠢ ᠠᠷᠢᠯᠭᠠᠬᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠶᠠᠪᠤᠳᠠᠯ᠎ᠢ ᠢᠯᠡᠭᠦᠬᠡᠨ ᠬᠢᠵᠦ᠍᠂ ᠰᠠᠭᠤᠷᠢ ᠵᠢ ᠲᠠᠯᠪᠢᠬᠤ᠂ ᠨᠦᠬᠡᠴᠡ ᠬᠦᠴᠦᠨ᠎ᠢ ᠨᠡᠮᠡᠭ᠌ᠳᠡᠭᠦᠯᠬᠦ᠌᠂ ᠠᠯᠤᠰ ᠬᠡᠳᠤ᠎ᠳᠦ ᠠᠱᠢᠭ᠍ᠲᠠᠢ ᠶᠠᠪᠤᠳᠠᠯ᠎ᠢ ᠢᠯᠡᠭᠦᠬᠡᠨ ᠬᠢᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ ᠳᠤᠮᠳᠠ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠵᠦ᠍᠂ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃

ᠠᠷᠠᠳ ᠲᠦᠮᠡᠨ᠎ᠦ ᠬᠦᠰᠡᠯ ᠡᠷᠡᠮᠡᠯᠵᠡᠯ ᠪᠤᠯᠪᠠᠰᠤ ᠵᠠᠰᠠᠭ ᠲᠦᠷᠦ᠍᠎ᠶ᠋ᠢᠨ ᠬᠦᠬᠡᠬᠡᠴᠡᠯᠳᠦᠯ ᠪᠤᠯᠠᠢ᠃ ᠥᠩᠭᠡᠷᠡᠭ᠌ᠰᠡᠨ ᠲᠠᠪᠤᠨ ᠵᠢᠯ᠎ᠳᠦ᠂ ᠪᠢᠳᠡ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠪᠡᠬᠢ ᠪᠤᠢ ᠪᠣᠯᠭᠠᠵᠤ᠂ ᠠᠷᠠᠳ᠎ᠤᠨ ᠠᠮᠢᠳᠤᠷᠠᠯ᠎ᠢ ᠰᠡᠳᠭᠢᠯ ᠲᠠᠯᠪᠢᠨ ᠬᠦᠴᠦ᠍ ᠣᠷᠣᠭᠤᠯᠤᠨ ᠪᠠᠲᠤᠯᠠᠨ ᠰᠠᠢᠵᠢᠷᠠᠭᠤᠯᠵᠤ᠂ ᠤᠯᠠᠨ ᠲᠦᠮᠡᠨ ᠤ᠋ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭᠰᠠᠨ ᠨᠢᠭᠡ ᠪᠦᠯᠦᠭ ᠲᠡᠦᠬᠡ᠎ᠶ᠋ᠢᠨ ᠦᠯᠡᠳᠡᠭ᠌ᠳᠡᠯ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠭ᠌ᠰᠡᠨ ᠪᠣᠯᠪᠠᠴᠤ᠌ ᠮᠠᠨ᠎ᠤ ᠣᠷᠣᠨ᠎ᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠣᠯᠤᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠳᠤᠲᠠᠭᠤᠳᠠᠯ ᠲᠤᠪᠤᠢ᠌ᠮ᠎ᠠ ᠪᠠᠢᠵᠤ᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ ᠮᠥᠨ ᠬᠦ᠌ ᠪᠦᠬᠦ᠌ ᠤᠯᠤᠰ᠎ᠤᠨ ᠳᠤᠮᠳᠠᠴᠢ ᠲᠦᠪᠱᠢᠨ᠎ᠡᠴᠡ ᠳᠣᠣᠷ᠎ᠠ ᠪᠠᠢᠭ᠍ᠰᠠᠭᠠᠷ ᠭᠡᠳᠡᠭ᠎ᠢ ᠰᠡᠷᠭᠡᠭ ᠎ᠢᠶᠡᠷ ᠲᠠᠨᠢᠵᠤ ᠤᠯᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳ᠋ᠤ ᠠᠷᠠᠳ ᠲᠦᠮᠡᠨ᠎ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠠᠷᠠᠳ ᠲᠦᠮᠡᠨ᠎ᠢ ᠠᠮᠤᠷ ᠲᠠᠢᠪᠤᠩ ᠠᠵᠤ ᠲᠥᠷᠥᠭᠦᠯᠵᠤ᠂ ᠲᠡᠳᠡᠨ᠎ᠤ ᠠᠮᠤᠷ ᠲᠦᠪᠱᠢᠨ ᠠᠶᠤᠯ ᠲᠦᠭ᠌ᠰᠢᠭᠦᠷᠢ ᠪᠠ ᠬᠠᠯᠠᠭᠤᠨ ᠬᠦᠢᠲᠡᠨ᠎ᠢ ᠰᠡᠳᠭᠢᠯ᠎ᠳᠡᠭᠡᠨ ᠦᠨᠡᠨ ᠬᠦ᠌ ᠪᠤᠳᠤᠵᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠎ᠶ᠋ᠢ ᠵᠠᠰᠠᠭ᠎ᠤᠨ ᠠᠵᠢᠯ᠎ᠤᠨ ᠬᠠᠮᠤᠭ᠎ᠤᠨ ᠴᠢᠬᠤᠯᠠ ᠠᠮᠵᠢᠯᠳᠠ ᠪᠦᠲᠦᠮᠵᠢ᠂ ᠬᠠᠮᠤᠭ᠎ᠤᠨ ᠦᠨᠳᠦᠰᠦᠨ ᠡᠭᠦᠷᠭᠡ ᠬᠠᠷᠢᠭᠤᠴᠠᠯᠭ᠎ᠠ ᠪᠤᠯᠭᠠᠵᠤ᠂ ᠠᠷᠠᠳ᠎ᠤᠨ ᠠᠮᠢᠳᠤᠷᠠᠯ᠎ᠤᠨ᠎ᠪᠠᠲᠤᠯᠠᠭ᠎ᠠ᠎ᠵᠢ᠎ᠤᠨᠢᠨ ᠲᠡᠭᠡᠷ᠎ᠡ ᠨᠢ ᠬᠢᠬᠦ᠂ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠲᠡᠩᠴᠡᠬᠦᠷᠢᠰᠢᠬᠦᠯᠬᠦ᠂ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ ᠢ᠋ ᠲᠠᠰᠤᠷᠠᠯᠳᠠ ᠦᠭᠡᠢ ᠳᠡᠭᠡᠭᠰᠢᠯᠡᠭᠦᠯᠵᠤ᠂ ᠣᠯᠠᠨ ᠲᠦᠮᠡᠨ᠎ᠦ ᠠᠩᠬᠠᠷᠴᠤ᠌ ᠪᠠᠢᠭ᠎ᠠ ᠠᠵᠢᠯ ᠣᠯᠭᠣᠯᠲᠠ᠂ ᠰᠤᠷᠭᠠᠨ ᠬᠦᠮᠦᠵᠢᠯ᠂ ᠨᠡᠢᠭᠡᠮ᠎ᠦᠨ ᠪᠠᠲᠤᠯᠠᠭ᠎ᠠ᠂ ᠡᠮ ᠡᠮᠨᠡᠯᠬᠡ᠂ ᠤᠷᠤᠨ ᠰᠠᠭᠤᠴᠠ᠂ ᠨᠠᠰᠤᠵᠢᠯ ᠤ᠋ᠨ ᠠᠰᠠᠷᠠᠮᠵᠢ᠂ ᠢᠳᠡᠭᠡᠨ᠎ᠦ ᠠᠮᠤᠷ ᠲᠦᠪᠱᠢᠨ᠂ ᠨᠡᠢᠭᠡᠮ᠎ᠦᠨ ᠠᠮᠤᠷ ᠲᠦᠪᠱᠢᠨ ᠵᠡᠷᠭᠡ ᠪᠣᠳᠠᠲᠠᠶ ᠠᠰᠠᠭᠤᠳᠠᠯ ᠢ᠋ ᠰᠢᠢᠳᠪᠦᠷᠢᠯᠡᠵᠤ᠂ ᠨᠢᠭᠡ ᠨᠢᠭᠡ ᠶᠠᠪᠤᠳᠠᠯ᠎ᠢᠶᠡᠷ ᠬᠢᠵᠤ᠂ ᠨᠢᠬᠡ ᠵᠢᠯ ᠨᠢᠬᠡ ᠵᠢᠯ᠎ᠢᠶᠡᠷ ᠬᠢᠵᠤ᠂ ᠣᠯᠠᠨ ᠲᠦᠮᠡᠨ᠎ᠢ ᠳᠠᠭᠠᠭᠤᠯᠤᠨ ᠬᠠᠮᠲᠤ ᠪᠠᠷ ᠪᠠᠶᠠᠵᠢᠬᠤ ᠬᠠᠷᠠᠯᠲᠠ ᠎ᠶ᠋ᠢ ᠪᠡᠶᠡᠯᠡᠭᠦᠯᠬᠦ᠌ ᠪᠡᠷ ᠯᠠᠪᠳᠠᠭᠤᠨ ᠪᠠᠲᠤᠲᠠᠶ ᠤᠷᠤᠭ᠍ᠰᠢᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠮᠢᠳᠤᠷᠠᠯ᠎ᠢ ᠪᠣᠳᠠᠰ᠎ᠤᠨ ᠲᠠᠯ᠎ᠠ ᠡᠴᠡ ᠣᠶᠤᠨ ᠰᠠᠨᠠᠭᠠᠨ᠎ᠤ ᠲᠠᠯ᠎ᠠ ᠬᠦᠷᠳᠡᠯ᠎ᠠ ᠴᠦᠮ ᠤᠯᠠᠮ ᠡᠴᠡ ᠤᠯᠠᠮ ᠦᠷᠨᠢᠬᠦᠨ ᠪᠠᠳᠠᠷᠠᠩᠭᠤᠢ ᠪᠣᠯᠭᠠᠬᠤ ᠬᠡᠷᠡᠭᠳᠠᠢ᠃

ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠵᠦ᠍᠂ ᠬᠠᠮᠲᠤ ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠶ ᠠᠬᠢᠭᠤᠯᠬᠤ ᠶᠠᠪᠤᠳᠠᠯ᠎ᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠪᠠ ᠨᠡᠢᠭᠡᠮ᠎ᠳᠦ ᠠᠱᠢᠭ ᠬᠦᠷᠲᠡᠭᠡᠬᠦ᠌ 《ᠶᠡᠬᠡ ᠶᠠᠪᠤᠳᠠᠯ》 ᠳᠡᠭᠡᠷ᠎ᠡ ᠢᠯᠡᠷᠡᠭᠦᠯᠬᠦ᠌ ᠮᠥᠷᠲᠡᠭᠡᠨ ᠪᠠᠰᠠ ᠠᠷᠠᠳ ᠤᠯᠠᠨ᠎ᠤ ᠠᠮᠢᠳᠤᠷᠠᠯ᠎ᠲᠠᠶ ᠨᠢᠭ᠍ᠲᠠ ᠬᠣᠯᠪᠣᠭ᠎ᠠ᠎ᠲᠠᠶ《ᠪᠠᠭ᠎ᠠ ᠶᠠᠪᠤᠳᠠᠯ》ᠳᠡᠭᠡᠷ᠎ᠡ ᠢᠯᠡᠷᠡᠭᠦᠯᠬᠦ᠌ ᠬᠡᠷᠡᠭ᠌ᠲᠡᠶ᠃ ᠠᠵᠢᠯ ᠣᠯᠭᠣᠯᠲᠠ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠵᠤ᠂《ᠨᠡᠩ ᠭᠦᠢᠴᠡᠳ ᠨᠡᠩ ᠴᠢᠨᠠᠷ ᠰᠠᠢᠲᠠᠢ ᠠᠵᠢᠯ ᠣᠯᠭᠣᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠤᠨ᠎ᠠ》; ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠵᠤ᠂《ᠬᠥᠮᠦᠨ ᠪᠦᠬᠦᠨ᠎ᠳᠦ ᠨᠠᠩ ᠰᠠᠢᠨ ᠨᠠᠩ ᠭᠤᠤᠯᠴᠢ ᠰᠤᠷᠭᠠᠨ ᠬᠥᠮᠦᠵᠢᠯ᠎ᠢ ᠡᠳ᠋ᠯᠡᠭᠦᠯᠦᠨ᠎ᠡ》; ᠤᠯᠠᠨ ᠲᠡᠰ ᠳᠠᠪᠬᠤᠷᠭ᠎ᠠ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ 《ᠠᠷᠠᠳ ᠤᠯᠠᠨ᠎ᠳᠤ ᠨᠡᠩ ᠨᠠᠢᠳᠠᠪᠤᠷᠢᠲᠠᠢ ᠨᠡᠩ ᠭᠦᠢᠴᠡᠳ ᠪᠠᠲᠤᠯᠠᠭ᠎ᠠ ᠬᠠᠩᠭᠠᠨ᠎ᠠ》; ᠡᠷᠡᠭᠦᠯ ᠡᠩᠬᠡ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ 《ᠠᠷᠠᠳ ᠣᠯᠠᠨ᠎ᠳᠤ ᠪᠥᠬᠥ᠌ ᠲᠠᠯ᠎ᠠ᠎ᠶ᠋ᠢᠨ ᠪᠥᠭᠡᠳ ᠪᠥᠬᠥ᠌ ᠦᠶᠡᠯᠡᠯ᠎ᠦᠨ ᠬᠤᠭᠤᠴᠠᠭᠠᠨ᠎ᠤ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ ᠬᠠᠩᠭᠠᠬᠤ᠎ᠪᠠᠷ ᠴᠢᠷᠮᠠᠢᠨ᠎ᠠ》; ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ ᠱᠢᠨᠡᠴᠢᠯᠡᠵᠦ᠍᠂ 《ᠬᠥᠮᠦᠨ ᠪᠦᠬᠦᠨ ᠬᠠᠷᠢᠭᠤᠴᠠᠯᠭ᠎ᠠ ᠲᠠᠶ᠂᠎ᠬᠥᠮᠦᠨ᠎ᠪᠦᠬᠦᠨ᠎ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠬᠥᠮᠦᠨ ᠪᠦᠬᠦᠨ ᠡᠳ᠋ᠯᠡᠬᠦ᠌ ᠨᠡᠢᠭᠡᠮ᠎ᠦᠨ ᠵᠠᠰᠠᠯᠲᠠ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠨ᠎ᠠ》᠁ ᠪᠦᠬᠦ᠌ ᠣᠷᠣᠨ᠎ᠤ ᠡᠯ᠎ᠡ ᠱᠠᠳᠤ ᠡᠯ᠎ᠡ ᠰᠠᠯᠠᠭ᠎ᠠ ᠮᠥᠴᠢᠷ᠎ᠦᠨ ᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠠᠷᠠᠳ ᠤᠯᠠᠨ᠎ᠤ ᠬᠠᠮᠤᠭ᠎ᠠᠴᠠ ᠠᠩᠬᠠᠷᠴᠤ᠌ ᠪᠠᠢᠭ᠎ᠠ᠂ ᠬᠠᠮᠤᠭ᠎ᠤᠨ ᠱᠢᠭᠤᠳ᠂ ᠬᠠᠮᠤᠭ᠎ᠤᠨ ᠪᠣᠳᠠᠲᠠᠢ ᠠᠱᠢᠭ ᠲᠤᠰᠠ᠎ᠶ᠋ᠢᠨ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠶ᠋ᠢ ᠡᠯ᠎ᠡ ᠵᠦᠢᠯ᠎ᠦᠨ ᠠᠵᠢᠯ᠎ᠤᠨ᠎ᠲᠡᠷᠢᠭᠦᠨ᠎ᠳᠤ᠎ᠲᠠᠯᠪᠢᠵᠤ᠂᠎ᠠᠷᠠᠳ᠎ᠤᠯᠠᠨ᠎ᠤ᠎ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ᠃

ᠰᠠᠯᠬᠢ ᠪᠣᠷᠣᠭᠠᠨ᠎ᠢ ᠦᠩᠬᠡᠷᠡᠬᠦᠯᠬᠦ ᠲᠤᠳᠤᠮ ᠡᠷᠴᠢ ᠵᠣᠷᠢᠭ ᠤᠯᠠᠮ ᠬᠥᠪᠴᠢᠯᠡᠭ᠌ᠳᠡᠨ᠎ᠡ᠂ ᠬᠦᠴᠢᠷ ᠪᠡᠷᠬᠡ ᠡᠴᠡ ᠠᠶᠤᠬᠤ ᠦᠬᠡᠢ ᠪᠡᠷ ᠠᠶᠠᠨ ᠵᠠᠮ ᠳ᠋ᠠᠭᠠᠨ ᠡᠷᠡᠯᠭᠡᠭᠯᠡᠨ ᠤᠷᠤᠬᠰᠢᠯᠠᠨ᠎ᠠ᠃ ᠪᠢᠳᠡ᠎ᠨᠠᠮ᠎ᠤᠨ᠎ᠲᠥᠯᠥᠭᠡᠯᠡᠭ᠌ᠴᠢᠳ᠎ᠦᠨ᠎ᠶᠡᠬᠡ᠎ᠬᠤᠷᠠᠯ᠎ᠤᠨ᠎ᠵᠣᠷᠢᠭ᠎ᠰᠠᠨᠠᠭ᠎ᠠ᠎ᠶ᠋ᠢ᠎ᠭᠦᠨᠵᠡᠭᠡᠶ ᠰᠤᠷᠤᠯᠴᠠᠨ ᠣᠢᠯᠠᠭᠠᠵᠤ᠂ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠠᠵᠢᠯ ᠬᠢᠵᠦ᠍ ᠦᠶ᠋ᠯᠡᠰ ᠪᠤᠰᠭᠠᠵᠤ᠂ ᠡᠷᠡᠰ ᠬᠠᠲᠠᠭᠤ ᠰᠥᠰᠥ᠍ ᠵᠣᠷᠢᠭ᠎ᠢᠶᠠᠷ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌᠂ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠦᠨᠳᠦᠰᠦᠨ ᠶᠡᠬᠡ ᠪᠣᠳᠣᠯᠭ᠎ᠠ ᠪᠣᠯᠤᠨ ᠠᠯᠤᠰ ᠬᠡᠲᠦ᠍᠎ᠶ᠋ᠢᠨ ᠪᠣᠳᠣᠯᠭ᠎ᠠ᠎ᠶ᠋ᠢ ᠣᠷᠳᠣ ᠬᠤᠭᠤᠴᠠᠭ᠎ᠠ᠎ᠪᠠᠷ ᠰᠠᠢᠲᠤᠷ ᠠᠳᠭᠤᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠠᠩ ᠰᠠᠢᠨ ᠰᠠᠢᠬᠠᠨ ᠠᠮᠢᠳᠤᠷᠠᠭᠤᠯᠬᠤ ᠬᠡᠷᠡᠭ᠌ᠲᠡᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面