ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-10 10:29:31

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠤᠢ᠍ᠢᠷ᠎ᠠ᠎ᠶ᠋ᠢᠨ ᠡᠳᠦᠷ᠎ᠦᠳ᠎ᠲᠦ᠂ ᠥᠪᠡᠷᠲᠡᠭᠡᠨ ᠵᠠᠰᠠᠬᠤ ᠣᠷᠣᠨ᠎ᠤ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠠᠶ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠪᠠ᠃ ᠤᠯᠠᠨ᠎ᠢᠶᠠᠷ᠎ᠢᠶᠠᠨ᠂ ᠪᠠᠲᠤ ᠴᠢᠩᠭ᠎ᠠ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠲᠡᠦᠬᠡᠨ᠎ᠡᠭᠦᠷᠭᠡᠲᠦ᠎ᠪᠤᠳᠤᠯ᠎ᠢᠶᠠᠷ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠠᠵᠢᠯ᠎ᠢᠶᠠᠨ ᠢᠳᠡᠪᠬᠢᠲᠡᠢ ᠰᠠᠢᠲᠤᠷ ᠬᠢᠵᠦ᠍᠂ ᠰᠠᠨᠠᠯ ᠰᠠᠨᠠᠭᠤᠯᠭ᠎ᠠ ᠠᠷᠭ᠎ᠠ ᠪᠤᠳᠤᠯᠭ᠎ᠠ᠎ᠪᠠᠨ ᠭᠦᠢᠴᠡᠳ ᠳᠡᠪᠱᠢᠭᠦᠯᠵᠦ᠍᠂ ᠲᠤᠭ᠎ᠢ ᠥᠨᠳᠥᠷ ᠮᠠᠨᠳᠤᠭᠤᠯᠬᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠬᠦ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠵᠠᠮ ᠨᠡᠭᠡᠭᠡᠨ ᠱᠢᠨ᠎ᠡ᠎ᠶ᠋ᠢ ᠡᠭᠦᠳᠬᠦ ᠵᠢ ᠦᠨᠡᠨ ᠬᠦ᠌ ᠰᠠᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠨ᠎ᠡ ᠭᠡᠵᠦ᠍ ᠢᠯᠡᠳᠭᠡᠵᠡᠭᠡᠪᠡ᠃

ᠲᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠳ᠋ᠦᠩ ᠾᠧᠩ ᠢᠦᠢ ᠶ᠋ᠢᠨ ᠦᠵᠡᠬᠦ᠌᠎ᠪᠡᠷ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ᠎ᠶ᠋ᠢ ᠪᠦᠬᠦ᠌ ᠠᠭᠤᠯᠭ᠎ᠠ᠎ᠳᠤ ᠲᠤᠭᠤᠰᠢᠯᠠᠬᠳᠠᠬᠰᠠᠨ ᠭᠣᠣᠯ ᠱᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠬᠣᠢᠱᠢᠳᠠ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠲᠡᠮᠡᠴᠡᠬᠦ᠌ ᠬᠠᠷᠠᠯᠲᠠ᠎ᠶ᠋ᠢ ᠳᠤᠷᠠᠳᠴᠤ᠌᠂ ᠡᠯ᠎ᠡ ᠬᠦᠷᠢᠶᠡᠨ᠎ᠦ ᠭᠣᠣᠯᠳᠠᠯᠭ᠎ᠠ᠎ᠲᠠᠶ ᠠᠵᠢᠯ ᠡᠭᠦᠷᠭᠡ᠎ᠶ᠋ᠢ ᠱᠢᠰᠲᠸᠮ ᠲᠠᠢ ᠪᠠᠢᠷᠢᠯᠠᠭᠤᠯᠵᠤ᠂ ᠭᠣᠣᠯ ᠰᠡᠳᠦᠪ ᠢᠯᠡ ᠲᠣᠳᠣ᠂ ᠬᠠᠷᠠᠯᠲᠠ ᠲᠣᠳᠣᠷᠬᠠᠢ᠂ ᠠᠷᠭ᠎ᠠ ᠬᠡᠮᠵᠢᠶ᠎ᠡ ᠬᠦᠴᠦᠲᠡᠢ ᠪᠠᠢᠵᠤ ᠬᠥᠮᠦᠰ᠎ᠦᠨ ᠰᠡᠳᠭᠢᠯ᠎ᠢ ᠬᠥᠭ᠌ᠵᠢᠭᠡᠭᠰᠡᠨ ᠪᠠᠢᠨ᠎ᠠ᠃ ᠲᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠭᠣᠣᠯ ᠠᠵᠢᠯ᠎ᠤᠨ ᠲᠣᠭᠣᠷᠢᠨ᠎ᠳᠤ ᠰᠣᠶᠣᠯ᠂ ᠰᠤᠷᠭᠠᠨ ᠬᠥᠮᠦᠵᠢᠯ᠂ ᠠᠮᠢ ᠠᠬᠤᠢ ᠵᠡᠷᠭᠡ ᠬᠦᠷᠢᠶᠡᠨ᠎ᠳᠦ ᠪᠠᠢᠴᠠᠭᠠᠨ ᠰᠤᠳᠤᠯᠤᠯᠲᠠ᠎ᠶ᠋ᠢ ᠨᠠᠷᠢᠨ ᠬᠢᠨᠠᠮᠠᠭᠠᠢ ᠥᠷᠨᠢᠭᠦᠯᠵᠦ᠍᠂ ᠰᠣᠳᠣ ᠮᠡᠷᠭᠡᠨ ᠰᠠᠨᠠᠯ ᠰᠠᠨᠠᠭᠤᠯᠭ᠎ᠠ᠎ᠶ᠋ᠢ ᠢᠯᠡᠭᠦᠬᠡᠨ ᠳᠤᠷᠠᠳᠴᠤ᠌᠂ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠪᠤᠳᠤᠯᠭ᠎ᠠ᠎ᠶ᠋ᠢ ᠢᠯᠡᠭᠦᠬᠡᠨ ᠳᠡᠪᠱᠢᠭᠦᠯᠵᠦ᠍᠂ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠬᠡᠵᠡᠢ᠃

ᠭᠣᠮᠢᠨᠳᠠᠩ᠎ᠤᠨ ᠬᠤᠪᠢᠰᠭᠠᠯᠲᠤ ᠬᠤᠷᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠡᠷᠬᠢᠯᠡᠭ᠌ᠴᠢ ᠭᠡᠱᠢᠭᠦᠨ ᠪᠠᠢ ᠴᠢᠩ ᠶᠤᠸᠠᠨ᠄ 《ᠲᠤᠮᠳᠠᠳᠤ ᠤᠯᠤᠰ᠎ᠤᠨ ᠭᠣᠮᠢᠨᠳᠠᠩ᠎ᠤᠨ ᠬᠤᠪᠢᠰᠭᠠᠯᠲᠤ ᠬᠤᠷᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠵᠢᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠳᠡᠭᠡᠷ᠎ᠡ ᠨᠢᠭᠡᠳᠭᠡᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠭᠤᠤᠯ ᠠᠵᠢᠯ᠎ᠤᠨ ᠲᠣᠭᠣᠷᠢᠨ᠎ᠳᠤ ᠠᠯᠤᠰ ᠬᠡᠲᠦ ᠵᠢᠨ ᠪᠠ ᠪᠥᠬᠥ᠌ ᠲᠠᠯ᠎ᠠ᠎ᠳᠤ ᠬᠣᠯᠪᠣᠭ᠍ᠳᠠᠬᠤ ᠶᠡᠬᠡ ᠶᠠᠪᠤᠳᠠᠯ ᠴᠢᠬᠤᠯᠠ ᠶᠠᠪᠤᠳᠠᠯ᠎ᠢ ᠠᠳᠭᠤᠵᠤ᠂ ᠭᠦᠨᠴᠡ ᠲᠡᠶ᠂ ᠦᠨ᠎ᠡ ᠥᠷᠲᠡᠭ᠎ᠲᠡᠶ ᠪᠠᠢᠴᠠᠭᠠᠨ ᠰᠤᠳᠤᠯᠤᠯᠲᠠ᠎ᠶ᠋ᠢᠨ ᠠᠵᠢᠯ᠎ᠤᠨ ᠦᠷ᠎ᠡ ᠪᠦᠲᠦᠭᠡᠯ᠎ᠢ ᠡᠬᠦᠳᠴᠤ᠂ ᠳᠤᠮᠳᠠᠳᠤ ᠤᠯᠤᠰ᠎ᠤᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠎ᠶ᠋ᠢᠨ ᠲᠥᠷᠥ᠎ᠶ᠋ᠢᠨ ᠶᠠᠪᠤᠳᠠᠯ᠎ᠳᠤ ᠣᠷᠣᠯᠴᠠᠨ ᠲᠥᠷᠥ᠎ᠶ᠋ᠢᠨ ᠶᠠᠪᠤᠳᠠᠯ᠎ᠢ ᠵᠥᠪᠯᠡᠬᠦ᠌ ᠣᠨᠴᠠᠯᠢᠭᠳᠤ ᠲᠥᠷᠥᠯ ᠲᠡᠮᠳᠡᠭ᠎ᠢ ᠪᠦᠷᠢᠯᠳᠦᠭᠦᠯᠬᠦ᠌ ᠬᠡᠷᠡᠭ᠌ᠲᠡᠶ᠃ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠥᠷᠭᠡᠨ ᠤᠯᠠᠨ ᠨᠠᠮ᠎ᠤᠨ ᠭᠡᠱᠢᠭᠦᠨ᠎ᠢ ᠬᠦᠳᠦᠯᠦᠨ ᠵᠢᠯᠣᠭᠣᠳᠴᠤ᠌ ᠤᠯᠤᠰ ᠲᠦᠷᠦ᠍᠎ᠶ᠋ᠢᠨ ᠪᠣᠯᠪᠠᠰᠤᠷᠠᠯ᠎ᠢᠶᠠᠨ ᠴᠢᠩᠭᠠᠳᠭᠠᠵᠤ᠂ ᠠᠵᠢᠯ᠎ᠤᠨ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠰᠠᠢ᠌ᠨ ᠰᠠᠢᠬᠠᠨ ᠲᠦᠷᠢ ᠲᠥᠷᠬᠦ᠌᠎ᠶ᠋ᠢ ᠪᠤᠢ ᠪᠣᠯᠭᠠᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ᠂ ᠵᠣᠬᠢᠶᠠᠨ ᠪᠠᠢᠭᠤᠯᠤᠯᠲᠠ᠎ᠶ᠋ᠢᠨ ᠰᠠᠭᠤᠷᠢ ᠪᠠᠲᠤ᠂ ᠤᠳᠤᠷᠢᠳᠭᠤ ᠪᠠᠭ ᠬᠦᠴᠦᠲᠡᠢ᠂ ᠲᠦᠷᠢᠮ᠎ᠦᠨ ᠪᠠᠢᠭᠤᠯᠤᠯᠲᠠ ᠪᠦᠷᠢᠨ ᠲᠡᠭᠦᠯᠳᠡᠷ ᠱᠢᠨ᠎ᠡ ᠴᠠᠭ ᠦᠶ᠎ᠡ᠎ᠶ᠋ᠢᠨ ᠥᠨᠳᠥᠷ ᠬᠡᠪ ᠪᠣᠯᠪᠠᠰᠤᠷᠠᠯ᠎ᠲᠠᠶ ᠲᠦᠷᠦ᠍᠎ᠶ᠋ᠢᠨ ᠶᠠᠪᠤᠳᠠᠯ᠎ᠳᠤ ᠣᠷᠣᠯᠴᠠᠬᠤ ᠨᠠᠮ᠎ᠤᠨ ᠣᠷᠣᠨ ᠨᠤᠲᠤᠭ᠎ᠤᠨ ᠵᠣᠬᠢᠶᠠᠨ ᠪᠠᠢᠭᠤᠯᠤᠯᠲᠠ ᠶ᠋ᠢ ᠪᠠᠢᠭᠤᠯᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠶ᠋ᠢᠨ ᠲᠥᠯᠥᠭᠡ ᠴᠥᠬᠥᠷᠡᠰᠢ ᠦᠭᠡᠢ ᠴᠢᠷᠮᠠᠢᠨ᠎ᠠ》 ᠭᠡᠵᠦ᠍ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ ᠸᠠᠩ ᠶᠤᠸᠠᠢ ᠬᠣ᠌᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠲᠦ ᠣᠷᠣᠨ ᠪᠠᠢᠷᠢ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠪᠠᠲᠤ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠤᠨ᠎ᠠ᠃ ᠨᠠᠮ᠎ᠤᠨ ᠱᠠᠱᠢᠨ ᠰᠤᠷᠲᠠᠬᠤᠨ᠎ᠤ ᠠᠵᠢᠯ᠎ᠤᠨ᠎ᠦᠨᠳᠦᠰᠦᠨ ᠴᠢᠭ᠌ᠯᠡᠯᠲᠡ᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭ᠌ᠯᠡᠯ᠎ᠢ ᠪᠠᠷᠢᠮᠲᠠᠯᠠᠵᠤ᠂ ᠱᠠᠱᠢᠨ ᠰᠤᠷᠲᠠᠬᠤᠨ᠎ᠤ ᠠᠵᠢᠯ᠎ᠤᠨ ᠬᠠᠤᠯᠢᠵᠢᠯ᠎ᠤᠨ ᠲᠦᠪᠱᠢᠨ᠎ᠢ ᠳᠡᠭᠡᠭ᠌ᠰᠢᠯᠡᠭᠦᠯᠵᠦ᠍᠂ ᠢᠳᠡᠪᠬᠢᠲᠡᠶ ᠪᠥᠭᠡᠳ ᠡᠷᠡᠭᠦᠯ ᠱᠠᠱᠢᠨ ᠰᠤᠷᠲᠠᠬᠤᠨ᠎ᠤ ᠬᠠᠷᠢᠴᠠᠭ᠎ᠠ᠎ᠶ᠋ᠢ ᠲᠠᠰᠤᠷᠠᠯᠲᠠ ᠥᠬᠡᠶ ᠪᠠᠢᠭᠤᠯᠤᠨ᠎ᠠ᠃ ᠱᠢᠯᠭᠠᠯᠲᠠ ᠳ᠋ᠤ ᠤᠷᠤᠯᠴᠠᠬᠤ ᠱᠢᠨ᠎ᠡ ᠵᠠᠮ ᠳ᠋ᠤ᠂ ᠬᠠᠮᠤᠭ᠎ᠤᠨ ᠥᠷᠭᠡᠨ ᠳᠡᠯᠭᠡᠷ ᠨᠢᠭᠡᠳᠦᠮᠡᠯ ᠹᠷᠣᠨᠲ᠎ᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠭᠡᠵᠦ᠍᠂ ᠬᠠᠮᠲᠤ᠎ᠪᠠᠷ ᠲᠡᠮᠡᠴᠡᠬᠦ᠌ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠨᠢᠭ᠍ᠲᠠᠷᠠᠭᠤᠯᠤᠨ᠎ᠠ ᠬᠡᠵᠤ ᠢᠯᠡᠳᠬᠡᠪᠡ᠃

《ᠦᠨᠳᠦᠰᠦᠲᠡᠨ᠎ᠦ᠎ᠪᠦᠯᠬᠦᠮᠳᠡᠯ᠎ᠢ ᠰᠠᠢᠲᠤᠷ ᠬᠢᠬᠦ᠌᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠴᠢᠷᠮᠠᠢᠨ ᠪᠠᠢᠭᠤᠯᠬᠤ ᠬᠡᠷᠡᠭ᠌ᠲᠡᠢ ᠭᠡᠳᠡᠭ᠎ᠢ ᠭᠦᠨᠵᠡᠭᠡᠢ ᠣᠢᠯᠠᠭᠠᠪᠠ᠃ ᠤᠯᠠᠭᠠᠨᠮᠥ᠋ᠴᠢᠷ᠎ᠦᠨ ᠨᠢᠬᠡᠨ ᠭᠡᠱᠢᠭᠦᠨ ᠪᠣᠯᠤᠭ᠍ᠰᠠᠨ ᠎ᠤ ᠬᠤᠪᠢ᠎ᠳᠤ᠂ ᠪᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠨᠠᠩ ᠣᠯᠠᠨ ᠨᠠᠩ ᠰᠠᠢᠨ ᠤᠳᠭ᠎ᠠ ᠤᠷᠠᠯᠢᠭ᠎ᠤᠨ ᠪᠦᠲᠦᠭᠡᠯ᠎ᠢ ᠴᠢᠷᠮᠠᠢᠨ ᠵᠣᠬᠢᠶᠠᠨ ᠪᠦᠲᠦᠭᠡᠵᠦ᠍᠂ ᠤᠯᠠᠭᠠᠨᠮᠥ᠋ᠴᠢᠷ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠂ ᠦᠨᠳᠦᠰᠦᠲᠡᠨ᠎ᠦ ᠰᠣᠶᠣᠯ᠎ᠤᠨ ᠬᠦᠴᠦᠷᠬᠡᠭ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠥᠪᠡᠷ᠎ᠦᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ》 ᠬᠡᠵᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ ᠭᠦᠸᠧ ᠯᠢ ᠷᠣ᠌ ᠬᠡᠯᠡᠪᠡ᠃

ᠳᠡᠭᠡᠳᠦ᠎ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠠᠴᠠ ᠢᠷᠡᠭ᠌ᠰᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠼᠤᠤ ᠬᠣᠩ᠂ ᠨᠠᠮ᠎ᠤᠨ ᠲᠥᠯᠥᠭᠡᠯᠡᠭ᠌ᠴᠢᠳ᠎ᠦᠨ ᠶᠡᠬᠡ᠎ᠬᠤᠷᠠᠯ ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂᠎ᠥᠭᠡᠷᠡᠴᠢᠯᠡᠯᠲᠡ᠎ᠶ᠋ᠢᠨ ᠠᠯᠬᠤᠭ᠎ᠠ ᠵᠢ ᠣᠨᠣᠪᠴᠢᠲᠠᠢ ᠡᠵᠡᠮᠳᠡᠵᠤ᠂ ᠭᠣᠣᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠥᠨᠳᠥᠷᠯᠢᠭ᠎ᠢ ᠴᠢᠷᠮᠠᠢᠨ ᠴᠣᠭ᠍ᠴᠠᠯᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠳᠦ ᠬᠠᠨᠳᠤᠭᠤᠯᠤᠭᠰᠠᠨ 《ᠶᠡᠬᠡ ᠦᠢᠯᠡᠰ ᠪᠦᠲᠦᠭᠡᠵᠦ᠍ ᠪᠣᠯᠬᠤ》 ᠬᠦᠰᠡᠯ ᠨᠠᠢᠳᠠᠯᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ《ᠶᠡᠬᠡ ᠦᠢᠯᠡᠰ ᠪᠦᠲᠦᠭᠡᠬᠦ᠌》ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ᠍ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠵᠠᠩ ᠵᠠᠨ ᠵᠦᠩ᠂ ᠸᠠᠨ ᠱᠢᠶᠤᠤ ᠬᠣᠩ᠂ ᠰᠠᠢᠨ᠎ᠠ᠂ ᠯᠢ ᠭᠦᠸᠧ ᠯᠢᠶᠠᠩ᠎ᠨᠠᠷ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠬᠠᠮᠤᠭ᠎ᠤᠨ ᠱᠢᠨ᠎ᠡ ᠬᠠᠮᠤᠭ᠎ᠤᠨ ᠣᠨᠣᠪᠴᠢᠲᠠᠢ ᠠᠵᠢᠯ ᠲᠦᠷᠦᠯ᠎ᠦᠨ ᠮᠡᠳᠡᠭᠡ ᠵᠠᠩᠭᠢ᠎ᠶ᠋ᠢ ᠴᠢᠷᠮᠠᠢᠨ ᠡᠵᠡᠮᠱᠢᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ᠎ᠰᠠᠢᠲᠠᠢ᠎ᠬᠥᠭ᠌ᠵᠢᠯᠲᠡ᠎ᠳᠦ᠎ᠠᠷᠭ᠎ᠠ᠎ᠤᠬᠠᠭᠠᠨ᠎ᠭᠠᠷᠭᠠᠵᠤ ᠦᠭᠬᠦᠨ᠎ᠠ ᠭᠡᠵᠦ᠍ ᠢᠯᠡᠳᠭᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面