2021-12-08 10:44:31
ᠤᠢ᠍ᠢᠷ᠎ᠠ᠎ᠳᠤ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ ᠨᠠᠮ᠎ᠤᠨ ᠬᠤᠷᠢᠶ᠎ᠠ ᠵᠢᠨ(ᠥᠷᠭᠡᠳᠭᠡᠭ᠌ᠰᠡᠨ)ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠰᠭᠠᠢ ᠰᠡᠳᠦᠪ᠎ᠢᠶᠡᠷ ᠤᠯᠠᠮᠵᠢᠯᠠᠨ ᠰᠤᠷᠤᠯᠴᠠᠵᠤ ᠲᠤᠭᠤᠰᠢᠯᠠᠭᠤᠯᠵᠤ᠂ ᠨᠠᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃
ᠬᠤᠷᠠᠯ᠎ᠡᠴᠡ᠂ᠰᠤᠷᠭᠠᠭᠤᠯᠢᠶ᠋ᠢᠨᠡᠯᠡ ᠱᠠᠲᠤᠨ᠎ᠤ ᠨᠠᠮ᠎ᠤᠨ ᠬᠣᠷᠢᠶ᠎ᠠ ᠲᠣᠬᠢᠷᠠᠭᠤᠯᠤᠯᠲᠠ ᠪᠠᠢᠷᠢᠯᠠᠭᠤᠯᠤᠯᠲᠠ᠎ᠪᠠᠨ ᠤᠯᠠᠮ ᠨᠢᠭᠡ ᠴᠢᠨᠠᠭᠰᠢᠳᠠ ᠨᠠᠷᠢᠯᠢᠭ᠍ᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠲᠡᠶ ᠣᠷᠭᠠᠨᠢᠭ᠎ᠢᠶᠠᠷ ᠤᠶᠠᠯᠳᠤᠭᠤᠯᠵᠤ᠂ ᠨᠢᠭᠡᠳᠦᠯᠲᠡᠶ ᠲᠥᠯᠥᠪᠵᠢᠭᠦᠯᠦᠨ᠂ ᠨᠢᠭᠡ ᠴᠣᠭ᠍ᠴᠠᠵᠢᠭᠤᠯᠤᠨ ᠠᠬᠢᠭᠤᠯᠬᠤ ᠬᠡᠷᠡᠭ᠌ᠲᠡᠶ᠃ ᠡᠯ᠎ᠡ ᠨᠢᠭᠡᠴᠢ ᠡᠯ᠎ᠡ ᠰᠠᠯᠠᠭ᠎ᠠ ᠮᠥᠴᠢᠷ᠎ᠦᠨ ᠬᠢᠨ ᠠᠵᠢᠯ᠎ᠤᠨ ᠪᠣᠳᠠᠲᠠᠢ᠎ᠲᠠᠶ᠎ᠪᠠᠨ ᠨᠢᠭ᠍ᠲᠠ ᠤᠶᠠᠯᠳᠤᠭᠤᠯᠵᠤ᠂ ᠦᠨᠡᠨ ᠬᠦ᠌ ᠰᠤᠷᠤᠯᠴᠠᠵᠤ ᠭᠦᠨᠵᠡᠭᠡᠢ ᠰᠤᠷᠤᠯᠴᠠᠬᠤ ᠳᠡᠭᠡᠷᠡᠬᠦᠴᠦ᠍ᠪᠡᠨᠲᠠᠯᠪᠢᠵᠤ᠂ ᠤᠬᠠᠭᠤᠯᠤᠨ ᠲᠠᠢᠯᠪᠤᠷᠢᠯᠠᠬᠤ ᠳᠡᠭᠡᠷ᠎ᠡ ᠬᠦᠴᠦ᠍᠎ᠪᠡᠨ ᠲᠠᠯᠪᠢᠵᠤ᠂ ᠰᠤᠳᠤᠯᠤᠨ ᠲᠠᠢᠯᠪᠤᠷᠢᠯᠠᠬᠤ ᠳᠡᠭᠡᠷ᠎ᠡ ᠬᠦᠴᠦ᠍᠎ᠪᠡᠨ ᠲᠠᠯᠪᠢᠵᠤ᠂ ᠥᠷᠭᠡᠨ ᠤᠯᠠᠨ ᠺᠠᠳ᠋ᠷ ᠪᠠᠭ᠍ᠰᠢ ᠰᠤᠷᠤᠭ᠍ᠴᠢᠳ᠎ᠢ ᠬᠦᠳᠦᠯᠥᠨ ᠳᠠᠭᠠᠭᠤᠯᠵᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠦᠨ ᠵᠣᠷᠢᠭ ᠰᠠᠨᠠᠭᠠᠨ᠎ᠤ ᠮᠥᠨ ᠴᠢᠨᠠᠷ ᠪᠣᠯᠤᠨ ᠠᠭᠤᠯᠤᠭ᠍ᠳᠠᠬᠤᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠤᠢ᠍ᠢᠯᠠᠭᠠᠭᠤᠯᠤᠨ ᠵᠥᠪ ᠡᠵᠡᠮᠱᠢᠭᠦᠯᠵᠦ᠍᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠬᠦ᠌ ᠬᠡᠷᠡᠭ᠌ᠲᠡᠢ ᠭᠡᠵᠤ ᠵᠢᠭᠠᠵᠤ ᠭᠠᠷᠭᠠᠵᠠᠢ᠃
ᠬᠤᠷᠠᠯ ᠡᠴᠡ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ᠎ᠦᠨ ᠬᠢᠨ ᠬᠤᠷᠠᠯ᠎ᠤᠨ ᠡᠯ᠎ᠡ ᠵᠦᠢᠯ᠎ᠦᠨ ᠪᠠᠢᠷᠢᠯᠠᠭᠤᠯᠤᠯᠲᠠ᠂ ᠢᠯᠠᠩᠭᠤᠶ᠎ᠠ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠲᠠᠯ᠎ᠠ᠎ᠪᠠᠷ ᠬᠢ ᠴᠢᠬᠤᠯᠠ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠰᠤᠷᠭᠠᠭᠤᠯᠢ ᠡᠷᠬᠢᠯᠡᠵᠦ᠍ ᠰᠤᠷᠭᠠᠭᠤᠯᠢ᠎ᠶ᠋ᠢ ᠵᠠᠰᠠᠬᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠪᠣᠳᠠᠲᠠᠢ ᠠᠵᠢᠯ ᠳᠤᠮᠳᠠ ᠨᠠᠢᠳᠠᠪᠤᠷᠢᠵᠢᠭᠤᠯᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡᠶ᠋ᠢᠭᠤᠢᠪᠢᠰᠢᠦᠭᠡᠢᠪᠠᠷᠢᠮᠲᠠᠯᠠᠵᠤ᠂ ᠥᠪᠥᠷ ᠮᠣᠩᠭᠣᠯ᠎ᠳᠤ ᠦᠨᠳᠦᠰᠦᠯᠡᠨ ᠰᠤᠷᠭᠠᠭᠤᠯᠢ ᠡᠷᠬᠢᠯᠡᠬᠦ᠌ ᠪᠠᠢᠷᠢ ᠲᠣᠭ᠍ᠲᠠᠭᠠᠯᠲᠠ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠶ᠋ᠢ ᠭᠤᠢᠪᠢᠰᠢ ᠦᠭᠡᠢ ᠪᠠᠷᠢᠮᠲᠠᠯᠠᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠰᠤᠷᠭᠠᠭᠤᠯᠢ᠎ᠶ᠋ᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠠᠲᠤ ᠴᠢᠩᠭ᠎ᠠ ᠵᠢᠭ᠍ᠰᠠᠭᠠᠯ᠎ᠤᠨ ᠭᠠᠵᠠᠷ ᠪᠣᠯᠭᠠᠨ ᠪᠦᠲᠦᠭᠡᠨ ᠪᠠᠢᠭᠤᠯᠬᠤ ᠬᠡᠷᠡᠭ᠌ᠲᠡᠢ ᠭᠡᠵᠤ ᠱᠠᠭᠠᠷᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃