ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-10 10:37:29

ᠵᠣᠬᠢᠶᠠᠭ᠍ᠴᠢ᠄ ᠪᠠᠢ ᠯᠢᠶᠠᠨ ᠣᠩᠱᠢᠭ᠍ᠰᠠᠨ ᠣᠳᠠᠭ᠎ᠠ᠄ 3

ᠤᠢ᠍ᠢᠷ᠎ᠠ᠎ᠳᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ ᠨᠠᠮ᠎ᠤᠨ ᠤᠳᠤᠷᠢᠳᠭᠤ ᠳᠤᠭᠤᠢᠯᠠᠩ ᠎ᠤᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠮᠠᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ ᠴᠢᠬᠤᠯᠠ ᠴᠠᠭ᠎ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃ ᠥᠪᠡᠷᠲᠡᠭᠡᠨ ᠎ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠨᠢ 《ᠬᠣᠣᠰ ᠵᠠᠭᠤᠨ ᠵᠢᠯ》᠎ᠤ᠋ᠨ ᠲᠡᠮᠡᠴᠡᠬᠦ᠌ ᠬᠠᠷᠠᠯᠲᠠ᠎ᠶ᠋ᠢᠨ ᠲᠡᠦᠬᠡᠨ ᠠᠭᠤᠯᠵᠠᠷ᠎ᠲᠤ ᠰᠠᠭᠤᠷᠢᠯᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠎ᠲᠠᠢ ᠨᠢᠬᠳᠠ ᠠᠪᠴᠠᠯᠳᠤᠭᠤᠯᠵᠤ᠂ ᠬᠠᠷᠢᠭᠤᠴᠠᠯᠭ᠎ᠠ ᠡᠭᠦᠷᠭᠡ ᠎ᠪᠡᠨ ᠲᠣᠳᠣᠷᠬᠠᠢᠯᠠᠵᠤ᠂ ᠬᠠᠷᠠᠯᠲᠠ ᠱᠠᠭᠠᠷᠳᠠᠯᠭ᠎ᠠ᠎ᠪᠠᠨ ᠳᠤᠷᠠᠳᠴᠤ᠌᠂ ᠭᠣᠣᠯᠳᠠᠯᠭ᠎ᠠ᠎ᠲᠠᠶ ᠡᠭᠦᠷᠭᠡ᠎ᠪᠡᠨ ᠪᠠᠢᠷᠢᠯᠠᠭᠤᠯᠵᠤ᠂ ᠢᠷᠡᠭᠡᠳᠦᠢ᠎ᠶ᠋ᠢᠨ ᠲᠠᠪᠤᠨ ᠵᠢᠯ᠎ᠦᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠱᠢᠨᠵᠢᠯᠡᠬᠦ᠌ ᠤᠬᠠᠭᠠᠨᠴᠢ᠎ᠪᠠᠷ ᠵᠢᠷᠤᠭ᠍ᠯᠠᠵᠤ᠂ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠵᠢᠯᠣᠭᠣᠳᠤᠨ ᠳᠠᠭᠠᠭᠤᠯᠬᠤ ᠠᠵᠢᠯᠯᠠᠭᠠᠨ᠎ᠤ ᠵᠦᠭ᠌ᠯᠡᠭᠦᠷ ᠪᠤᠯᠤᠨ᠎ᠠ ᠭᠡᠵᠦ ᠵᠢᠭᠠᠵᠤ ᠭᠠᠷᠭᠠᠪᠠ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠦᠵᠡᠯ ᠰᠠᠨᠠᠭ᠎ᠠ ᠪᠣᠯᠤᠨ ᠦᠶ᠋ᠯᠡ ᠠᠵᠢᠯᠯᠠᠭ᠎ᠠ᠎ᠪᠠᠨ ᠦᠨᠡᠨ ᠬᠦ᠌ ᠬᠤᠷᠠᠯ᠎ᠠᠴᠠ ᠲᠣᠭ᠍ᠲᠠᠭᠠᠭ᠍ᠰᠠᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠲᠠᠶ ᠨᠢᠭᠡᠳᠭᠡᠵᠦ᠍᠂ ᠣᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠬᠤᠷᠠᠯ᠎ᠠᠴᠠ ᠲᠣᠭ᠍ᠲᠠᠭᠠᠭ᠍ᠰᠠᠨ ᠬᠠᠷᠠᠯᠲᠠ ᠡᠭᠦᠷᠭᠡ ᠳᠡᠭᠡᠷ᠎ᠡ ᠨᠢᠭ᠍ᠲᠠᠷᠠᠭᠤᠯᠵᠤ᠂ ᠨᠠᠩ ᠴᠣᠭ ᠪᠠᠳᠠᠷᠠᠩᠭᠤᠶ ᠲᠡᠮᠡᠴᠡᠯ᠎ᠦᠨ ᠵᠣᠷᠢᠭ᠂ ᠨᠠᠩ ᠤᠷᠤᠭ᠍ᠰᠢᠯᠠᠨ ᠳᠠᠪᠱᠢᠬᠤ ᠵᠣᠷᠢᠭ ᠰᠠᠨᠠᠭ᠎ᠠ᠂ ᠨᠠᠩ ᠪᠣᠳᠠᠲᠠᠶ᠎ᠶ᠋ᠢ ᠡᠷᠬᠢᠮᠯᠡᠬᠦ᠌ ᠰᠤᠷᠲᠠᠯ᠎ᠢᠶᠠᠷ ᠡᠯ᠎ᠡ ᠵᠦᠶ᠋ᠯ᠎ᠦᠨ ᠠᠵᠢᠯ᠎ᠢᠶᠠᠨ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠮᠠᠨ᠎ᠤ ᠣᠷᠣᠨ᠎ᠤ ᠠᠮᠢ᠎ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠳᠤ ᠬᠦᠴᠦᠨ ᠨᠡᠮᠡᠷᠢᠯᠡᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠬᠤᠷᠠᠯ᠎ᠠᠴᠠ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠬᠤ ᠬᠠᠷᠢᠭᠤᠴᠠᠯᠭᠠᠲᠤ ᠰᠡᠳᠭᠢᠯᠭᠡ ᠡᠭᠦᠷᠭᠡᠲᠦ ᠪᠤᠳᠤᠯ᠎ᠢᠶᠠᠨ ᠦᠨᠡᠨ ᠬᠦ᠌ ᠴᠢᠩᠭᠠᠳᠭᠠᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠎ᠦᠨ ᠱᠢᠰᠲ᠋ᠧᠮ ᠪᠣᠯᠤᠨ ᠥᠷᠭᠡᠨ ᠤᠯᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ᠎ᠤᠨ ᠳᠤᠮᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ ᠭᠠᠷᠭᠠᠬᠤ ᠬᠡᠷᠡᠭ᠌ᠲᠡᠢ᠃ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠡᠭᠦᠷᠭᠡ ᠴᠢᠳᠠᠪᠬᠢ ᠲᠤᠱᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠬᠠᠢ ᠴᠢᠬᠤᠯᠠ ᠶᠡᠬᠡ ᠪᠠᠢᠷᠢᠯᠠᠭᠤᠯᠤᠯᠲᠠ᠎ᠳᠤ ᠣᠨᠣᠴᠠᠲᠠᠢ ᠪᠠᠷ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠲᠠᠢ ᠪᠠᠢᠳᠠᠯ᠎ᠲᠠᠶ᠎ᠪᠠᠨ ᠤᠶᠠᠯᠳᠤᠭᠤᠯᠤᠨ ᠪᠣᠳᠠᠲᠠᠢ ᠨᠠᠢᠳᠠᠪᠤᠷᠢᠵᠢᠭᠤᠯᠬᠤ ᠲᠥᠰᠦᠯ ᠲᠣᠭ᠍ᠲᠠᠭᠠᠨ᠂ ᠨᠠᠢᠳᠠᠪᠤᠷᠢᠵᠢᠭᠤᠯᠬᠤ᠎ᠠᠵᠢᠯ᠎ᠢ ᠭᠦᠨᠵᠡᠭᠡᠢ ᠰᠠᠢᠲᠤᠷ ᠠᠳᠭᠤᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠱᠢᠰᠲ᠋ᠧᠮ᠎ᠳᠦ ᠲᠤᠭᠤᠱᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面