2021-12-10 10:18:17
— ᠲᠤᠮᠳᠠᠳᠤᠤᠯᠤᠰ᠎ᠤᠨ ᠡᠪ ᠬᠠᠮᠲᠤ ᠨᠠᠮ᠎ᠤᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ
ᠲᠤᠰ ᠰᠣᠨᠢᠨ᠎ᠤ ᠱᠢᠭᠦᠮᠵᠢᠯᠡᠭ᠌ᠴᠢ
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠳᠦᠷᠢᠮᠵᠢᠯᠲᠡ᠂ ᠵᠢᠷᠤᠮᠵᠢᠯᠲᠠ᠂ ᠲᠡᠰ ᠲᠠᠷᠠᠭᠠᠵᠢᠯᠳᠠ ᠵᠢ ᠠᠬᠢᠭᠤᠯᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠎ᠶ᠋ᠢ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠢ᠎ᠡ ᠳᠡᠭᠡᠷ᠎ᠡ ᠦᠨᠡᠨ ᠪᠣᠳᠠᠲᠠᠢ ᠪᠡᠷ ᠢᠯᠡᠷᠡᠭᠦᠯᠵᠦ᠍᠂ ᠨᠠᠮ ᠪᠣᠯᠤᠨ ᠲᠦᠷᠦ᠍᠎ᠶ᠋ᠢᠨ ᠪᠠᠢᠭᠤᠯᠭ᠎ᠠ᠎ᠶ᠋ᠢᠨ ᠡᠯ᠎ᠡ ᠲᠠᠯ᠎ᠠ ᠡᠯ᠎ᠡ ᠱᠠᠳᠤ ᠳᠠᠪᠬᠤᠷᠭ᠎ᠠ᠎ᠶ᠋ᠢᠨ ᠠᠵᠢᠯ ᠳᠡᠭᠡᠷ᠎ᠡ ᠢᠯᠡᠷᠡᠭᠦᠯᠵᠦ᠍᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ᠌ ᠳᠡᠭᠡᠷ᠎ᠡ ᠢᠯᠡᠷᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠷᠠᠳᠴᠢᠯᠠᠯ᠎ᠢ ᠬᠥᠭᠡᠭᠡᠴᠡᠯᠳᠦᠭᠰᠡᠨ᠂ ᠠᠷᠠᠳᠴᠢᠯᠠᠯ᠎ᠢ ᠬᠥᠭ᠌ᠵᠢᠭᠦᠯᠦᠭᠰᠡᠨ᠂ ᠠᠷᠠᠳᠴᠢᠯᠠᠯ᠎ᠢ ᠪᠡᠶᠡᠯᠡᠭᠦᠯᠦᠭᠰᠡᠨ ᠠᠭᠤᠤ ᠶᠡᠬᠡ ᠡᠭᠦᠳᠦᠯᠲᠡ ᠮᠥᠨ᠂ ᠨᠠᠮ᠎ᠤᠨ ᠳᠤᠮᠳᠠᠳᠤ ᠤᠯᠤᠰ᠎ᠤᠨ ᠠᠷᠠᠳᠴᠢᠯᠠᠯ᠎ᠤᠨ ᠤᠨᠤᠯ᠎ᠤᠨ ᠱᠢᠨ᠎ᠡ ᠵᠢ ᠡᠭᠦᠳᠬᠦ᠂ ᠲᠦᠷᠢᠮ᠎ᠤᠨ ᠱᠢᠨ᠎ᠡ ᠵᠢ ᠡᠭᠦᠳᠬᠦ᠂ ᠦᠢᠯᠡᠳᠦᠯᠭᠡ᠎ᠶ᠋ᠢᠨ ᠱᠢᠨ᠎ᠡ ᠵᠢ ᠡᠭᠦᠳᠬᠦ᠎ᠶ᠋ᠢ ᠲᠠᠰᠤᠷᠠᠯᠳᠠ ᠦᠭᠡᠢ ᠠᠬᠢᠭᠤᠯᠤᠭ᠍ᠰᠠᠨ ᠲᠤᠷᠱᠢᠯᠭ᠎ᠠ᠎ᠶ᠋ᠢᠨ ᠤᠬᠢ ᠪᠦᠲᠦᠭᠡᠯ ᠮᠥᠨ᠃ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠲᠠ ᠥᠬᠡᠶ ᠬᠥᠭ᠌ᠵᠢᠭᠦᠯᠬᠦ᠌ ᠪᠣᠯ ᠪᠥᠬᠥ᠌ ᠣᠷᠣᠨ᠎ᠤ ᠠᠷᠠᠳ ᠲᠦᠮᠡᠨ᠎ᠦ ᠬᠦᠰᠡᠯ ᠵᠣᠷᠢᠭ᠎ᠢ ᠢᠯᠡᠷᠡᠭᠦᠯᠬᠦ᠌᠂ ᠪᠥᠬᠥ᠌ ᠣᠷᠣᠨ᠎ᠤ ᠠᠷᠠᠳ ᠲᠦᠮᠡᠨ᠎ᠦ ᠡᠷᠬᠡ ᠠᠱᠢᠭ᠎ᠢ ᠪᠠᠲᠤᠯᠠᠬᠤ᠂ ᠪᠥᠬᠥ᠌ ᠣᠷᠣᠨ᠎ᠤ ᠠᠷᠠᠳ ᠲᠦᠮᠡᠨ᠎ᠦ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠂ ᠲᠦᠷᠢᠮ᠎ᠦᠨ ᠱᠢᠰᠲ᠋ᠧᠮ᠎ᠢᠶᠡᠷ ᠠᠷᠠᠳ ᠲᠦᠮᠡᠨ᠎ᠦ ᠡᠷᠬᠡ ᠮᠡᠳᠡᠵᠦ᠍ ᠡᠵᠡᠨ ᠰᠠᠭᠤᠬᠤ ᠶ᠋ᠢ ᠪᠠᠲᠤᠯᠠᠬᠤ ᠬᠦᠴᠦᠲᠡᠶ ᠦᠶ᠋ᠯᠡᠳᠦᠯᠭᠡ ᠪᠣᠯᠤᠨ᠎ᠠ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠪᠣᠯ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠮᠥᠨ ᠴᠢᠨᠠᠷ ᠪᠠ ᠭᠣᠣᠯᠳᠠᠯᠭ᠎ᠠ ᠮᠥᠨ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ᠂ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠥᠷᠥ ᠶ᠋ᠢᠨ ᠪᠠᠢᠭᠤᠯᠤᠯᠲᠠ᠎ᠶ᠋ᠢ ᠠᠬᠢᠭᠤᠯᠬᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠲᠠ ᠦᠭᠡᠢ ᠬᠥᠭ᠌ᠵᠢᠭᠦᠯᠬᠦ᠌᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠵᠣᠭ᠍ᠰᠣᠯᠲᠠ᠎ᠳᠤ ᠪᠠᠲᠤ ᠵᠣᠭ᠍ᠰᠣᠵᠤ᠂ ᠨᠠᠮ᠎ᠤᠨ ᠣᠯᠠᠨ ᠲᠦᠮᠡᠨᠴᠢ ᠱᠤᠭᠤᠮ᠎ᠢ ᠲᠤᠭᠤᠰᠢᠯᠠᠭᠤᠯᠵᠤ᠂ ᠠᠷᠠᠳ ᠲᠦᠮᠡᠨ᠎ᠦ ᠪᠦᠲᠦᠭᠡᠯᠴᠢ ᠵᠣᠷᠢᠭ ᠰᠠᠨᠠᠭ᠎ᠠ᠎ᠶ᠋ᠢ ᠬᠦᠨᠳᠦᠳᠭᠡᠵᠦ᠂ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠶ᠋ᠯᠡᠳᠦᠯᠭᠡᠵᠢᠭᠦᠯᠵᠦ᠂ ᠪᠦᠬᠦ᠌ ᠶᠠᠪᠤᠴᠠ ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠂ ᠨᠡᠢᠭᠡᠮ᠎ᠦᠨ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠵᠤ᠂ ᠬᠥᠭ᠌ᠵᠢᠯᠲᠡ᠎ᠶ᠋ᠢᠨ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠪᠠ ᠠᠷᠠᠳ ᠤᠯᠠᠨ᠎ᠤ ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠢᠭ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ ᠶ᠋ᠢ ᠠᠬᠢᠭᠤᠯᠵᠤ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠵᠢ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠶ ᠪᠣᠯᠭᠠᠬᠤ ᠬᠡᠷᠡᠭᠲᠡᠢ᠃
ᠠᠷᠠᠳᠴᠢᠯᠠᠯ ᠪᠣᠯ ᠵᠠᠰᠠᠯ ᠴᠢᠮᠡᠭᠯᠡᠯ᠎ᠦᠨ ᠡᠳ᠋ ᠪᠢᠰᠢ᠂ ᠦᠵᠡᠮᠦᠷᠢ᠎ᠳᠦ ᠬᠡᠷᠡᠭ᠌ᠯᠡᠳᠡᠭ ᠶᠠᠭᠤᠮ᠎ᠠ ᠪᠢᠰᠢ᠂ ᠬᠠᠷᠢᠨ ᠠᠷᠠᠳ ᠲᠦᠮᠡᠨ᠎ᠦ ᠱᠢᠢᠳᠪᠦᠷᠢᠯᠡᠬᠦ᠌ ᠴᠢᠬᠤᠯᠠᠲᠠᠢ ᠠᠰᠠᠭᠤᠳᠠᠯ᠎ᠢ ᠱᠢᠢᠳᠪᠦᠷᠢᠯᠡᠬᠦ᠌᠎ᠳᠦ ᠬᠡᠷᠡᠭ᠌ᠯᠡᠳᠡᠭ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠠᠷᠠᠳ᠎ᠤᠨ ᠠᠷᠠᠳᠴᠢᠯᠠᠯ᠎ᠢ ᠬᠡᠷᠡᠭ᠌ᠵᠢᠭᠦᠯᠵᠦ᠍ ᠪᠠᠢᠭ᠎ᠠ ᠨᠢ ᠳᠠᠷᠤᠢ ᠠᠷᠠᠳ ᠲᠦᠮᠡᠨ᠎ᠦ ᠡᠵᠡᠨ ᠰᠠᠭᠤᠵᠤ ᠡᠷᠬᠡ ᠮᠡᠳᠡᠬᠦ᠌᠎ᠶ᠋ᠢ ᠲᠡᠮᠵᠢᠨ ᠪᠠᠲᠤᠯᠠᠵᠤ ᠪᠠᠢᠭ᠎ᠠ ᠶᠠᠪᠤᠳᠠᠯ ᠮᠥᠨ᠃ ᠡᠨᠡ ᠪᠣᠯ ᠤᠷᠢᠶ᠎ᠠ ᠯᠤᠽᠦᠡᠭ ᠤᠬ᠍ᠳᠤ ᠪᠢᠰᠢ᠂ ᠨᠡᠩ ᠴᠤ᠌ ᠬᠣᠭᠣᠰᠣᠨ ᠦᠭᠡ ᠲᠠᠳᠤᠢ ᠪᠢᠰᠢ᠂ ᠡᠷᠬᠡᠪᠰᠢ ᠤᠯᠤᠰ ᠲᠦᠷᠦ᠍᠎ᠶ᠋ᠢᠨ ᠠᠮᠢᠳᠤᠷᠠᠯ ᠪᠠ ᠨᠡᠢᠭᠡᠮ᠎ᠦᠨ ᠠᠮᠢᠳᠤᠷᠠᠯ᠎ᠤᠨ ᠦᠢᠯᠡᠳᠦᠯᠭᠡ ᠳᠤᠮᠳᠠ ᠨᠠᠢᠳᠠᠪᠤᠷᠢᠵᠢᠭᠤᠯᠵᠤ᠂ ᠪᠣᠳᠠᠲᠠᠢ᠎ᠶ᠋ᠢ ᠡᠷᠬᠢᠮᠯᠡᠨ ᠲᠤᠰᠠᠳᠠᠢ ᠪᠠᠢᠬᠤ᠎ᠶ᠋ᠢ ᠴᠢᠬᠤᠯᠠᠴᠢᠯᠠᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢ ᠡᠷᠬᠢᠮᠯᠡᠬᠦ ᠬᠡᠷᠡᠭ᠌ᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠠᠷᠠᠳ ᠲᠦᠮᠡᠨ ᠡᠵᠡᠨ ᠰᠠᠭᠤᠬᠤ ᠡᠷᠬᠡ ᠮᠡᠳᠡᠬᠦ᠎ᠶ᠋ᠢ ᠪᠠᠷᠢᠮᠲᠠᠯᠠᠬᠤ᠂ ᠠᠷᠠᠳ᠎ᠤᠨ ᠠᠷᠠᠳᠴᠢᠯᠠᠯ᠎ᠢ ᠪᠠᠳᠠᠷᠠᠭᠤᠯᠬᠤ ᠡᠯ᠎ᠡ ᠵᠦᠶ᠋ᠯ᠎ᠦᠨ ᠲᠦᠷᠢᠮ ᠱᠠᠭᠠᠷᠳᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠠᠷᠠᠳ᠎ᠤᠨ ᠠᠷᠠᠳᠴᠢᠯᠠᠯ᠎ᠢ ᠴᠢᠨᠠᠭ᠍ᠰᠢᠳᠠ ᠥᠷᠭᠡᠳᠭᠡᠵᠦ᠍᠂ ᠬᠠᠤᠯᠢᠵᠢᠯ᠎ᠤᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ᠎ᠤᠨ ᠠᠷᠠᠳᠴᠢᠯᠠᠯ᠎ᠤᠨ ᠨᠠᠩ ᠥᠷᠭᠡᠨ ᠳᠡᠯᠭᠡᠷ᠂ ᠨᠠᠩ ᠭᠦᠶ᠋ᠴᠡᠳ᠂ ᠨᠠᠩ ᠪᠦᠷᠢᠨ ᠲᠡᠭᠦᠯᠳᠡᠷ ᠬᠥᠭ᠌ᠵᠢᠯᠲᠡ᠎ᠶ᠋ᠢ ᠠᠬᠢᠭᠤᠯᠵᠤ᠂ ᠡᠯ᠎ᠡ ᠵᠦᠶ᠋ᠯ᠎ᠦᠨ ᠲᠦᠷᠢᠮ᠎ᠦᠨ ᠪᠠᠢᠭᠤᠯᠤᠯᠲᠠ ᠪᠣᠯᠤᠨ ᠵᠠᠰᠠᠯᠲᠠ᠎ᠶ᠋ᠢᠨ ᠱᠢᠨ᠎ᠡ ᠡᠭᠦᠳᠦᠯᠲᠡ ᠳ᠋ᠤ ᠠᠷᠠᠳ ᠲᠦᠮᠡᠨ᠎ᠦ ᠬᠦᠰᠡᠯ ᠵᠣᠷᠢᠯᠲᠠ᠎ᠶ᠋ᠢ ᠨᠠᠩ ᠰᠠᠢᠲᠤᠷ ᠢᠯᠡᠷᠡᠭᠦᠯᠵᠦ᠍᠂ ᠠᠷᠠᠳ ᠲᠦᠮᠡᠨ᠎ᠦ ᠡᠷᠬᠡ ᠠᠱᠢᠭ᠎ᠢ ᠪᠠᠲᠤᠯᠠᠵᠤ᠂ ᠠᠷᠠᠳ ᠲᠦᠮᠡᠨ᠎ᠦ ᠡᠭᠦᠳᠦᠨ ᠪᠦᠲᠦᠭᠡᠬᠦ ᠴᠢᠳᠠᠪᠤᠷᠢ ᠵᠢ ᠬᠦᠭᠵᠢᠭᠡᠬᠦ ᠬᠡᠷᠡᠭ᠌ᠲᠡᠶ᠃
ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠪᠣᠯ ᠪᠦᠬᠦ᠌ ᠬᠡᠯᠬᠢᠶᠡᠨ᠎ᠦ᠂ ᠪᠦᠬᠦ᠌ ᠲᠠᠯ᠎ᠠ᠎ᠶ᠋ᠢᠨ᠂ ᠪᠦᠬᠦᠨ᠎ᠢ ᠬᠠᠮᠤᠷᠬᠤ ᠠᠷᠠᠳᠴᠢᠯᠠᠯ ᠮᠥᠨ᠂ ᠬᠠᠮᠤᠭ᠎ᠤᠨ ᠥᠷᠭᠡᠨ ᠳᠡᠯᠭᠡᠷ᠂ ᠬᠠᠮᠤᠭ ᠤᠨ ᠦᠨᠡᠨ ᠪᠣᠳᠠᠲᠠᠢ᠂ ᠬᠠᠮᠤᠭ᠎ᠤᠨ ᠲᠤᠰᠠᠲᠠᠢ ᠨᠡᠢᠭᠡᠮ ᠵᠢᠷᠤᠮ᠎ᠤᠨ ᠠᠷᠠᠳᠴᠢᠯᠠᠯ ᠮᠥᠨ᠃ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠲᠠ ᠦᠭᠡᠢ ᠬᠥᠭ᠌ᠵᠢᠭᠦᠯᠬᠦ᠌᠎ᠳᠦ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠳᠦᠷᠢᠮ᠎ᠦᠨ ᠱᠢᠰᠲ᠋ᠧᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠳᠦᠷᠢᠮ᠎ᠦᠨ ᠳᠠᠪᠠᠭᠤᠯᠢᠭ᠎ᠢ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠨᠡᠩ ᠰᠠᠢᠲᠤᠷ ᠬᠤᠪᠢᠷᠠᠭᠤᠯᠬᠤ ᠬᠡᠷᠡᠭ᠌ᠲᠡᠢ; ᠠᠷᠠᠳᠴᠢᠯᠠᠯ᠎ᠤᠨ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠠᠷᠠᠳᠴᠢᠯᠠᠯ᠎ᠤᠨ ᠠᠷᠭ᠎ᠠ ᠵᠠᠮ᠎ᠢ ᠥᠷᠭᠡᠳᠭᠡᠵᠦ᠍᠂ ᠠᠷᠠᠳ ᠤᠯᠠᠨ᠎ᠤ ᠰᠠᠨᠠᠯ ᠱᠠᠭᠠᠷᠳᠠᠯᠭ᠎ᠠ᠎ᠶ᠋ᠢ ᠢᠯᠡᠷᠡᠭᠦᠯᠵᠦ᠍᠂ ᠬᠠᠷᠢᠭᠤ ᠦᠭᠬᠦ ᠬᠡᠷᠡᠭ᠌ᠲᠡᠢ; ᠬᠠᠮᠤᠭ᠎ᠤᠨ ᠥᠷᠭᠡᠨ ᠳᠡᠯᠭᠡᠷ ᠤᠯᠤᠰ ᠵᠢᠡᠨ ᠬᠠᠢᠷᠠᠯᠠᠬᠤ ᠨᠢᠭᠡᠳᠦᠮᠡᠯ ᠹᠷᠣᠨᠲ ᠢ᠋ ᠪᠡᠬᠢᠵᠢᠭᠦᠯᠦᠨ ᠬᠥᠭ᠌ᠵᠢᠭᠦᠯᠵᠦ᠍᠂ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠨ᠂ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ᠎ᠤᠨ ᠤᠶᠠᠯᠳᠤᠯ᠎ᠢ ᠪᠠᠷᠢᠮᠲᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠤᠨ᠂ ᠬᠠᠮᠤᠭ᠎ᠤᠨ ᠶᠡᠬᠡ ᠶᠡᠷᠦᠩᠬᠡᠢ ᠬᠤᠷᠢᠶᠠᠭ᠍ᠴᠢ ᠲᠣᠭ᠎ᠠ᠎ᠶ᠋ᠢ ᠴᠢᠷᠮᠠᠢᠨ ᠡᠷᠢᠯᠬᠢᠯᠡᠵᠦ᠍᠂ ᠬᠠᠮᠤᠭ᠎ᠤᠨ ᠶᠡᠬᠡ ᠢᠵᠢᠯᠢ ᠲᠥᠪ᠎ᠲᠦ ᠲᠣᠭᠣᠷᠢᠭ᠎ᠢ ᠵᠢᠷᠤᠭ᠍ᠯᠠᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠶᠤᠨ ᠤᠬᠠᠭᠠᠨ ᠪᠠ ᠬᠦᠴᠦᠨ ᠴᠢᠳᠠᠯ᠎ᠢ ᠬᠠᠮᠤᠭ᠎ᠤᠨ ᠶᠡᠬᠡ ᠬᠡᠮᠵᠢᠡᠪᠡᠷ ᠨᠢᠭ᠍ᠲᠠᠷᠠᠭᠤᠯᠬᠤ ᠬᠡᠷᠡᠭ᠌ᠲᠡᠢ᠃
ᠤᠯᠠᠨ᠎ᠤ ᠬᠦᠴᠦᠨ ᠨᠢᠭᠡᠳᠪᠡᠯ ᠲᠦᠮᠡᠨ ᠵᠢᠩ᠎ᠢ ᠡᠷᠭᠦᠵᠦ᠍᠂ ᠲᠦᠮᠡᠨ᠎ᠤ ᠤᠬᠠᠭᠠᠨ ᠨᠡᠢᠯᠡᠪᠡᠯ ᠠᠤᠭ᠎ᠠ ᠦᠢᠯᠡᠰ᠎ᠢ ᠪᠦᠳᠦᠬᠡᠵᠤ ᠴᠢᠳᠠᠨ᠎ᠠ᠃ ᠱᠢᠨ᠎ᠡ ᠴᠠᠭ ᠦᠶ᠎ᠡ᠎ᠳᠦ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠠᠶᠠᠨ᠎ᠳᠤ ᠮᠣᠷᠳᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠡᠷᠬᠡᠪᠰᠢ ᠢᠮᠠᠭ᠍ᠲᠠ ᠠᠷᠠᠳ ᠲᠦᠮᠡᠨ ᠦ ᠵᠣᠭ᠍ᠰᠣᠯᠲᠠ᠎ᠳᠤ ᠪᠠᠲᠤ ᠵᠣᠭ᠍ᠰᠣᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠪᠠ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠵᠤ᠂ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ᠪᠦᠬᠦ᠌ ᠶᠠᠪᠤᠴᠠ ᠶ᠋ᠢᠨ ᠠᠷᠠᠳ᠎ᠤᠨ ᠠᠷᠠᠳᠴᠢᠯᠠᠯ᠎ᠤᠨ ᠤᠯᠤᠰ ᠲᠦᠷᠦ᠍᠎ᠶ᠋ᠢᠨ ᠦᠢᠯᠡᠳᠦᠯᠭᠡ᠎ᠶ᠋ᠢ ᠡᠷᠡᠰ ᠭᠤᠢᠪᠢᠰᠢ ᠦᠭᠡᠢ ᠦᠢᠯᠡᠳᠦᠯᠭᠡᠵᠢᠭᠦᠯᠵᠦ᠍᠂ ᠪᠦᠬᠦ᠌ ᠶᠠᠪᠤᠴᠠ᠎ᠶ᠋ᠢᠨ ᠠᠷᠠᠳᠤᠨᠠᠷᠠᠳᠴᠢᠯᠠᠯᠤᠨᠮᠣᠳᠣᠶ᠋ᠢᠦᠨᠳᠦᠰᠦᠨᠢᠭᠦᠨᠨᠠᠪᠴᠢᠨᠢᠰᠠᠬᠤᠯᠢᠭ ᠤᠷᠭᠤᠭᠤᠯᠵᠤ᠂ ᠮᠦᠩᠬᠡ ᠨᠣᠭᠣᠭᠠᠨ ᠪᠠᠢᠯᠭᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠳ᠋ᠤ ᠬᠦᠴᠦᠷᠬᠡᠭ ᠶᠡᠬᠡ ᠬᠦᠴᠦᠨ ᠴᠢᠳᠠᠯ᠎ᠢ ᠨᠢᠭ᠍ᠲᠠᠷᠠᠭᠤᠯᠰᠤᠭᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃