2021-12-11 20:29:34
12 ᠰᠠᠷ᠎ᠠ᠎ᠶᠢᠨ 9᠎ᠤ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠴᠠᠪ ᠬᠤᠳᠠ᠎ᠳᠤ ᠤᠬᠠᠭᠤᠯᠤᠨ ᠲᠠᠢᠯᠪᠤᠷᠢᠯᠠᠪᠠ᠃
ᠲᠤᠰ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠬᠤᠲᠠ᠎ᠶᠢᠨ ᠵᠠᠰᠠᠭ᠎ᠤᠨ ᠣᠷᠳᠣᠨ᠎ᠤ ᠠᠰᠠᠷ᠎ᠤᠨ ᠮᠡᠳᠡᠭᠦᠯᠦᠯᠲᠡ᠎ᠶᠢᠨ ᠲᠢᠩᠬᠢᠮ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠡᠰᠢᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠳᠠᠰ᠎ᠤᠨ ᠣᠨᠣᠯ᠎ᠤᠨ ᠭᠠᠵᠠᠷ᠎ᠤᠨ ᠳᠠᠷᠤᠭ᠎ᠠ ᠸᠠᠩ ᠬ᠍ᠤ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ᠎ᠶᠢᠨ ᠵᠢᠷᠭᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠱ᠋ᠢᠯᠠᠭᠤᠯᠵᠤ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰᠢ᠋ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠰᠢᠨ᠎ᠡ ᠠᠶᠠᠨ᠎ᠳᠤ ᠥᠪᠥᠷ ᠮᠣᠩᠭᠤᠯ᠎ᠤᠨ ᠬᠦᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠶ᠎ᠠ》 ᠬᠡᠬᠦ ᠭᠤᠤᠯ ᠰᠡᠳᠦᠪ᠎ᠤᠨ ᠲᠣᠭᠤᠷᠢᠨ᠎ᠳᠤ᠂《ᠵᠢᠷᠭᠤᠳᠤᠭᠠᠷ ᠪᠦᠬᠦᠳᠠ ᠬᠤᠷᠠᠯ᠎ᠠᠴᠠ ᠭᠠᠷᠭᠠᠬᠰᠠᠨ ᠲᠡᠤᠬᠡᠲᠤ ᠴᠢᠨᠠᠷᠲᠠᠢ ᠰᠢᠢᠳᠪᠦᠷᠢ᠎ᠶᠢᠨ ᠴᠢᠬᠤᠯᠠ ᠶᠡᠭᠡ ᠠᠴᠢ ᠬᠤᠯᠪᠣᠬᠳᠠᠯ》᠂《ᠵᠠᠭᠤᠨ ᠵᠢᠯ᠎ᠤᠨ ᠲᠡᠮᠡᠴᠡᠯ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠ ᠴᠢᠬᠤᠯᠠ ᠶᠡᠭᠡ ᠠᠮᠵᠢᠯᠲᠠ ᠪᠦᠲᠦᠮᠵᠢ》᠂《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠰᠢᠨ᠎ᠡ ᠴᠠᠭ ᠦᠶ᠎ᠡ᠎ᠳᠤ ᠤᠷᠤᠬ᠍ᠰᠠᠨ᠎ᠤ ᠳᠠᠷᠠᠭᠠᠬᠢ ᠲᠡᠦᠬᠡᠲᠦ ᠴᠢᠨᠠᠷᠲᠠᠢ ᠠᠮᠵᠢᠯᠲᠠ ᠪᠦᠳᠦᠮᠵᠢ ᠪᠠ ᠲᠡᠦᠬᠡᠲᠦ ᠴᠢᠨᠠᠷᠲᠠᠢ ᠬᠤᠪᠢᠰᠤᠯᠲᠠ》᠂ 《〈ᠬᠤᠶᠠᠷᠢ᠋ ᠲᠣᠬᠲᠠᠭᠠᠬᠤ〉 ᠵᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠬᠳᠠᠯ》᠂ 《ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡᠲᠦ ᠠᠴᠢ ᠬᠤᠯᠪᠣᠬᠳᠠᠯ ᠪᠠ ᠲᠡᠦᠬᠡᠨ ᠲᠤᠷᠰᠢᠯᠭ᠎ᠠ》᠂ 《ᠲᠡᠦᠬᠡ᠎ᠪᠠᠷ ᠲᠤᠯᠢ ᠪᠤᠯᠭᠠᠨ ᠢᠷᠡᠭᠡᠳᠦᠢ᠎ᠶᠢ ᠡᠭᠦᠳᠦᠨ ᠨᠡᠭᠡᠭᠡᠬᠦ᠌ ᠴᠢᠬᠤᠯᠠ ᠱᠠᠭᠠᠷᠳᠠᠯᠭ᠎ᠠ》 ᠵᠡᠷᠭᠡ 6 ᠲᠠᠯ᠎ᠠ᠎ᠪᠠᠷ ᠮᠡᠳᠡᠭᠦᠯᠦᠯᠲᠡ ᠬᠢᠪᠠ᠃
ᠤᠯᠠᠭᠠᠨᠴᠠᠪ ᠬᠤᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠤᠯᠤᠰ ᠲᠥᠷᠥ᠎ᠶᠢᠨ ᠬᠡᠯᠲᠡᠰ᠎ᠤᠨ ᠡᠷᠬᠢᠯᠡᠭᠴᠢ ᠵᠢᠶ ᠹᠠᠩ᠄ 《 ᠡᠨᠡ ᠡᠳᠤᠷ ᠲᠤᠬᠠᠶ᠎ᠶᠢᠨ ᠲᠠᠯᠠᠪᠠᠶ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠡᠰᠢᠬᠦᠨ᠎ᠤ ᠮᠡᠳᠡᠭᠦᠯᠦᠯᠲᠡ ᠵᠢ ᠰᠣᠨᠣᠰᠤᠬᠰᠠᠨ ᠳ᠋ᠠᠭᠠᠨ ᠤᠯᠵᠠᠭᠤᠷᠬᠠᠵᠦ ᠪᠠᠢᠨ᠎ᠠ᠃ ᠲᠠᠷᠠᠭᠠᠴᠢ᠎ᠪᠠᠷ᠂ ᠬᠤᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ᠎ᠬᠢᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠤᠬᠠᠭᠤᠯᠬᠤ᠎ᠶᠢ ᠣᠳᠣᠬᠠᠨ ᠪᠠ ᠬᠤᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠥᠷᠥ᠎ᠶᠢᠨ ᠡᠭᠦᠷᠭᠡ ᠪᠣᠯᠭᠠᠵᠤ᠂ ᠲᠦᠪᠯᠡᠷᠡᠭᠦᠯᠵᠦ ᠤᠬᠠᠭᠤᠯᠤᠨ ᠲᠠᠢᠯᠪᠤᠷᠢᠯᠠᠬᠤ ᠰᠤᠷᠤᠯᠴᠠᠯᠭ᠎ᠠ᠂ ᠬᠤᠪᠢ ᠬᠥᠮᠦᠨ ᠥᠪᠡᠷ᠎ᠵᠢᠡᠨ ᠰᠤᠷᠤᠯᠴᠠᠬᠤ᠂ ᠨᠠᠮ᠎ᠤᠨ ᠬᠤᠷᠢᠶ᠎ᠠ ᠵᠢᠨ ᠤᠨᠤᠯ ᠰᠤᠷᠤᠯᠴᠠᠬᠤ ᠭᠤᠤᠯ ᠳᠤᠭᠤᠢᠯᠠᠩ ᠳᠠᠭᠠᠭᠤᠯᠤᠨ ᠰᠤᠷᠤᠯᠴᠠᠬᠤ᠂ ᠭᠤᠤᠯ ᠬᠠᠷᠢᠭᠤᠴᠠᠯᠭᠠᠲᠠᠨ ᠲᠤᠰᠭᠠᠶ ᠰᠡᠳᠦᠪ ᠵᠢᠡᠷ ᠤᠬᠠᠭᠤᠯᠤᠨ ᠲᠠᠢᠯᠪᠤᠷᠢᠯᠡᠬᠤ ᠵᠡᠷᠭᠡ ᠰᠢᠷᠢᠰ ᠠᠵᠢᠯᠯᠠᠭ᠎ᠠ᠎ᠪᠠᠷ ᠳᠠᠮᠵᠢᠭᠤᠯᠤᠨ ᠥᠷᠭᠡᠨ ᠣᠯᠠᠨ ᠳᠣᠲᠣᠭᠠᠳᠤ᠎ᠶᠢ ᠬᠠᠮᠠᠭᠠᠯᠠᠬᠤ ᠠᠷᠠᠳ᠎ᠤᠨ ᠴᠠᠬᠳᠠᠭ᠎ᠠ᠎ᠶᠢᠨ ᠬᠦᠰᠡᠯ ᠨᠠᠢᠳᠠᠯᠭ᠎ᠠ᠎ᠶᠢ ᠪᠠᠲᠤ ᠴᠡᠭᠡᠵᠢᠯᠡᠵᠦ᠍᠂ ᠵᠣᠷᠢᠬᠲᠠᠶᠪᠠᠷ ᠬᠠᠷᠢᠭᠤᠴᠠᠯᠭ᠎ᠠ ᠡᠭᠦᠷᠭᠡᠯᠡᠬᠦ᠌᠎ᠶᠢ ᠬᠥᠲᠥᠯᠥᠨ ᠵᠢᠯᠤᠭᠤᠳᠤᠨ᠎ᠠ;ᠤᠯᠤᠰ ᠲᠥᠷᠥ᠎ᠶᠢᠨ ᠤᠬᠠᠮᠰᠠᠷ᠎ᠵᠢᠡᠨ ᠴᠢᠨᠠᠬᠱᠢᠳᠠ ᠴᠢᠩᠭᠠᠳᠭᠠᠵᠤ᠂ ᠤᠯᠤᠰ ᠲᠥᠷᠥ᠎ᠶᠢᠨ ᠵᠣᠬᠰᠣᠴᠠ᠎ᠪᠠᠨ ᠲᠡᠭᠡᠭᠱᠢᠯᠡᠭᠦᠯᠵᠦ᠍᠂ ᠶᠡᠷᠦᠩᠬᠡᠶ ᠱᠦᠵᠢ ᠰᠢ᠎ᠶᠢᠨ ᠫᠢᠩ᠎ᠤᠨ ᠥᠪᠥᠷ ᠮᠣᠩᠭᠤᠯ᠎ᠳᠤ ᠲᠠᠯᠪᠢᠬᠰᠠᠨ ᠬᠦᠰᠡᠯ ᠨᠠᠢᠳᠠᠯᠭ᠎ᠠ᠎ᠶᠢ ᠭᠦᠨᠵᠡᠭᠡᠶ ᠰᠤᠷᠤᠯᠴᠠᠨ ᠰᠠᠢᠳᠤᠷ ᠣᠢᠯᠠᠭᠠᠵᠤ᠂ ᠴᠠᠭ ᠢᠮᠠᠬᠲᠠ ᠪᠠᠷᠢᠮᠵᠢᠶᠠᠯᠠᠨ ᠬᠠᠷᠭᠤᠭᠤᠯᠵᠤ ᠪᠠᠢᠭᠠᠳ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠦᠨᠡᠨ ᠬᠦ᠌ ᠰᠠᠢᠲᠤᠷ ᠠᠳᠭᠤᠨ᠂ ᠪᠥᠬᠦ᠌ ᠬᠤᠲᠠ᠎ᠶᠢᠨ ᠳᠣᠲᠣᠭᠠᠳᠤ᠎ᠶᠢ ᠬᠠᠮᠠᠭᠠᠯᠠᠬᠤ ᠠᠵᠢᠯ᠎ᠤᠨ ᠰᠢᠨ᠎ᠡ ᠦᠷ᠎ᠡ ᠪᠦᠲᠦᠮᠵᠢ ᠪᠠᠷ ᠵᠢᠡᠡ〈ᠬᠤᠶᠠᠷᠢ᠋ ᠬᠠᠮᠠᠭᠠᠯᠠᠬᠤ〉ᠵᠢ ᠦᠨᠡᠨ ᠬᠦ᠌ ᠤᠢ᠍ᠢᠯᠡᠳᠦᠯᠭᠡᠵᠢᠭᠦᠯᠦᠨᠠ》 ᠬᠡᠵᠤ ᠬᠡᠯᠡᠪᠡ᠃
ᠲᠤᠰᠡᠳᠦᠷᠤᠨᠦᠳᠡᠶᠢᠨᠬᠤᠢᠨᠠ᠂ᠥᠪᠡᠷᠲᠡᠭᠡᠨᠵᠠᠰᠠᠬᠤᠣᠷᠣᠨᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠯᠢᠶᠠᠩᠴᠧᠩ ᠰᠢᠶᠠᠨ᠎ᠤ ᠨᠠᠮ᠎ᠤᠨ ᠬᠤᠷᠢᠶ᠎ᠠ᠂ ᠰᠦᠢᠶᠤᠸᠠᠨ ᠥᠪᠥᠷ ᠮᠣᠩᠭᠤᠯ᠎ᠤᠨ ᠬᠤᠪᠢᠰᠭᠠᠯ᠎ᠤᠨ ᠳᠤᠷᠠᠰᠭᠠᠯ᠎ᠤᠨ ᠬᠦᠷᠢᠶᠡᠯᠡᠩ᠎ᠤᠨ ᠬᠤᠪᠢᠰᠭᠠᠯᠲᠤ ᠬᠥᠮᠦᠵᠢᠯ᠎ᠤᠨ ᠰᠠᠭᠤᠷᠢᠨ᠎ᠳᠤ ᠭᠦᠨᠵᠡᠭᠡᠢᠷᠡᠵᠦ᠍᠂ ᠶᠠᠷᠢᠯᠴᠠᠬᠤ᠂ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶᠢᠨ ᠬᠤᠷᠠᠯ ᠬᠢᠬᠦ᠌ ᠵᠡᠷᠭᠡ ᠬᠡᠯᠪᠡᠷᠢ᠎ᠪᠠᠷ ᠲᠤᠬᠠᠢ᠎ᠶᠢᠨ ᠭᠠᠵᠠᠷ᠎ᠤᠨ ᠨᠠᠮ᠎ᠤᠨ ᠭᠡᠰᠢᠭᠦᠨ ᠺᠠᠳ᠋ᠷᠴᠤᠳᠲᠤᠨᠠᠮᠤᠨᠠᠷᠪᠠᠶᠢᠰᠦᠳᠦᠭᠡᠷᠬᠤᠭᠤᠴᠠᠭᠠᠨᠤᠲᠥᠪᠬᠤᠷᠢᠶᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃