2021-12-10 10:47:05
12 ᠰᠠᠷ᠎ᠠ᠎ᠶ᠋ᠢᠨ 8᠎ᠤ᠋ ᠡᠳᠦᠷ᠂ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠪᠤᠭᠤᠲᠤ ᠬᠤᠳᠠ ᠳ᠋ᠦ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃
ᠪᠤᠭᠤᠳᠤ ᠵᠢᠨ ᠪᠤᠯᠤᠳ ᠲᠡᠮᠦᠷ ᠤ᠋ᠨ (ᠪᠦᠯᠦᠭ᠌ᠯᠡᠯ) ᠺᠣᠮᠫᠠᠨᠢ ᠳ᠋ᠦ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠨᠠᠮ ᠤ᠋ᠨ ᠲᠡᠦᠬᠡ ᠪᠠ ᠲᠤᠯᠭᠤᠷ ᠪᠢᠴᠢᠭ ᠰᠤᠳᠤᠯᠬᠤ ᠲᠠᠰᠤᠭ ᠤ᠋ᠨ ᠡᠷᠬᠢᠯᠡᠭ᠌ᠴᠢ ᠳ᠋ᠦ᠋ ᠢ ᠱᠢᠨ 《ᠭᠤᠷᠪᠠᠳᠤᠭᠠᠷ ᠲᠡᠦᠬᠡᠳᠦ ᠱᠢᠢᠳᠪᠦᠷᠢ᠎ᠶ᠋ᠢᠨ ᠭᠣᠣᠯ ᠴᠢᠬᠤᠯᠠ ᠠᠭᠤᠯᠭ᠎ᠠ᠎ᠶ᠋ᠢ ᠡᠵᠡᠮᠱᠢᠬᠦ᠌》᠂ 《ᠨᠠᠮ ᠤ᠋ᠨ ᠵᠠᠭᠤᠨ ᠵᠢᠯ᠎ᠦᠨ ᠠᠭᠤᠤ ᠶᠡᠬᠡ ᠠᠮᠵᠢᠯᠲᠠ ᠪᠦᠲᠦᠮᠵᠢ ᠪᠡᠷ ᠲᠡᠮᠡᠴᠡᠯ᠎ᠦᠨ ᠵᠣᠷᠢᠭ ᠵᠢᠠᠨ ᠬᠦᠪᠴᠢᠯᠡᠬᠦ》᠂《ᠨᠠᠮ ᠤ᠋ᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠱᠢᠯᠭ᠎ᠠ᠎ᠠᠴᠠ ᠱᠢᠮ᠎ᠡ ᠲᠡᠵᠢᠭᠡᠯ ᠬᠦᠷᠳᠡᠬᠦ᠌》᠂《ᠨᠠᠮ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠡᠪᠲᠡᠷᠬᠡᠢ ᠣᠢᠯᠠᠭᠠᠵᠤ᠂ ᠡᠷᠡᠮᠡᠬᠡᠢᠯᠡᠨ ᠤᠷᠤᠬᠰᠢᠯᠠᠨ ᠡᠷᠡᠯᠭᠡᠭᠯᠡᠨ ᠲᠡᠮᠡᠴᠡᠬᠦ᠌ ᠬᠥᠳᠡᠯᠭᠡᠬᠦ᠌ ᠬᠦᠴᠦᠨ ᠢ᠋ ᠴᠢᠩᠭᠠᠳᠭᠠᠬᠤ》 ᠵᠡᠷᠭᠡ 4 ᠲᠠᠯ᠎ᠠ᠎ᠪᠠᠷ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠵᠣᠷᠢᠭ ᠰᠠᠨᠠᠭ᠎ᠠ᠎ᠶ᠋ᠢᠨ ᠲᠤᠬᠠᠢ ᠭᠦᠨᠵᠡᠭᠡᠢ ᠨᠠᠷᠢᠯᠢᠭ ᠲᠠᠢᠯᠤᠮᠵᠢ ᠬᠢᠵᠡᠢ᠃
ᠪᠤᠭᠤᠲᠤ᠎ᠶ᠋ᠢᠨ ᠪᠤᠯᠤᠳ ᠲᠡᠮᠤᠷ᠎ᠦᠨ ᠪᠥᠯᠥᠭᠯᠡᠯ ᠺᠣᠮᠫᠠᠨᠢ᠎ᠶ᠋ᠢᠨ ᠨᠠᠮ ᠤ᠋ᠨ ᠬᠣᠷᠢᠶ᠎ᠠ ᠵᠢᠨ ᠱᠦᠵᠢ᠂ᠬᠡᠷᠡᠭᠮᠡᠳᠡᠭ᠌ᠴᠢᠳᠦᠨᠳᠠᠷᠤᠭᠠᠸᠧᠢᠱᠤᠸᠠᠨ ᠱ᠌ᠢ᠄ 《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢᠨ ᠥᠷᠭᠡᠨ ᠤᠯᠠᠨ ᠺᠠᠳ᠋ᠷ ᠠᠵᠢᠯᠳᠠᠨ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠵᠣᠷᠢᠭ ᠰᠠᠨᠠᠭ᠎ᠠ ᠳ᠋ᠦ ᠨᠡᠩ ᠭᠦᠨᠵᠡᠭᠡᠢ᠂ ᠱᠢᠰᠲᠸᠮ ᠲᠠᠢ ᠣᠢᠯᠠᠭᠠᠯᠲᠠ᠎ᠲᠠᠶ ᠪᠤᠯᠵᠤ᠂ ᠲᠡᠦᠬᠡᠨ ᠬᠦᠭᠵᠢᠯᠳᠡ ᠵᠢᠨ ᠤᠴᠢᠷ ᠰᠢᠯᠳᠠᠭᠠᠨ᠂ ᠵᠠᠢᠯᠠᠰᠢ ᠦᠭᠡᠢ ᠴᠢᠨᠠᠷ ᠢ᠋ ᠵᠠᠳᠠᠯᠤᠨ ᠳᠠᠨᠢᠵᠤ᠂ ᠨᠠᠮ ᠤ᠋ᠨ ᠵᠠᠭᠤᠨ ᠵᠢᠯᠦᠨᠲᠡᠮᠡᠴᠡᠯᠦᠨᠴᠢᠬᠤᠯᠠᠶᠡᠬᠡ ᠠᠮᠵᠢᠯᠲᠠ ᠪᠦᠲᠦᠮᠵᠢ ᠪᠣᠯᠤᠨ ᠲᠡᠦᠬᠡ᠎ᠶ᠋ᠢᠨ ᠲᠤᠷᠱᠢᠯᠭ᠎ᠠ᠎ᠶ᠋ᠢ ᠨᠡᠩᠭᠦᠨᠵᠡᠭᠡᠢᠣᠢᠯᠠᠭᠠᠵᠤ᠂ᠱᠢᠨᠡᠠᠶᠠᠨᠵᠠᠮᠳ᠋ᠦᠠᠵᠤ ᠠᠬᠤᠢᠯᠠᠯ᠎ᠢᠶᠠᠨ ᠬᠦᠴᠦᠷᠬᠡᠭ᠌ᠵᠢᠭᠦᠯᠵᠦ᠍ ᠤᠯᠤᠰ᠎ᠲᠠᠭᠠᠨ ᠵᠢᠳᠬᠦᠬᠦ᠌ ᠤᠶᠤᠨ ᠤᠬᠠᠭᠠᠨ ᠪᠣᠯᠤᠨ ᠬᠦᠴᠦᠨ ᠴᠢᠳᠠᠯ ᠢ᠋ ᠨᠡᠩ ᠨᠡᠮᠡᠭ᠌ᠳᠡᠭᠦᠯᠦᠭ᠌ᠰᠡᠨ ᠪᠠᠢᠨ᠎ᠠ᠃ ᠪᠤᠭᠤᠲᠤ᠎ᠶ᠋ᠢᠨ ᠪᠤᠯᠤᠳ ᠲᠡᠮᠤᠷ᠎ᠦᠨ ᠪᠥᠯᠥᠭᠯᠡᠯ ᠺᠣᠮᠫᠠᠨᠢ ᠪᠣᠯ ᠬᠤᠪᠢᠰᠭᠠᠯ ᠤ᠋ᠨ ᠠᠵᠤ ᠠᠬᠤᠢᠯᠠᠯ᠂〈ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ ᠶ᠋ᠢᠨ ᠪᠤᠯᠤᠳ ᠲᠡᠮᠤᠷ᠎ᠦᠨ ᠪᠥᠯᠥᠭᠯᠡᠯ ᠺᠣᠮᠫᠠᠨᠢ᠎ᠶ᠋ᠢ ᠪᠠᠢᠭᠤᠯᠬᠤ〉 ᠬᠤᠪᠢᠰᠭᠠᠯ ᠤ᠋ᠨ ᠵᠤᠷᠢᠭ ᠰᠠᠨᠠᠭ᠎ᠠ ᠵᠢ ᠤᠯᠠᠮᠵᠢᠯᠠᠬᠰᠠᠨ᠂ ᠮᠠᠨ ᠤ᠋ ᠨᠠᠮ ᠤ᠋ᠨ ᠵᠠᠭᠤᠨ ᠵᠢᠯ᠎ᠦᠨ ᠭᠡᠷᠡᠯ ᠰᠠᠴᠤᠷᠠᠩᠭᠤᠢ ᠲᠡᠦᠬᠡᠨ᠎ᠳᠡᠬᠢ ᠠᠵᠤ ᠦᠢᠯᠡᠳᠪᠦᠷᠢ᠎ᠶ᠋ᠢᠨ ᠬᠥᠭ᠌ᠵᠢᠯᠲᠡ᠎ᠶ᠋ᠢᠨ ᠬᠤᠷᠢᠶᠠᠩᠭᠤᠢ ᠳᠦᠷᠰᠦ ᠪᠣᠯᠤᠨ᠎ᠠ᠃ ᠮᠦᠨ ᠴᠤ᠌ ᠪᠠᠭᠠᠲᠤᠷᠯᠢᠭ ᠠᠵᠤ ᠠᠬᠤᠢᠯᠠᠯ ᠮᠦᠨ᠂ ᠨᠠᠮ ᠤ᠋ᠨ ᠤᠳᠤᠷᠢᠳᠤᠯᠭ᠎ᠠ ᠳᠣᠣᠷ᠎ᠠ᠂ ᠡᠭᠡᠷᠡᠮ᠎ᠡ ᠲᠠᠯ᠎ᠠ ᠳ᠋ᠦ ᠦᠢᠯᠡᠳᠪᠦᠷᠢ ᠵᠢᠨ ᠥᠨᠳᠥᠷ ᠵᠤᠤᠬ᠎ᠠ ᠪᠤᠰᠬᠠᠵᠤ᠂ ᠡᠵᠡᠭᠦᠢ ᠬᠡᠬᠡᠷ᠎ᠡ ᠪᠤᠯᠤᠳ ᠬᠤᠳᠠ ᠪᠠᠢᠭᠤᠯᠤᠬᠰᠠᠨ ᠭᠠᠢᠬᠠᠮᠱᠢᠭ ᠢ᠋ ᠡᠭᠦᠳᠴᠠᠢ᠃ ᠳᠠᠷᠠᠭᠠᠴᠢ ᠵᠢᠨ ᠠᠯᠬᠤᠮ ᠳ᠋ᠦ᠂ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠤ᠋ᠨ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠢᠮᠠᠭ᠍ᠲᠠ ᠮᠠᠷᠲᠠᠬᠤ ᠦᠭᠡᠢ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠯᠲᠡ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠭᠤᠢᠪᠢᠰᠢ ᠦᠭᠡᠢ ᠵᠠᠮᠨᠠᠵᠤ᠂ ᠳᠠᠭᠠᠭᠤᠯᠤᠬᠴᠢ᠂ ᠨᠡᠢᠳᠡᠯᠢᠭ ᠵᠢᠱ᠌ᠢᠶ᠎ᠡ ᠵᠢᠨ ᠦᠢᠯᠡᠳᠦᠯ ᠵᠢᠠᠨ ᠪᠠᠳᠠᠷᠠᠭᠤᠯᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠪᠠ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠢᠡᠷ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠠᠬᠢᠭᠤᠯᠵᠤ᠂ ᠠᠵᠤ ᠦᠢᠯᠡᠰ ᠦᠨ ᠳᠡᠭᠡᠳᠦ ᠳᠡᠰᠵᠢᠯᠲᠡ᠂ ᠤᠶᠤᠨᠴᠢᠯᠠᠯᠳᠠ᠂ ᠪᠤᠬᠢᠷᠳᠤᠯ ᠦᠭᠡᠢᠵᠢᠬᠦ ᠵᠢ ᠤᠷᠢᠳ ᠵᠢᠡᠷ ᠪᠡᠶᠡᠯᠡᠭᠦᠯᠤᠨ᠎ᠠ》 ᠭᠡᠵᠤ ᠬᠡᠯᠡᠪᠠ᠃
ᠪᠤᠭᠤᠲᠤ᠎ᠶ᠋ᠢᠨ ᠪᠤᠯᠤᠳ ᠲᠡᠮᠤᠷ᠎ᠦᠨ ᠬᠤᠪᠢᠴᠠᠭᠠᠳᠤ ᠺᠤᠮᠫᠠᠨᠢ᠎ᠶᠢᠨ ᠭᠦᠢ ᠯᠢᠶᠠᠩ ᠦᠢᠯᠡᠳᠪᠦᠷᠢᠶ᠋ᠢᠨᠨᠠᠮᠤᠨᠬᠣᠷᠢᠶᠠᠵᠢᠨᠱᠦᠵᠢᠱᠢᠶᠧᠢᠦᠢ ᠤᠬᠠᠭᠤᠯᠤᠨ ᠲᠠᠢᠯᠪᠤᠷᠢᠯᠠᠬᠤ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠲᠠᠷᠠᠭ᠎ᠠ᠄ 《ᠤᠬᠠᠭᠤᠯᠤᠨ ᠲᠠᠢᠯᠪᠤᠷᠢᠯᠠᠯᠳᠠ ᠨᠢ ᠨᠠᠳᠠ᠎ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠵᠣᠷᠢᠭ ᠰᠠᠨᠠᠭᠠᠨ᠎ᠤ ᠠᠭᠤᠯᠤᠭ᠍ᠳᠠᠬᠤᠨ᠎ᠢ ᠨᠡᠩ ᠭᠦᠨᠵᠡᠭᠡᠢ ᠣᠢᠯᠠᠭᠠᠭᠤᠯᠪᠠ᠃ ᠢᠷᠡᠭᠡᠳᠦᠢ᠎ᠶ᠋ᠢᠨ ᠱᠢᠨ᠎ᠡ ᠠᠶᠠᠨ ᠵᠠᠮ᠎ᠳᠤ᠂ ᠪᠢᠳᠡ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ ᠂ ᠨᠡᠩ ᠶᠡᠬᠡ ᠰᠥᠰᠥ᠍ ᠵᠣᠷᠢᠭ᠎ᠢᠶᠠᠷ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠦ᠂ ᠬᠤᠷᠠᠯ᠎ᠤᠨ ᠵᠣᠷᠢᠭ ᠰᠠᠨᠠᠭ᠎ᠠ ᠪᠣᠯᠤᠨ ᠤᠬᠠᠭᠤᠯᠤᠨ ᠲᠠᠢᠯᠪᠤᠷᠢᠯᠠᠭᠰᠠᠨ ᠠᠭᠤᠯᠭ᠎ᠠ ᠶ᠋ᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢᠯᠠᠭᠠᠬᠤ᠎ᠶ᠋ᠢᠨ ᠬᠠᠮᠲᠤ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠦᠢᠯᠡᠳᠪᠦᠷᠢ᠎ᠶ᠋ᠢᠨ ᠥᠷᠭᠡᠨ ᠤᠯᠠᠨ ᠨᠠᠮ᠎ᠤᠨ ᠭᠡᠱᠢᠭᠦᠨ᠂ ᠠᠵᠢᠯᠳᠠᠨ ᠠᠵᠢᠯᠴᠢᠨ᠎ᠢ ᠬᠦᠳᠦᠯᠦᠨ ᠳᠠᠭᠠᠭᠤᠯᠬᠤ ᠪᠠ ᠨᠢᠭ᠍ᠲᠠᠷᠠᠭᠤᠯᠵᠤ ᠪᠠᠢᠭᠠᠳ ᠴᠠᠭ ᠦᠶ᠎ᠡ᠎ᠶ᠋ᠢᠨ ᠠᠯᠬᠤᠭ᠎ᠠ᠎ᠶ᠋ᠢ ᠲᠠᠭᠠᠵᠥ᠍᠂ ᠣᠳᠣᠬᠢᠴᠢᠯᠠᠭ᠍ᠰᠠᠨ ᠱᠢᠨᠡᠪᠤᠭᠤᠲᠤᠶ᠋ᠢᠨᠪᠤᠯᠤᠳᠲᠡᠮᠦᠷᠦᠨ ᠪᠦᠯᠦᠭ᠌ᠯᠡᠯ᠎ᠢ ᠪᠦᠳᠦᠭᠡᠨ ᠪᠠᠢᠭᠤᠯᠬᠤ ᠱᠢᠨ᠎ᠡ ᠠᠮᠵᠢᠯᠲᠠ ᠪᠦᠲᠦᠮᠵᠢ᠎ᠶ᠋ᠢ ᠡᠬᠦᠳᠦᠨ᠎ᠡ》 ᠭᠡᠯᠡ ᠃
ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠤᠨ ᠡᠪᠯᠡᠯ᠎ᠦᠨ ᠡᠬᠦᠷ᠎ᠤᠨ ᠱᠦᠵᠢ᠂ ᠠᠵᠢᠯᠴᠢᠨᠤᠡᠪᠯᠡᠯᠦᠨᠳᠡᠳ᠋ ᠲᠡᠷᠢᠭᠦᠯᠡᠭ᠌ᠴᠢ ᠱᠢᠤᠸᠠᠢ ᠹᠸᠢ᠄ 《ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠦᠷᠦᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠩᠬᠠᠳᠠᠭ᠍ᠴᠢ ᠡᠵᠡᠩᠨᠡᠯᠲᠡᠶ᠋ᠢᠨᠣᠷᠣᠯᠭᠠ ᠮᠢᠩᠭᠠᠨ ᠳ᠋ᠦᠩᠱᠢᠭᠤᠷ ᠲᠥᠭᠥᠷᠢᠭ᠎ᠢ ᠳᠠᠪᠠᠭ᠍ᠰᠠᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠮᠠᠨ᠎ᠤ ᠡᠨᠡ ᠦᠶ᠎ᠡ᠎ᠶ᠋ᠢᠨ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭᠯᠡᠯ᠎ᠤᠨ ᠵᠠᠯᠠᠭᠤᠴᠤᠳ ᠨᠡᠩ ᠴᠤ᠌ ᠣᠳᠣᠬᠢᠴᠢᠯᠠᠭ᠍ᠰᠠᠨ ᠱᠢᠨ᠎ᠡ ᠪᠤᠭᠤᠲᠤ ᠶ᠋ᠢᠨ ᠪᠤᠯᠤᠳ ᠲᠡᠮᠤᠷ ᠦᠨ ᠪᠦᠯᠦᠭᠯᠡᠯ᠎ᠢ ᠪᠠᠢᠭᠤᠯᠬᠤ ᠲᠡᠦᠬᠡᠲᠦ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠨᠠᠮ᠎ᠤᠨ ᠤᠳᠤᠷᠢᠳᠤᠯᠭ᠎ᠠ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠵᠤ᠂ ᠱᠢᠷᠭᠠᠭᠤ ᠬᠠᠲᠠᠭᠤᠵᠢᠯᠲᠠᠢ ᠠᠵᠢᠯᠯᠠᠵᠤ᠂ ᠲᠠᠬᠢᠨ ᠱᠢᠨ᠎ᠡ ᠭᠠᠪᠢᠶ᠎ᠠ ᠪᠠᠢᠭᠤᠯᠤᠨ᠎ᠠ》 ᠭᠡᠵᠡᠢ᠃
ᠤᠬᠠᠭᠤᠯᠤᠨ ᠲᠠᠢᠯᠪᠤᠷᠢᠯᠠᠯᠳᠠ ᠳᠠᠭᠤᠰᠤᠭ᠍ᠰᠠᠨ᠎ᠤ ᠳᠠᠷᠠᠭ᠎ᠠ᠂ ᠳ᠋ᠦ᠋ ᠢ ᠱᠢᠨ ᠪᠤᠭᠤᠲᠤ ᠶ᠋ᠢᠨ ᠪᠤᠯᠤᠳ ᠲᠡᠮᠦᠷ ᠦᠨ ᠪᠦᠯᠦᠭᠯᠡᠯ᠎ᠤᠨ 159 ᠬᠤᠪᠢᠶᠠᠷᠢ ᠦᠢᠯᠡᠳᠪᠦᠷᠢ᠎ᠳᠦ ᠬᠦᠷᠴᠦ᠍᠂ ᠬᠡᠰᠡᠭ ᠠᠵᠢᠯᠳᠠᠨ ᠠᠵᠢᠯᠴᠢᠨ ᠲᠠᠶ ᠨᠢᠭᠤᠷᠳᠠᠨ ᠶᠠᠷᠢᠯᠴᠠᠪᠠ᠃ ᠲᠤᠰ ᠬᠤᠪᠢᠶᠠᠷᠢ ᠦᠢᠯᠡᠳᠪᠦᠷᠢ ᠶ᠋ᠢᠨ ᠣᠷᠣᠨ ᠪᠦᠰᠡ᠎ᠶ᠋ᠢᠨ ᠢᠨᠵᠧᠨᠧᠷ ᠭᠦ᠋ ᠵᠢᠶᠠᠨ ᠹᠸᠩ᠄ 《ᠡᠨᠡ ᠡᠳᠦᠷ᠂ ᠪᠢ ᠳ᠋ᠦ᠋ ᠢ ᠱᠢᠨ ᠡᠷᠬᠢᠯᠡᠭ᠌ᠴᠢ ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠳᠤᠷᠠᠳᠤᠭ᠍ᠰᠠᠨ ᠠᠮᠢ ᠠᠬᠤᠢ ᠶ᠋ᠢᠨ ᠪᠣᠯᠪᠠᠰᠤᠨ᠎ᠤ ᠪᠠᠢᠭᠤᠯᠤᠯᠲᠠᠶ᠋ᠢᠨᠲᠤᠬᠠᠢᠠᠰᠠᠭᠤᠯᠲᠠᠶ᠋ᠢ ᠠᠰᠠᠭᠤᠭ᠍ᠰᠠᠨ᠎ᠳᠤ᠂ ᠲᠡᠷᠡᠮᠠᠰᠢ ᠬᠠᠯᠠᠭᠤᠮᠰᠤᠭ᠎ᠢᠶᠠᠷ ᠨᠠᠷᠢᠨ ᠨᠢᠮᠪᠠᠢ ᠬᠠᠷᠢᠭᠤᠯᠲᠠ ᠥᠭ᠌ᠴᠡᠢ᠃ ᠳ᠋ᠦ᠋ ᠡᠷᠬᠢᠯᠡᠭ᠌ᠴᠢ ᠨᠠᠮᠠᠶ᠋ᠢ ᠭᠦᠨᠵᠡᠭᠡᠢ ᠣᠢᠯᠠᠭᠠᠬᠤ ᠦᠭᠡᠢ ᠡᠴᠡ ᠠᠶᠤᠵᠤ᠂ ᠨᠢᠭᠡᠨ ᠱᠦᠢᠨᠢ ᠶ᠋ᠢᠨ ᠦᠢᠯᠡᠳᠪᠦᠷᠢ ᠠᠮᠢ ᠠᠬᠤᠢ ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠢᠨᠵᠧᠨᠧᠷᠢᠩ ᠢ ᠦᠢᠯᠡᠳᠬᠦᠨ ᠪᠣᠯᠭᠠᠵᠤ ᠂ ᠪᠤᠰᠤᠳ ᠠᠵᠤ ᠠᠬᠤᠢᠯᠠᠯ᠎ᠳᠤ ᠳᠡᠯᠭᠡᠷᠡᠭᠦᠯᠵᠦ᠍᠂ ᠠᠱᠢᠭ ᠣᠯᠵᠠᠪᠤᠷᠢ ᠪᠠ ᠠᠴᠢ ᠬᠠᠷᠢᠭᠤ ᠤᠯᠤᠭᠰᠠᠨ ᠵᠢᠱ᠌ᠢᠶ᠎ᠠ᠎ᠵᠢ ᠶᠠᠷᠢᠵᠦ᠂ ᠨᠠᠳᠠ᠎ᠳᠤ ᠭᠦᠨ ᠰᠡᠩᠬᠡᠷᠡᠭᠦᠯᠦᠯ ᠥᠭ᠌ᠴᠡᠢ᠃ ᠪᠤᠭᠤᠲᠤ ᠶ᠋ᠢᠨ ᠪᠤᠯᠤᠳ ᠲᠡᠮᠦᠷ ᠦᠨ ᠪᠦᠯᠦᠭ᠌ᠯᠡᠯ ᠥᠪᠡᠷᠲᠡᠭᠡᠨᠵᠠᠰᠠᠬᠤ ᠣᠷᠣᠨ᠎ᠤ ᠠᠵᠤ ᠦᠢᠯᠡᠳᠪᠦᠷᠢ ᠶ᠋ᠢᠨ ᠠᠩᠬᠠᠨ ᠤ ᠵᠢᠱ᠌ᠢᠶ᠎ᠠ ᠪᠣᠯᠤᠭ᠍ᠰᠠᠨ᠎ᠤ ᠬᠤᠪᠢ ᠳᠤ᠂ ᠨᠡᠩ ᠴᠤ᠌ ᠥᠪᠡᠷ᠎ᠦᠨ ᠢᠶᠡᠨ ᠣᠷᠴᠢᠨ ᠲᠣᠭᠣᠷᠢᠨ ᠤ ᠬᠠᠮᠠᠭᠠᠯᠠᠯᠲᠠ ᠪᠦᠲᠦᠭᠡᠨ ᠪᠠᠢᠭᠤᠯᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠲᠠᠰᠤᠷᠠᠯᠲᠠ ᠦᠭᠡᠢ ᠱᠢᠨ᠎ᠡ᠎ᠶ᠋ᠢ ᠡᠭᠦᠳᠬᠦ᠌ ᠳᠤᠮᠳᠠᠲᠡᠭᠦᠯᠳᠡᠷᠵᠢᠭᠦᠯᠬᠦ᠌ᠶ᠋ᠢᠨᠬᠠᠮᠲᠤᠱᠢᠯᠵᠢᠭᠦᠯᠵᠦ᠍ᠪᠣᠯᠬᠤᠲᠤᠰᠭᠠᠢᠮᠡᠷᠭᠡᠵᠢᠯᠦᠨ ᠱᠢᠰᠲ᠋ᠧᠮ᠎ᠢ ᠪᠠᠢᠭᠤᠯᠵᠤ᠂ ᠥᠪᠡᠷ᠎ᠦᠨ ᠥᠪᠡᠷᠮᠢᠴᠡ ᠪᠣᠬᠢᠷᠲᠤᠯ ᠦᠭᠡᠢ ᠬᠥᠭ᠌ᠵᠢᠯᠲᠡ᠎ᠶ᠋ᠢᠨ ᠦᠢᠯᠡᠳᠬᠦᠨ ᠪᠣᠯᠭᠠᠵᠤ᠂ ᠪᠦᠬᠦ᠌ ᠥᠪᠡᠷᠲᠡᠭᠡᠨ ᠵᠠᠰᠠᠬᠤ ᠣᠷᠣᠨ ᠴᠢᠨᠠᠭ᠍ᠰᠢᠯᠠᠪᠠᠯ ᠪᠦᠬᠦ᠌ ᠤᠯᠤᠰ ᠤᠨ ᠬᠡᠪᠴᠢᠶᠡᠨ ᠳᠦ ᠳᠡᠯᠭᠡᠷᠡᠭᠦᠯᠬᠦ᠌ ᠪᠤᠯᠤᠨ᠎ᠠ》ᠭᠡᠵᠦ ᠢᠳᠡᠭᠡᠯ ᠲᠦᠭᠦᠷᠡᠩ ᠶᠠᠷᠢᠯ᠎ᠠ᠃
ᠪᠤᠭᠤᠲᠤ᠎ᠶ᠋ᠢᠨ ᠪᠤᠯᠤᠳ ᠲᠡᠮᠤᠷ ᠦᠨ ᠪᠦᠯᠦᠭᠯᠡᠯ ᠤᠨ 159 ᠬᠤᠪᠢᠶᠠᠷᠢ ᠦᠢᠯᠡᠳᠪᠦᠷᠢ ᠶ᠋ᠢᠨ ᠥᠪᠡᠷ ᠦᠨ ᠦᠷᠳᠡᠭ ᠦᠨ ᠬᠠᠮᠢᠶᠠᠷᠤᠨ ᠡᠵᠡᠮᠳᠡᠭ᠌ᠴᠢ ᠵᠠᠩ ᠯᠸᠢ᠄ 《ᠪᠤᠭᠤᠲᠤ ᠶ᠋ᠢᠨ ᠪᠤᠯᠤᠳᠲᠡᠮᠤᠷᠦᠨᠪᠦᠯᠦᠭᠯᠡᠯᠤᠨᠠᠵᠢᠯᠳᠠᠨᠪᠣᠯᠤᠭ᠍ᠰᠠᠨᠤᠬᠤᠪᠢᠳᠤ᠂ᠪᠢᠠᠵᠤ ᠠᠬᠤᠢᠯᠠᠯ᠎ᠤᠨ ᠢᠷᠡᠭᠡᠳᠦᠢ᠎ᠶ᠋ᠢᠨ ᠬᠥᠭ᠌ᠵᠢᠯᠲᠡ᠎ᠳᠦ ᠨᠡᠩ ᠶᠡᠬᠡ ᠢᠲᠡᠭᠡᠯ᠎ᠲᠡᠶ ᠪᠤᠯᠵᠤ᠂ 〈 ᠪᠤᠭᠤᠲᠤ ᠶ᠋ᠢᠨ ᠪᠤᠯᠤᠳ ᠲᠡᠮᠤᠷ᠎ᠦᠨ ᠪᠦᠯᠦᠭᠯᠡᠯ᠎ᠳᠤ ᠦᠢᠯᠡᠴᠢᠯᠡᠵᠦ᠍᠂ ᠪᠤᠭᠤᠲᠤ ᠶ᠋ᠢᠨ ᠪᠤᠯᠤᠳ ᠲᠡᠮᠤᠷ᠎ᠦᠨ ᠪᠦᠯᠦᠭᠯᠡᠯ᠎ᠢ ᠪᠦᠳᠦᠭᠡᠨ ᠪᠠᠢᠭᠤᠯᠬᠤ〉ᠢᠲᠡᠭᠡᠯ ᠵᠣᠷᠢᠭ ᠢᠶᠠᠨ ᠨᠡᠩ ᠪᠠᠲᠤᠳᠭᠠᠵᠠᠢ᠃ᠦᠨᠳᠦᠰᠦᠨ ᠱᠠᠲᠤᠨᠤᠠᠵᠢᠯᠲᠠᠨᠪᠣᠯᠤᠭ᠍ᠰᠠᠨᠤᠬᠤᠪᠢᠳᠤ᠂ ᠪᠢ ᠦᠨᠳᠦᠰᠦᠨ ᠱᠠᠲᠤᠨ ᠳᠤ ᠦᠨᠳᠦᠰᠦᠯᠡᠵᠦ᠍᠂ ᠮᠡᠷᠭᠡᠵᠢᠯ᠎ᠢ ᠴᠢᠷᠮᠠᠢᠨ ᠰᠤᠳᠤᠯᠵᠤ᠂ ᠲᠠᠰᠤᠷᠠᠯᠲᠠ ᠥᠬᠡᠶ ᠰᠤᠷᠤᠯᠴᠠᠨ ᠱᠢᠨ᠎ᠡ ᠶ᠋ᠢ ᠡᠭᠦᠳᠴᠦ᠍᠂ ᠬᠦᠴᠦᠷᠬᠡᠭ ᠶᠡᠬᠡ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ᠎ᠢ ᠪᠥᠲᠥᠭᠡᠨ ᠪᠠᠢᠭᠤᠯᠬᠤ᠎ᠳᠤ ᠥᠪᠡᠷ᠎ᠦᠨ ᠬᠤᠪᠢ ᠨᠡᠮᠡᠷᠢ ᠪᠡᠨ ᠦᠵᠡᠭᠦᠯᠦᠨ᠎ᠡ》 ᠭᠡᠯᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃