ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-04 12:00:01

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ ᠨᠡᠢᠭᠡᠮ ᠵᠢᠷᠤᠮᠲᠤ ᠣᠳᠣᠬᠢᠴᠢᠯᠠ

( 2021 ᠣᠨ᠎ᠤ 11 ᠰᠠᠷ᠎ᠠ᠎ᠶ᠋ᠢᠨ 27 ᠎ᠤ᠋ ᠡᠳᠦᠷ )

ᠱ᠌ᠢ᠎ᠲᠡᠶ ᠹᠧᠩ



QQ图片20211204102159.png


ᠱ᠌ᠢ ᠲᠠᠢ ᠹᠸᠩ ᠶᠡᠬᠡ ᠬᠤᠷᠠᠯ ᠳᠡᠭᠡᠷ᠎ᠡ ᠢᠯᠡᠳᠭᠡᠯ ᠬᠢᠵᠦ᠍ ᠪᠠᠢᠭ᠎ᠠ ᠨᠢ

ᠰᠤᠷᠪᠤᠯᠵᠢᠯᠠᠭ᠍ᠴᠢ ᠶᠤᠸᠠᠨ ᠶᠥᠩ ᠬᠤᠩ ᠰᠡᠭᠦᠳᠡᠷᠯᠡᠪᠡ

ᠨᠥᠬᠥᠳ ᠡ᠄

ᠤᠳᠤ ᠪᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠣᠷᠢᠢ᠎ᠠ᠎ᠵᠢ ᠲᠦᠯᠦᠭᠡᠯᠡᠨ ᠶᠡᠬᠡ ᠬᠤᠷᠠᠯ᠎ᠳᠤ ᠢᠯᠡᠳᠭᠡᠯ ᠬᠢᠶ᠎ᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠮᠠᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ ᠴᠢᠬᠤᠯᠠ ᠴᠠᠭ ᠮᠥᠴᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃ ᠶᠡᠬᠡ ᠬᠤᠷᠠᠯ᠎ᠤᠨ ᠭᠣᠣᠯ ᠰᠡᠳᠦᠪ ᠪᠣᠯ᠄ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠠᠴᠠ ᠣᠶᠤᠨ ᠤᠬᠠᠭᠠᠨ ᠪᠠ ᠬᠦᠴᠦᠨ ᠴᠢᠳᠠᠯ ᠰᠢᠩᠭᠡᠭᠡᠵᠦ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠂ ᠡᠭᠦᠷᠭᠡ᠎ᠬᠠᠷᠢᠭᠤᠴᠠᠯᠭ᠎ᠠ ᠵᠢ ᠵᠣᠷᠢᠭ᠍ᠲᠠᠶ ᠡᠭᠦᠷᠭᠡᠯᠡᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠴᠥᠬᠥᠷᠡᠰᠢ ᠦᠭᠡᠢ ᠪᠠᠲᠤ ᠴᠣᠭ᠍ᠴᠠᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠎ᠶ᠋ᠢ ᠲᠦᠷᠭᠡᠳᠭᠡᠨ ᠪᠠᠢᠭᠤᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠶ᠎ᠡ᠃

ᠡᠨᠡ ᠵᠢᠯ ᠪᠣᠯ ᠠᠭᠤᠤ ᠶᠡᠬᠡ ᠢᠷᠠᠭᠤ ᠠᠯᠳᠠᠷ ᠲᠠᠢ ᠵᠥᠪ ᠣᠨᠣᠪᠴᠢᠲᠠᠢ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ ᠪᠣᠯᠤᠨ᠎ᠠ᠃ ᠵᠠᠭᠤᠨ ᠵᠢᠯ᠎ᠦᠨ ᠲᠤᠷᠰᠢ᠂ ᠮᠠᠨ᠎ᠤ ᠨᠠᠮ ᠠᠷᠠᠳ ᠲᠦᠮᠡᠨ᠎ᠢ ᠤᠳᠤᠷᠢᠳᠤᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠦᠷᠭᠦᠯᠵᠢᠯᠡᠨ ᠲᠡᠮᠡᠴᠡᠵᠦ᠍᠂ ᠲᠡᠦᠬᠡ᠎ᠰᠤᠳᠤᠷ᠎ᠢ ᠭᠡᠢᠭᠦᠯᠦᠭ᠌ᠰᠡᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠡᠭᠦᠳᠴᠦ᠍᠂ ᠡᠷᠬᠢᠮ ᠨᠠᠨᠳᠢᠨ ᠲᠡᠦᠬᠡᠨ ᠲᠤᠷᠱᠢᠯᠭ᠎ᠠ᠎ᠶ᠋ᠢ ᠬᠤᠷᠠᠮᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ ᠳᠡᠭᠡᠷᠡᠬᠢ ᠬᠠᠮᠤᠭ᠎ᠤᠨ ᠠᠤᠭ᠎ᠠ ᠭᠠᠢᠬᠠᠮᠰᠢᠭᠲᠤ ᠲᠤᠤᠯᠢᠰ᠎ᠢ ᠪᠢᠴᠢᠭ᠌ᠯᠡᠪᠡ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠬᠤᠪᠢ ᠲᠠᠬᠢᠨ ᠨᠠᠨᠳᠢᠩᠨᠠᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠱᠢᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠤᠬᠠᠮᠰᠠᠷ᠎ᠠᠴᠠ᠎ᠪᠠᠨ ᠦᠢᠯᠡᠳᠦᠯᠭᠡᠵᠢᠭᠦᠯᠵᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠨᠡᠩ ᠬᠦᠴᠦᠯᠡᠨ ᠠᠬᠢᠭᠤᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠳᠤ ᠤᠷᠤᠯᠴᠠᠬᠤ ᠵᠠᠮ᠎ᠢᠶᠠᠷ ᠨᠡᠩ ᠢᠲᠡᠭᠡᠯ ᠲᠡᠭᠦᠯᠳᠡᠷ᠎ᠢᠶᠡᠷ ᠰᠠᠢᠲᠤᠷ ᠵᠠᠮᠨᠠᠬᠤ ᠬᠡᠷᠡᠭ᠌ᠲᠡᠢ᠃

ᠶᠡᠷᠦᠩᠬᠡᠶ ᠱᠦᠵᠢ ᠰᠢ᠎ᠶ᠋ᠢᠨ ᠫᠢᠩ ᠢᠮᠠᠭ᠍ᠲᠠ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠭᠦᠨ ᠰᠠᠨᠠᠭᠠᠯᠵᠠᠵᠤ᠂ ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ ᠤᠷᠢᠳ ᠬᠣᠵᠢᠳ ᠬᠣᠶᠠᠷ ᠤᠳᠠᠭ᠎ᠠ ᠮᠠᠨ᠎ᠤ ᠣᠷᠣᠨ᠎ᠳᠤ ᠢᠷᠡᠵᠦ᠍ ᠱᠢᠨᠵᠢᠯᠡᠨ ᠪᠠᠢᠴᠠᠭᠠᠵᠤ᠂ ᠥᠪᠥᠷ ᠮᠣᠩᠭᠣᠯ᠎ᠳᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠰᠣᠩᠭᠣᠭᠤᠯᠢ᠎ᠳᠤ ᠣᠷᠣᠯᠴᠠᠭ᠍ᠰᠠᠨ ᠪᠥᠭᠡᠳ ᠳᠥᠷᠪᠡᠨ ᠵᠢᠯ ᠳᠠᠷᠠᠭᠠᠯᠠᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠣᠯᠠᠨ ᠴᠢᠬᠤᠯᠠ ᠵᠢᠭᠠᠪᠤᠷᠢ ᠴᠣᠬᠣᠯᠠᠪᠤᠷᠢ ᠥᠭ᠌ᠴᠦ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃ ᠣᠷᠣᠨ ᠳᠠᠶᠠᠭᠠᠷ᠎ᠢᠶᠠᠨ ᠶᠡᠷᠦᠩᠬᠡᠶ ᠱᠦᠵᠢ ᠰᠢ᠎ᠶ᠋ᠢᠨ ᠫᠢᠩ᠎ᠦᠨ ᠴᠢᠩ ᠰᠡᠳᠭᠢᠯ᠎ᠦᠨ ᠰᠤᠷᠭᠠᠯ ᠪᠣᠯᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠦᠷᠭᠦᠯᠵᠢᠯᠡᠨ ᠭᠦᠨᠵᠡᠭᠡᠶ ᠰᠤᠷᠤᠯᠴᠠᠨ ᠣᠢᠯᠠᠭᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠣᠭ᠍ᠲᠠᠭᠠᠵᠤ ᠦᠭᠭᠦᠭᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠶ᠋ᠢ ᠦᠨᠡᠨ ᠬᠦ᠌ ᠱᠢᠨ᠎ᠡ ᠴᠠᠭ ᠦᠶ᠎ᠡ᠎ᠳᠦ ᠡᠷᠡᠮᠡᠬᠡᠢᠯᠡᠨ ᠲᠡᠮᠡᠴᠡᠬᠦ᠌᠂ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠬᠤ ᠬᠡᠷᠡᠭ᠌ᠲᠡᠶ᠃


ᠨᠢᠭᠡ᠂ ᠥᠩᠭᠡᠷᠡᠭ᠌ᠰᠡᠨ ᠲᠠᠪᠤᠨ ᠵᠢᠯ᠎ᠦᠨ ᠠᠵᠢᠯ

ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠲᠠᠪᠤ᠎ᠶ᠋ᠢ ᠨᠢᠭᠡ ᠴᠣᠭ᠍ᠴᠠᠵᠢᠭᠤᠯᠬᠤ 》ᠶᠡᠷᠦᠩᠬᠡᠶ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠬᠤ᠂ 《ᠳᠥᠷᠪᠡᠨ ᠪᠥᠬᠥ᠌ ᠲᠠᠯ᠎ᠠ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠶᠤᠰᠤᠭᠠᠷ᠂ ᠲᠣᠭ᠍ᠲᠠᠭᠤᠨ᠎ᠤ ᠳᠤᠮᠳᠠ ᠤᠷᠤᠬᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠯ᠎ᠡ ᠲᠠᠯ᠎ᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠨᠥᠯᠥᠭᠡ ᠪᠠ ᠳᠠᠭᠠᠷᠢᠯᠲᠠ᠎ᠶ᠋ᠢ ᠢᠳᠡᠪᠬᠢᠲᠡᠶ ᠠᠷᠭᠠᠴᠠᠭᠠᠵᠤ᠂ 《ᠠᠷᠪᠠᠨ ᠭᠤᠷᠪᠠᠳᠤᠭᠠᠷ ᠲᠠᠪᠤᠨ ᠵᠢᠯ》 ᠎ᠤ᠋ᠨ ᠲᠥᠯᠥᠪᠵᠢᠭᠦᠯᠭᠡ ᠲᠡᠭᠦᠰ ᠠᠮᠵᠢᠯᠲᠠ᠎ᠲᠠᠶ ᠰᠡᠬᠦᠯ ᠬᠤᠷᠢᠶᠠᠵᠤ᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠤᠷᠤᠭ᠍ᠰᠢᠲᠠᠶ ᠬᠡᠷᠡᠭ᠌ᠵᠢᠭᠦᠯᠵᠦ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠬᠤ ᠠᠵᠢᠯ ᠯᠠᠪᠳᠠᠭᠤᠨ ᠪᠠᠲᠤᠲᠠᠶ ᠠᠯᠬᠤᠭ᠎ᠠ ᠵᠢ ᠠᠯᠬᠤᠵᠠᠢ᠃

ᠪᠢᠳᠡ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠵᠦ᠍᠂ 《ᠬᠣᠶᠠᠷ᠎ᠢ ᠬᠠᠮᠠᠭᠠᠯᠠᠬᠤ》 ᠎ᠶ᠋ᠢ ᠤᠬᠠᠮᠰᠠᠷ᠎ᠠᠴᠠ᠎ᠪᠠᠨ ᠡᠷᠡᠰ ᠪᠡᠶᠡᠯᠡᠭᠦᠯᠵᠡᠢ᠃ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠲᠡᠷᠢᠭᠦᠨ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠬᠤ᠎ᠶ᠋ᠢ ᠪᠠᠷᠢᠮᠲᠠᠯᠠᠵᠤ᠂ ᠰᠠᠢ᠌ᠳᠤᠷ ᠤᠢ᠍ᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ᠌ ᠳᠡᠭᠡᠷ᠎ᠡ ᠦᠷᠭᠦᠯᠵᠢᠯᠡᠨ ᠬᠦᠴᠦ᠍ ᠲᠠᠯᠪᠢᠵᠤ᠂《ᠬᠣᠶᠠᠷ᠎ᠢ ᠰᠤᠷᠤᠯᠴᠠᠵᠤ ᠨᠢᠭᠡ᠎ᠳᠤ ᠲᠡᠩᠴᠡᠭᠦᠯᠬᠦ》 ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠤᠨ ᠳᠦᠷᠢᠮᠵᠢᠭᠦᠯᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠵᠤ᠂ 《ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌ 》 ᠭᠤᠤᠯ ᠰᠡᠳᠦᠪᠲᠦ ᠬᠥᠮᠦᠵᠢᠯ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠨᠠᠷᠢᠨ ᠨᠢᠮᠪᠠᠶ ᠵᠣᠬᠢᠶᠠᠨ ᠪᠠᠢᠭᠤᠯᠤᠨ ᠥᠷᠨᠢᠭᠦᠯᠵᠦ᠍᠂ ᠨᠠᠮ᠎ᠤᠨ ᠱᠢᠨ᠎ᠡ᠎ᠶ᠋ᠢ ᠡᠭᠦᠳᠦᠭ᠌ᠰᠡᠨ ᠣᠨᠣᠯ᠎ᠤᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢᠶᠡᠷ ᠨᠠᠮ᠎ᠤᠨ ᠭᠡᠱᠢᠭᠦᠨ᠎ᠢ ᠵᠡᠪᠰᠡᠭ᠌ᠯᠡᠬᠦ᠌᠂ ᠠᠷᠠᠳ ᠲᠦᠮᠡᠨ᠎ᠢ ᠬᠥᠮᠦᠵᠢᠭᠦᠯᠬᠦ᠌᠎ᠶ᠋ᠢ ᠴᠥᠬᠥᠷᠡᠰᠢ ᠥᠬᠡᠶ ᠪᠠᠷᠢᠮᠲᠠᠯᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠨᠠᠩ ᠴᠢᠩ ᠰᠡᠳᠭᠢᠯ᠎ᠡᠴᠡ᠎ᠪᠡᠨ ᠨᠠᠮ᠎ᠤᠨ ᠠᠴᠢ᠎ᠳᠤ ᠲᠠᠯᠠᠷᠬᠠᠵᠤ᠂ ᠤᠬᠠᠮᠰᠠᠷ᠎ᠠᠴᠠ᠎ᠪᠠᠨ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠡᠷᠡᠰ ᠲᠠᠭᠠᠵᠠᠢ᠃ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠳᠤ ᠬᠦᠴᠦ᠍᠎ᠪᠡᠨ ᠲᠥᠪᠯᠡᠷᠡᠭᠦᠯᠦᠨ ᠠᠩᠬᠠᠷᠤᠯ᠎ᠢᠶᠠᠨ ᠲᠥᠪᠯᠡᠷᠡᠭᠦᠯᠵᠦ᠍᠂ ᠦᠵᠡᠯ ᠰᠠᠨᠠᠭ᠎ᠠ ᠲᠠᠨᠢᠯᠲᠠ᠎ᠪᠠᠨ ᠨᠢᠭᠡᠳᠭᠡᠬᠦ᠂ ᠪᠠᠯᠠᠷᠬᠠᠢ ᠲᠠᠨᠢᠯᠲᠠ᠎ᠪᠠᠨ ᠲᠣᠳᠣᠷᠬᠠᠢᠯᠠᠬᠤ᠂ ᠪᠤᠷᠤᠭᠤ ᠲᠠᠨᠢᠯᠲᠠ᠎ᠪᠠᠨ ᠵᠠᠯᠠᠷᠠᠭᠤᠯᠬᠤ ᠲᠠᠢ ᠪᠠᠷᠢᠮᠵᠢᠶᠠᠯᠠᠨ ᠬᠠᠷᠭᠤᠭᠤᠯᠵᠤ᠂ ᠭᠡᠮᠵᠢᠶ᠎ᠡ᠂ ᠵᠦᠷᠢᠶ᠎ᠡ᠂ ᠭᠡᠯᠪᠡᠢᠬᠦᠦ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠢᠮᠠᠭ᠍ᠲᠠ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭᠠᠨ᠎ᠤ ᠲᠠᠯ᠎ᠠ᠎ᠪᠠᠷ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ᠎ᠲᠠᠶ ᠳᠡᠭᠡᠳᠦ ᠬᠡᠮᠵᠢᠢ᠎ᠡ᠎ᠪᠡᠷ ᠨᠢᠭᠡᠳᠦᠯᠲᠡᠢ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠵᠥᠪ ᠤᠯᠤᠰ ᠲᠦᠷᠦ᠍᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠪᠠᠲᠤᠯᠠᠪᠠ᠃

ᠪᠢᠳᠠ ᠭᠤᠷᠪᠠᠨ ᠶᠡᠬᠡ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠪᠡ᠃ ᠶᠠᠳᠠᠭᠤ᠎ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠬᠤ᠎ᠶ᠋ᠢ ᠨᠢᠭᠡᠳᠦᠭᠡᠷ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭᠠᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠂ ᠭᠠᠪᠱᠢᠭᠠᠢᠯᠠᠨ ᠪᠠᠢᠯᠳᠤᠵᠤ᠂ ᠨᠠᠷᠢᠯᠢᠭ ᠣᠨᠣᠪᠴᠢᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠦᠨ᠂ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ ᠳᠤᠤᠷᠠᠬᠢ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠬᠣᠱᠢᠭᠤ ᠱᠢᠶᠠᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠤᠨ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠭᠣᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠣᠷᠣᠨ ᠪᠦᠰᠡ᠎ᠶ᠋ᠢᠨ ᠴᠢᠨᠠᠷᠲᠠᠶ ᠪᠦᠬᠦᠯᠢ ᠴᠣᠭ᠍ᠴᠠ᠎ᠶ᠋ᠢᠨ ᠶᠠᠳᠠᠭᠤ ᠬᠦᠴᠢᠷᠳᠡᠯ᠎ᠢ ᠲᠡᠦᠬᠡᠲᠦ ᠴᠢᠨᠠᠷᠲᠠᠶ᠎ᠪᠠᠷ ᠱᠢᠶ᠋ᠳᠪᠦᠷᠢᠯᠡᠵᠡᠢ᠃ ᠬᠦᠬᠡ ᠣᠭ᠍ᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠤᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠣᠷᠴᠢᠨ ᠲᠣᠭᠣᠷᠢᠨ᠎ᠤ ᠲᠤᠪᠤᠢ᠌ᠮ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠱᠠᠳᠤᠴᠢ ᠴᠢᠨᠠᠷᠲᠠᠢ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠪᠡ᠃ ᠡᠯ᠎ᠡ ᠬᠦᠷᠢᠶᠡᠨ᠎ᠦ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠬᠤᠳᠠᠯ ᠬᠠᠭᠤᠷᠮᠠᠭ᠎ᠢ ᠠᠷᠢᠯᠭᠠᠬᠤ᠂ ᠬᠥᠭᠡᠰᠦᠷᠡᠯ᠎ᠢ ᠠᠷᠢᠯᠭᠠᠬᠤ᠂ ᠥᠷᠢ ᠥᠭ᠌ᠴᠡᠭᠡ᠎ᠶ᠋ᠢ ᠠᠷᠢᠯᠭᠠᠬᠤ᠎ᠶ᠋ᠢ ᠬᠦᠴᠦᠲᠡᠶ ᠠᠬᠢᠭᠤᠯᠵᠤ᠂ ᠥᠷᠢ ᠥᠭ᠌ᠴᠡᠭᠡ ᠶᠡᠬᠡᠲᠡᠶ ᠨᠡᠮᠡᠭ᠌ᠳᠡᠯ᠎ᠢ ᠪᠠᠲᠤᠯᠠᠬᠤ ᠠᠷᠭ᠎ᠠ ᠬᠢᠳᠡᠯ᠎ᠢ ᠡᠷᠡᠰ ᠵᠠᠯᠠᠷᠠᠭᠤᠯᠵᠤ᠂ ᠪᠤᠭᠤᠲᠤ᠎ᠶ᠋ᠢᠨ ᠬᠤᠳᠠᠯᠳᠤᠭᠠᠨ᠎ᠤ ᠪᠠᠩᠬᠢ ᠵᠡᠷᠭᠡ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠠᠶᠤᠯ ᠲᠦᠭ᠌ᠰᠢᠭᠦᠷᠢ᠎ᠶ᠋ᠢ ᠯᠠᠪᠳᠠᠭᠤᠨ᠎ᠢᠶᠠᠷ ᠱᠢᠶ᠋ᠳᠪᠦᠷᠢᠯᠡᠵᠦ᠍᠂ ᠴᠢᠨᠠᠷ ᠰᠠᠢᠲᠠᠶ ᠬᠥᠭ᠌ᠵᠢᠯᠲᠡ ᠳ᠋ᠦ ᠬᠡᠮ ᠰᠣᠭᠣᠭ᠎ᠢ ᠠᠷᠢᠯᠭᠠᠵᠤ᠂ ᠰᠠᠭᠤᠷᠢ᠎ᠶ᠋ᠢ ᠪᠡᠬᠢᠵᠢᠭᠦᠯᠪᠡ᠃

ᠪᠢᠳᠡ ᠬᠡᠯᠪᠡᠷᠢ᠎ᠪᠡᠨ ᠬᠤᠪᠢᠷᠠᠭᠤᠯᠬᠤ᠂ ᠪᠦᠲᠦᠴᠡ᠎ᠪᠡᠨ ᠲᠣᠬᠢᠷᠠᠭᠤᠯᠬᠤ᠎ᠶ᠋ᠢ ᠲᠦᠷᠭᠡᠳᠭᠡᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠵᠤ᠂ ᠲᠠᠰᠤᠷᠠᠯᠲᠠ ᠥᠬᠡᠶ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠪᠣᠳᠠᠲᠠᠶ ᠦᠷ᠎ᠡ ᠪᠦᠲᠦᠮᠵᠢ ᠤᠯᠪᠠ᠃ ᠦᠵᠡᠯ ᠰᠠᠨᠠᠭ᠎ᠠ ᠲᠠᠨᠢᠯᠲᠠ᠎ᠶ᠋ᠢᠨ ᠠᠰᠠᠭᠤᠳᠠᠯ ᠪᠠ ᠠᠵᠢᠯ᠎ᠤᠨ ᠦᠢᠯᠡᠳᠦᠯᠭᠡ᠎ᠶ᠋ᠢᠨ ᠠᠰᠠᠭᠤᠳᠠᠯ᠎ᠢ ᠨᠢᠭᠡ ᠴᠤᠭ᠍ᠴᠠᠵᠢᠭᠤᠯᠤᠨ ᠱᠢᠢᠳᠪᠦᠷᠢᠯᠡᠬᠦ᠌᠎ᠶ᠋ᠢ ᠪᠠᠷᠢᠮᠲᠠᠯᠠᠵᠤ᠂ ᠤᠷᠳᠤ ᠬᠤᠭᠤᠴᠠᠭᠠᠨ᠎ᠤ ᠪᠦᠳᠦᠭᠦᠯᠢᠭ ᠬᠥᠭ᠌ᠵᠢᠯᠲᠡ᠎ᠪᠡᠷ ᠲᠠᠮᠵᠢᠨ ᠪᠦᠷᠢᠯᠳᠦᠭ᠌ᠰᠡᠨ ᠰᠡᠳᠭᠢᠬᠦᠢ᠎ᠶ᠋ᠢᠨ ᠭᠡᠪᠰᠢᠮᠡᠯ ᠬᠠᠨᠳᠤᠰᠢ᠂ ᠤᠤᠯ᠎ᠤᠨ ᠬᠡᠪ ᠵᠠᠭ᠍ᠪᠤᠷ᠂ ᠠᠷᠭ᠎ᠠ ᠵᠠᠮ᠎ᠤᠨ ᠲᠦᠱᠢᠭ᠌ᠯᠡᠯ᠎ᠢ ᠬᠦᠴᠦᠯᠡᠨ ᠬᠤᠪᠢᠷᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠥᠯᠥᠪᠵᠢᠭᠦᠯᠭᠡ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌ ᠤᠳᠤᠷᠢᠳᠤᠮᠵᠢ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠪᠠ᠃ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ ᠲᠠᠰᠤᠷᠠᠯᠲᠠ ᠥᠬᠡᠶ ᠭᠦᠨᠵᠡᠭᠡᠢᠷᠡᠵᠦ᠍᠂ ᠡᠨᠧᠷᠭᠢ᠂ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ ᠠᠯᠬᠤᠴᠠ ᠲᠦᠷᠭᠡᠳᠴᠦ᠍᠂ ᠲᠣᠭᠠᠴᠢᠯᠠᠭ᠍ᠰᠠᠨ ᠠᠵᠤ ᠠᠬᠤᠶ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠥᠷᠨᠢᠨ ᠬᠥᠭ᠌ᠵᠢᠵᠦ᠍᠂ ᠡᠨᠧᠷᠭᠢ᠎ᠶ᠋ᠢᠨ ᠬᠠᠩᠭᠠᠯᠭ᠎ᠠ᠎ᠶ᠋ᠢᠨ ᠪᠦᠲᠦᠴᠡ ᠲᠠᠰᠤᠷᠠᠯᠲᠠ ᠥᠬᠡᠶ ᠰᠠᠢᠵᠢᠷᠠᠵᠤ᠂ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠢᠯᠡᠳᠲᠡ ᠲᠦᠷᠭᠡᠳᠴᠦ᠍᠂ ᠨᠡᠭᠦᠷᠡᠰᠦᠨ᠎ᠦ ᠪᠤᠰᠤ ᠠᠵᠤ ᠦᠶ᠋ᠯᠡᠰ᠎ᠦᠨ ᠨᠡᠮᠡᠭ᠌ᠳᠡᠯ ᠥᠷᠲᠡᠭ᠎ᠦᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ᠎ᠲᠦ ᠡᠵᠡᠯᠡᠬᠦ᠌ ᠬᠤᠪᠢ᠎ᠶ᠋ᠢᠨ ᠵᠢᠩ ᠵᠢᠷᠭᠤᠭᠠᠨ ᠬᠤᠪᠢ᠎ᠶ᠋ᠢ ᠳᠠᠪᠠᠵᠤ᠂《ᠨᠡᠭᠦᠷᠡᠰᠦ ᠵᠢ ᠯᠡ ᠭᠤᠤᠯ ᠪᠤᠯᠭᠠᠬᠤ》ᠪᠠᠢᠳᠠᠯ ᠢᠯᠡᠳᠲᠡ ᠬᠤᠪᠢᠷᠠᠯᠲᠠ᠎ᠲᠠᠶ ᠪᠣᠯᠪᠠ᠃ ᠲᠠᠷᠢᠶᠠᠯᠠᠩ ᠮᠠᠯ ᠠᠵᠤ ᠠᠬᠤᠶ᠎ᠶ᠋ᠢᠨ ᠣᠳᠣᠬᠢᠴᠢᠯᠠᠯᠲᠠ᠎ᠶ᠋ᠢᠨ ᠲᠦᠪᠰᠢᠨ ᠲᠠᠰᠤᠷᠠᠯᠲᠠ ᠤᠢ᠍ᠭᠡᠢ ᠳᠡᠭᠡᠭ᠌ᠰᠢᠯᠡᠵᠦ᠍᠂ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠬᠤᠪᠢᠷᠠᠭᠤᠯᠬᠤ ᠨᠣᠷᠮ᠎ᠠ 65% ᠵᠢ ᠳᠠᠪᠠᠪᠠ᠃《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠳᠠᠪᠱᠢᠯᠲᠠ᠎ᠶ᠋ᠢᠨ ᠬᠤᠪᠢ ᠨᠡᠮᠡᠷᠢ᠎ᠦᠵᠡᠭᠦᠯᠬᠦ ᠨᠣᠷᠮ᠎ᠠ 55% ᠡᠴᠡ ᠳᠡᠭᠡᠭ᠌ᠰᠢ᠎ᠬᠦᠷᠴᠡᠢ᠃ ᠵᠠᠮ ᠬᠠᠷᠢᠯᠴᠠᠭ᠎ᠠ᠂ ᠤᠰᠤᠨ ᠠᠱᠢᠭ᠍ᠯᠠᠯᠲᠠ᠂ ᠡᠨᠧᠷᠭᠢ᠂ ᠮᠡᠳᠡᠭᠡ ᠵᠠᠩᠭᠢ ᠵᠡᠷᠭᠡ ᠨᠢᠭᠡ ᠪᠦᠯᠦᠭ ᠴᠢᠬᠤᠯᠠ ᠶᠡᠬᠡ ᠢᠨᠵᠧᠨᠧᠷᠢᠩ᠎ᠢ ᠨᠤᠳᠤᠬᠰᠢᠭᠤᠯᠤᠨ ᠬᠡᠷᠡᠭ᠌ᠵᠢᠭᠦᠯᠵᠦ᠍᠂ ᠰᠠᠭᠤᠷᠢ ᠲᠥᠬᠥᠭᠡᠷᠦᠮᠵᠢ᠎ᠶ᠋ᠢᠨ ᠲᠤᠯᠭᠠᠭᠤᠷᠢᠯᠠᠬᠤ ᠪᠠᠲᠤᠯᠠᠭ᠎ᠠ᠎ᠶ᠋ᠢᠨ ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ᠃ ᠣᠷᠣᠨ ᠪᠦᠰᠡ ᠪᠠ ᠬᠤᠳᠠ ᠬᠥᠳᠡᠭᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠲᠦᠪᠱᠢᠨ᠎ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠤᠳᠠ ᠪᠠᠯᠭᠠᠰᠤᠵᠢᠯᠳᠠ ᠵᠢᠨ ᠨᠤᠷᠮ᠎ᠠ 67%᠎ᠶ᠋ᠢ ᠳᠠᠪᠠᠪᠠ᠃ ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠥᠭᠡᠷᠡᠴᠢᠯᠡᠯᠲᠡ ᠲᠠᠰᠤᠷᠠᠯᠲᠠ ᠥᠬᠡᠶ ᠭᠦᠨᠵᠡᠭᠡᠢᠷᠡᠵᠦ᠍᠂ ᠭᠠᠳᠠᠭᠠᠳᠤ ᠨᠡᠭᠡᠭᠡᠯᠲᠡ ᠪᠠ ᠣᠷᠣᠨ ᠪᠦᠰᠡ᠎ᠶ᠋ᠢᠨ ᠬᠠᠮᠲᠤᠷᠠᠯᠴᠠᠭ᠎ᠠ ᠢᠳᠡᠪᠬᠢᠲᠡᠶ ᠦᠷ᠎ᠡ ᠪᠦᠲᠦᠮᠵᠢ ᠣᠯᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠡᠯᠪᠡᠭ ᠦᠷ᠎ᠡ ᠪᠦᠲᠦᠭᠡᠯ ᠤᠯᠪᠠ᠃

ᠪᠢᠳᠡ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠪᠠ᠃ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠪᠣᠯᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠠᠷᠢᠴᠠᠭ᠎ᠠ᠎ᠶ᠋ᠢ ᠵᠥᠪ᠎ᠢᠶᠡᠷ ᠱᠢᠶ᠋ᠳᠪᠦᠷᠢᠯᠡᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠠᠮᠢ ᠠᠬᠤᠶ ᠣᠷᠴᠢᠨ ᠲᠣᠭᠣᠷᠢᠨ᠎ᠢ ᠱᠢᠰᠲ᠋ᠧᠮ᠎ᠲᠡᠶ ᠬᠠᠮᠠᠭᠠᠯᠠᠬᠤ ᠬᠠᠤᠯᠢ ᠲᠣᠭ᠍ᠲᠠᠭᠠᠯ ᠲᠦᠷᠢᠮ᠎ᠦᠨ ᠱᠢᠰᠲ᠋ᠧᠮ᠎ᠢ ᠢᠳᠡᠪᠬᠢᠲᠡᠶ ᠪᠠᠢᠭᠤᠯᠵᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯᠤᠨ ᠪᠣᠬᠢᠷᠲᠤᠯ ᠥᠬᠡᠶ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠎ᠶ᠋ᠢ ᠠᠬᠢᠭᠤᠯᠬᠤ᠎ᠳᠤ ᠦᠵᠡᠯ ᠰᠠᠨᠠᠭ᠎ᠠ ᠲᠠᠨᠢᠯᠲᠠ ᠡᠴᠡ ᠠᠵᠢᠯ᠎ᠤᠨ ᠦᠶ᠋ᠯᠡᠳᠦᠯᠭᠡ᠎ᠬᠦᠷᠲᠡᠯ᠎ᠡ ᠴᠥᠮ ᠪᠥᠬᠥ᠌ ᠲᠠᠯ᠎ᠠ᠎ᠶ᠋ᠢᠨ ᠴᠢᠨᠠᠷᠲᠠᠶ ᠴᠢᠬᠤᠯᠠ ᠶᠡᠬᠡ ᠬᠤᠪᠢᠷᠠᠯᠲᠠ ᠭᠠᠷᠤᠭ᠍ᠰᠠᠨ ᠪᠠᠢᠨ᠎ᠠ᠃ 《 ᠭᠤᠷᠪᠠᠨ ᠣᠷᠣᠨ ᠭᠤᠷᠪᠠᠨ ᠱᠤᠭᠤᠮ》᠎ᠢ᠋ ᠵᠠᠭᠠᠬᠯᠠᠨ ᠲᠣᠭ᠍ᠲᠠᠭᠠᠬᠤ ᠠᠵᠢᠯ᠎ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂ ᠪᠥᠬᠥ᠌ ᠣᠷᠣᠨ᠎ᠤ ᠬᠠᠭᠠᠰ᠎ᠡᠴᠡ ᠳᠡᠭᠡᠭ᠌ᠰᠢᠬᠢ ᠤᠯᠤᠰ᠎ᠤᠨ ᠨᠤᠳᠤᠭ ᠲᠡᠪᠢᠰᠭᠡᠷ᠎ᠤᠨ ᠲᠠᠯᠠᠪᠠᠶ᠎ᠶ᠋ᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠬᠤᠷᠢᠭ᠎ᠠ ᠱᠤᠭᠤᠮ᠎ᠳᠤ ᠣᠷᠣᠭᠤᠯᠪᠠ᠃ ᠠᠮᠢ ᠠᠬᠤᠢ᠎ᠶ᠋ᠢ ᠬᠠᠮᠠᠭᠠᠯᠠᠵᠤ ᠵᠠᠰᠠᠨ ᠰᠡᠷᠭᠦᠭᠡᠬᠦ᠌ ᠴᠢᠬᠤᠯᠠ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠨᠤᠲᠤᠭ ᠪᠡᠯᠴᠢᠭᠡᠷ ᠣᠢᠲᠤ ᠭᠠᠵᠠᠷ᠎ᠢ ᠡᠪᠳᠡᠭ᠌ᠰᠡᠨ ᠠᠰᠠᠭᠤᠳᠠᠯ ᠵᠡᠷᠭᠡ᠎ᠶ᠋ᠢ ᠲᠤᠰᠭᠠᠢ ᠴᠡᠭ᠌ᠴᠡᠯᠡᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠵᠦ᠍᠂ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ ᠪᠠ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ᠎ᠶ᠋ᠢᠨ ᠬᠡᠮᠵᠢᠢ᠎ᠡ《ᠬᠣᠣᠰ ᠳᠡᠭᠡᠭ᠌ᠰᠢᠯᠡᠯᠲᠡ》 ᠲᠠᠢ ᠪᠤᠯᠵᠤ᠂ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠢ᠎ᠶ᠋ᠢᠨ ᠲᠠᠯᠠᠪᠠᠢ 《ᠬᠣᠣᠰ ᠪᠠᠭᠤᠷᠠᠯᠲᠠ》 ᠎ᠶ᠋ᠢ ᠪᠡᠶᠡᠯᠡᠭᠦᠯᠪᠡ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠶᠡᠬᠡ ᠬᠠᠮᠠᠭᠠᠯᠠᠯᠲᠠ ᠶᠡᠬᠡ ᠵᠠᠰᠠᠯᠲᠠ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠪᠠ᠃《ᠬᠦᠯᠦᠨ ᠨᠠᠭᠤᠷ ᠲᠠᠭ᠎ᠠ ᠵᠢᠨ ᠨᠠᠭᠤᠷ ᠤᠯᠠᠭᠠᠨᠰᠤᠬᠠᠢ》 ᠎ᠵᠢᠨ ᠶᠡᠷᠦᠩᠬᠡᠢᠯᠡᠭ᠌ᠰᠡᠨ ᠵᠠᠰᠠᠯᠲᠠ ᠢᠳᠡᠪᠬᠢᠲᠡᠢ ᠠᠬᠢᠴᠠ ᠲᠠᠢ ᠪᠤᠯᠵᠤ᠂ ᠴᠠᠭᠠᠨᠨᠠᠭᠤᠷ᠎ᠤᠨ ᠵᠠᠰᠠᠯᠲᠠ᠎ᠶ᠋ᠢᠨ ᠠᠵᠢᠯ᠎ᠢ ᠪᠦᠬᠦ᠌ ᠲᠠᠯ᠎ᠠ᠎ᠪᠠᠷ ᠠᠬᠢᠭᠤᠯᠪᠠ᠃ ᠭᠣᠣᠯᠳᠠᠯᠭ᠎ᠠ᠎ᠲᠠᠶ ᠠᠵᠢᠯ ᠲᠦᠷᠦᠯ᠎ᠦᠨ ᠬᠦᠷᠢᠶᠡᠨ᠎ᠳᠡᠬᠢ ᠪᠣᠬᠢᠷᠲᠤᠯ ᠦᠭᠡᠢ ᠪᠣᠯᠭᠠᠬᠤ ᠥᠭᠡᠷᠡᠴᠢᠯᠡᠯᠲᠡ᠎ᠶ᠋ᠢ ᠡᠮᠬᠢ ᠵᠢᠷᠤᠮ᠎ᠲᠠᠶ ᠠᠬᠢᠭᠤᠯᠵᠤ᠂ ᠡᠨᠧᠷᠭᠢ᠎ᠶ᠋ᠢᠨ ᠬᠣᠷᠣᠭ᠍ᠳᠠᠭᠤᠯᠤᠯ᠎ᠤᠨ ᠬᠣᠣᠰ ᠡᠵᠡᠮᠳᠡᠯ᠎ᠦᠨ ᠬᠠᠲᠠᠭᠤ ᠬᠢᠵᠠᠭᠠᠷᠯᠠᠯ᠎ᠢ ᠬᠦᠴᠦᠲᠡᠢ ᠨᠠᠢᠳᠠᠪᠤᠷᠢᠵᠢᠭᠤᠯᠤᠨ᠂ 《ᠬᠤᠶᠠᠷ ᠶᠡᠬᠡᠲᠡᠢ》ᠲᠦᠷᠦᠯ ᠵᠦᠢᠯ᠎ᠢ ᠰᠣᠬᠣᠷ ᠪᠠᠯᠠᠢ᠎ᠪᠠᠷ ᠬᠥᠭ᠌ᠵᠢᠭᠦᠯᠬᠦ ᠵᠢ ᠬᠤᠷᠢᠭᠯᠠᠭᠰᠠᠨ ᠦᠷ᠎ᠡ ᠪᠦᠲᠦᠮᠵᠢ ᠢᠯᠡᠷᠬᠡᠢ ᠪᠤᠯᠵᠤ᠂ ᠡᠬᠢ ᠪᠠᠶᠠᠯᠢᠭ ᠣᠷᠴᠢᠨ ᠲᠤᠭᠤᠷᠢᠨ᠎ᠤ ᠬᠢᠵᠠᠭᠠᠷᠯᠠᠬᠤ ᠴᠢᠨᠠᠷᠲᠠᠢ ᠭᠦᠢᠴᠡᠳᠭᠡᠯ ᠲᠣᠭ᠎ᠠ᠎ᠶ᠋ᠢᠨ ᠡᠵᠡᠮᠳᠡᠯ᠎ᠢᠶᠡᠨ ᠠᠯᠳᠠᠭ᠍ᠰᠠᠨ ᠪᠠᠢᠳᠠᠯ᠎ᠢ ᠬᠤᠪᠢᠷᠠᠭᠤᠯᠪᠠ᠃

ᠪᠢᠳᠡ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠦᠭᠦᠯᠬᠦ᠌᠎ᠶ᠋ᠢ ᠢᠮᠠᠭ᠍ᠲᠠ ᠪᠠᠷᠢᠮᠲᠠᠯᠠᠵᠤ᠂ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠪᠠ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶᠠᠨ᠎ᠤ ᠬᠠᠤᠯᠢ ᠶᠣᠰᠣᠭᠠᠷ ᠡᠷᠬᠡ ᠲᠤᠱᠢᠶᠠᠯ᠎ᠢᠶᠠᠨ ᠬᠡᠷᠡᠭ᠌ᠵᠢᠭᠦᠯᠬᠦ᠌᠎ᠶ᠋ᠢ ᠲᠡᠮᠵᠢᠵᠤ᠂ ᠣᠷᠣᠨ ᠨᠤᠲᠤᠭ᠎ᠤᠨ ᠲᠦᠷᠦ᠍᠎ᠶ᠋ᠢᠨ ᠡᠷᠬᠡᠲᠦ ᠪᠠᠢᠭᠤᠯᠭ᠎ᠠ᠎ᠶ᠋ᠢᠨ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠪᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢᠶᠡᠨ ᠪᠠᠳᠠᠷᠠᠭᠤᠯᠬᠤ᠎ᠶ᠋ᠢ ᠳᠡᠮᠵᠢᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭᠠᠳᠭᠠᠬᠤ᠎ᠶ᠋ᠢ ᠬᠠᠷᠢᠯᠴᠠᠨ ᠨᠡᠪᠲᠡᠷᠡᠯᠴᠡᠭᠦᠯᠵᠦ᠍᠂ ᠰᠠᠨᠠᠯ ᠰᠠᠨᠠᠭᠤᠯᠭ᠎ᠠ ᠲᠤᠷᠠᠳᠤᠨ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠣᠣᠰ ᠴᠢᠭ᠌ᠯᠡᠯ᠎ᠢᠶᠡᠷ ᠬᠦᠴᠦᠯᠡᠬᠦ᠌ ᠲᠡᠰ ᠳᠠᠷᠠᠭᠠᠯᠠᠯ ᠲᠣᠭ᠍ᠲᠠᠴᠠ ᠲᠠᠰᠤᠷᠠᠯᠲᠠ ᠦᠭᠡᠢ ᠪᠦᠷᠢᠨᠱᠢᠪᠡ᠃ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠠ ᠨᠠᠮ ᠪᠦᠯᠦᠭ᠎ᠦᠨ ᠪᠤᠰᠤ ᠬᠥᠮᠦᠰ ᠵᠡᠷᠭᠡ ᠵᠢᠨ ᠠᠵᠢᠯ ᠲᠠᠰᠤᠷᠠᠯᠲᠠ ᠦᠭᠡᠢ ᠴᠢᠩᠭᠠᠷᠠᠵᠤ᠂ ᠱᠠᠱᠢᠨ ᠰᠤᠷᠲᠠᠬᠤᠨ᠎ᠤ ᠬᠠᠷᠢᠴᠠᠭ᠎ᠠ ᠡᠷᠡᠭᠦᠯ ᠪᠥᠭᠡᠳ ᠡᠶ᠎ᠡ ᠵᠣᠬᠢᠴᠠᠩᠭᠤᠢ ᠪᠠᠢᠵᠤ᠂ ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠱᠢᠯ᠎ᠢ ᠲᠦᠷᠭᠡᠳᠭᠡᠨ ᠪᠠᠢᠭᠤᠯᠪᠠ᠃ ᠨᠠᠮ ᠵᠠᠰᠠᠭ᠎ᠤᠨ ᠪᠠᠢᠭᠤᠯᠤᠮᠵᠢ ᠪᠠ ᠠᠵᠢᠯ ᠦᠢᠯᠡᠰ᠎ᠦᠨ ᠨᠢᠭᠡᠴᠢ᠎ᠶ᠋ᠢᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠪᠡ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠦᠨ ᠬᠣᠯᠪᠣᠭ᠎ᠠ ᠵᠡᠷᠭᠡ ᠤᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠪᠠ᠃ ᠪᠥᠬᠥ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ᠎ᠶ᠋ᠢ ᠭᠦᠨᠵᠡᠭᠡᠶ ᠠᠬᠢᠭᠤᠯᠵᠤ᠂ ᠬᠠᠤᠯᠢ ᠲᠣᠭ᠍ᠲᠠᠭᠠᠬᠤ᠂ ᠬᠠᠤᠯᠢ ᠬᠡᠷᠡᠭ᠌ᠵᠢᠭᠦᠯᠬᠦ᠌᠂ ᠬᠠᠤᠯᠢ ᠪᠠᠷᠢᠬᠤ᠂ ᠬᠠᠤᠯᠢ᠎ᠶ᠋ᠢ ᠵᠢᠷᠤᠮᠯᠠᠬᠤ ᠵᠡᠷᠭᠡ ᠬᠦᠷᠢᠶᠡᠨ᠎ᠳᠡᠬᠢ ᠨᠢᠭᠡ ᠪᠦᠯᠦᠭ ᠲᠣᠪᠣᠢᠮ᠎ᠠ ᠵᠥᠷᠢᠴᠡᠯ ᠪᠠ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍᠂ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠦ ᠬᠥᠮᠦᠵᠢᠯ ᠴᠡᠭ᠌ᠴᠡᠯᠡᠯᠲᠡ ᠴᠢᠬᠤᠯᠠ ᠦᠷ᠎ᠡ ᠪᠦᠲᠦᠭᠡᠯ ᠣᠯᠵᠤ᠂ ᠬᠠᠤᠯᠢᠵᠢᠯ᠎ᠤᠨ ᠵᠠᠰᠠᠭ᠎ᠤᠨ ᠣᠷᠳᠣᠨ ᠪᠠ ᠬᠠᠤᠯᠢᠵᠢᠯ᠎ᠤᠨ ᠨᠡᠢᠭᠡᠮ᠎ᠦᠨ ᠪᠠᠢᠭᠤᠯᠤᠯᠲᠠ ᠪᠥᠬᠥ᠌ ᠲᠠᠯ᠎ᠠ᠎ᠪᠠᠷ ᠴᠢᠩᠭᠠᠷᠠᠪᠠ᠃

ᠪᠢᠳᠡ ᠪᠦᠬᠦ᠌ ᠣᠷᠣᠨ᠎ᠤ ᠦᠨᠳᠦᠰᠦᠲᠡᠨ᠎ᠦ ᠠᠵᠢᠯ᠎ᠤᠨ ᠵᠢᠯᠣᠭᠣᠳᠭᠤ ᠦᠵᠡᠯ ᠰᠠᠨᠠᠭᠠᠨ᠎ᠤ ᠭᠡᠯᠪᠡᠢᠬᠦᠦ᠎ᠶ᠋ᠢ ᠡᠷᠡᠰ ᠵᠠᠯᠠᠷᠠᠭᠤᠯᠵᠤ᠂ ᠦᠨᠳᠦᠰᠦᠲᠡᠨ᠎ᠦ ᠠᠵᠢᠯ᠎ᠢ ᠦᠨᠡᠨ ᠬᠦ᠌ ᠴᠢᠩᠭᠠᠳᠭᠠᠨ ᠰᠠᠢᠵᠢᠷᠠᠭᠤᠯᠪᠠ᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠵᠢᠭᠦᠯᠬᠦ᠌ ᠳᠤᠮᠳᠠ ᠢᠯᠡᠷᠡᠭ᠌ᠰᠡᠨ ᠠᠰᠠᠭᠤᠳᠠᠯ᠎ᠢ ᠯᠠᠪᠳᠠᠭᠤᠨ ᠲᠣᠬᠢᠲᠠᠢ ᠱᠢᠢᠳᠪᠦᠷᠢᠯᠡᠵᠦ᠍᠂ ᠭᠦᠨᠵᠡᠭᠡᠢ ᠪᠠᠢᠴᠠᠭᠠᠨ ᠲᠤᠩᠭᠠᠵᠤ᠂ ᠭᠦᠨᠵᠡᠭᠡᠢ ᠰᠤᠷᠭᠠᠮᠵᠢ ᠠᠪᠴᠤ᠌᠂ ᠨᠢᠭᠡ᠎ᠡᠴᠡ ᠨᠦᠬᠦᠭᠡ᠎ᠶ᠋ᠢ ᠵᠦᠢᠴᠢᠯᠡᠨ ᠮᠡᠳᠡᠵᠤ᠂ ᠶᠡᠷᠦᠩᠬᠡᠢᠯᠡᠭ᠌ᠰᠡᠨ ᠠᠷᠭ᠎ᠠ ᠪᠤᠳᠤᠯᠭ᠎ᠡ ᠬᠡᠷᠡᠭ᠌ᠵᠢᠭᠦᠯᠦᠨ ᠬᠡᠯᠪᠡᠢᠭᠦᠦ᠍᠎ᠶ᠋ᠢ ᠵᠠᠯᠠᠷᠠᠭᠤᠯᠬᠤ᠂ ᠦᠨᠳᠦᠰᠦ᠎ᠶ᠋ᠢ ᠪᠠᠳᠤᠳᠬᠠᠨ ᠰᠠᠭᠤᠷᠢ᠎ᠶ᠋ᠢ ᠪᠡᠬᠢᠵᠢᠭᠦᠯᠬᠦ᠎ᠶ᠋ᠢ ᠠᠬᠢᠭᠤᠯᠵᠤ᠂ ᠦᠨᠳᠦᠰᠦᠲᠡᠨ᠎ᠦ ᠬᠦᠷᠢᠶᠡᠨ᠎ᠳᠡᠬᠢ ᠭᠦᠨ ᠳᠠᠪᠬᠤᠷᠭ᠎ᠠ᠎ᠶ᠋ᠢᠨ ᠵᠥᠷᠢᠴᠡᠯ ᠪᠠ ᠠᠰᠠᠭᠤᠳᠠᠯ᠎ᠢ ᠬᠦᠴᠦᠲᠡᠢ ᠡᠮᠬᠢ ᠵᠢᠷᠤᠮ᠎ᠲᠠᠶ ᠱᠢᠢᠳᠪᠦᠷᠢᠯᠡᠵᠡᠢ᠃ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠲᠠᠶ ᠨᠡᠢᠴᠡᠬᠦ᠌ ᠥᠬᠡᠶ᠂ ᠦᠨᠳᠦᠰᠦᠲᠡᠨ᠎ᠦ ᠵᠥᠷᠢᠶᠡᠲᠦ ᠴᠢᠨᠠᠷ᠎ᠢ ᠴᠢᠩᠭᠠᠳᠭᠠᠬᠤ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠡᠮᠬᠢᠯᠡᠵᠦ᠍᠂ ᠡᠷᠡᠰ ᠲᠣᠬᠢᠷᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠲᠦᠷᠭᠡᠳᠭᠡᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠥᠬᠥ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠦᠨᠳᠦᠰᠦᠲᠡᠨ᠎ᠦ ᠠᠰᠠᠭᠤᠳᠠᠯ᠎ᠳᠤ ᠬᠣᠯᠪᠣᠭ᠍ᠳᠠᠬᠤ ᠦᠵᠡᠯ ᠤᠬᠠᠮᠰᠠᠷ᠎ᠤᠨ ᠬᠡᠯᠪᠡᠷᠢ᠎ᠶ᠋ᠢᠨ ᠲᠤᠰᠭᠠᠶ ᠴᠡᠭ᠌ᠴᠡᠯᠡᠨ ᠵᠠᠰᠠᠯᠲᠠ᠎ᠶ᠋ᠢ ᠵᠣᠬᠢᠶᠠᠨ ᠪᠠᠢᠭᠤᠯᠤᠨ ᠠᠬᠢᠭᠤᠯᠵᠤ᠂ ᠪᠥᠬᠥ᠌ ᠣᠷᠣᠨ᠎ᠤ ᠦᠨᠳᠦᠰᠦᠲᠡᠨ᠎ᠦ ᠠᠵᠢᠯ᠎ᠤᠨ ᠶᠡᠬᠡ ᠣᠷᠴᠢᠨ ᠲᠣᠭᠣᠷᠢᠨ᠎ᠢ ᠢᠯᠡᠳᠲᠡ ᠰᠠᠢᠵᠢᠷᠠᠭᠤᠯᠪᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ ᠦᠨᠳᠦᠰᠦᠲᠡᠨ᠎ᠦ ᠠᠵᠢᠯ᠎ᠢ ᠰᠠᠢᠲᠤᠷ ᠬᠢᠵᠦ᠍᠂ ᠦᠨᠳᠦᠰᠦᠲᠡᠨ᠎ᠦ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ᠂ ᠦᠨᠳᠦᠰᠦᠲᠡᠨ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ ᠳᠠᠯᠳᠠ ᠭᠡᠮ᠎ᠢ ᠬᠦᠴᠦᠯᠡᠨ ᠰᠡᠷᠭᠡᠢᠯᠡᠨ ᠠᠷᠢᠯᠭᠠᠵᠤ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠪᠡᠬᠢᠵᠢᠭᠦᠯᠦᠨ ᠬᠥᠭ᠌ᠵᠢᠭᠦᠯᠪᠡ᠃

ᠪᠢᠳᠡ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠪᠦᠯᠬᠦᠮᠳᠡᠨ ᠤᠷᠤᠭ᠍ᠰᠢᠯᠠᠬᠤ ᠬᠠᠮᠲᠤ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠪᠡ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ ᠪᠠ ᠬᠠᠮᠢᠶᠠᠷᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠰᠦᠯᠵᠢᠶᠡᠨ᠎ᠦ ᠶᠡᠷᠦᠩᠬᠡᠢᠯᠡᠨ ᠵᠠᠰᠠᠬᠤ ᠱᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠭᠣᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶ᠋ᠢ ᠦᠷᠭᠦᠯᠵᠢᠯᠡᠨ ᠪᠡᠬᠢᠵᠢᠭᠦᠯᠦᠨ ᠪᠤᠵᠠᠭᠠᠢᠷᠠᠭᠤᠯᠵᠤ᠂ ᠨᠡᠢᠭᠡᠮ ᠵᠢᠷᠤᠮ᠎ᠤᠨ ᠭᠣᠣᠯᠯᠠᠭᠴᠢ ᠦᠷᠲᠡᠭ᠎ᠦᠨ ᠦᠵᠡᠯᠲᠡ᠎ᠶ᠋ᠢ ᠥᠷᠭᠡᠨ᠎ᠢᠶᠡᠷ ᠪᠠᠳᠠᠷᠠᠭᠤᠯᠪᠠ᠃ ᠠᠷᠠᠳ ᠢᠷᠭᠡᠳ᠎ᠦᠨ ᠶᠣᠰᠣ ᠮᠣᠷᠠᠯ᠎ᠤᠨ ᠪᠠᠢᠭᠤᠯᠤᠯᠲᠠ᠎ᠶ᠋ᠢᠨ ᠠᠵᠢᠯᠯᠠᠭ᠎ᠠ ᠪᠠ ᠤᠶᠤᠨ᠎ᠤ ᠪᠣᠯᠪᠠᠰᠤᠨ᠎ᠢ ᠡᠭᠦᠳᠦᠨ ᠪᠠᠢᠭᠤᠯᠬᠤ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠱᠢᠰᠲ᠋ᠧᠮ᠎ᠢ ᠲᠦᠷᠭᠡᠳᠭᠡᠨ ᠪᠦᠷᠢᠯᠳᠦᠭᠦᠯᠪᠡ᠃ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠱᠢᠰᠲ᠋ᠧᠮ ᠪᠠ ᠤᠳᠤ ᠦᠶ᠎ᠡ᠎ᠶ᠋ᠢᠨ ᠰᠣᠶᠣᠯ᠎ᠤᠨ ᠠᠵᠤ ᠦᠢᠯᠡᠰ᠎ᠦᠨ ᠱᠢᠰᠲ᠋ᠧᠮ᠎ᠢ ᠲᠠᠰᠤᠷᠠᠯᠳᠠ ᠦᠭᠡᠢ ᠪᠦᠷᠢᠨᠱᠢᠬᠦᠯᠵᠦ᠍᠂ ᠨᠢᠭᠡ ᠪᠦᠯᠦᠭ ᠱᠢᠯᠢᠳᠡᠭ ᠤᠳᠭ᠎ᠠ ᠤᠷᠠᠯᠢᠭ᠎ᠤᠨ ᠪᠦᠲᠦᠭᠡᠯ ᠪᠠ ᠱᠢᠯᠢᠳᠡᠭ ᠰᠣᠶᠣᠯ᠎ᠤᠨ ᠪᠦᠲᠦᠭᠡᠭ᠌ᠳᠡᠬᠦᠨ᠎ᠢ ᠵᠠᠯᠭᠠᠭ᠎ᠠ᠎ᠪᠠᠷ ᠭᠠᠷᠭᠠᠪᠠ᠃ ᠤᠯᠠᠭᠠᠨᠮᠥ᠋ᠴᠢᠷ᠎ᠦᠨ ᠱᠢᠯᠢᠳᠡᠭ ᠤᠯᠠᠮᠵᠢᠯᠠᠯ᠎ᠢ ᠶᠡᠬᠡ ᠪᠡᠷ ᠪᠠᠳᠠᠷᠠᠭᠤᠯᠵᠤ᠂ ᠤᠯᠠᠭᠠᠨᠮᠥ᠋ᠴᠢᠷ᠎ᠦᠨ ᠦᠶ᠋ᠯᠡᠰ ᠱᠢᠨ᠎ᠡ ᠬᠥᠭ᠌ᠵᠢᠯᠲᠡ᠎ᠲᠡᠶ ᠪᠣᠯᠪᠠ᠃

ᠪᠢᠳᠡ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠪᠤᠢ ᠪᠣᠯᠭᠠᠵᠤ᠂ ᠰᠡᠳᠭᠢᠯ ᠲᠠᠯᠪᠢᠨ ᠬᠠᠢᠷ᠎ᠠ ᠰᠡᠳᠭᠢᠯᠭᠡ ᠲᠠᠢ ᠪᠡᠷ ᠬᠦᠴᠦ ᠤᠷᠤᠭᠤᠯᠤᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠪᠠ᠃ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌᠂ ᠲᠤᠲᠤᠨ᠎ᠠ ᠪᠡᠨ ᠲᠠᠷᠬᠠᠨ ᠲᠡᠯᠭᠡᠷᠡᠬᠦ᠎ᠶ᠋ᠢ ᠰᠡᠷᠭᠡᠢᠯᠡᠬᠦ᠌ ᠠᠵᠢᠯ᠎ᠢ ᠪᠠᠢᠩᠭᠤᠵᠢᠭᠤᠯᠤᠨ ᠰᠠᠢᠲᠤᠷ ᠬᠢᠵᠦ᠍᠂ ᠬᠦᠴᠦᠨ᠎ᠢᠶᠡᠨ ᠲᠥᠪᠯᠡᠷᠡᠭᠦᠯᠦᠨ ᠴᠤᠭ᠍ᠯᠠᠷᠠᠯ᠎ᠤᠨ ᠴᠢᠨᠠᠷᠲᠠᠢ ᠬᠢᠵᠢᠭ᠎ᠦᠨ ᠪᠠᠢᠳᠠᠯ᠎ᠤᠨ ᠰᠦᠨᠦᠭᠡᠯᠲᠡ ᠵᠢᠨ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠱᠢᠨ ᠪᠣᠯᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠬᠦᠴᠦᠲᠡᠢ ᠬᠠᠮᠠᠭᠠᠯᠠᠪᠠ᠃ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠦᠨ᠂ ᠠᠵᠢᠯ ᠣᠯᠭᠣᠯᠲᠠ᠎ᠶ᠋ᠢᠨ ᠪᠠᠢᠳᠠᠯ᠎ᠢ ᠦᠷᠭᠦᠯᠵᠢᠯᠡᠨ ᠰᠠᠢᠵᠢᠷᠠᠭᠤᠯᠵᠤ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠦᠨ᠂ ᠡᠯ᠎ᠡ ᠱᠠᠲᠤᠨ ᠎ᠤ ᠡᠯ᠎ᠡ ᠲᠥᠷᠥᠯ᠎ᠦᠨ ᠰᠤᠷᠭᠠᠨ ᠬᠥᠮᠦᠵᠢᠯ᠎ᠢ ᠵᠣᠬᠢᠴᠠᠩᠭᠤᠶ ᠬᠥᠭ᠌ᠵᠢᠭᠦᠯᠵᠦ᠍᠂ ᠡᠷᠡᠭᠦᠯ ᠡᠩᠬᠡ ᠥᠪᠥᠷ ᠮᠣᠩᠭᠣᠯ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠂ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠦ ᠱᠢᠰᠲ᠋ᠧᠮ ᠪᠣᠯᠤᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠲᠠᠰᠤᠷᠠᠯᠲᠠ ᠤᠢ᠍ᠭᠡᠢ ᠴᠢᠩᠭᠠᠳᠭᠠᠨ᠂ ᠣᠯᠠᠨ ᠲᠦᠮᠡᠨ᠎ᠦ ᠨᠢᠭᠡ ᠪᠦᠯᠦᠭ ᠪᠠᠴᠢᠮᠳᠠᠵᠤ ᠲᠦᠪᠡᠭᠳᠡᠵᠦ ᠵᠤᠪᠠᠨᠢᠵᠦ ᠬᠦᠰᠡᠵᠦ᠍ ᠪᠠᠢᠭ᠎ᠠ ᠠᠰᠠᠭᠤᠳᠠᠯ ᠪᠣᠯᠤᠨ ᠲᠡᠦᠬᠡ᠎ᠶ᠋ᠢᠨ ᠦᠯᠡᠳᠡᠭ᠌ᠳᠡᠯ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠪᠡ᠃ ᠠᠮᠤᠭᠤᠯᠠᠩᠲᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠨᠢᠭᠡ ᠪᠦᠯᠦᠭ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠤᠨ ᠳᠠᠷᠤᠭ᠍ᠳᠠᠮᠠᠯ ᠬᠡᠷᠡᠭ᠎ᠢ ᠱᠢᠶ᠋ᠳᠪᠦᠷᠢᠯᠡᠵᠦ᠍᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ ᠴᠢᠬᠤᠯᠠ ᠶᠡᠬᠡ ᠦᠷ᠎ᠡ ᠪᠦᠲᠦᠮᠵᠢ ᠣᠯᠤᠭ᠍ᠰᠠᠨ᠎ᠤ ᠬᠠᠮᠳᠦ ᠪᠠᠢᠩᠭᠤᠵᠢᠭᠤᠯᠤᠨ ᠠᠬᠢᠭᠤᠯᠬᠤ ᠲᠡᠢᠰᠢ ᠱᠢᠯᠵᠢᠪᠡ᠃

ᠪᠢᠳᠡ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠬᠦᠴᠦᠯᠡᠨ ᠴᠡᠪᠡᠷᠱᠢᠭᠦᠯᠦᠨ ᠰᠡᠷᠭᠦᠭᠡᠪᠡ᠃ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠵᠤ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ᠎ᠶ᠋ᠢ ᠪᠠᠷᠢᠮᠲᠠᠯᠠᠵᠤ᠂ ᠲᠥᠪ᠎ᠦᠨ ᠲᠣᠭᠣᠷᠢᠨ ᠪᠠᠢᠴᠠᠭᠠᠬᠤ ᠪᠠ ᠡᠯ᠎ᠡ ᠲᠦᠷᠦᠯ᠎ᠦᠨ ᠬᠢᠨᠠᠯᠲᠠ ᠲᠠᠯᠪᠢᠵᠤ ᠬᠢᠨᠠᠨ ᠱᠢᠯᠭᠠᠵᠤ ᠬᠠᠷᠢᠭᠤ ᠲᠤᠰᠭᠠᠬ᠍ᠰᠠᠨ ᠰᠠᠨᠠᠯ᠎ᠢᠶᠠᠷ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ᠎ᠪᠠᠷ ᠬᠥᠲᠥᠯᠦᠮᠵᠢ ᠪᠣᠯᠭᠠᠵᠤ ᠨᠠᠮ᠎ᠤᠨ ᠤᠳᠤᠷᠢᠳᠤᠯᠭ᠎ᠠ ᠰᠤᠯᠠᠷᠠᠬᠤ᠂ ᠨᠠᠮ᠎ᠤᠨ ᠪᠠᠢᠭᠤᠯᠤᠯᠲᠠ ᠳᠤᠲᠠᠭ᠍ᠳᠠᠬᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠷᠴᠢᠮ ᠰᠤᠯᠠ ᠪᠠᠢᠬᠤ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠠᠵᠢᠯ ᠲᠠᠰᠤᠷᠠᠯᠳᠡ ᠦᠭᠡᠢ ᠡᠷᠴᠢᠮᠵᠢᠨ ᠬᠠᠳᠠᠭᠤᠵᠢᠪᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠦᠷᠭᠦᠯᠵᠢᠯᠡᠨ ᠴᠡᠭ᠌ᠴᠡᠯᠡᠵᠦ᠍᠂ ᠤᠯᠤᠰ ᠲᠦᠷᠦ᠍᠎ᠶ᠋ᠢᠨ ᠪᠠᠷᠢᠮᠵᠢᠶ᠎ᠠ᠎ᠶ᠋ᠢ ᠲᠤᠪᠤᠢ᠌ᠯᠭᠠᠨ ᠺᠠᠳ᠋ᠷ᠎ᠢ ᠴᠢᠩᠭ᠎ᠠ ᠰᠣᠩᠭᠣᠨ ᠬᠡᠷᠡᠭ᠌ᠯᠡᠵᠦ᠍᠂ ᠴᠢᠳᠠᠪᠤᠷᠢᠲᠠᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠪᠠ᠃ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠤᠷᠢᠳᠤ ᠡᠮᠦᠨ᠎ᠡ ᠪᠠᠢᠭ᠎ᠠ ᠦᠭᠡᠢ ᠡᠷᠴᠢᠮ᠎ᠢᠶᠡᠷ ᠲᠦᠯᠬᠢᠨ ᠠᠬᠢᠭᠤᠯᠵᠤ᠂ ᠬᠡᠪ᠎ᠤᠨ ᠵᠤᠷᠱᠢᠯ᠎ᠠᠴᠠ ᠳᠠᠪᠠᠭ᠍ᠰᠠᠨ ᠠᠷᠭ᠎ᠠ ᠬᠡᠮᠵᠢᠶ᠎ᠡ ᠪᠠ ᠵᠣᠷᠢᠭ᠍ᠲᠠᠶ ᠪᠠᠢᠯᠳᠤᠵᠤ ᠢᠯᠠᠯᠳᠠ ᠤᠯᠬᠤ ᠲᠡᠮᠡᠴᠡᠯ᠎ᠦᠨ ᠵᠣᠷᠢᠭ ᠰᠠᠨᠠᠭ᠎ᠠ᠎ᠪᠠᠷ ᠨᠡᠭᠦᠷᠡᠰᠦᠨ᠎ᠦ ᠡᠬᠢ ᠪᠠᠶᠠᠯᠢᠭ᠎ᠤᠨ ᠬᠦᠷᠢᠶᠡᠨ᠎ᠳᠡᠬᠢ ᠲᠦᠷᠢᠮ ᠲᠣᠭ᠍ᠲᠠᠭᠠᠯ᠎ᠠᠴᠠ ᠵᠥᠷᠢᠴᠡᠵᠦ᠍ ᠬᠠᠤᠯᠢ᠎ᠠᠴᠠ ᠵᠥᠷᠢᠴᠡᠭ᠌ᠰᠡᠨ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ᠎ᠶ᠋ᠢ ᠠᠬᠢᠭᠤᠯᠵᠤ᠂ ᠥᠪᠥᠷ ᠮᠣᠩᠭᠣᠯ᠎ᠤᠨ ᠤᠯᠤᠰ ᠲᠥᠷᠥ᠎ᠶ᠋ᠢᠨ ᠠᠮᠢ ᠠᠬᠤᠶ᠎ᠶ᠋ᠢ ᠪᠣᠬᠢᠷᠲᠤᠭᠤᠯᠤᠭ᠍ᠰᠠᠨ ᠬᠠᠮᠤᠭ᠎ᠤᠨ ᠶᠡᠬᠡ ᠬᠤᠤᠷᠳᠦ ᠬᠠᠪᠤᠳᠠᠷ᠎ᠢ ᠡᠷᠡᠰ ᠠᠷᠢᠯᠭᠠᠵᠤ᠂ ᠲᠠᠷᠬᠠᠭᠠᠭ᠍ᠰᠠᠨ ᠬᠤᠤᠷ ᠨᠥᠯᠥᠭᠡ᠎ᠶ᠋ᠢ ᠡᠷᠡᠰ ᠠᠷᠢᠯᠭᠠᠵᠤ᠂ ᠱᠢᠰᠲ᠋ᠧᠮ᠎ᠦᠨ ᠴᠢᠨᠠᠷᠲᠠᠢ ᠣᠷᠣᠨ ᠪᠦᠰᠡ᠎ᠶ᠋ᠢᠨ ᠴᠢᠨᠠᠷᠲᠠᠢ ᠢᠯᠵᠠᠷᠠᠯ᠎ᠤᠨ ᠠᠰᠠᠭᠤᠳᠠᠯ᠎ᠢ ᠭᠦᠨᠵᠡᠭᠡᠢ ᠠᠭᠤᠳᠠᠯᠤᠨ ᠲᠤᠢᠯᠪᠤᠷᠢᠲᠠᠢ ᠪᠠᠢᠴᠠᠭᠠᠵᠤ᠂ ᠤᠯᠠᠨ ᠲᠦᠮᠡᠨ᠎ᠦ ᠳᠡᠷᠭᠡᠳᠡᠬᠢ ᠢᠯᠵᠠᠷᠡᠯ ᠪᠣᠯᠤᠨ ᠰᠤᠷᠲᠠᠯ᠎ᠤᠨ ᠠᠰᠠᠭᠤᠳᠠᠯ᠎ᠢ ᠶᠡᠬᠡ ᠪᠡᠷ ᠴᠡᠭ᠌ᠴᠡᠯᠡᠨ ᠵᠠᠰᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠂ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠬᠦ᠌ ᠪᠦᠬᠦᠯᠢ ᠴᠤᠭᠴᠠ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠬᠦᠴᠦᠯᠡᠨ ᠰᠠᠢᠳᠤᠷ ᠬᠢᠵᠦ᠂ ᠢᠯᠵᠠᠷᠠᠬᠤ᠎ᠡᠴᠡ ᠵᠢᠷᠦᠬᠡᠱᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠠᠵᠢᠯ᠎ᠢ ᠨᠢᠭᠡ ᠴᠣᠭ᠍ᠴᠠᠵᠢᠭᠤᠯᠤᠨ ᠠᠬᠢᠭᠤᠯᠵᠤ᠂ ᠥᠪᠥᠷ ᠮᠣᠩᠭᠣᠯ᠎ᠤᠨ ᠣᠷᠳᠣ ᠬᠤᠭᠤᠴᠠᠭ᠎ᠠ᠎ᠪᠠᠷ ᠪᠣᠬᠢᠷᠲᠤᠵᠤ ᠡᠪᠳᠡᠭ᠌ᠳᠡᠭ᠌ᠰᠡᠨ ᠤᠯᠤᠰ ᠲᠥᠷᠥ᠎ᠶ᠋ᠢᠨ ᠠᠮᠢ ᠠᠬᠤᠶ᠎ᠵᠢ ᠬᠦᠴᠦᠲᠡᠶ ᠰᠡᠷᠭᠦᠭᠡᠵᠦ᠂ ᠶᠠᠭ ᠲᠦᠷᠭᠡᠨ ᠴᠡᠪᠡᠷᠱᠢᠭᠦᠯᠦᠨ ᠱᠢᠯᠢᠳᠡᠭ᠌ᠵᠢᠭᠦᠯᠵᠦ᠍ ᠪᠠᠢᠨ᠎ᠠ᠃

ᠥᠩᠭᠡᠷᠡᠭ᠌ᠰᠡᠨ ᠲᠠᠪᠤᠨ ᠵᠢᠯ᠎ᠢ ᠡᠷᠭᠢᠴᠡᠭᠦᠯᠪᠡᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠪᠦᠬᠦ᠌ ᠲᠠᠯ᠎ᠠ᠎ᠵᠢᠨ ᠬᠥᠭ᠌ᠵᠢᠯᠲᠡ ᠲᠠᠢ ᠪᠤᠯᠵᠤ ᠴᠢᠳᠠᠭ᠍ᠰᠠᠨ᠎ᠤ ᠬᠠᠮᠤᠭ᠎ᠤᠨ ᠦᠨᠳᠦᠰᠦᠨ ᠵᠦᠢᠯ ᠨᠢ ᠰᠢ᠎ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠠᠢᠨ᠎ᠠ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠂ ᠶᠡᠷᠦᠩᠬᠡᠢ ᠱᠦᠵᠢ ᠰᠢ᠎ᠵᠢᠨ ᠫᠢᠩ ᠥᠪᠥᠷ ᠮᠣᠩᠭᠣᠯ᠎ᠤᠨ ᠰᠤᠳᠠᠰᠤ᠎ᠶ᠋ᠢ ᠪᠠᠷᠢᠵᠤ ᠴᠢᠭ᠌ᠯᠡᠯ᠎ᠢ ᠲᠣᠭ᠍ᠲᠠᠭᠠᠵᠤ᠂ ᠵᠠᠮ᠎ᠢ ᠵᠢᠭᠠᠵᠤ ᠠᠶᠠᠯᠠᠯ᠎ᠢ ᠵᠢᠯᠣᠭᠣᠳᠤᠭ᠍ᠰᠠᠨ᠎ᠳᠤ ᠪᠠᠢᠨ᠎ᠠ᠃ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠵᠦ᠍᠂ ᠥᠪᠥᠷ ᠮᠣᠩᠭᠣᠯ᠎ᠤᠨ ᠶᠠᠪᠤᠳᠠᠯ᠎ᠢ ᠰᠠᠢᠲᠤᠷ ᠬᠢᠬᠦ᠌᠎ᠵᠢᠨ ᠬᠠᠮᠤᠭ᠎ᠤᠨ ᠦᠨᠳᠦᠰᠦᠨ ᠵᠦᠢᠯ ᠪᠣᠯ ᠳᠠᠷᠤᠢ ᠢᠮᠠᠭ᠍ᠲᠠ ᠤᠬᠠᠮᠰᠠᠷ᠎ᠡᠴᠡ᠎ᠪᠠᠨ ᠨᠠᠮ᠎ᠤᠨ ᠲᠥᠪ ᠬᠣᠷᠢᠶ᠎ᠠ᠎ᠲᠠᠶ ᠪᠠᠷᠢᠮᠵᠢᠶᠠᠯᠠᠨ ᠨᠢᠭᠡᠳᠦᠯᠳᠠᠢ ᠪᠠᠢᠵᠤ᠂ ᠢᠮᠠᠭ᠍ᠲᠠ 《ᠬᠣᠶᠠᠷ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠬᠦ᠌ ᠶᠠᠪᠤᠳᠠᠯ ᠪᠣᠯᠤᠨ᠎ᠠ ᠭᠡᠳᠡᠭ᠎ᠢ ᠪᠢᠳᠡ ᠭᠦᠨᠵᠡᠭᠡᠢ ᠣᠢᠯᠠᠭᠠᠪᠠ᠃

ᠲᠠᠪᠤᠨ ᠵᠢᠯ᠎ᠦᠨ ᠠᠮᠵᠢᠯᠲᠠ᠎ᠶ᠋ᠢ ᠣᠯᠤᠭ᠍ᠰᠠᠨ ᠨᠢ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠦ ᠪᠦᠯᠬᠦᠮᠳᠡᠨ ᠲᠡᠮᠡᠴᠡᠵᠦ᠍᠂ ᠨᠤᠭᠤᠷᠠᠰᠢ ᠦᠭᠡᠶ ᠲᠡᠮᠡᠴᠡᠭ᠌ᠰᠡᠨ᠎ᠦ ᠦᠷ᠎ᠡ ᠳ᠋ᠦᠩ ᠪᠣᠯᠬᠤ ᠪᠥᠭᠡᠳ ᠦᠩᠭᠡᠷᠡᠭᠰᠡᠨ ᠬᠤᠭᠤᠴᠠᠭᠠᠨ ᠤ᠋ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠠᠰᠤᠷᠠᠯᠳᠠ ᠦᠭᠡᠢ ᠴᠢᠷᠮᠠᠢᠭ᠍ᠰᠠᠨ᠎ᠤ ᠦᠷ᠎ᠡ ᠳ᠋ᠦᠩ ᠪᠤᠯᠤᠨ᠎ᠠ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠡᠯ᠎ᠡ ᠠᠷᠠᠳ᠎ᠤᠨ ᠪᠦᠯᠬᠦᠮ᠂ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ ᠪᠣᠯᠤᠨ ᠡᠯ᠎ᠡ ᠬᠣᠯᠪᠣᠭ᠍ᠳᠠᠯ ᠪᠦᠬᠦᠢ ᠲᠠᠯ᠎ᠠ᠎ᠵᠢᠨ ᠬᠢᠨ᠎ᠦ ᠬᠦᠴᠦᠲᠡᠶ ᠳᠡᠮᠵᠢᠭ᠌ᠰᠡᠨ᠎ᠦ ᠦᠷ᠎ᠡ ᠳ᠋ᠦᠩ ᠪᠣᠯᠤᠨ᠎ᠠ᠃ ᠡᠨᠳᠡ ᠪᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠡᠮᠦᠨ᠎ᠡ᠎ᠡᠴᠡ ᠥᠪᠥᠷ ᠮᠣᠩᠭᠣᠯ᠎ᠤᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠦᠭ᠌ᠰᠡᠨ ᠨᠥᠬᠥᠳ᠂ ᠨᠠᠢᠵᠠ᠎ᠨᠠᠷ᠎ᠲᠤ ᠴᠢᠩ ᠰᠡᠳᠭᠢᠯ᠎ᠦᠨ ᠲᠠᠯᠠᠷᠬᠠᠯ ᠳᠡᠪᠰᠢᠭᠦᠯᠵᠤ᠂ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠦ᠍ ᠪᠠᠢᠨ᠎ᠠ!

ᠠᠮᠵᠢᠯᠲᠠ᠎ᠪᠠᠨ ᠣᠯᠵᠤ ᠬᠠᠷᠠᠬᠤ᠎ᠵᠢᠨ ᠬᠠᠮᠲᠤ᠂ ᠮᠠᠨ᠎ᠤ ᠣᠷᠣᠨ᠎ᠤ ᠬᠥᠭ᠌ᠵᠢᠯᠲᠡ ᠲᠡᠩᠴᠡᠭᠦᠷᠢ ᠥᠬᠡᠶ ᠭᠦᠶ᠋ᠴᠡᠳ ᠥᠬᠡᠶ ᠪᠠᠢᠬᠤ ᠠᠰᠠᠭᠤᠳᠠᠯ ᠮᠥᠨ ᠬᠦ᠌ ᠲᠣᠪᠣᠢᠮ᠎ᠠ ᠪᠠᠢᠵᠤ᠂ ᠬᠥᠭ᠌ᠵᠢᠯᠲᠡ᠎ᠵᠢᠨ ᠠᠷᠭ᠎ᠠ ᠬᠡᠯᠪᠡᠷᠢ ᠶᠡᠷᠦᠩᠬᠡᠶ᠎ᠳᠡᠭᠡᠨ ᠪᠦᠳᠦᠭᠦᠯᠢᠭ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ ᠴᠢᠩᠭ᠎ᠠ ᠪᠢᠰᠢ᠂ ᠠᠵᠤ ᠦᠶ᠋ᠯᠡᠰ᠎ᠦᠨ ᠪᠦᠲᠦᠴᠡ ᠲᠠᠩ ᠴᠤᠯᠭᠤᠶ᠂ ᠲᠠᠰ ᠳᠠᠪᠬᠤᠷᠭ᠎ᠠ ᠥᠨᠳᠥᠷ ᠪᠢᠰᠢ ᠪᠠᠢᠵᠤ᠂ ᠠᠵᠤ ᠠᠬᠤᠶ᠎ᠵᠢᠨ ᠲᠣᠭ᠍ᠲᠠᠭᠤᠨ ᠡᠷᠭᠢᠯᠲᠡ᠎ᠶ᠋ᠢ ᠪᠠᠲᠤᠯᠠᠬᠤ᠎ᠳᠤ ᠵᠠᠷᠢᠮ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠢᠵᠠᠭᠠᠷᠯᠠᠬᠤ ᠭᠦᠨ ᠳᠠᠪᠬᠤᠷᠭ᠎ᠠ᠎ᠵᠢᠨ ᠵᠥᠷᠢᠴᠡᠯ ᠪᠠ ᠠᠰᠠᠭᠤᠳᠠᠯ᠎ᠢ ᠬᠠᠷᠠᠬᠠᠨ ᠦᠨᠳᠦᠰᠦᠨ᠎ᠡᠴᠡ᠎ᠨᠢ ᠱᠢᠶ᠋ᠳᠪᠦᠷᠢᠯᠡᠭᠡᠳᠦᠶ ᠪᠠᠢᠨ᠎ᠠ; ᠠᠮᠢ ᠠᠬᠤᠢ ᠣᠷᠴᠢᠨ ᠲᠣᠭᠣᠷᠢᠨ᠎ᠤ ᠲᠣᠭ᠍ᠲᠠᠭᠤᠨ᠎ᠤ ᠳᠤᠮᠳᠠ ᠰᠠᠢᠵᠢᠷᠠᠬᠤ ᠰᠠᠭᠤᠷᠢ ᠪᠠᠰᠠ ᠪᠠᠲᠤ ᠪᠡᠬᠢ ᠪᠢᠰᠢ᠂ ᠠᠮᠢ ᠠᠬᠤᠢ᠎ᠶ᠋ᠢ ᠰᠡᠷᠭᠦᠭᠡᠬᠦ᠌ ᠪᠠ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠡᠭᠦᠷᠭᠡ ᠨᠦᠰᠡᠷ ᠬᠦᠨᠳᠦ ᠪᠥᠭᠡᠳ ᠪᠡᠷᠬᠡ ᠬᠠᠲᠠᠭᠤᠵᠢᠯᠲᠠᠢ ᠪᠠᠢᠨ᠎ᠠ; ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠣᠯᠠᠨ ᠨᠡᠢᠲᠡ᠎ᠵᠢᠨ ᠦᠶ᠋ᠯᠡᠴᠢᠯᠡᠭᠡᠨ᠎ᠦ ᠳᠤᠲᠠᠭᠤᠳᠠᠯ ᠲᠣᠪᠣᠢᠮ᠎ᠠ ᠪᠠᠢᠵᠤ᠂ ᠬᠣᠲᠠ ᠬᠥᠳᠡᠭᠡ᠎ᠵᠢᠨ ᠰᠠᠭᠤᠭᠠᠯᠢ ᠠᠷᠠᠳ᠎ᠤᠨ ᠣᠷᠣᠯᠭ᠎ᠠ ᠪᠥᠬᠥ᠌ ᠤᠯᠤᠰ᠎ᠤᠨ ᠳᠤᠮᠳᠠᠴᠢ ᠬᠢᠷᠢ ᠲᠦᠪᠱᠢᠨ᠎ᠡᠴᠡ ᠳᠤᠤᠷ᠎ᠠ ᠪᠠᠢᠨ᠎ᠠ; ᠨᠡᠢᠭᠡᠮ᠎ᠦᠨ ᠵᠠᠰᠠᠯᠲᠠ᠎ᠳᠤ ᠪᠠᠰᠠ ᠴᠥᠭᠡᠨ ᠪᠤᠰᠤ ᠪᠠᠭᠤᠷᠠᠢ ᠲᠠᠯ᠎ᠠ ᠪᠠᠢᠵᠤ᠂ ᠠᠮᠤᠷ ᠲᠦᠪᠱᠢᠨ ᠲᠣᠭ᠍ᠲᠠᠭᠤᠨ ᠪᠠᠢᠳᠠᠯ᠎ᠢ ᠬᠠᠮᠠᠭᠠᠯᠠᠬᠤ᠎ᠳᠤ ᠮᠠᠰᠢ ᠤᠯᠠᠨ ᠱᠢᠨ᠎ᠡ ᠪᠠᠢᠳᠠᠯ ᠱᠢᠨ᠎ᠡ ᠠᠰᠠᠭᠤᠳᠠᠯ ᠲᠤᠯᠭᠠᠷᠠᠵᠤ ᠪᠠᠢᠨ᠎ᠠ; ᠨᠠᠮ᠎ᠤᠨ ᠪᠠᠢᠭᠤᠯᠤᠯᠲᠠ᠎ᠳᠤ ᠵᠠᠷᠢᠮ ᠪᠠᠭᠤᠷᠠᠢ ᠭᠣᠭ᠍ᠴᠣᠭ᠎ᠠ ᠣᠷᠣᠱᠢᠵᠤ᠂ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠦᠨ ᠪᠠᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠢᠵᠤ᠂ ᠭᠠᠵᠠᠷ ᠣᠷᠣᠨ᠎ᠤ ᠤᠯᠤᠰ ᠲᠦᠷᠦ᠍᠎ᠵᠢᠨ ᠠᠮᠢ ᠠᠬᠤᠢ᠎ᠶ᠋ᠢ ᠪᠦᠬᠦ᠌ ᠲᠠᠯ᠎ᠠ᠎ᠪᠠᠷ ᠲᠠᠬᠢᠨ ᠴᠣᠭ᠍ᠴᠠᠯᠠᠵᠤ᠂ ᠦᠨᠳᠦᠰᠦᠨ ᠡᠴᠡ ᠨᠢ ᠰᠠᠢᠵᠢᠷᠠᠭᠤᠯᠬᠤ᠎ᠳᠤ ᠮᠥᠨ ᠯᠡ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ ᠴᠢᠬᠤᠯᠠᠲᠠᠢ ᠪᠠᠢᠨ᠎ᠠ; ᠵᠠᠷᠢᠮ ᠨᠠᠮ᠎ᠤᠨ ᠭᠡᠱᠢᠭᠦᠨ᠂ ᠺᠠᠳ᠋ᠷ᠎ᠤᠨ ᠦᠵᠡᠯ ᠰᠠᠨᠠᠭ᠎ᠠ ᠲᠠᠨᠢᠯᠲᠠ ᠪᠠ ᠦᠢᠯᠡ ᠠᠵᠢᠯᠯᠠᠭ᠎ᠠ᠎ᠵᠢᠨ ᠠᠷᠭ᠎ᠠ ᠬᠡᠯᠪᠡᠷᠢ ᠨᠢ ᠱᠢᠨ᠎ᠡ ᠴᠠᠭ ᠦᠶ᠎ᠡ ᠱᠢᠨ᠎ᠡ ᠬᠥᠭ᠌ᠵᠢᠯᠲᠡ᠎ᠵᠢᠨ ᠱᠠᠲᠤᠨ᠎ᠳᠤ ᠵᠣᠬᠢᠴᠠᠬᠤ ᠦᠭᠡᠢ᠂ ᠱᠢᠨ᠎ᠡ ᠬᠥᠭ᠌ᠵᠢᠯᠲᠡ᠎ᠵᠢᠨ ᠣᠢᠯᠠᠭᠠᠭ᠍ᠳᠠᠬᠤᠨ᠎ᠳᠤ ᠨᠡᠢᠴᠡᠬᠦ᠌ ᠦᠭᠡᠢ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠠ ᠬᠠᠷᠢᠭᠤᠴᠠᠯᠭ᠎ᠠ ᠡᠭᠦᠷᠭᠡᠯᠡᠬᠦ᠌ ᠦᠭᠡᠢ᠂ ᠠᠵᠢᠯ ᠦᠯᠦ ᠬᠢᠬᠦ ᠠᠰᠠᠭᠤᠳᠠᠯ ᠮᠥᠨ ᠯᠡ ᠣᠷᠣᠱᠢᠵᠤ ᠪᠠᠢᠨ᠎ᠠ ᠭᠡᠳᠡᠭ ᠢ᠋ ᠪᠠᠰᠠ ᠰᠡᠷᠭᠡᠭ ᠵᠢᠡᠷ ᠤᠯᠵᠤ ᠬᠠᠷᠠᠬᠤ ᠬᠡᠷᠡᠭᠳᠠᠢ᠃ ᠡᠳᠡᠭᠡᠷ ᠠᠰᠠᠭᠤᠳᠠᠯ᠎ᠢ ᠪᠢᠳᠡ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠬᠦᠴᠦᠯᠡᠨ ᠱᠢᠢᠳᠪᠦᠷᠢᠯᠡᠬᠦ᠌ ᠬᠡᠷᠡᠭ᠌ᠲᠡᠢ᠃


ᠬᠣᠶᠠᠷ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠠᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ

ᠤᠳᠤ᠂ ᠮᠠᠨ᠎ᠤ ᠤᠯᠤᠰ ᠨᠢᠭᠡᠨᠲᠡ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠣᠷᠣᠪᠠ᠃ ᠥᠪᠥᠷ ᠮᠣᠩᠭᠣᠯ᠎ᠨᠢ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠴᠢᠬᠤᠯᠠ ᠪᠠᠢᠯᠳᠤᠬᠤ ᠪᠣᠳᠣᠯᠭ᠎ᠠ᠎ᠵᠢᠨ ᠪᠠᠢᠷᠢ ᠰᠠᠭᠤᠷᠢ᠎ᠲᠠᠶ ᠶᠤᠮ᠂ ᠪᠢᠳᠡ ᠡᠷᠬᠡᠪᠰᠢ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠠᠬᠢᠴᠠ ᠳᠤᠮᠳᠠᠬᠢ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠪᠡᠨ ᠪᠠᠲᠤ ᠡᠭᠦᠷᠭᠡᠯᠡᠬᠦ᠌ ᠬᠡᠷᠡᠭ᠌ᠲᠡᠶ᠃ ᠡᠨᠡ ᠬᠦ᠌ ᠬᠠᠷᠢᠭᠤᠴᠠᠯᠭ᠎ᠠ ᠪᠣᠯᠤᠨ ᠡᠭᠦᠷᠭᠡ ᠪᠣᠯ ᠳᠠᠷᠤᠢ ᠳᠤᠮᠳᠠᠳᠤ᠎ᠵᠢᠨ ᠦᠨᠳᠦᠰᠦᠲᠡᠨ᠎ᠦ ᠬᠠᠮᠲᠤ᠎ᠵᠢᠨ ᠴᠣᠭ᠍ᠴᠠ᠎ᠵᠢᠨ ᠤᠬᠠᠮᠰᠠᠷ᠎ᠢ ᠪᠠᠲᠤ ᠴᠣᠭ᠍ᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠵᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠶᠡᠷᠦᠩᠬᠡᠢ ᠱᠦᠵᠢ ᠰᠢ᠎ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠣᠭ᠍ᠲᠠᠭᠠᠵᠤ ᠦᠭᠭᠦᠭᠰᠡᠨ ᠪᠠᠢᠯᠳᠤᠬᠤ ᠪᠤᠳᠤᠯᠭ᠎ᠠ᠎ᠵᠢᠨ ᠪᠠᠢᠷᠢ ᠲᠣᠭ᠍ᠲᠠᠭᠠᠯᠲᠠ ᠶᠣᠰᠣᠭᠠᠷ᠂ 《 ᠬᠣᠶᠠᠷ ᠬᠠᠯᠬᠠᠪᠴᠢ 》᠂ 《 ᠬᠣᠶᠠᠷ ᠰᠠᠭᠤᠷᠢᠨ 》᠂ 《 ᠨᠢᠭᠡ ᠪᠡᠬᠢᠯᠡᠯᠲᠡ 》 ᠵᠢ ᠲᠦᠷᠭᠡᠳᠭᠡᠨ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ᠃ ᠣᠷᠣᠨ ᠳᠠᠶᠠᠭᠠᠷ᠎ᠢᠶᠠᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠍᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠰᠤᠷᠠᠯᠲᠠ ᠦᠭᠡᠢ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃

ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠳᠦ ᠡᠷᠬᠡᠪᠰᠢ ᠤᠯᠤᠰ᠎ᠤᠨ ᠠᠮᠢ ᠠᠬᠤᠢ᠎ᠵᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠵᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ᠃ ᠪᠢᠳᠡ ᠠᠮᠢ ᠠᠬᠤᠢ ᠣᠷᠴᠢᠨ ᠲᠤᠭᠤᠷᠢᠨ᠎ᠢ ᠬᠠᠮᠠᠭᠠᠯᠠᠬᠤ᠎ᠶ᠋ᠢ ᠢᠮᠠᠭ᠍ᠲᠠ ᠳᠡᠢᠯᠦᠩᠭᠦᠢ ᠪᠠᠢᠷᠢᠨ᠎ᠳᠤ ᠲᠠᠯᠪᠢᠵᠤ᠂ ᠵᠥᠪ ᠠᠮᠢ ᠠᠬᠤᠶ᠎ᠵᠢᠨ ᠦᠵᠡᠯᠲᠡ᠂ ᠬᠥᠭ᠌ᠵᠢᠯᠲᠡ᠎ᠵᠢᠨ ᠦᠵᠡᠯᠲᠡ᠂ ᠵᠠᠰᠠᠭ᠎ᠤᠨ ᠠᠮᠵᠢᠯᠳᠠ᠎ᠵᠢᠨ ᠦᠵᠡᠯᠲᠡ ᠵᠢ ᠪᠠᠳᠤ ᠪᠤᠢ ᠪᠤᠯᠭᠠᠵᠤ᠂ ᠪᠠᠭᠠᠲᠤᠷ ᠡᠷ᠎ᠡ ᠪᠠᠭᠤᠤ᠎ᠪᠠᠨ ᠴᠠᠪᠴᠢᠬᠤ ᠰᠥᠰᠥ᠍ ᠵᠣᠷᠢᠭ᠎ᠢᠶᠠᠷ ᠠᠮᠢ ᠠᠬᠤᠶ ᠣᠷᠴᠢᠨ ᠲᠣᠭᠣᠷᠢᠨ᠎ᠢ ᠬᠣᠬᠢᠷᠠᠭᠤᠯᠬᠤ ᠴᠢᠨᠠᠭ᠍ᠰᠢᠯᠠᠪᠠᠯ ᠡᠪᠳᠡᠬᠦ᠌ ᠬᠥᠭ᠌ᠵᠢᠯᠲᠡ᠎ᠵᠢᠨ ᠵᠠᠭ᠍ᠪᠤᠷ᠎ᠢ ᠲᠠᠶᠠᠭ᠍ᠳᠠᠵᠤ᠂ ᠤᠭᠳᠤ ᠠᠭᠤᠴᠢᠯᠠᠬᠤ ᠦᠭᠡᠢ ᠣᠪᠣᠷ᠎ᠢᠶᠠᠷ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠵᠤ᠂ ᠤᠷᠳᠤ ᠬᠤᠭᠤᠴᠠᠭᠠᠨ ᠤ᠋ ᠵᠢᠳᠭᠦᠯ ᠴᠢᠷᠮᠠᠢᠯᠭ᠎ᠠ᠎ᠪᠠᠷ ᠠᠮᠢ ᠠᠬᠤᠶ᠎ᠵᠢᠨ ᠣᠷᠴᠢᠨ ᠲᠣᠭᠣᠷᠢᠨ᠎ᠤ ᠱᠢᠷᠬ᠎ᠠ᠎ᠶ᠋ᠢ ᠵᠠᠰᠠᠵᠤ᠂ ᠪᠣᠬᠢᠷᠲᠤᠯ ᠦᠭᠡᠢ ᠳᠠᠪᠠᠭᠤᠯᠢᠭ ᠢ᠋ ᠵᠤᠵᠠᠭᠠᠳᠭᠠᠬᠤ᠎ᠳᠤ ᠠᠱᠢᠭ᠍ᠲᠠᠢ ᠶᠠᠪᠤᠳᠠᠯ ᠯᠠ ᠶᠤᠮ ᠪᠣᠯ ᠡᠷᠡᠰ ᠭᠤᠢᠪᠢᠰᠢ ᠦᠭᠡᠢ ᠠᠬᠢᠭᠤᠯᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ᠎ᠳᠤ ᠠᠱᠢᠭ ᠦᠭᠡᠢ ᠠᠵᠢᠯᠯᠠᠭ᠎ᠠ ᠪᠣᠯ ᠳᠠᠷᠤᠶ ᠡᠷᠡᠰ ᠬᠦᠴᠦᠲᠡᠶ ᠵᠠᠯᠠᠷᠠᠭᠤᠯᠵᠤ᠂ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭᠠᠨ᠂ ᠬᠦᠬᠡ ᠴᠡᠩᠭᠡᠷ᠂ ᠴᠡᠪᠡᠷ ᠰᠠᠢᠬᠠᠨ ᠢ᠋ ᠦᠨᠡᠨ ᠬᠦ᠌ ᠰᠠᠢᠲᠤᠷ ᠰᠠᠬᠢᠨ ᠬᠠᠮᠠᠭᠠᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠳᠦ ᠲᠦᠮᠡᠨ ᠭᠠᠵᠠᠷ᠎ᠤᠨ ᠨᠣᠮᠢᠨ ᠨᠣᠭᠣᠭᠠᠨ ᠤᠷᠲᠤ ᠴᠠᠭᠠᠨ ᠬᠡᠷᠡᠮ᠎ᠢ ᠴᠣᠭ᠍ᠴᠠᠯᠠᠬᠤ ᠬᠡᠷᠡᠭᠳᠠᠢ᠃ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠳᠦ ᠡᠷᠬᠡᠪᠰᠢ ᠤᠯᠤᠰ᠎ᠤᠨ ᠡᠨᠧᠷᠭᠢ᠎ᠵᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠵᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ᠃ ᠪᠢᠳᠡ ᠪᠦᠬᠦ᠌ ᠤᠯᠤᠰ᠎ᠤᠨ ᠱᠢᠨ᠎ᠡ ᠬᠥᠭ᠌ᠵᠢᠯᠲᠡ᠎ᠵᠢᠨ ᠪᠠᠢᠷᠢᠱᠢᠯ᠎ᠢ ᠴᠣᠭ᠍ᠴᠠᠯᠠᠬᠤ ᠳᠤᠮᠳᠠᠬᠢ ᠦᠪᠦᠷ ᠮᠤᠩᠭᠤᠯ ᠤ᠋ᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠵᠤ᠂ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢᠯᠡᠰ᠎ᠦᠨ ᠰᠠᠭᠤᠷᠢ ᠵᠡᠷᠭᠡ ᠲᠠᠯ᠎ᠠ᠎ᠵᠢᠨ ᠬᠠᠷᠢᠴᠠᠭᠤᠯᠤᠭ᠍ᠰᠠᠨ ᠳᠠᠪᠠᠭᠤᠯᠢᠭ ᠵᠢᠡᠨ ᠪᠠᠳᠠᠷᠠᠭᠤᠯᠵᠤ᠂ ᠳᠠᠪᠠᠭᠤᠯᠢᠭ᠎ᠢᠶᠠᠨ ᠪᠠᠳᠠᠷᠠᠭᠤᠯᠤᠨ ᠳᠤᠲᠠᠭᠤᠳᠠᠯ᠎ᠢᠶᠠᠨ ᠨᠥᠬᠥᠪᠥᠷᠢᠯᠡᠵᠦ᠍᠂ ᠱᠢᠯᠢᠳᠡᠭ᠎ᠢ ᠪᠣᠢᠵᠢᠭᠤᠯᠤᠨ ᠦᠷ᠎ᠡ ᠠᠱᠢᠭ᠎ᠢ ᠨᠡᠮᠡᠭ᠌ᠳᠡᠭᠦᠯᠵᠦ᠍᠂ ᠤᠳᠤ ᠦᠶ᠎ᠡ᠎ᠵᠢᠨ ᠡᠨᠧᠷᠭᠢ᠎ᠵᠢᠨ ᠠᠵᠤ ᠠᠬᠤᠢ᠎ᠵᠢᠨ ᠠᠵᠢᠯ᠎ᠢ ᠰᠠᠢᠲᠤᠷ ᠬᠢᠵᠦ᠍᠂ ᠠᠮᠢ ᠠᠬᠤᠢ ᠵᠢᠨ ᠮᠠᠯ ᠠᠵᠤ ᠠᠬᠤᠢ ᠲᠠᠷᠢᠶᠠᠯᠠᠩ᠎ᠢ ᠶᠡᠬᠡ᠎ᠪᠡᠷ ᠬᠥᠭ᠌ᠵᠢᠭᠦᠯᠵᠦ᠍᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠵᠢᠨ ᠬᠡᠯᠬᠢᠶ᠎ᠡ᠎ᠶ᠋ᠢ ᠱᠢᠯᠢᠳᠡᠭ᠌ᠵᠢᠭᠦᠯᠵᠦ᠍᠂ ᠲᠣᠭ᠍ᠲᠠᠪᠤᠷᠢᠵᠢᠭᠤᠯᠤᠨ ᠳᠡᠭᠡᠭ᠌ᠰᠢᠯᠡᠭᠦᠯᠵᠦ᠍᠂ ᠤᠯᠤᠰ᠎ᠲᠤ ᠨᠡᠩ ᠲᠣᠭ᠍ᠲᠠᠭᠤᠨ᠂ ᠨᠡᠩ ᠠᠮᠤᠷ ᠲᠦᠪᠱᠢᠨ᠂ ᠨᠡᠩ ᠤᠯᠠᠨ ᠪᠣᠬᠢᠷᠲᠤᠯ ᠦᠭᠡᠢ ᠡᠨᠧᠷᠭᠢ ᠪᠣᠯᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠠᠩᠭᠠᠬᠤ ᠬᠡᠷᠡᠭ᠌ᠲᠡᠢ᠃ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ ᠳ᠋ᠤ ᠡᠷᠬᠡᠪᠰᠢ ᠤᠯᠤᠰ᠎ᠤᠨ ᠬᠦᠷᠰᠢ ᠵᠡᠷᠭᠡᠯᠡᠳᠡᠭᠡ ᠵᠢ ᠡᠪᠯᠡᠵᠤ ᠵᠠᠰᠠᠬᠤ ᠪᠣᠯᠤᠨ ᠭᠠᠳᠠᠭᠠᠳᠤ ᠨᠡᠬᠡᠬᠡᠯᠳᠡ᠎ᠵᠢᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠬᠦ᠌ ᠴᠢᠬᠤᠯᠠ ᠶᠡᠬᠡ ᠤᠯᠤᠰ ᠲᠦᠷᠦ᠍᠎ᠵᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ᠃ ᠪᠢᠳᠡ ᠭᠠᠳᠠᠭᠠᠳᠤ ᠨᠡᠬᠡᠬᠡᠯᠳᠡ᠎ᠶ᠋ᠢ ᠪᠦᠬᠦ᠌ ᠲᠠᠯ᠎ᠠ᠎ᠪᠠᠷ ᠥᠷᠭᠡᠳᠭᠡᠵᠦ᠍᠂ 《 ᠨᠢᠭᠡ ᠪᠦᠰᠡ ᠨᠢᠭᠡ ᠵᠠᠮ 》ᠢ᠋ ᠬᠠᠮᠲᠤ᠎ᠪᠠᠷ ᠪᠦᠳᠦᠬᠡᠨ ᠪᠠᠢᠭᠤᠯᠬᠤ᠎ᠳᠤ ᠢᠳᠡᠪᠬᠢᠲᠡᠢ ᠠᠭᠤᠰᠤᠯᠴᠠᠵᠤ᠂ ᠣᠷᠣᠨ ᠪᠦᠰᠡ᠎ᠵᠢᠨ ᠠᠵᠤ ᠠᠬᠤᠢ᠎ᠵᠢᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠳᠣᠲᠣᠭᠠᠳᠤ ᠭᠠᠳᠠᠭᠠᠳᠤ᠎ᠶ᠋ᠢ ᠬᠣᠯᠪᠣᠭ᠍ᠰᠠᠨ᠂ ᠡᠷᠬᠢᠨ ᠲᠣᠭᠣᠷᠢᠨ᠎ᠢ ᠨᠥᠯᠥᠭᠡᠯᠡᠭ᠌ᠰᠡᠨ᠂ ᠡᠬᠢ ᠪᠠᠶᠠᠯᠢᠭ᠎ᠢ ᠲᠥᠪᠯᠡᠷᠡᠭᠦᠯᠵᠦ᠍ ᠲᠠᠷᠬᠠᠭᠠᠬᠤ᠂ ᠴᠢᠬᠤᠯᠠ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠭᠦᠯᠦᠭ᠌ᠰᠡᠨ ᠪᠦᠬᠦ᠌ ᠣᠷᠣᠨ ᠪᠦᠰᠡ᠎ᠵᠢᠨ ᠨᠡᠬᠡᠬᠡᠯᠳᠡ᠎ᠵᠢᠨ ᠲᠠᠪᠴᠠᠩ᠎ᠢ ᠲᠦᠷᠭᠡᠨ ᠪᠠᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠵᠢᠨ ᠳᠤᠮᠤ ᠵᠠᠬ᠎ᠠ ᠳᠡᠯᠭᠡᠭᠦᠷ᠎ᠲᠦ ᠭᠦᠨᠵᠡᠭᠡᠢ ᠠᠭᠤᠰᠤᠯᠴᠠᠵᠤ᠂ ᠣᠷᠣᠨ ᠪᠠᠢᠷᠢ᠎ᠵᠢᠨ ᠳᠠᠪᠠᠭᠤᠯᠢᠭ᠎ᠢᠶᠠᠨ ᠨᠡᠬᠡᠬᠡᠯᠳᠡ᠎ᠵᠢᠨ ᠳᠠᠪᠠᠭᠤᠯᠢᠭ᠂ ᠬᠥᠭ᠌ᠵᠢᠯᠲᠡ᠎ᠵᠢᠨ ᠳᠠᠪᠠᠭᠤᠯᠢᠭ ᠪᠣᠯᠭᠠᠨ ᠨᠡᠩ ᠰᠠᠢᠲᠤᠷ ᠬᠤᠪᠢᠷᠠᠭᠤᠯᠵᠤ᠂ ᠮᠠᠨ᠎ᠤ ᠤᠯᠤᠰ᠎ᠤᠨ ᠳᠣᠲᠣᠭᠠᠳᠤ ᠬᠠᠭᠤᠷᠠᠢ᠎ᠵᠢᠨ ᠨᠡᠬᠡᠬᠡᠯᠳᠡ᠎ᠵᠢᠨ ᠥᠨᠳᠥᠷᠯᠢᠭ ᠪᠣᠯᠤᠨ ᠬᠢᠯᠢ ᠳᠠᠭᠠᠤ ᠨᠡᠬᠡᠬᠡᠯᠳᠡ᠎ᠵᠢᠨ ᠴᠢᠬᠤᠯᠠ ᠲᠤᠯᠭᠠᠭᠤᠷᠢᠯᠠᠬᠤ ᠴᠡᠭ᠎ᠢ ᠴᠣᠭ᠍ᠴᠠᠯᠠᠬᠤ ᠬᠡᠷᠡᠭ᠌ᠲᠡᠢ᠃ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠳᠦ ᠡᠷᠬᠡᠪᠰᠢ ᠤᠯᠤᠰ ᠤ᠋ᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠵᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠶ᠋ᠴᠡᠳᠭᠡᠬᠦ᠌ ᠬᠡᠷᠡᠭ᠌ᠲᠡᠶ᠃ ᠪᠢᠳᠡ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ ᠵᠢᠡᠨ ᠶᠡᠬᠡ᠎ᠪᠡᠷ ᠪᠠᠳᠠᠷᠠᠭᠤᠯᠵᠤ᠂ ᠨᠠᠮ᠎ᠤᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ᠍᠎ᠵᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠳᠤᠮᠳᠠᠳᠤ᠎ᠵᠢᠨ ᠦᠨᠳᠦᠰᠦᠲᠡᠨ᠎ᠦ ᠬᠠᠮᠲᠤ᠎ᠵᠢᠨ ᠴᠣᠭ᠍ᠴᠠ᠎ᠵᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠦᠨᠳᠦᠰᠦᠲᠡᠨ᠎ᠦ ᠠᠵᠢᠯ᠎ᠤᠨ ᠵᠢᠯᠣᠭᠣᠳᠭᠤ ᠦᠵᠡᠯ ᠰᠠᠨᠠᠭᠠᠨ᠎ᠤ ᠬᠡᠯᠪᠡᠷᠢᠯ ᠢ᠋ ᠲᠤᠢᠯᠪᠤᠷᠢᠲᠠᠢ ᠵᠠᠯᠠᠷᠠᠭᠤᠯᠤᠨ᠂ ᠳᠤᠮᠳᠠᠳᠤ᠎ᠵᠢᠨ ᠦᠨᠳᠦᠰᠦᠲᠡᠨ᠎ᠦ ᠬᠠᠮᠲᠤ᠎ᠵᠢᠨ ᠴᠣᠭ᠍ᠴᠠ᠎ᠵᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ᠎ᠢ ᠡᠭᠦᠷᠢᠳᠡ ᠳᠡᠯᠭᠡᠷᠡᠭᠦᠯᠦᠨ᠂ ᠳᠤᠮᠳᠠᠳᠤ ᠤᠯᠤᠰ᠎ᠤᠨ ᠣᠨᠴᠠᠯᠢᠭ ᠲᠠᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢ ᠨᠡᠩ ᠶᠡᠬᠡ ᠳᠠᠪᠠᠭᠤᠯᠢᠭ ᠴᠢᠨᠠᠷ ᠪᠠ ᠨᠡᠩ ᠴᠢᠩᠭ᠎ᠠ ᠠᠮᠢᠵᠢᠷᠠᠯ᠎ᠤᠨ ᠬᠦᠴᠦᠨ᠎ᠲᠡᠶ ᠪᠣᠯᠭᠠᠬᠤ ᠬᠡᠷᠡᠭ᠌ᠲᠡᠢ᠃ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠳᠦ ᠡᠷᠬᠡᠪᠰᠢ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠵᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠶ᠋ᠴᠡᠳᠭᠡᠬᠦ᠌ ᠬᠡᠷᠡᠭ᠌ᠲᠡᠶ᠃ ᠪᠢᠳᠡ ᠰᠠᠨᠠᠭᠠᠱᠢᠷᠠᠬᠤ ᠤᠬᠠᠮᠰᠠᠷ ᠪᠠ ᠲᠡᠮᠡᠴᠡᠯ᠎ᠦᠨ ᠵᠣᠷᠢᠭ ᠰᠠᠨᠠᠭ᠎ᠠ ᠪᠠᠨ ᠴᠠᠭ ᠢᠮᠠᠭ᠍ᠲᠠ ᠪᠠᠷᠢᠮᠲᠠᠯᠠᠵᠤ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠤᠯᠤᠰ᠎ᠤᠨ ᠤᠯᠤᠰ ᠲᠦᠷᠦ᠍᠎ᠵᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠡᠯ᠎ᠡ ᠬᠦᠷᠢᠶᠡᠨ᠎ᠦ ᠤᠯᠤᠰ᠎ᠤᠨ ᠠᠮᠤᠷ ᠲᠦᠪᠱᠢᠨ᠎ᠦ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠱᠢᠨ ᠵᠢᠡᠷ ᠬᠦᠭᠵᠢᠬᠦ ᠬᠣᠷᠢᠭ᠎ᠠ ᠱᠤᠭᠤᠮ᠎ᠢ ᠪᠠᠲᠤ ᠰᠠᠬᠢᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠡᠩ ᠠᠮᠤᠷ ᠲᠠᠢᠪᠤᠩ ᠠᠵᠤ ᠲᠦᠷᠦᠭᠦ᠌᠂ ᠨᠡᠢᠭᠡᠮ᠎ᠦᠨ ᠶᠡᠬᠡ ᠲᠠᠯ᠎ᠠ᠎ᠶ᠋ᠢ ᠨᠡᠩ ᠠᠮᠤᠷ ᠲᠣᠭ᠍ᠲᠠᠭᠤᠨ ᠡᠮᠬᠢ ᠵᠢᠷᠤᠮ᠎ᠲᠠᠶ ᠪᠣᠯᠭᠠᠵᠤ᠂ ᠡᠬᠡ ᠤᠯᠤᠰ᠎ᠤᠨ 《ᠤᠮᠠᠷᠠᠳᠦ ᠵᠢᠨ ᠶᠡᠬᠡ ᠡᠭᠦᠳᠡ 》᠂ ᠨᠡᠢᠰᠯᠡᠯ᠎ᠦᠨ 《 ᠤᠨᠠᠭᠤᠯᠢ ᠭᠣᠣᠯ 》ᠢ᠋ ᠰᠦᠢᠷᠡᠰᠢ ᠦᠭᠡᠢ ᠬᠠᠳᠠᠭᠤ ᠪᠦᠬᠡ᠂ ᠡᠪᠳᠡᠷᠡᠰᠢ ᠦᠭᠡᠢ ᠪᠠᠲᠤ ᠪᠡᠬᠢ ᠪᠣᠯᠭᠠᠬᠤ ᠬᠡᠷᠡᠭ᠌ᠲᠡᠢ᠃

ᠬᠠᠷᠢᠭᠤᠴᠠᠯᠭ᠎ᠠ ᠪᠣᠯ ᠳᠠᠷᠤᠢ ᠶᠡᠬᠡ ᠲᠠᠯ᠎ᠠ ᠮᠥᠨ᠂ ᠡᠭᠦᠷᠭᠡ ᠪᠣᠯ ᠳᠠᠷᠤᠢ ᠬᠥᠳᠡᠯᠭᠡᠬᠦ᠌ ᠬᠦᠴᠦᠨ ᠮᠥᠨ᠃ ᠪᠢᠳᠡ《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《 ᠳᠥᠷᠪᠡᠨ ᠢᠲᠡᠭᠡᠯ 》 ᠵᠢᠡᠨ ᠪᠠᠲᠤᠳᠭᠠᠵᠤ᠂ 《 ᠬᠣᠶᠠᠷ᠎ᠢ ᠬᠠᠮᠠᠭᠠᠯᠠᠬᠤ 》 ᠎ᠶ᠋ᠢ ᠪᠡᠶᠡᠯᠡᠭᠦᠯᠵᠦ᠍᠂ ᠶᠡᠷᠦᠩᠬᠡᠶ ᠱᠦᠵᠢ ᠰᠢ᠎ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠴᠤᠴᠠᠯᠲᠠ ᠥᠬᠡᠶ ᠤᠷᠤᠭ᠍ᠰᠢᠯᠠᠵᠤ᠂ ᠡᠴᠦᠰ᠎ᠲᠦᠨᠢ ᠲᠤᠯᠲᠠᠯ᠎ᠠ ᠬᠢᠵᠦ᠍᠂ ᠭᠤᠢᠪᠢᠰᠢ ᠥᠬᠡᠶ᠂ ᠴᠠᠯᠠᠭᠠᠢᠷᠠᠯ ᠥᠬᠡᠶ᠂ ᠳᠡᠩᠰᠡᠯᠭᠡᠬᠦ ᠦᠭᠡᠢ ᠪᠡᠷ ᠠᠵᠢᠯᠯᠠᠵᠤ᠂ ᠦᠷᠭᠦᠯᠵᠢᠯᠡᠨ ᠲᠡᠮᠡᠴᠡᠬᠦ᠌ ᠳᠤᠮᠳᠠ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠍᠂ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠵᠦ᠍᠂ ᠥᠪᠥᠷ ᠮᠣᠩᠭᠣᠯ᠎ᠤᠨ ᠴᠣᠭ ᠵᠢᠪᠬᠤᠭ᠎ᠠ᠎ᠶ᠋ᠢ ᠪᠠᠳᠠᠷᠠᠭᠤᠯᠬᠤ ᠬᠡᠷᠡᠭ᠌ᠲᠡᠶ᠃


ᠭᠤᠷᠪᠠ᠂ ᠬᠣᠢᠱᠢᠳᠠ᠎ᠵᠢᠨ ᠲᠠᠪᠤᠨ ᠵᠢᠯ᠎ᠦᠨ ᠠᠵᠢᠯ᠎ᠤᠨ ᠬᠠᠷᠠᠯᠲᠠ ᠱᠠᠭᠠᠷᠳᠠᠯᠭ᠎ᠠ

ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠵᠤ᠂ ᠥᠪᠥᠷ ᠮᠣᠩᠭᠣᠯ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠪᠡᠨ ᠰᠠᠢᠲᠤᠷ ᠭᠦᠢᠴᠡᠳᠭᠡᠬᠦ᠌᠎ᠳᠦ ᠡᠷᠬᠡᠪᠰᠢ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠦᠭᠵᠢᠭᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠵᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ᠃ ᠡᠨᠡ ᠬᠦ᠌ ᠱᠢᠨ᠎ᠡ ᠵᠠᠮ᠎ᠢᠶᠠᠷ ᠰᠠᠢᠲᠤᠷ ᠵᠠᠮᠨᠠᠬᠤ ᠪᠣᠯ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠱᠢᠨ᠎ᠡ ᠴᠠᠭ ᠦᠶ᠎ᠡ᠎ᠳᠦ ᠣᠷᠣᠵᠤ᠂ ᠮᠠᠨ᠎ᠤ ᠤᠯᠤᠰ᠎ᠤᠨ ᠨᠡᠢᠭᠡᠮ᠎ᠦᠨ ᠭᠤᠤᠯ ᠵᠥᠷᠢᠴᠡᠯ᠎ᠳᠦ ᠭᠦᠨᠵᠡᠭᠡᠶ ᠬᠤᠪᠢᠷᠠᠯᠲᠠ ᠭᠠᠷᠤᠭᠰᠠᠨ ᠤ᠋ ᠪᠤᠰᠤᠳᠴᠢ ᠱᠠᠭᠠᠷᠳᠠᠯᠭ᠎ᠠ ᠮᠥᠨ᠂ ᠥᠪᠥᠷ ᠮᠣᠩᠭᠣᠯ᠎ᠤᠨ ᠱᠢᠨ᠎ᠡ ᠬᠥᠭ᠌ᠵᠢᠯᠲᠡ᠎ᠵᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠵᠢᠨ ᠣᠢᠯᠠᠭᠠᠭ᠍ᠳᠠᠬᠤᠨ᠎ᠢ ᠲᠤᠭᠤᠰᠢᠯᠠᠭᠤᠯᠵᠤ᠂ ᠱᠢᠨ᠎ᠡ ᠬᠥᠭ᠌ᠵᠢᠯᠲᠡ᠎ᠵᠢᠨ ᠪᠠᠢᠷᠢᠱᠢᠯ᠎ᠳᠤ ᠦᠶ᠋ᠯᠡᠴᠢᠯᠡᠬᠦ᠌ ᠪᠠ ᠠᠭᠤᠰᠤᠯᠴᠠᠬᠤ᠎ᠵᠢᠨ ᠵᠠᠢᠯᠠᠰᠢ ᠥᠬᠡᠶ ᠰᠣᠩᠭᠣᠯᠲᠠ ᠮᠥᠨ᠂ ᠵᠢᠮ᠎ᠡ ᠶᠣᠰᠣ᠂ ᠶᠡᠬᠡ ᠬᠠᠨᠳᠤᠰᠢ᠂ ᠠᠷᠠᠳ ᠲᠦᠮᠡᠨ᠎ᠦ ᠬᠦᠰᠡᠯ ᠡᠷᠡᠮᠡᠯᠵᠡᠯ ᠮᠥᠨ᠃ ᠡᠨᠡ ᠬᠦ᠌ ᠱᠢᠨ᠎ᠡ ᠵᠠᠮ᠎ᠢᠶᠠᠷ ᠰᠠᠢᠲᠤᠷ ᠵᠠᠮᠨᠠᠬᠤ ᠪᠣᠯ ᠶᠡᠷᠦᠩᠬᠡᠢ ᠱᠦᠵᠢ ᠰᠢ᠎ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠡᠴᠡ ᠱᠢᠨ᠎ᠡ ᠴᠠᠭ ᠦᠶ᠎ᠡ᠎ᠵᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠲᠠᠯᠪᠢᠭ᠍ᠰᠠᠨ ᠨᠠᠨᠳᠢᠨ ᠬᠦᠰᠡᠯ ᠨᠠᠢᠳᠠᠯᠭ᠎ᠠ᠂ ᠴᠢᠬᠤᠯᠠ ᠶᠡᠬᠡ ᠤᠯᠤᠰ ᠲᠦᠷᠦ᠍᠎ᠵᠢᠨ ᠱᠠᠭᠠᠷᠳᠠᠯᠭ᠎ᠠ ᠪᠣᠯᠤᠨ᠎ᠠ᠂ ᠥᠴᠦᠬᠡᠨ ᠴᠦ᠍ ᠴᠠᠯᠠᠭᠠᠢᠷᠠᠵᠤ ᠪᠣᠯᠬᠤ ᠦᠭᠡᠢ᠃

ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠦᠭᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠵᠢᠨ ᠱᠢᠨ᠎ᠡ ᠵᠠᠮ᠎ᠢᠶᠠᠷ ᠵᠠᠮᠨᠠᠬᠤ ᠪᠣᠯ ᠬᠥᠭ᠌ᠵᠢᠯᠲᠡ᠎ᠵᠢᠨ ᠣᠢᠯᠠᠭᠠᠭ᠍ᠳᠠᠬᠤᠨ᠂ ᠬᠥᠭ᠌ᠵᠢᠯᠲᠡ᠎ᠵᠢᠨ ᠠᠷᠭ᠎ᠠ ᠵᠠᠮ᠂ ᠬᠥᠭ᠌ᠵᠢᠯᠲᠡ᠎ᠵᠢᠨ ᠠᠷᠭ᠎ᠠ ᠬᠡᠯᠪᠡᠷᠢ᠂ ᠬᠥᠭ᠌ᠵᠢᠯᠲᠡ᠎ᠵᠢᠨ ᠬᠠᠷᠠᠯᠲᠠ᠎ᠵᠢᠨ ᠪᠥᠬᠥ᠌ ᠲᠠᠯ᠎ᠠ᠎ᠵᠢᠨ ᠬᠤᠪᠢᠷᠠᠯᠲᠠ ᠮᠥᠨ᠂ ᠪᠥᠬᠥ᠌ ᠲᠠᠯ᠎ᠠ᠎ᠵᠢᠨ ᠴᠢᠨᠠᠷᠲᠠᠶ᠂ ᠪᠠᠢᠯᠳᠤᠬᠤ ᠪᠣᠳᠣᠯᠭ᠎ᠠ᠎ᠵᠢᠨ ᠴᠢᠨᠠᠷᠲᠠᠶ᠂ ᠣᠷᠳᠣ ᠬᠤᠭᠤᠴᠠᠭᠠᠲᠤ ᠴᠢᠨᠠᠷᠲᠠᠶ ᠱᠠᠭᠠᠷᠳᠠᠯᠭ᠎ᠠ ᠮᠥᠨ᠂ ᠪᠣᠶ ᠪᠥᠬᠥᠶ ᠬᠦᠷᠢᠶ᠎ᠡ ᠴᠠᠷᠠᠭ᠎ᠠ᠂ ᠪᠣᠶ ᠪᠥᠬᠥᠶ ᠣᠷᠣᠨ ᠪᠦᠰᠡ᠂ ᠪᠣᠶ ᠪᠥᠬᠥᠶ ᠠᠵᠤ ᠦᠶ᠋ᠯᠡᠰ᠂ ᠪᠣᠶ ᠪᠥᠬᠥᠶ ᠠᠵᠢᠯ ᠲᠥᠷᠥᠯ ᠴᠥᠮ ᠡᠭᠦᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠡᠯ᠎ᠡ ᠵᠦᠶ᠋ᠯ᠎ᠦᠨ ᠴᠢᠬᠤᠯᠠ ᠶᠡᠬᠡ ᠬᠠᠷᠠᠯᠲᠠ ᠡᠭᠦᠷᠭᠡ᠂ ᠴᠢᠬᠤᠯᠠ ᠶᠡᠬᠡ ᠲᠥᠷᠥ᠎ᠵᠢᠨ ᠪᠣᠳᠣᠯᠭ᠎ᠠ ᠠᠷᠭ᠎ᠠ ᠬᠡᠮᠵᠢᠶ᠎ᠡ᠂ ᠴᠢᠬᠤᠯᠠ ᠶᠡᠬᠡ ᠢᠨᠵᠧᠨᠧᠷᠢᠩ ᠲᠥᠷᠥᠯ ᠵᠦᠶ᠋ᠯ᠎ᠢ ᠴᠥᠮ ᠡᠨᠡ ᠬᠦ᠌ ᠪᠠᠢᠷᠢᠱᠢᠯ ᠶᠣᠰᠣᠭᠠᠷ ᠥᠷᠨᠢᠭᠦᠯᠬᠦ᠌ ᠬᠡᠷᠡᠭ᠌ᠲᠡᠶ᠃ ᠤᠯᠠᠮᠵᠢᠯᠠᠯᠲᠤ ᠬᠥᠭ᠌ᠵᠢᠯᠲᠡ᠎ᠵᠢᠨ ᠵᠠᠭ᠍ᠪᠤᠷ᠎ᠢ ᠦᠷᠭᠦᠯᠵᠢᠯᠡᠭᠦᠯᠬᠦ᠌᠎ᠳᠦ ᠪᠡᠷᠬᠡ᠂ ᠬᠠᠭᠤᠴᠢᠨ ᠵᠠᠮ᠎ᠢᠶᠠᠷ᠎ᠢᠶᠠᠨ ᠵᠠᠮᠨᠠᠵᠤ ᠳᠡᠢᠯᠬᠦ᠌ ᠦᠭᠡᠢ᠂ ᠲᠠᠬᠢᠵᠤ ᠶᠠᠪᠤᠵᠤ ᠪᠣᠯᠬᠤ ᠦᠭᠡᠢ᠂ ᠠᠮᠢ ᠠᠬᠤᠢ ᠣᠷᠴᠢᠨ ᠲᠤᠭᠤᠷᠢᠨ ᠵᠥᠪᠱᠢᠶᠡᠷᠡᠬᠦ᠌ ᠦᠭᠡᠢ᠂ ᠠᠷᠠᠳ ᠤᠯᠠᠨ ᠵᠥᠪᠱᠢᠶᠡᠷᠡᠬᠦ᠌ ᠦᠭᠡᠢ ᠭᠡᠳᠡᠭ᠎ᠢ ᠪᠢᠳᠡ ᠡᠷᠬᠡᠪᠰᠢ ᠭᠦᠨᠵᠡᠭᠡᠢ ᠲᠠᠨᠢᠬᠤ ᠬᠡᠷᠡᠭ᠌ᠲᠡᠢ᠃ ᠪᠥᠬᠥ᠌ ᠣᠷᠣᠨ ᠳᠠᠶᠠᠭᠠᠷ᠎ᠢᠶᠠᠨ ᠤᠯᠤᠰ ᠲᠥᠷᠥ᠎ᠵᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠪᠠᠢᠯᠳᠤᠬᠤ ᠪᠣᠳᠣᠯᠭ᠎ᠠ᠎ᠵᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠱᠢᠨ᠎ᠡ ᠵᠠᠮ᠎ᠢᠶᠠᠷ ᠵᠠᠮᠨᠠᠬᠤ ᠤᠯᠤᠰ ᠲᠥᠷᠥ᠎ᠵᠢᠨ ᠤᠬᠠᠮᠰᠠᠷᠲᠤ ᠴᠢᠨᠠᠷ ᠪᠣᠯᠤᠨ ᠪᠣᠳᠠᠲᠤ ᠲᠤᠯᠭᠠᠮ ᠰᠡᠳᠭᠢᠯᠭᠡ᠎ᠪᠡᠨ ᠴᠢᠩᠭᠠᠳᠭᠠᠬᠤ ᠭᠡᠷᠡᠭᠲᠡᠢ᠂ ᠶᠠᠮᠠᠷ ᠴᠤ᠌ ᠬᠡᠢ ᠬᠦᠰᠡᠯ ᠪᠠᠢᠵᠤ ᠪᠣᠯᠬᠤ ᠥᠬᠡᠶ᠂ ᠥᠴᠦᠬᠡᠨ ᠴᠦ᠍ ᠡᠷᠡᠭᠡᠯᠵᠡᠵᠦ᠍ ᠪᠣᠯᠬᠤ ᠥᠬᠡᠶ᠂ ᠥᠴᠦᠬᠡᠨ ᠴᠦ᠍ ᠤᠳᠠᠭᠠᠱᠢᠷᠠᠭᠤᠯᠵᠤ ᠪᠣᠯᠬᠤ ᠥᠬᠡᠶ᠃ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌ ᠱᠠᠭᠠᠷᠳᠠᠯᠭ᠎ᠠ᠎ᠳᠤ ᠦᠯᠦ ᠨᠡᠢᠴᠡᠬᠦ ᠦᠯᠦ ᠵᠤᠬᠢᠴᠠᠬᠤ ᠴᠢᠨᠠᠭ᠍ᠰᠢᠯᠠᠪᠠᠯ ᠲᠡᠭᠦᠨ᠎ᠡᠴᠡ ᠲᠡᠷᠰᠯᠡᠭ᠌ᠰᠡᠨ ᠦᠵᠡᠯ ᠰᠠᠨᠠᠭ᠎ᠠ ᠣᠢᠯᠠᠭᠠᠭ᠍ᠳᠠᠬᠤᠨ᠂ ᠦᠢᠯᠡ ᠠᠵᠢᠯᠯᠠᠭ᠎ᠠ᠂ ᠬᠥᠭ᠌ᠵᠢᠯᠲᠡ᠎ᠵᠢᠨ ᠵᠠᠭ᠍ᠪᠤᠷ ᠲᠤ᠌ ᠡᠷᠡᠰ ᠲᠤᠬᠢᠷᠠᠭᠤᠯᠤᠯᠳᠠ ᠬᠢᠵᠤ᠂ ᠵᠠᠯᠠᠷᠠᠭᠤᠯᠬᠤ ᠪᠠ ᠲᠠᠶᠠᠭ᠍ᠳᠠᠵᠤ᠂ ᠶᠣᠰᠣ ᠨᠢ ᠶᠤᠰᠤ ᠪᠡᠷ ᠵᠢᠡᠨ ᠪᠠᠢᠭ᠂ ᠬᠢᠬᠦ ᠪᠡᠷ ᠵᠢᠡᠨ ᠬᠢᠨ᠎ᠠ ᠭᠡᠳᠡᠭ ᠦᠵᠡᠯᠳᠡ ᠵᠢ ᠡᠷᠡᠰ ᠰᠡᠷᠭᠡᠢᠯᠡᠵᠦ᠍᠂ ᠬᠤᠷᠳᠤᠴᠠ ᠵᠢ ᠯᠠ ᠡᠷᠬᠢᠮᠯᠡᠬᠦ ᠪᠤᠳᠤᠯ᠂ ᠬᠠᠭᠤᠴᠢᠨ ᠠᠷᠭ᠎ᠠ ᠵᠠᠮ ᠳ᠋ᠠᠭᠠᠨ ᠲᠦᠰᠢᠭᠯᠡᠬᠦ ᠡᠴᠡ ᠲᠤᠢᠯᠪᠤᠷᠢᠲᠠᠢ ᠠᠩᠭᠢᠵᠢᠷᠠᠵᠤ᠂ ᠳᠠᠷᠤᠯᠲᠠ᠎ᠶ᠋ᠢ ᠲᠤᠯᠵᠤ᠂ ᠡᠪᠡᠷᠱᠢᠶᠡᠯ᠎ᠢ ᠲᠡᠰᠪᠦᠷᠢᠯᠡᠨ᠂ ᠨᠢᠭᠡ ᠨᠢᠭᠡ ᠠᠯᠬᠤᠮ ᠵᠢᠡᠷ ᠯᠠᠪᠳᠠᠭᠤᠨ ᠪᠠᠲᠤᠲᠠᠶ᠎ᠪᠠᠷ ᠱᠢᠨ᠎ᠡ ᠵᠠᠮ᠎ᠢᠶᠠᠷ ᠵᠠᠮᠨᠠᠬᠤ ᠬᠡᠷᠡᠭ᠌ᠲᠡᠶ᠃

ᠬᠣᠢᠱᠢᠳᠠ᠎ᠵᠢᠨ ᠲᠠᠪᠤᠨ ᠵᠢᠯ ᠳ᠋ᠦ᠂ ᠪᠦᠬᠦ᠌ ᠣᠷᠣᠨ ᠳᠠᠶᠠᠭᠠᠷ᠎ᠢᠶᠠᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠵᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ 《 ᠲᠠᠪᠤ᠎ᠶ᠋ᠢ ᠨᠢᠭᠡ ᠴᠤᠭ᠍ᠴᠠᠵᠢᠭᠤᠯᠬᠤ 》 ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂《ᠳᠥᠷᠪᠡᠨ ᠪᠦᠬᠦ᠌ ᠲᠠᠯ᠎ᠠ》᠎ᠵᠢᠨ ᠪᠠᠢᠯᠳᠤᠬᠤ ᠪᠣᠳᠣᠯᠭ᠎ᠠ᠎ᠵᠢᠨ ᠪᠠᠢᠷᠢᠰᠢᠭᠤᠯᠤᠯᠳᠠ᠎ᠶ᠋ᠢ ᠵᠣᠬᠢᠴᠠᠭᠤᠯᠤᠨ ᠠᠬᠢᠭᠤᠯᠬᠤ ᠵᠢ ᠪᠠᠷᠢᠮᠳᠠᠯᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠵᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠵᠢᠨ ᠱᠠᠳᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠵᠢᠨ ᠣᠢᠯᠠᠭᠠᠭ᠍ᠳᠠᠬᠤᠨ᠎ᠢ ᠪᠦᠷᠢᠨ ᠪᠦᠳᠦᠨ᠂ ᠵᠦᠪ ᠤᠨᠤᠪᠴᠢᠳᠠᠢ᠂ ᠪᠦᠬᠦ ᠲᠠᠯ᠎ᠠ ᠪᠡᠷ ᠲᠤᠭᠤᠰᠢᠯᠠᠭᠤᠯᠵᠤ᠂ ᠱᠢᠨ᠎ᠡ ᠬᠥᠭ᠌ᠵᠢᠯᠲᠡ᠎ᠵᠢᠨ ᠪᠠᠢᠷᠢᠱᠢᠯ᠎ᠳᠤ ᠬᠦᠴᠦᠯᠡᠨ ᠦᠢᠯᠡᠴᠢᠯᠡᠬᠦ᠌ ᠪᠠ ᠠᠭᠤᠰᠤᠯᠴᠠᠵᠤ᠂ ᠠᠮᠢ ᠠᠬᠤᠶ᠎ᠶ᠋ᠢ ᠲᠡᠷᠢᠭᠦᠨ᠎ᠳᠦ ᠲᠠᠯᠪᠢᠬᠤ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠵᠢᠨ ᠱᠢᠨ᠎ᠡ ᠵᠠᠮ ᠵᠢᠡᠷ ᠯᠠᠪᠳᠠᠭᠤᠨ ᠪᠠᠳᠤᠳᠠᠢ ᠵᠠᠮᠨᠠᠵᠤ᠂ 《 ᠬᠣᠶᠠᠷ ᠬᠠᠯᠬᠠᠪᠴᠢ 》᠂ 《ᠬᠣᠶᠠᠷ ᠰᠠᠭᠤᠷᠢᠨ 》᠂ 《 ᠨᠢᠭᠡ ᠪᠡᠬᠢᠯᠡᠯᠲᠡ 》 ᠎ᠶ᠋ᠢ ᠲᠦᠷᠭᠡᠳᠭᠡᠨ ᠪᠦᠲᠦᠭᠡᠨ ᠪᠠᠢᠭᠤᠯᠵᠤ᠂ ᠳᠤᠮᠳᠠᠳᠤ᠎ᠵᠢᠨ ᠦᠨᠳᠦᠰᠦᠲᠡᠨ᠎ᠦ ᠬᠠᠮᠲᠤ᠎ᠵᠢᠨ ᠴᠣᠭ᠍ᠴᠠ᠎ᠵᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠣᠭ᠍ᠴᠠᠯᠠᠵᠤ᠂ ᠡᠷᠡᠰ ᠭᠤᠢᠪᠢᠰᠢ ᠦᠭᠡᠢ᠎ᠪᠡᠷ ᠨᠠᠮ᠎ᠢ ᠴᠢᠩᠭ᠎ᠠ ᠬᠠᠮᠢᠶᠠᠷᠴᠤ᠌ ᠴᠢᠩᠭ᠎ᠠ ᠵᠠᠰᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠵᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠤ᠂ ᠡᠬᠡ ᠤᠯᠤᠰ᠎ᠤᠨ ᠤᠮᠠᠷᠠᠲᠤ᠎ᠵᠢᠨ ᠦᠵᠡᠮᠵᠢ᠎ᠵᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ ᠬᠡᠷᠡᠭᠳᠠᠢ᠃

ᠮᠠᠨ᠎ᠤ ᠲᠡᠮᠡᠴᠡᠬᠦ᠌ ᠬᠠᠷᠠᠯᠲᠠ ᠪᠣᠯ ᠄ ᠣᠷᠣᠨ ᠳᠠᠶᠠᠭᠠᠷ᠎ᠤᠨ ᠴᠥᠬᠥᠷᠡᠰᠢ ᠥᠬᠡᠶ ᠴᠢᠷᠮᠠᠢᠯᠭ᠎ᠠ᠎ᠪᠠᠷ ᠳᠡᠮᠵᠢᠨ᠂ 《ᠬᠣᠶᠠᠷ ᠬᠠᠯᠬᠠᠪᠴᠢ 》 ᠎ᠶ᠋ᠢ ᠨᠠᠩ ᠪᠠᠲᠤ ᠪᠠᠬᠢ ᠪᠣᠯᠭᠠᠵᠤ᠂ 《 ᠬᠣᠶᠠᠷ ᠰᠠᠭᠤᠷᠢᠨ 》ᠤ᠋ ᠶᠠᠰᠤ ᠴᠢᠨᠠᠷ᠎ᠢ ᠵᠡᠷᠭᠡ᠎ᠪᠡᠷ ᠳᠡᠭᠡᠭ᠌ᠰᠢᠯᠡᠭᠦᠯᠦᠨ᠂ 《 ᠨᠢᠭᠡ ᠪᠡᠬᠢᠯᠡᠯᠲᠡ 》 ᠎ᠵᠢᠨ ᠦᠶ᠋ᠯᠡᠳᠦᠯ᠎ᠢ ᠢᠯᠡᠷᠡᠭᠦᠯᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠦᠭᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠳ᠋ᠤ ᠴᠢᠬᠤᠯᠠ ᠶᠡᠬᠡ ᠠᠯᠬᠤᠮ᠎ᠢ ᠠᠯᠬᠤᠨ᠎ᠠ᠃ ᠠᠵᠤ ᠠᠬᠤᠢ᠎ᠵᠢᠨ ᠴᠢᠨᠠᠷ ᠰᠠᠢᠲᠠᠢ ᠬᠥᠭ᠌ᠵᠢᠯᠲᠡ ᠨᠡᠩ ᠶᠡᠬᠡ ᠦᠷ᠎ᠡ ᠪᠦᠲᠦᠭᠡᠯ ᠤᠯᠤᠨ᠎ᠠ᠃ ᠠᠵᠤ ᠦᠢᠯᠡᠰ᠎ᠦᠨ ᠪᠦᠲᠦᠴᠡ᠂ ᠡᠨᠧᠷᠭᠢ᠎ᠵᠢᠨ ᠪᠦᠲᠦᠴᠡ ᠨᠠᠩ ᠱᠢᠯᠢᠳᠡᠭ᠌ᠵᠢᠵᠦ᠍᠂ ᠬᠥᠭ᠌ᠵᠢᠯᠲᠡ᠎ᠵᠢᠨ ᠠᠷᠭ᠎ᠠ ᠬᠡᠯᠪᠡᠷᠢ ᠪᠦᠳᠦᠭᠦᠯᠢᠭ ᠢᠯᠠᠩᠭᠤᠶ᠎ᠠ ᠠᠵᠤ ᠦᠢᠯᠡᠰ᠎ᠦᠨ ᠬᠥᠭ᠌ᠵᠢᠯᠲᠡ᠎ᠨᠢ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌᠎ᠳᠦ ᠨᠡᠯᠢᠶᠡᠳ ᠶᠡᠬᠡ ᠲᠦᠱᠢᠭ᠌ᠯᠡᠬᠦ᠌ ᠪᠠᠢᠳᠠᠯ ᠶᠡᠷᠦᠩᠬᠡᠢ᠎ᠳᠡᠭᠡᠨ ᠬᠤᠪᠢᠷᠠᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠵᠢᠨ ᠬᠡᠯᠬᠢᠶ᠎ᠡ᠎ᠵᠢᠨ ᠣᠳᠣᠬᠢᠴᠢᠯᠠᠯᠲᠠ᠎ᠵᠢᠨ ᠲᠦᠪᠱᠢᠨ ᠢᠯᠡᠳᠲᠡ ᠳᠡᠭᠡᠭ᠌ᠰᠢᠯᠡᠵᠦ᠍᠂ ᠶᠡᠷᠦᠩᠬᠡᠢᠯᠡᠭ᠌ᠰᠡᠨ ᠠᠵᠤ ᠠᠬᠤᠢ᠎ᠵᠢᠨ ᠪᠣᠳᠠᠲᠤ ᠬᠦᠴᠦᠨ ᠤᠯᠠᠮ ᠨᠢᠭᠡ ᠠᠯᠬᠤᠮ ᠴᠢᠩᠭᠠᠷᠠᠨ᠎ᠠ᠃ ᠣᠷᠣᠨ ᠪᠦᠰᠡ᠎ᠵᠢᠨ ᠱᠢᠨ᠎ᠡ᠎ᠶ᠋ᠢ ᠡᠭᠦᠳᠬᠦ᠌ ᠱᠢᠰᠲ᠋ᠧᠮ᠂ ᠠᠵᠤ ᠦᠶ᠋ᠯᠡᠰ᠎ᠦᠨ ᠱᠢᠰᠲ᠋ᠧᠮ᠂ ᠬᠣᠲᠠ ᠪᠠᠯᠭᠠᠰᠤᠨ᠎ᠤ ᠱᠢᠰᠲ᠋ᠧᠮ ᠪᠣᠯᠤᠨ ᠰᠠᠭᠤᠷᠢ ᠲᠥᠬᠥᠭᠡᠷᠦᠮᠵᠢ᠎ᠵᠢᠨ ᠱᠢᠰᠲ᠋ᠧᠮ ᠨᠠᠩ ᠲᠡᠭᠦᠯᠳᠡᠷᠵᠢᠵᠦ᠍᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠱᠢᠨ᠎ᠡ ᠪᠠᠢᠷᠢᠱᠢᠯ᠂ ᠵᠡᠭᠦᠨ ᠳᠤᠮᠳᠠ ᠪᠠᠷᠠᠭᠤᠨ ᠣᠷᠣᠨ᠎ᠤ ᠵᠦᠷᠢᠶᠡᠴᠢᠯᠡᠭ᠌ᠰᠡᠨ ᠵᠣᠬᠢᠴᠠᠩᠭᠤᠶ ᠬᠥᠭ᠌ᠵᠢᠯᠲᠡ᠎ᠵᠢᠨ ᠱᠢᠨ᠎ᠡ ᠪᠠᠢᠷᠢᠱᠢᠯ ᠦᠨᠳᠦᠰᠦᠨ᠎ᠳᠡᠭᠡᠨ ᠪᠦᠷᠢᠯᠳᠦᠵᠦ᠍᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠦᠨ ᠱᠢᠰᠲ᠋ᠧᠮ ᠪᠣᠯᠤᠨ ᠪᠥᠬᠥ᠌ ᠣᠷᠣᠨ ᠪᠦᠰᠡ᠎ᠵᠢᠨ ᠨᠡᠭᠡᠭᠡᠯᠲᠡ᠎ᠵᠢᠨ ᠲᠠᠪᠴᠠᠩ᠎ᠤᠨ ᠪᠠᠢᠭᠤᠯᠤᠯᠲᠠ ᠴᠢᠬᠤᠯᠠ ᠶᠡᠬᠡ ᠠᠬᠢᠴᠠ᠎ᠲᠠᠶ ᠪᠣᠯᠵᠣ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢᠯᠡᠳᠲᠡ ᠰᠠᠢᠵᠢᠷᠠᠵᠤ᠂ ᠬᠤᠮᠠᠬᠢ ᠭᠤᠤᠯ ᠴᠣᠭ᠍ᠴᠠ᠎ᠵᠢᠨ ᠠᠮᠢᠵᠢᠷᠠᠯ᠎ᠤᠨ ᠬᠦᠴᠦᠨ ᠢᠯᠡᠳᠲᠡ ᠴᠢᠩᠭᠠᠷᠠᠨ᠎ᠠ᠃ ᠠᠮᠢ ᠠᠬᠤᠢ ᠣᠷᠴᠢᠨ ᠲᠤᠭᠤᠷᠢᠨ ᠤ᠋ ᠥᠨᠳᠥᠷ ᠲᠦᠪᠱᠢᠨ ᠪᠦᠬᠦᠢ ᠬᠠᠮᠠᠭᠠᠯᠠᠯᠲᠠ ᠨᠡᠩ ᠶᠡᠬᠡ ᠦᠷ᠎ᠡ ᠪᠦᠲᠦᠮᠵᠢ ᠤᠯᠤᠨ᠎ᠠ᠃ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ ᠪᠠᠢᠷᠢᠱᠢᠯ᠎ᠢ ᠪᠦᠬᠦ᠌ ᠲᠠᠯ᠎ᠠ᠎ᠪᠠᠷ ᠱᠢᠯᠢᠳᠡᠭ᠌ᠵᠢᠭᠦᠯᠵᠦ᠍᠂ ᠪᠦᠬᠦ᠌ ᠣᠷᠣᠨ ᠪᠦᠰᠡ᠎ᠵᠢᠨ ᠠᠮᠢ ᠠᠬᠤᠢ᠎ᠵᠢᠨ ᠠᠮᠤᠷ ᠲᠦᠪᠱᠢᠨ᠎ᠦ ᠪᠠᠢᠷᠢᠱᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠍᠂ ᠭᠣᠣᠯᠳᠠᠯᠭ᠎ᠠ᠎ᠲᠠᠶ ᠰᠠᠪᠠ ᠭᠠᠵᠠᠷ ᠣᠷᠣᠨ ᠪᠦᠰᠡ᠎ᠵᠢᠨ ᠠᠮᠢ ᠠᠬᠤᠢ ᠣᠷᠴᠢᠨ ᠲᠤᠭᠤᠷᠢᠨ ᠢ᠋ ᠪᠦᠲᠦᠮᠵᠢᠲᠡᠢ ᠬᠠᠮᠠᠭᠠᠯᠠᠵᠤ᠂ ᠴᠢᠨᠠᠷ ᠰᠠᠢᠲᠠᠢ ᠠᠮᠢ ᠠᠬᠤᠢ᠎ᠵᠢᠨ ᠦᠢᠯᠡᠳᠬᠦᠨ᠎ᠦ ᠬᠠᠩᠭᠠᠯᠭ᠎ᠠ᠎ᠶ᠋ᠢ ᠨᠡᠮᠡᠭ᠌ᠳᠡᠭᠦᠯᠵᠤ ᠪᠠᠭ᠍ᠲᠠᠭᠠᠮᠵᠢ᠎ᠶ᠋ᠢ ᠥᠷᠭᠡᠳᠭᠡᠨ᠎ᠡ᠃ ᠠᠵᠤ ᠠᠬᠤᠶ ᠨᠡᠢᠭᠡᠮ᠎ᠦᠨ ᠬᠥᠭ᠌ᠵᠢᠯᠲᠡ᠎ᠵᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠲᠡᠢᠰᠢ ᠪᠠᠨ ᠬᠡᠯᠪᠡᠷᠢ᠎ᠪᠡᠨ ᠬᠤᠪᠢᠷᠠᠭᠤᠯᠬᠤ ᠦᠷ᠎ᠡ ᠪᠦᠲᠦᠮᠵᠢ ᠢᠯᠡᠳᠲᠡ ᠪᠣᠯᠵᠣ᠂ ᠭᠤᠤᠯ ᠪᠣᠯᠬᠤ ᠪᠣᠬᠢᠷᠲᠤᠯ ᠪᠣᠳᠠᠰ ᠤ᠋ᠨ ᠭᠠᠳᠠᠭᠰᠢᠯᠠᠭᠤᠯᠤᠯᠳᠠ ᠵᠢᠨ ᠶᠡᠷᠦᠩᠬᠡᠶ ᠬᠡᠮᠵᠢᠶ᠎ᠡ ᠦᠷᠭᠦᠯᠵᠢᠯᠡᠨ ᠪᠠᠭᠠᠰᠴᠤ᠌᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢᠨ ᠬᠦᠴᠦᠯᠡᠴᠡ ᠪᠦᠲᠦᠮᠵᠢᠲᠡᠶ ᠪᠠᠭᠤᠷᠠᠨ᠎ᠠ᠃ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠵᠢᠨ ᠬᠠᠤᠯᠢ ᠲᠣᠭ᠍ᠲᠠᠭᠠᠯ ᠲᠦᠷᠢᠮ᠎ᠦᠨ ᠱᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠵᠦ᠍᠂ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ᠎ᠵᠢᠨ ᠣᠳᠣᠬᠢᠴᠢᠯᠠᠯᠲᠠ᠎ᠵᠢᠨ ᠲᠦᠪᠱᠢᠨ ᠦᠷᠭᠦᠯᠵᠢᠯᠡᠨ ᠳᠡᠭᠡᠭ᠌ᠰᠢᠯᠡᠵᠦ᠍᠂ ᠠᠮᠢ ᠠᠬᠤᠶ ᠣᠷᠴᠢᠨ ᠲᠣᠭᠣᠷᠢᠨ᠎ᠤ ᠪᠦᠬᠦᠯᠢ ᠴᠣᠭ᠍ᠴᠠ᠎ᠵᠢᠨ ᠰᠠᠢᠵᠢᠷᠠᠬᠤ ᠬᠠᠨᠳᠤᠰᠢ ᠪᠡᠬᠢᠵᠢᠨ ᠥᠷᠭᠡᠵᠢᠨ᠎ᠠ᠃ ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ᠎ᠢ ᠴᠣᠭ᠍ᠴᠠᠯᠠᠬᠤ ᠳ᠋ᠤ ᠨᠡᠩ ᠶᠡᠬᠡ ᠠᠬᠢᠴᠠ᠎ᠲᠠᠶ ᠪᠤᠯᠤᠨ᠎ᠠ᠃ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠨ ᠣᠯᠠᠨ ᠨᠡᠢᠲᠡ᠎ᠵᠢᠨ ᠦᠶ᠋ᠯᠡᠴᠢᠯᠡᠭᠡ᠎ᠶ᠋ᠢ ᠨᠠᠩ ᠴᠢᠨᠠᠷ ᠰᠠᠢᠲᠠᠶ ᠲᠡᠩᠴᠡᠭᠦᠷᠢᠲᠡᠶ ᠪᠣᠯᠭᠠᠨ᠎ᠠ᠃ ᠠᠵᠢᠯ ᠣᠯᠭᠣᠯᠲᠠ᠎ᠵᠢᠨ ᠪᠠᠭ᠍ᠲᠠᠭᠠᠮᠵᠢ ᠲᠠᠰᠤᠷᠠᠯᠲᠠ ᠦᠭᠡᠢ ᠥᠷᠭᠡᠳᠴᠦ᠍᠂ ᠶᠠᠰᠤ ᠴᠢᠨᠠᠷ ᠢᠯᠡᠳᠲᠡ ᠳᠡᠭᠡᠭ᠌ᠰᠢᠯᠡᠨ᠂ ᠬᠤᠲᠠ ᠬᠥᠳᠡᠭᠡ᠎ᠵᠢᠨ ᠰᠠᠭᠤᠭᠠᠯᠢ ᠠᠷᠠᠳ᠎ᠤᠨ ᠣᠷᠣᠯᠭ᠎ᠠ ᠲᠣᠭ᠍ᠲᠠᠭᠤᠨ᠎ᠢᠶᠠᠷ ᠨᠡᠮᠡᠭ᠌ᠳᠡᠵᠦ᠍᠂ ᠬᠤᠪᠢᠶᠠᠷᠢᠯᠠᠯᠲᠠ᠎ᠵᠢᠨ ᠪᠦᠲᠦᠴᠡ ᠢᠯᠡᠳᠲᠡ ᠰᠠᠢᠵᠢᠷᠠᠨ᠎ᠠ᠃ ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠠᠩᠬ᠎ᠠ ᠠᠯᠬᠤᠮ ᠪᠠᠢᠭᠤᠯᠵᠤ᠂ ᠨᠡᠢᠭᠡᠮ᠎ᠦᠨ ᠪᠠᠲᠤᠯᠠᠭ᠎ᠠ᠎ᠵᠢᠨ ᠱᠢᠰᠲ᠋ᠧᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠵᠢᠨ ᠱᠢᠰᠲ᠋ᠧᠮ᠂ ᠦᠷᠡᠵᠢᠯ ᠪᠠ ᠨᠠᠰᠤᠵᠢᠯ᠎ᠤᠨ ᠠᠰᠠᠷᠠᠮᠵᠢ᠎ᠵᠢᠨ ᠦᠶ᠋ᠯᠡᠴᠢᠯᠡᠭᠡᠨ᠎ᠦ ᠱᠢᠰᠲ᠋ᠧᠮ᠂ ᠣᠷᠣᠨ ᠰᠠᠭᠤᠴᠠ᠎ᠵᠢᠨ ᠬᠠᠩᠭᠠᠯᠭ᠎ᠠ᠎ᠵᠢᠨ ᠪᠠᠲᠤᠯᠠᠭ᠎ᠠ᠎ᠵᠢᠨ ᠱᠢᠰᠲ᠋ᠧᠮ ᠨᠠᠩ ᠪᠦᠷᠢᠨᠱᠢᠵᠤ᠂ ᠣᠯᠠᠨ ᠨᠡᠢᠲᠡ᠎ᠵᠢᠨ ᠰᠣᠶᠣᠯ᠎ᠤᠨ ᠦᠶ᠋ᠯᠡᠴᠢᠯᠡᠭᠡᠨ᠎ᠦ ᠱᠢᠰᠲ᠋ᠧᠮ ᠨᠠᠩ ᠲᠡᠭᠦᠯᠳᠡᠷᠵᠢᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠮᠢᠳᠤᠷᠠᠯ᠎ᠢ ᠪᠣᠳᠠᠰ᠎ᠤᠨ ᠲᠠᠯ᠎ᠠ᠎ᠡᠴᠡ ᠣᠶᠤᠨ ᠰᠠᠨᠠᠭᠠᠨ᠎ᠤ ᠲᠠᠯ᠎ᠠ ᠬᠦᠷᠲᠡᠯ᠎ᠡ ᠴᠥᠮ ᠶᠠᠪᠤᠬᠤ ᠲᠤᠲᠤᠮ ᠬᠥᠭ᠌ᠵᠢᠶᠡᠨᠲᠡᠶ ᠪᠤᠯᠭᠠᠨ᠎ᠠ᠃ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠥᠨᠳᠥᠷ ᠪᠦᠲᠦᠮᠵᠢᠲᠡᠶ ᠵᠠᠰᠠᠯᠲᠠ ᠨᠠᠩ ᠶᠡᠬᠡ ᠱᠢᠪᠲᠤᠯᠤᠯᠲᠠ᠎ᠲᠠᠶ ᠪᠤᠯᠤᠨ᠎ᠠ᠃ᠴᠢᠬᠤᠯᠠ ᠬᠦᠷᠢᠶ᠎ᠡ ᠪᠠ ᠵᠠᠩᠭᠢᠯᠠᠭ᠎ᠠ᠎ᠵᠢᠨ ᠭᠣᠭ᠍ᠴᠣᠭ᠎ᠠ᠎ᠵᠢᠨ ᠥᠭᠡᠷᠡᠴᠢᠯᠡᠯᠲᠡ ᠨᠡᠩ ᠶᠡᠬᠡ ᠠᠯᠬᠤᠮ᠎ᠢ ᠠᠯᠬᠤᠵᠤ᠂ ᠵᠠᠰᠠᠯᠲᠠ᠎ᠵᠢᠨ ᠱᠢᠰᠲ᠋ᠧᠮ ᠪᠠ ᠵᠠᠰᠠᠯᠲᠠ᠎ᠵᠢᠨ ᠴᠢᠳᠠᠪᠤᠷᠢ᠎ᠵᠢᠨ ᠪᠠᠢᠭᠤᠯᠤᠯᠲᠠ ᠵᠢ ᠱᠢᠨ᠎ᠡ ᠪᠡᠷ ᠴᠢᠩᠭᠠᠳᠬᠠᠨ᠎ᠠ᠃ ᠨᠡᠢᠭᠡᠮ ᠵᠢᠷᠤᠮ᠎ᠤᠨ ᠠᠷᠠᠳᠴᠢᠯᠠᠭᠰᠠᠨ ᠬᠠᠤᠯᠢᠵᠢᠯ ᠢ᠋ ᠨᠡᠩ ᠲᠡᠭᠦᠯᠳᠡᠷᠵᠢᠭᠦᠯᠵᠤ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠨᠡᠩ ᠭᠦᠢᠴᠡᠳ ᠢᠯᠡᠷᠡᠭᠦᠯᠦᠨ᠎ᠡ᠃ ᠳᠤᠮᠳᠠᠳᠤ᠎ᠵᠢᠨ ᠦᠨᠳᠦᠰᠦᠲᠡᠨ᠎ᠦ ᠬᠠᠮᠲᠤ᠎ᠵᠢᠨ ᠴᠣᠭ᠍ᠴᠠ᠎ᠵᠢᠨ ᠤᠬᠠᠮᠰᠠᠷ᠎ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠵᠤ᠂ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠴᠢᠬᠤᠯᠠ ᠠᠬᠢᠴᠠ᠎ᠲᠠᠶ ᠪᠣᠯᠭᠠᠨ᠎ᠠ᠃ ᠨᠡᠢᠭᠡᠮ᠎ᠦᠨ ᠵᠠᠰᠠᠯᠲᠠ᠎ᠵᠢᠨ ᠬᠢᠷᠢ ᠲᠦᠪᠱᠢᠨ ᠢᠯᠡᠳᠲᠡ ᠳᠡᠭᠡᠭ᠌ᠰᠢᠯᠡᠵᠦ᠍᠂ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠪᠠᠢᠭᠤᠯᠤᠮᠵᠢ ᠲᠣᠭ᠍ᠲᠡᠴᠡ ᠲᠠᠰᠤᠷᠠᠯᠲᠠ ᠦᠭᠡᠢ ᠪᠦᠷᠢᠨᠱᠢᠵᠦ᠍᠂ ᠪᠦᠯᠬᠦᠮᠳᠡᠯ᠎ᠲᠡᠶ ᠡᠶ᠎ᠡ ᠵᠣᠬᠢᠴᠠᠩᠭᠤᠢ ᠲᠣᠭ᠍ᠲᠠᠭᠤᠨ ᠪᠠᠢᠬᠤ ᠶᠡᠬᠡ ᠲᠠᠯ᠎ᠠ ᠤᠯᠠᠮ ᠴᠢᠨᠠᠭᠰᠢᠳᠠ ᠪᠡᠬᠢᠵᠢᠨ ᠬᠥᠭ᠌ᠵᠢᠨ᠎ᠠ᠃

ᠢᠷᠡᠭᠡᠳᠦᠢ᠎ᠳᠦ ᠬᠠᠨᠳᠤᠵᠤ᠂ ᠪᠢᠳᠡ ᠵᠢᠷᠤᠭ ᠲᠥᠰᠦᠪ ᠪᠠ ᠬᠦᠰᠡᠯ ᠵᠡᠭᠦᠳᠦ᠍᠎ᠲᠡᠶ ᠪᠠᠢᠬᠤ᠎ᠪᠠᠷ ᠪᠠᠷᠠᠬᠤ ᠦᠭᠡᠢ ᠨᠡᠩ ᠴᠤ᠌ ᠲᠡᠮᠡᠴᠡᠯ᠎ᠦᠨ ᠵᠣᠷᠢᠭ ᠪᠠ ᠡᠷᠴᠢ ᠬᠦᠴᠦᠨ ᠲᠠᠢ ᠪᠠᠢᠬᠤ ᠬᠡᠷᠡᠭ᠌ᠲᠡᠢ᠃ ᠣᠷᠣᠨ ᠳᠠᠶᠠᠭᠠᠷ᠎ᠢᠶᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠱᠢᠷᠭᠠᠭᠤ ᠬᠠᠲᠠᠭᠤᠵᠢᠯᠲᠠᠢ ᠠᠵᠢᠯᠯᠠᠳᠠᠭ ᠯᠠ ᠶᠤᠮ ᠪᠣᠯ ᠪᠢᠳᠡᠨ᠎ᠦ ᠬᠠᠷᠠᠯᠲᠠ ᠯᠠᠪᠲᠠᠢ ᠪᠡᠶᠡᠯᠡᠭ᠌ᠳᠡᠵᠦ᠍᠂ ᠥᠪᠥᠷ ᠮᠣᠩᠭᠣᠯ᠎ᠤᠨ ᠢᠷᠡᠭᠡᠳᠦᠢ ᠯᠠᠪᠲᠠᠢ ᠨᠡᠩ ᠰᠠᠢ᠌ᠨ ᠰᠠᠢᠬᠠᠨ ᠪᠣᠯᠬᠤ ᠶᠤᠮ᠃


ᠳᠥᠷᠪᠡ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠡᠯ᠎ᠡ ᠵᠦᠶ᠋ᠯ᠎ᠦᠨ ᠠᠵᠢᠯ ᠦᠶ᠋ᠯᠡᠰ ᠢᠮᠠᠭ᠍ᠲᠠ ᠵᠥᠪ ᠤᠯᠤᠰ ᠲᠥᠷᠥ᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ᠎ᠵᠢ ᠪᠠᠳᠤᠯᠠᠨ᠎ᠠ

ᠶᠡᠷᠦᠩᠬᠡᠢ ᠱᠦᠵᠢ ᠰᠢ᠎ᠶ᠋ᠢᠨ ᠫᠢᠩ᠎ᠦᠨ ᠨᠠᠮ᠎ᠤᠨ ᠲᠥᠪ ᠬᠣᠷᠢᠶ᠎ᠠ ᠵᠢᠨ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠬᠠᠮᠠᠭᠠᠯᠠᠵᠤ᠂ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠬᠤ ᠪᠣᠯ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠲᠠᠰᠤᠷᠠᠯᠲᠠ ᠦᠭᠡᠢ ᠬᠥᠭ᠌ᠵᠢᠨ ᠤᠷᠤᠭ᠍ᠰᠢᠯᠠᠬᠤ᠎ᠶ᠋ᠢ ᠠᠬᠢᠭᠤᠯᠬᠤ ᠵᠢᠨ ᠦᠨᠳᠦᠰᠦᠨ ᠤᠯᠤᠰ ᠲᠦᠷᠦ᠍᠎ᠶ᠋ᠢᠨ ᠪᠠᠲᠤᠯᠠᠭ᠎ᠠ ᠮᠥᠨ᠂ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠤᠯᠤᠰ ᠲᠦᠷᠦ᠍᠎ᠶ᠋ᠢᠨ ᠤᠷᠢᠲᠠᠯ ᠮᠥᠨ᠃ ᠪᠢᠳᠡ ᠡᠷᠬᠡᠪᠰᠢ 《ᠬᠣᠶᠠᠷ᠎ᠢ ᠬᠠᠮᠠᠭᠠᠯᠠᠬᠤ》 ᠶ᠋ᠢ ᠡᠷᠡᠰ ᠦᠢᠯᠡᠳᠦᠯᠭᠡᠵᠢᠭᠦᠯᠵᠦ᠍᠂ ᠭᠣᠣᠯᠯᠠᠭ᠍ᠴᠢ᠎ᠳᠤ ᠦᠨᠡᠨᠴᠢ ᠱᠢᠳᠤᠷᠭᠤ ᠪᠠᠢᠬᠤ᠂ ᠭᠣᠣᠯᠯᠠᠭ᠍ᠴᠢ᠎ᠶ᠋ᠢ ᠬᠦᠷᠢᠶᠡᠯᠡᠬᠦ᠌᠂ ᠭᠣᠣᠯᠯᠠᠭ᠍ᠴᠢ᠎ᠲᠠᠶ ᠨᠢᠭᠡᠳᠦᠯᠲᠡᠢ ᠪᠠᠢᠬᠤ᠂ ᠭᠣᠣᠯᠯᠠᠭ᠍ᠴᠢ᠎ᠶ᠋ᠢ ᠬᠠᠮᠠᠭᠠᠯᠠᠬᠤ ᠤᠯᠤᠰ ᠲᠦᠷᠦ᠍᠎ᠶ᠋ᠢᠨ ᠤᠬᠠᠮᠰᠠᠷ ᠦᠵᠡᠯ ᠰᠠᠨᠠᠭᠠᠨ᠎ᠤ ᠤᠬᠠᠮᠰᠠᠷ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠵᠤ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠦᠢᠴᠡᠳᠬᠡᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠪᠠᠢᠬᠤ ᠪᠠ ᠡᠷᠡᠰ ᠴᠢᠩᠭ᠎ᠠ ᠪᠠᠢᠬᠤ᠎ᠪᠠᠷ ᠡᠯ᠎ᠡ ᠵᠦᠢᠯ᠎ᠦᠨ ᠠᠵᠢᠯ ᠦᠢᠯᠡᠰ᠎ᠦᠨ ᠤᠷᠤᠭ᠍ᠰᠢᠲᠠᠢ ᠠᠬᠢᠬᠤ᠂ ᠡᠷᠡᠭᠦᠯ᠎ᠢᠶᠡᠷ ᠬᠥᠭ᠌ᠵᠢᠬᠦ᠌᠎ᠶ᠋ᠢ ᠪᠠᠲᠤᠯᠠᠬᠤ ᠬᠡᠷᠡᠭ᠌ᠲᠡᠢ᠃

(ᠨᠢᠭᠡ)ᠨᠠᠮ᠎ᠤᠨ ᠪᠦᠯᠬᠦᠮᠳᠡᠯ ᠨᠢᠭᠡᠳᠦᠯ᠎ᠢ ᠤᠬᠠᠮᠰᠠᠷ᠎ᠠᠴᠠ᠎ᠪᠠᠨ ᠡᠷᠡᠰ ᠪᠠᠳᠤ ᠬᠠᠮᠠᠭᠠᠯᠠᠨ᠎ᠠ᠃ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌᠎ᠶ᠋ᠢ ᠬᠠᠮᠤᠭ᠎ᠤᠨ ᠳᠡᠭᠡᠳᠦ ᠤᠯᠤᠰ ᠲᠥᠷᠥ᠎ᠶ᠋ᠢᠨ ᠵᠠᠷᠴᠢᠮ ᠪᠠ ᠦᠨᠳᠦᠰᠦᠨ ᠤᠯᠤᠰ ᠲᠥᠷᠥ᠎ᠶ᠋ᠢᠨ ᠶᠣᠰᠣ ᠲᠦᠷᠢᠮ ᠪᠣᠯᠭᠠᠵᠤ᠂ ᠬᠠᠮᠠᠭᠠᠯᠠᠬᠤ ᠤᠬᠠᠮᠰᠠᠷ᠎ᠢᠶᠠᠨ ᠴᠢᠩᠭᠠᠳᠭᠠᠵᠤ᠂ ᠬᠠᠮᠠᠭᠠᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠢᠮᠠᠭ᠍ᠲᠠ ᠤᠯᠤᠰ ᠲᠥᠷᠥ᠎ᠶ᠋ᠢᠨ ᠵᠣᠭ᠍ᠰᠣᠯᠲᠠ᠂ ᠤᠯᠤᠰ ᠲᠥᠷᠥ᠎ᠶ᠋ᠢᠨ ᠴᠢᠭ᠌ᠯᠡᠯ᠂ ᠤᠯᠤᠰ ᠲᠥᠷᠥ᠎ᠶ᠋ᠢᠨ ᠵᠠᠷᠴᠢᠮ᠂ ᠤᠯᠤᠰ ᠲᠥᠷᠥ᠎ᠶ᠋ᠢᠨ ᠵᠠᠮ ᠳᠡᠭᠡᠷ᠎ᠡ ᠰᠢ᠎ᠶ᠋ᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ᠃ 《ᠬᠣᠶᠠᠷ᠎ᠢ ᠬᠠᠮᠠᠭᠠᠯᠠᠬᠤ》 ᠎ᠶ᠋ᠢ ᠪᠠᠲᠤᠯᠠᠬᠤ ᠲᠦᠷᠢᠮ ᠲᠣᠭ᠍ᠲᠠᠴᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠴᠢᠩᠭ᠎ᠠ ᠨᠠᠢᠳᠠᠪᠤᠷᠢᠵᠢᠭᠤᠯᠵᠤ᠂ ᠤᠯᠤᠰ ᠲᠥᠷᠥ᠎ᠶ᠋ᠢᠨ ᠰᠠᠬᠢᠯᠭ᠎ᠠ ᠪᠠᠲᠤ ᠪᠠ ᠤᠯᠤᠰ ᠲᠥᠷᠥ᠎ᠶ᠋ᠢᠨ ᠶᠣᠰᠣ ᠲᠦᠷᠢᠮ᠎ᠢ ᠴᠢᠩᠳᠠᠯᠠᠨ᠂ ᠨᠠᠮ᠎ᠤᠨ ᠲᠥᠪ ᠬᠣᠷᠢᠶ᠎ᠠ ᠵᠢᠨ ᠵᠠᠷᠯᠢᠭ᠎ᠢ ᠡᠷᠡᠰ ᠰᠤᠨᠤᠰᠴᠤ᠂ ᠨᠠᠮ᠎ᠤᠨ ᠲᠥᠪ ᠬᠣᠷᠢᠶ᠎ᠠ ᠵᠢᠨ ᠵᠢᠯᠣᠭᠣᠳᠣᠯᠭ᠎ᠠ᠎ᠶ᠋ᠢ ᠡᠷᠡᠰ ᠳᠠᠭᠠᠵᠤ᠂ ᠨᠠᠮ᠎ᠤᠨ ᠲᠥᠪ ᠬᠣᠷᠢᠶ᠎ᠠ ᠵᠢᠨ ᠰᠠᠨᠠᠭᠠᠴᠢᠯᠠᠬᠰᠠᠨ᠎ᠢ ᠡᠷᠡᠰ ᠴᠤᠤᠷᠢᠶᠠᠳᠤᠨ ᠳᠠᠭᠠᠵᠤ᠂ ᠨᠠᠮ᠎ᠤᠨ ᠲᠥᠪ ᠬᠣᠷᠢᠶ᠎ᠠ ᠵᠢᠨ ᠲᠣᠭ᠍ᠲᠠᠭᠠᠬᠰᠠᠨ᠎ᠢ ᠡᠷᠡᠰ ᠵᠢᠷᠤᠮᠯᠠᠨ ᠭᠦᠶ᠋ᠴᠡᠳᠭᠡᠵᠦ᠍᠂ ᠨᠠᠮ᠎ᠤᠨ ᠲᠥᠪ ᠬᠣᠷᠢᠶ᠎ᠠ ᠵᠢᠨ ᠴᠠᠭᠠᠵᠠᠯᠠᠭ᠍ᠰᠠᠨ᠎ᠢ ᠡᠷᠡᠰ ᠬᠢᠬᠦ᠌ ᠥᠬᠡᠶ ᠪᠠᠢᠬᠤ ᠬᠡᠷᠡᠭᠳᠡᠢ᠃ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ᠌ ᠮᠡᠳᠡᠭᠦᠯᠬᠦ᠌ ᠵᠡᠷᠭᠡ ᠲᠦᠷᠢᠮ ᠲᠣᠭ᠍ᠲᠠᠭᠠᠯ᠎ᠢ ᠴᠢᠩᠭ᠎ᠠ ᠬᠡᠷᠡᠭ᠌ᠵᠢᠭᠦᠯᠵᠦ᠍᠂ ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠨᠠᠮ᠎ᠤᠨ ᠲᠥᠪ ᠬᠣᠷᠢᠶ᠎ᠠ ᠵᠢᠨ ᠵᠠᠰᠠᠭ᠎ᠤᠨ ᠵᠠᠷᠯᠢᠭ ᠎ᠢ ᠰᠠᠭᠠᠳ ᠦᠭᠡᠢ ᠶᠠᠪᠤᠭ᠍ᠳᠠᠭᠤᠯᠬᠤ᠂ ᠵᠠᠷᠯᠢᠭ ᠴᠠᠭᠠᠵᠠ᠎ᠶ᠋ᠢ ᠳᠠᠭᠠᠬᠤ᠎ᠶ᠋ᠢ ᠦᠨᠡᠨ ᠬᠦ᠌ ᠪᠠᠲᠤᠯᠠᠵᠤ᠂《ᠬᠣᠶᠠᠷ᠎ᠢ ᠬᠠᠮᠠᠭᠠᠯᠠᠬᠤ》 ᠵᠢ ᠪᠣᠳᠠᠲᠤ ᠠᠵᠢᠯᠯᠠᠭ᠎ᠠ ᠳᠡᠭᠡᠷ᠎ᠡ᠎ᠪᠡᠨ ᠨᠠᠢᠳᠠᠪᠤᠷᠢᠵᠢᠭᠤᠯᠵᠤ᠂ ᠪᠣᠳᠠᠲᠠᠢ ᠠᠵᠢᠯ ᠲᠤᠮᠳᠠ ᠪᠠᠨ ᠢᠯᠡᠷᠡᠭᠦᠯᠬᠦ ᠬᠡᠷᠡᠭᠳᠡᠢ᠃ ᠨᠠᠮ᠎ᠤᠨ ᠭᠡᠱᠢᠭᠦᠨ᠂ ᠺᠠᠳ᠋ᠷ᠎ᠤᠨ ᠤᠯᠤᠰ ᠲᠥᠷᠥ᠎ᠶ᠋ᠢᠨ ᠬᠡᠪ ᠴᠢᠨᠠᠷ᠎ᠢ ᠢᠯᠭᠠᠨ ᠲᠠᠨᠢᠬᠤ ᠪᠠ ᠱᠢᠯᠭᠠᠨ ᠪᠠᠢᠴᠠᠭᠠᠬᠤ᠎ᠶ᠋ᠢ ᠴᠢᠩᠭᠠᠳᠭᠠᠵᠤ᠂ 《ᠬᠣᠶᠠᠷ᠎ᠢ ᠬᠠᠮᠠᠭᠠᠯᠠᠬᠤ》ᠡᠴᠡ ᠰᠠᠯᠤᠩᠭᠢᠷᠠᠭ᠍ᠰᠠᠨ ᠠᠯᠢᠪᠠ ᠪᠤᠷᠤᠭᠤ ᠦᠭᠡ ᠶᠠᠷᠢᠶ᠎ᠠ ᠪᠠ ᠦᠶ᠋ᠯᠡ ᠠᠵᠢᠯᠯᠠᠭ᠎ᠠ᠎ᠶ᠋ᠢ ᠡᠷᠡᠰ ᠰᠡᠷᠭᠡᠢᠯᠡᠨ ᠵᠠᠯᠠᠷᠠᠭᠤᠯᠬᠤ ᠬᠡᠷᠡᠭᠳᠡᠢ᠃ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷᠴᠤᠳ ᠨᠠᠮ᠎ᠳᠠᠭᠠᠨ ᠦᠨᠡᠨᠴᠢ ᠱᠢᠳᠤᠷᠭᠤ ᠪᠠᠢᠬᠤ ᠤᠯᠤᠰ ᠲᠦᠷᠦ᠍᠎ᠶ᠋ᠢᠨ ᠬᠡᠪ ᠴᠢᠨᠠᠷ᠎ᠢᠶᠠᠨ ᠡᠭᠦᠷᠢᠳᠡ ᠪᠠᠲᠤᠯᠠᠵᠤ᠂ ᠢᠮᠠᠭ᠍ᠲᠠ ᠨᠠᠮ ᠪᠠ ᠠᠷᠠᠳ ᠲᠦᠮᠡᠨ᠎ᠳᠦ ᠦᠨᠡᠨᠴᠢ ᠱᠢᠳᠤᠷᠭᠤ᠂ ᠨᠠᠮ᠎ᠤᠨ ᠬᠦᠰᠡᠯᠡᠩ ᠢᠲᠡᠭᠡᠯ ᠪᠢᠱᠢᠷᠡᠯ᠎ᠳᠦ ᠦᠨᠡᠨᠴᠢ ᠱᠢᠳᠤᠷᠭᠤ᠂ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠳᠦ ᠦᠨᠡᠨᠴᠢ ᠱᠢᠳᠤᠷᠭᠤ᠂ ᠨᠠᠮ᠎ᠤᠨ ᠵᠣᠬᠢᠶᠠᠨ ᠪᠠᠢᠭᠤᠯᠤᠯᠲᠠ᠎ᠳᠤ ᠦᠨᠡᠨᠴᠢ ᠱᠢᠳᠤᠷᠭᠤ᠂ ᠨᠠᠮ᠎ᠤᠨ ᠤᠨᠤᠯ ᠪᠠ ᠱᠤᠭᠤᠮ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠳᠦ ᠦᠨᠡᠨᠴᠢ ᠱᠢᠳᠤᠷᠭᠤ ᠪᠠᠢᠬᠤ ᠬᠡᠷᠡᠭ᠌ᠲᠡᠢ᠃ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠲᠡᠮᠡᠴᠡᠯ᠎ᠦᠨ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠨᠠᠮ᠎ᠤᠨ ᠤᠳᠤᠷᠢᠳᠤᠯᠭ᠎ᠠ᠎ᠶ᠋ᠢ ᠰᠤᠯᠠᠷᠠᠭᠤᠯᠬᠤ᠂ ᠭᠠᠵᠢᠭᠤᠳᠠᠭᠤᠯᠬᠤ᠂ ᠦᠭᠡᠢᠰᠭᠡᠬᠦ᠌ ᠠᠯᠢᠪᠠ ᠦᠭᠡ ᠶᠠᠷᠢᠶ᠎ᠠ ᠦᠢᠯᠡ ᠠᠵᠢᠯᠯᠠᠭ᠎ᠠ᠎ᠲᠠᠶ ᠡᠷᠡᠰ ᠲᠡᠮᠡᠴᠡᠬᠦ᠌ ᠬᠡᠷᠡᠭ᠌ᠲᠡᠢ᠃

( ᠬᠣᠶᠠᠷ ) 《ᠤᠯᠤᠰ᠎ᠤᠨ ᠶᠡᠬᠡ ᠶᠠᠪᠤᠳᠠᠯ》 ᠎ᠢ᠋ ᠢᠮᠠᠭ᠍ᠲᠠ ᠪᠠᠲᠤ ᠴᠡᠭᠡᠵᠢᠯᠡᠨ᠎ᠠ᠃ ᠤᠯᠤᠰ᠎ᠤᠨ ᠶᠡᠬᠡ ᠲᠠᠯ᠎ᠠ᠂ ᠤᠯᠤᠰ᠎ᠤᠨ ᠴᠢᠬᠤᠯᠠ ᠶᠠᠪᠤᠳᠠᠯ᠂ ᠤᠯᠤᠰ᠎ᠤᠨ ᠶᠡᠬᠡ ᠶᠠᠪᠤᠳᠠᠯ᠂ ᠤᠯᠤᠰ᠎ᠤᠨ ᠶᠡᠬᠡ ᠪᠤᠳᠤᠯᠭ᠎ᠠ᠎ᠶ᠋ᠢ ᠭᠦᠨᠵᠡᠭᠡᠢ ᠣᠢᠯᠠᠭᠠᠵᠤ᠂ ᠪᠠᠲᠤ ᠡᠵᠡᠮᠳᠡᠵᠦ᠍᠂ ᠤᠯᠤᠰ ᠲᠦᠷᠦ᠍᠎ᠶ᠋ᠢᠨ ᠲᠠᠯ᠎ᠠ᠎ᠡᠴᠡ ᠠᠵᠢᠯ᠎ᠢᠶᠠᠨ ᠲᠥᠯᠥᠪᠵᠢᠭᠦᠯᠬᠦ᠌᠂ ᠪᠠᠢᠷᠢᠯᠠᠭᠤᠯᠬᠤ ᠪᠠ ᠠᠬᠢᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠎ᠡᠴᠡ ᠶᠠᠭᠤ᠎ᠶ᠋ᠢ ᠬᠠᠯᠠᠮᠵᠢᠯᠠᠵᠤ ᠪᠠᠢᠬᠤ᠂ ᠶᠠᠭᠤ᠎ᠶ᠋ᠢ ᠴᠢᠬᠤᠯᠠᠴᠢᠯᠠᠵᠤ ᠪᠠᠢᠬᠤ᠎ᠶ᠋ᠢ ᠴᠠᠭ ᠢᠮᠠᠭ᠍ᠲᠠ ᠠᠩᠬᠠᠷᠴᠤ᠌᠂ ᠠᠵᠢᠯ᠎ᠢᠶᠡᠨ ᠲᠦᠯᠦᠪᠵᠢᠬᠦᠯᠬᠦ ᠪᠠ ᠠᠬᠢᠭᠤᠯᠬᠤ ᠲᠤᠮᠳᠠᠬᠢ ᠬᠤᠭᠤᠰᠤᠨ ᠢᠯᠡᠷᠡᠬᠦ᠂ ᠪᠤᠷᠤᠭᠤᠳᠠᠬᠤ᠂ ᠭᠠᠵᠢᠭᠤᠳᠠᠬᠤ ᠡᠴᠡ ᠡᠷᠡᠰ ᠵᠠᠢᠯᠠᠰᠭᠢᠵᠦ᠍᠂ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠳᠤᠮᠳᠠᠬᠢ ᠡᠷᠴᠢᠮ ᠬᠦᠷᠦᠯᠴᠡᠬᠦ ᠦᠬᠡᠢ᠂ ᠦᠷ᠎ᠡ ᠪᠦᠳᠦᠮᠵᠢ ᠪᠡᠷ ᠠᠨᠠᠢ ᠪᠠᠢᠬᠤ᠂ ᠬᠡᠯᠪᠡᠷᠢᠯ ᠡᠬᠦᠰᠬᠦ ᠵᠢ ᠡᠷᠡᠰ ᠵᠠᠯᠠᠷᠠᠭᠤᠯᠬᠤ ᠬᠡᠷᠡᠭᠳᠡᠢ᠃ ᠪᠦᠬᠦ᠌ ᠲᠠᠯ᠎ᠠ᠎ᠠᠴᠠ ᠪᠣᠳᠣᠯᠬᠢᠯᠠᠵᠤ ᠨᠢᠭᠡ ᠭᠠᠵᠠᠷ ᠣᠷᠣᠨ᠎ᠢ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠤᠬᠠᠮᠰᠠᠷ᠎ᠠᠴᠠ᠎ᠪᠠᠨ ᠥᠪᠥᠷ ᠮᠣᠩᠭᠣᠯ᠎ᠤᠨ ᠠᠵᠢᠯ᠎ᠢ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠯᠪᠢᠵᠤ ᠬᠢᠨᠠᠨ ᠦᠵᠡᠬᠦ᠌ ᠪᠠ ᠠᠬᠢᠭᠤᠯᠵᠤ᠂ ᠨᠠᠮ᠎ᠤᠨ ᠲᠥᠪ ᠬᠣᠷᠢᠶ᠎ᠠ᠎ᠠᠴᠠ ᠪᠠᠢᠷᠢᠯᠠᠭᠤᠯᠤᠬᠰᠠᠨ ᠯᠡ ᠶᠤᠮ ᠪᠤᠯ᠂ ᠤᠯᠤᠰ᠎ᠤᠷᠤᠨ ᠬᠡᠷᠡᠭ᠌ᠰᠡᠳᠡᠭ ᠯᠠ ᠶᠤᠮ ᠪᠣᠯ ᠡᠷᠡᠰ ᠬᠢᠵᠦ᠍᠂ ᠪᠠᠷᠢᠨ ᠬᠢᠵᠦ᠍᠂ ᠦᠨᠡᠨ ᠬᠦ᠌ ᠠᠳᠬᠤᠵᠤ ᠪᠣᠳᠠᠲᠠᠢ ᠳ᠋ᠤ ᠨᠠᠢᠳᠠᠪᠤᠷᠢᠵᠢᠭᠤᠯᠤᠨ᠂ ᠪᠠᠢᠳᠠᠯ ᠨᠠᠷᠢᠨ ᠪᠤᠳᠤᠯᠢᠶᠠᠨᠲᠠᠢ᠎ᠠᠴᠠ ᠪᠤᠯᠵᠤ ᠴᠢᠭ᠌ᠯᠡᠯ᠎ᠢᠶᠡᠨ ᠠᠯᠳᠠᠵᠤ ᠪᠣᠯᠬᠤ ᠦᠭᠡᠢ᠂ ᠬᠡᠰᠡᠭ ᠲᠠᠯ᠎ᠠ᠎ᠶ᠋ᠢᠨ ᠠᠱᠢᠭ ᠲᠤᠰᠠ᠎ᠠᠴᠠ ᠪᠤᠯᠵᠤ ᠣᠯᠵᠤ ᠠᠯᠳᠠᠬᠤ᠎ᠶ᠋ᠢ ᠪᠤᠳᠤᠵᠤ ᠪᠣᠯᠬᠤ ᠦᠭᠡᠢ᠂ ᠠᠯᠢᠪᠠ ᠪᠦᠬᠦᠨ ᠶᠡᠬᠡ ᠲᠠᠯ᠎ᠠ᠎ᠳᠤ ᠵᠣᠭ᠍ᠰᠣᠵᠤ᠂ ᠶᠡᠬᠡ ᠲᠠᠯ᠎ᠠ᠎ᠶ᠋ᠢ ᠳᠠᠭᠠᠵᠤ᠂ ᠶᠡᠬᠡ ᠲᠠᠯ᠎ᠠ᠎ᠳᠤ ᠦᠢᠯᠡᠴᠢᠯᠡᠵᠦ᠍᠂ ᠶᠡᠬᠡ ᠲᠠᠯ᠎ᠠ᠎ᠶ᠋ᠢ ᠬᠠᠮᠠᠭᠠᠯᠠᠬᠤ᠎ᠶ᠋ᠢ ᠪᠡᠶᠡᠯᠡᠭᠦᠯᠬᠦ ᠬᠡᠷᠡᠭᠳᠡᠢ᠃

(ᠭᠤᠷᠪᠠ)ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠲᠤᠭᠤᠱᠢᠯᠠᠭᠤᠯᠤᠨ ᠬᠡᠷᠡᠭ᠌ᠵᠢᠭᠦᠯᠤᠨ᠎ᠠ᠃ᠢᠮᠠᠭ᠍ᠲᠠ ᠨᠠᠮ᠎ᠤᠨ ᠲᠥᠪ ᠬᠣᠷᠢᠶ᠎ᠠ ᠵᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠪᠠᠷ ᠤᠷᠢᠲᠠᠯ ᠪᠣᠯᠭᠠᠨ ᠠᠵᠢᠯ᠎ᠢᠶᠠᠨ ᠥᠷᠨᠢᠭᠦᠯᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠡᠭᠦᠷᠭᠡ᠎ᠶ᠋ᠢᠨ ᠬᠤᠪᠢᠶᠠᠷᠢᠯᠠᠯ᠂ ᠱᠠᠯᠠᠪᠳᠠᠭᠤᠯᠤᠨ ᠪᠠᠢᠴᠠᠭᠠᠬᠤ᠂ ᠪᠠᠢᠳᠠᠯ᠎ᠢ ᠮᠡᠳᠡᠭ᠌ᠳᠡᠬᠦ᠌᠂ ᠬᠢᠨᠠᠯᠲᠠ ᠲᠠᠯᠪᠢᠵᠤ ᠬᠠᠷᠢᠭᠤᠴᠠᠯᠭ᠎ᠠ ᠲᠤᠯᠭᠠᠬᠤ ᠵᠡᠷᠭᠡ ᠲᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠤᠷᠪᠤᠰ ᠵᠤᠷᠪᠤᠰ᠎ᠢᠶᠠᠷ ᠨᠠᠢᠳᠠᠪᠤᠷᠢᠵᠢᠭᠤᠯᠬᠤ᠂ ᠤᠴᠢᠷ ᠶᠠᠪᠤᠳᠠᠯ ᠪᠣᠯᠭᠠᠨ᠎ᠢ ᠪᠣᠳᠠᠲᠠᠢᠵᠢᠭᠤᠯᠬᠤ᠂ ᠤᠴᠢᠷ ᠶᠠᠪᠤᠳᠠᠯ ᠪᠣᠯᠭᠠᠨ ᠳ᠋ᠤ ᠦᠷ᠎ᠡ ᠪᠦᠲᠦᠮᠵᠢ ᠭᠠᠷᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭᠳᠡᠢ᠃ ᠲᠥᠪ᠎ᠦᠨ ᠲᠣᠭᠣᠷᠢᠨ ᠪᠠᠢᠴᠠᠭᠠᠯᠲᠠ ᠪᠠ ᠡᠯ᠎ᠡ ᠲᠥᠷᠥᠯ᠎ᠦᠨ ᠬᠢᠨᠠᠯᠲᠠ ᠪᠠᠢᠴᠠᠭᠠᠯᠲᠠ᠎ᠶ᠋ᠢᠨ ᠬᠠᠷᠢᠭᠤ ᠲᠤᠰᠭᠠᠭ᠍ᠰᠠᠨ ᠰᠠᠨᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠠᠰᠠᠭᠤᠳᠠᠯ᠎ᠢ ᠱᠢᠶ᠋ᠳᠪᠦᠷᠢᠯᠡᠬᠦ᠌ ᠳᠤᠮᠳᠠ ᠲᠠᠰᠤᠷᠠᠯᠲᠠ ᠥᠬᠡᠶ ᠪᠠᠷᠢᠮᠵᠢᠶ᠎ᠠ᠎ᠲᠠᠶ ᠨᠢᠭᠡᠳᠦᠯᠲᠡᠶ ᠪᠠᠢᠵᠤ᠂ ᠠᠵᠢᠯ᠎ᠢᠶᠠᠨ ᠰᠠᠢᠵᠢᠷᠠᠭᠤᠯᠬᠤ ᠬᠡᠷᠡᠭᠳᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠡᠶᠡᠴᠢ ᠴᠢᠳᠠᠮᠠᠭᠠᠢ ᠴᠢᠨᠠᠷ᠎ᠢᠶᠠᠨ ᠭᠦᠢᠴᠡᠳ ᠪᠠᠳᠠᠷᠠᠭᠤᠯᠵᠤ᠂ ᠢᠳᠡᠪᠬᠢᠲᠡᠢ ᠰᠠᠨᠠᠭᠠᠴᠢᠯᠠᠭ᠎ᠠ᠎ᠠᠴᠠ᠎ᠪᠠᠨ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠦᠨᠡᠨ ᠬᠦ᠌ ᠪᠣᠳᠠᠲᠠᠢ ᠡᠭᠦᠷᠭᠡ ᠪᠣᠯᠭᠠᠨ ᠬᠤᠪᠢᠷᠠᠭᠤᠯᠵᠤ᠂ ᠪᠣᠳᠠᠲᠠᠢ᠎ᠲᠠᠶ ᠤᠶᠠᠯᠳᠤᠭᠤᠯᠤᠨ ᠪᠦᠲᠦᠭᠡᠯᠴᠢ ᠴᠢᠨᠠᠷᠲᠠᠢ᠎ᠪᠠᠷ ᠠᠵᠢᠯ᠎ᠢᠶᠠᠨ ᠥᠷᠨᠢᠭᠦᠯᠵᠦ᠍᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠵᠤ᠂ ᠡᠩᠨᠡᠭᠡ᠎ᠡᠴᠡ᠎ᠪᠡᠨ ᠬᠣᠴᠣᠷᠬᠤ ᠦᠭᠡᠢ᠂ ᠬᠡᠯᠪᠡᠢᠬᠦ ᠦᠭᠡᠢ ᠪᠠᠢᠵᠤ᠂ ᠦᠩᠬᠡᠨ ᠲᠡᠭᠡᠷ᠎ᠠ ᠬᠦᠢᠴᠡᠳᠭᠡᠬᠦ᠂ ᠨᠥᠬᠥᠴᠡᠯ᠎ᠳᠤᠷᠠᠳᠬᠤ᠂ ᠲᠦᠬᠦᠮᠴᠢᠯᠡᠬᠦ᠂ ᠰᠣᠩᠭᠣᠯᠲᠠ ᠲᠠᠢ ᠬᠢᠬᠦ᠌᠂ ᠦᠬᠡᠷᠡᠳᠦᠬᠦᠯᠬᠦ ᠦᠢᠯᠡ ᠠᠵᠢᠯᠯᠠᠭ᠎ᠠ᠎ᠶ᠋ᠢ ᠡᠷᠡᠰ ᠡᠰᠡᠷᠭᠦᠴᠡᠨ ᠵᠠᠯᠠᠷᠠᠭᠤᠯᠬᠤ ᠬᠡᠷᠡᠭ᠌ᠲᠡᠢ᠃


ᠲᠠᠪᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ

ᠥᠪᠥᠷ ᠮᠣᠩᠭᠣᠯ᠎ᠤᠨ ᠠᠮᠢ ᠠᠬᠤᠢ᠎ᠶ᠋ᠢᠨ ᠪᠠᠢᠳᠠᠯ ᠶᠠᠮᠠᠷ ᠪᠠᠢᠬᠤ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠱᠢᠯ ᠲᠣᠭ᠍ᠲᠠᠨᠢᠯ ᠪᠠ ᠬᠥᠭ᠌ᠵᠢᠯᠲᠡ᠎ᠲᠡᠶ ᠬᠣᠯᠪᠣᠭ᠍ᠳᠠᠬᠤ᠎ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠨ᠎ᠠ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ᠌ ᠬᠡᠷᠡᠭᠳᠡᠢ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠮᠥᠨ᠂ ᠪᠢᠳᠡᠨ᠎ᠦ ᠡᠷᠬᠡᠪᠰᠢ ᠢᠮᠠᠭ᠍ᠲᠠ ᠪᠠᠲᠤ ᠴᠡᠭᠡᠵᠢᠯᠡᠬᠦ᠌ 《ᠤᠯᠤᠰ᠎ᠤᠨ ᠶᠡᠬᠡ ᠶᠠᠪᠤᠳᠠᠯ》ᠮᠥᠨ᠃ ᠶᠡᠬᠡ ᠲᠠᠯ᠎ᠠ᠎ᠶ᠋ᠢᠨ ᠦᠵᠡᠯᠲᠡ᠂ ᠠᠯᠤᠰ ᠬᠡᠳᠤ᠎ᠶ᠋ᠢᠨ ᠦᠵᠡᠯᠲᠡ᠂ ᠪᠦᠬᠦᠯᠢ ᠴᠣᠭ᠍ᠴᠠ᠎ᠶ᠋ᠢᠨ ᠦᠵᠡᠯᠲᠡ᠎ᠶ᠋ᠢ ᠪᠠᠲᠤ ᠪᠤᠢ ᠪᠣᠯᠭᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠤᠯᠤᠰ ᠲᠦᠷᠦ᠍᠎ᠶ᠋ᠢᠨ ᠤᠳᠤᠷᠢᠳᠤᠮᠵᠢ ᠪᠣᠯᠤᠨ ᠦᠷᠳᠡᠭ᠎ᠦᠨ ᠬᠥᠭᠡᠭᠡᠴᠡᠯᠳᠦᠯ᠎ᠢᠶᠡᠨ ᠪᠠᠲᠤᠳᠭᠠᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠦᠨᠡᠨ ᠬᠦ᠌ ᠨᠢᠳᠤᠨ ᠴᠡᠴᠡᠭᠡᠢ᠎ᠪᠡᠨ ᠬᠠᠮᠠᠭᠠᠯᠠᠬᠤ᠎ᠲᠠᠶ ᠠᠳᠠᠯᠢ᠎ᠪᠠᠷ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠵᠤ᠂ ᠠᠮᠢ ᠨᠠᠰᠤᠨ᠎ᠳᠠᠭᠠᠨ ᠬᠠᠨᠳᠤᠬᠤ᠎ᠲᠠᠶ ᠠᠳᠠᠯᠢ᠎ᠪᠠᠷ ᠠᠮᠢ ᠠᠬᠤᠢ ᠣᠷᠴᠢᠨ ᠲᠣᠭᠣᠷᠢᠨ᠎ᠳᠤ ᠬᠠᠨᠳᠤᠵᠤ᠂ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠥᠷᠢᠴᠡᠯ ᠭᠠᠷᠬᠤ᠎ᠳᠤ ᠬᠦᠷᠪᠡᠯ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠲᠡᠷᠢᠭᠦᠨ᠎ᠳᠦ ᠲᠠᠯᠪᠢᠬᠤ ᠬᠡᠷᠡᠭ᠌ᠲᠡᠢ᠃

ᠰᠠᠢᠨ ᠰᠠᠢᠬᠠᠨ ᠠᠮᠢ ᠠᠬᠤᠶ ᠣᠷᠴᠢᠨ ᠲᠣᠭᠣᠷᠢᠨ ᠪᠣᠯ ᠬᠠᠮᠤᠭ᠎ᠤᠨ ᠲᠦᠭᠡᠮᠡᠯ ᠬᠠᠷᠠᠭᠠᠯᠵᠠᠯᠲᠤ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠮᠥᠨ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠪᠣᠯ ᠠᠷᠠᠳ ᠲᠦᠮᠡᠨ᠎ᠳᠦ ᠪᠤᠶᠠᠨ ᠦᠶ᠋ᠯᠡᠳᠬᠦ᠌ ᠵᠠᠭᠤᠨ ᠵᠢᠯ᠎ᠦᠨ ᠶᠡᠬᠡ ᠪᠣᠳᠣᠯᠭ᠎ᠠ ᠮᠥᠨ᠃ ᠠᠮᠢ ᠠᠬᠤᠢ᠎ᠪᠠᠷ ᠠᠷᠠᠳ᠎ᠲᠤ ᠬᠠᠷᠠᠭᠠᠯᠵᠠᠯ ᠦᠵᠡᠭᠦᠯᠬᠦ᠂ ᠠᠮᠢ ᠠᠬᠤᠢ᠎ᠪᠠᠷ ᠠᠷᠠᠳ᠎ᠲᠤ ᠠᠱᠢᠭ ᠬᠦᠷᠲᠡᠭᠡᠬᠦ᠌᠂ ᠠᠮᠢ ᠠᠬᠤᠢ ᠠᠷᠠᠳ᠎ᠤᠨ ᠲᠦᠯᠦᠬᠡ ᠪᠠᠢᠬᠤ ᠶ᠋ᠢ ᠪᠠᠷᠢᠮᠲᠠᠯᠠᠵᠤ᠂ ᠪᠦᠬᠦ᠌ ᠣᠷᠣᠨ ᠪᠦᠰᠡ ᠪᠦᠬᠦ ᠲᠠᠯ᠎ᠠ᠎ᠪᠡᠷ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠪᠣᠬᠢᠷᠲᠤᠯ ᠦᠭᠡᠢ᠎ᠲᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠪᠦᠬᠦ᠌ ᠬᠦᠷᠢᠶ᠎ᠡ ᠪᠦᠬᠦ᠌ ᠶᠠᠪᠤᠴᠠ᠎ᠪᠠᠷ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠨᠡᠩ ᠤᠯᠠᠨ ᠴᠢᠨᠠᠷ ᠰᠠᠢᠲᠠᠢ ᠠᠮᠢ ᠠᠬᠤᠢ᠎ᠶ᠋ᠢᠨ ᠦᠢᠯᠡᠳᠬᠦᠨ᠎ᠢ ᠬᠠᠩᠭᠠᠵᠤ᠂ ᠠᠷᠠᠳ ᠤᠯᠠᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠦᠵᠡᠰᠭᠦᠯᠡᠩᠲᠦ ᠰᠠᠢᠬᠠᠨ ᠠᠮᠢ ᠠᠬᠤᠢ ᠣᠷᠴᠢᠨ ᠲᠣᠭᠣᠷᠢᠨ᠎ᠤ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠣᠷᠣᠱᠢᠨ ᠲᠣᠭ᠍ᠲᠠᠨᠢᠬᠤ ᠪᠠ ᠬᠥᠭ᠌ᠵᠢᠬᠦ᠂ ᠴᠢᠩ ᠦᠨᠡᠨᠴᠢ ᠬᠠᠢᠷ᠎ᠠ ᠰᠡᠳᠭᠢᠯᠭᠡ ᠰᠢᠨᠭᠭᠡᠭᠰᠡᠨ ᠰᠠᠢ᠌ᠨ ᠰᠠᠢᠬᠠᠨ ᠭᠡᠷ ᠣᠷᠣᠨ᠎ᠢ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠢ᠃

(ᠨᠢᠭᠡ) ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢ ᠴᠢᠩᠭᠠᠷᠠᠭᠤᠯᠤᠨ᠎ᠠ᠃ ᠪᠠᠢᠭᠠᠯᠢ᠎ᠶ᠋ᠢ ᠬᠦᠨᠳᠦᠳᠭᠡᠬᠦ᠌᠂ ᠪᠠᠢᠭᠠᠯᠢ᠎ᠲᠠᠶ ᠵᠣᠬᠢᠴᠠᠬᠤ᠂ ᠪᠠᠢᠭᠠᠯᠢ᠎ᠶ᠋ᠢ ᠬᠠᠮᠠᠭᠠᠯᠠᠬᠤ᠎ᠶ᠋ᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠴᠢᠬᠤᠯᠠ ᠪᠦᠬᠦᠢ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠰᠡᠷᠭᠦᠭᠡᠬᠦ᠌ ᠴᠢᠬᠤᠯᠠ ᠶᠡᠬᠡ ᠢᠨᠵᠧᠨᠧᠷᠢᠩ᠎ᠢ ᠶᠡᠬᠡ᠎ᠪᠡᠷ ᠬᠡᠷᠡᠭ᠌ᠵᠢᠭᠦᠯᠵᠦ᠍᠂ ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠵᠤ᠂ ᠠᠮᠢ ᠠᠬᠤᠢ᠎ᠶ᠋ᠢᠨ ᠱᠢᠰᠲ᠋ᠧᠮ᠎ᠦᠨ ᠶᠠᠰᠤ ᠴᠢᠨᠠᠷ ᠪᠣᠯᠤᠨ ᠲᠣᠭ᠍ᠲᠠᠪᠤᠷᠢᠲᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠬᠦ ᠬᠡᠷᠡᠭᠳᠡᠢ᠃ ᠨᠤᠲᠤᠭ ᠪᠡᠯᠴᠢᠭᠡᠷ ᠪᠣᠯᠤᠨ ᠣᠶ ᠱᠢᠭᠤᠶ᠎ᠶ᠋ᠢ ᠬᠠᠮᠠᠭᠠᠯᠠᠬᠤ ᠶᠠᠪᠤᠳᠠᠯ ᠵᠢᠨᠷ ᠲᠡᠷᠢᠭᠦᠨ ᠴᠢᠬᠤᠯᠠ ᠡᠭᠦᠷᠭᠡ᠎ᠪᠡᠨ ᠪᠣᠯᠭᠠᠬᠤ᠎ᠶ᠋ᠢ ᠪᠠᠷᠢᠮᠲᠠᠯᠠᠨ᠂ ᠣᠶ ᠰᠢᠭᠤᠢ(ᠨᠤᠲᠤᠭ ᠪᠡᠯᠴᠢᠭᠡᠷ) ᠎ᠶ᠋ᠢᠨ ᠳᠠᠷᠤᠭ᠎ᠠ᠎ᠶ᠋ᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ ᠪᠠ ᠮᠠᠯ ᠪᠡᠯᠴᠢᠭᠡᠷ᠎ᠢ ᠲᠡᠩᠴᠡᠭᠦᠷᠢ᠎ᠲᠡᠶ ᠪᠠᠢᠯᠭᠠᠬᠤ᠂ ᠪᠡᠯᠴᠢᠭᠡᠷᠯᠡᠭᠦᠯᠬᠦ᠌᠎ᠶ᠋ᠢ ᠴᠠᠭᠠᠵᠠᠯᠠᠵᠤ ᠪᠡᠯᠴᠢᠭᠡᠷ᠎ᠢ ᠰᠡᠷᠭᠦᠭᠡᠬᠦ᠌ ᠵᠡᠷᠭᠡ ᠳᠦᠷᠢᠮ᠎ᠢ ᠴᠢᠩᠭ᠎ᠠ ᠬᠡᠷᠡᠭ᠌ᠵᠢᠭᠦᠯᠦᠨ᠂ ᠨᠤᠲᠤᠭ ᠪᠡᠯᠴᠢᠭᠡᠷ ᠳᠡᠭᠡᠷ᠎ᠡ ᠳᠤᠷ᠎ᠠ᠎ᠪᠠᠷ᠎ᠢᠶᠠᠨ ᠮᠠᠯᠲᠠᠬᠤ᠂ ᠵᠠᠳᠠᠭᠠᠶ ᠠᠭᠤᠷᠬᠠᠶ᠎ᠶ᠋ᠢ ᠱᠢᠨ᠎ᠡ᠎ᠪᠡᠷ ᠨᠡᠭᠡᠭᠡᠬᠦ᠌᠎ᠶ᠋ᠢ ᠴᠢᠩᠭ᠎ᠠ ᠴᠠᠭᠠᠵᠠᠯᠠᠵᠤ᠂ ᠨᠤᠲᠤᠭ ᠪᠡᠯᠴᠢᠭᠡᠷ ᠣᠶ ᠮᠣᠳᠣ ᠵᠢ ᠬᠠᠤᠯᠢ᠎ᠠᠴᠠ ᠵᠥᠷᠢᠴᠡᠨ ᠡᠵᠡᠯᠡᠨ ᠬᠡᠷᠡᠭ᠌ᠯᠡᠬᠦ᠌ ᠡᠯ᠎ᠡ ᠲᠥᠷᠥᠯ᠎ᠦᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠤᠯᠤᠰ᠎ᠤᠨ ᠨᠤᠲᠤᠭ ᠳᠡᠪᠢᠰᠭᠡᠷ᠎ᠢ ᠨᠣᠭᠣᠭᠠᠷᠠᠭᠤᠯᠬᠤ ᠶᠡᠬᠡ ᠬᠡᠪᠴᠢᠶᠡᠨ᠎ᠦ ᠠᠵᠢᠯᠯᠠᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠥᠷᠨᠢᠭᠦᠯᠦᠨ᠂ ᠨᠤᠲᠤᠭ ᠪᠡᠯᠴᠢᠭᠡᠷ ᠪᠣᠯᠤᠨ ᠣᠶ ᠱᠢᠭᠤᠶ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠳᠤ ᠦᠵᠡᠭᠦᠯᠬᠦ᠌ ᠦᠨᠳᠦᠰᠦᠨ ᠴᠢᠨᠠᠷᠲᠠᠶ ᠪᠠ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠦᠢᠯᠡᠳᠦᠯ᠎ᠢ ᠰᠠᠢᠲᠤᠷ ᠪᠠᠳᠠᠷᠠᠭᠤᠯᠬᠤ ᠬᠡᠷᠡᠭᠳᠡᠢ᠃ ᠬᠠᠲᠤᠨ ᠭᠤᠤᠯ᠎ᠢ ᠬᠠᠮᠠᠭᠠᠯᠠᠬᠤ᠎ᠶ᠋ᠢ ᠲᠣᠪᠣᠢᠮ᠎ᠠ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂《ᠤᠰᠤ ᠪᠡᠷ ᠲᠦᠷᠪᠡ ᠵᠢ ᠲᠤᠭᠲᠠᠭᠠᠬᠤ》ᠵᠠᠷᠴᠢᠮ᠎ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠣᠷᠴᠢᠨ ᠲᠣᠭᠣᠷᠢᠨ᠎ᠤ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠤᠰᠤ᠎ᠶ᠋ᠢ ᠦᠨᠡᠨ ᠬᠦ᠌ ᠠᠷᠪᠢᠯᠠᠨ ᠡᠵᠡᠮᠳᠡᠵᠤ᠂ ᠠᠮᠢ ᠠᠬᠤᠶ᠎ᠶ᠋ᠢ ᠬᠠᠮᠠᠭᠠᠯᠠᠨ ᠰᠡᠷᠭᠦᠭᠡᠵᠦ᠍᠂ ᠰᠠᠪᠠ ᠭᠠᠵᠠᠷ᠎ᠤᠨ ᠠᠮᠢ ᠠᠬᠤᠶ᠎ᠶ᠋ᠢᠨ ᠳᠦᠷᠰᠦ ᠪᠠᠢᠳᠠᠯ᠎ᠢ ᠬᠦᠴᠦᠯᠡᠨ ᠰᠠᠢᠵᠢᠷᠠᠭᠤᠯᠬᠤ ᠬᠡᠷᠡᠭᠳᠡᠢ᠃ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶ᠋ᠢᠨ ᠳᠦᠷᠢᠮ᠎ᠢ ᠴᠢᠩᠭᠠᠳᠭᠠᠵᠤ᠂ ᠭᠣᠣᠯᠳᠠᠯᠭ᠎ᠠ᠎ᠲᠠᠶ ᠭᠣᠣᠯ ᠮᠥᠷᠡᠨ ᠨᠠᠭᠤᠷ ᠴᠥᠭᠥᠷᠥᠮ᠂ ᠨᠤᠭᠤ ᠭᠠᠵᠠᠷ᠂ ᠤᠰᠤᠨ ᠴᠣᠭ᠍ᠴᠠ᠂ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠵᠠᠰᠠᠯᠲᠠ᠎ᠶ᠋ᠢ ᠱᠢᠰᠲ᠋ᠧᠮ᠎ᠲᠡᠶ ᠠᠬᠢᠭᠤᠯᠵᠤ᠂《ᠬᠦᠯᠦᠨ ᠨᠠᠭᠤᠷ᠂ ᠤᠯᠠᠭᠠᠨᠰᠤᠬᠠᠢ᠂ ᠲᠠᠭ᠎ᠠ ᠵᠢᠨ ᠨᠠᠭᠤᠷ》᠂ ᠴᠠᠭᠠᠨᠨᠠᠭᠤᠷ ᠵᠡᠷᠭᠡ᠎ᠶ᠋ᠢᠨ ᠶᠡᠷᠦᠩᠬᠡᠢᠯᠡᠭ᠌ᠰᠡᠨ ᠵᠠᠰᠠᠯᠲᠠ᠎ᠶ᠋ᠢ ᠭᠦᠨᠵᠡᠭᠡᠢᠷᠡᠭᠦᠯᠵᠦ᠍᠂ ᠭᠠᠵᠠᠷ ᠳᠣᠣᠷᠠᠬᠢ ᠤᠰᠤ᠎ᠶ᠋ᠢ ᠬᠡᠲᠦᠷᠡᠲᠡᠯ᠎ᠡ ᠲᠠᠲᠠᠬᠤ᠎ᠶ᠋ᠢ ᠵᠠᠰᠠᠬᠤ᠎ᠶ᠋ᠢ ᠴᠢᠩᠭ᠎ᠠ ᠠᠳᠭᠤᠵᠤ᠂ ᠤᠰᠤᠨ᠎ᠤ ᠠᠮᠢ ᠠᠬᠤᠢ᠎ᠶ᠋ᠢ ᠰᠡᠷᠭᠦᠭᠡᠬᠦ᠌᠂ ᠤᠰᠤᠨ᠎ᠤ ᠣᠷᠴᠢᠨ ᠲᠣᠭᠣᠷᠢᠨ᠎ᠢ ᠵᠠᠰᠠᠬᠤ᠂ ᠤᠰᠤᠨ᠎ᠤ ᠡᠬᠢ ᠪᠠᠶᠠᠯᠢᠭ᠎ᠢ ᠠᠷᠪᠢᠯᠠᠬᠤ᠂ ᠤᠰᠤᠨ᠎ᠤ ᠠᠮᠤᠷ ᠲᠦᠪᠱᠢᠨ᠎ᠢ ᠪᠠᠲᠤᠯᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠬᠦ᠃ ᠭᠠᠵᠠᠷ ᠱᠢᠷᠣᠢ᠎ᠶ᠋ᠢᠨ ᠡᠯᠡᠰᠦᠷᠬᠡᠭ᠌ᠵᠢᠯ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠵᠤ᠂ ᠡᠯᠡᠰᠦ᠎ᠶ᠋ᠢ ᠰᠡᠷᠭᠡᠢᠯᠡᠵᠤ ᠴᠦᠯᠯᠡᠷᠬᠡᠭᠵᠢᠯ᠎ᠢ ᠵᠠᠰᠠᠬᠤ ᠨᠡᠩ ᠤᠯᠠᠨ《ᠨᠤᠭᠤᠭᠠᠨ ᠲᠤᠮᠤᠭ》 ᠎ᠢ᠋ ᠴᠢᠷᠮᠠᠢᠨ ᠡᠭᠦᠳᠬᠦ ᠬᠡᠷᠡᠭᠳᠡᠢ᠃ ᠣᠷᠣᠨ ᠪᠦᠰᠡ᠎ᠶ᠋ᠢᠨ ᠠᠮᠢ ᠠᠬᠤᠢ᠎ᠶ᠋ᠢᠨ ᠱᠢᠰᠲ᠋ᠧᠮ᠎ᠢ ᠵᠠᠰᠠᠨ ᠰᠡᠷᠭᠦᠭᠡᠬᠦ᠌᠎ᠡᠴᠡ ᠡᠭᠦᠰᠭᠦ᠎ᠶ᠋ᠢ ᠪᠠᠷᠢᠮᠲᠠᠯᠠᠵᠤ᠂ ᠪᠣᠬᠢᠷᠲᠤᠯ ᠦᠭᠡᠢ ᠠᠭᠤᠷᠬᠠᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠠᠭᠤᠷᠬᠠᠢ᠎ᠶ᠋ᠢᠨ ᠣᠷᠣᠨ᠎ᠤ ᠠᠮᠢ ᠠᠬᠤᠢ᠎ᠶ᠋ᠢ ᠶᠡᠷᠦᠩᠬᠡᠢᠯᠡᠨ ᠵᠠᠰᠠᠬᠤ᠎ᠶ᠋ᠢ ᠠᠬᠢᠭᠤᠯᠬᠤ ᠬᠡᠷᠡᠭᠳᠡᠢ᠃ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠴᠢᠬᠤᠯᠠ ᠶᠡᠬᠡ ᠢᠨᠵᠧᠨᠧᠷᠢᠩ᠎ᠢ ᠬᠡᠷᠡᠭ᠌ᠵᠢᠭᠦᠯᠵᠦ᠍᠂ ᠶᠡᠬᠡ ᠬᠢᠩᠭᠠᠨ ᠳᠠᠪᠠᠭ᠎ᠠ᠂ ᠮᠤᠨᠢ ᠠᠭᠤᠯᠠ ᠨᠢᠷᠤᠭᠤ᠂ ᠠᠯᠠᠱᠠ ᠠᠭᠤᠯᠠ ᠨᠢᠷᠤᠭᠤ᠎ᠶ᠋ᠢᠨ ᠠᠮᠢ ᠠᠬᠤᠶ᠎ᠶ᠋ᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠱᠢᠰᠲᠧᠮ᠎ᠢ ᠲᠦᠷᠭᠡᠳᠭᠡᠨ ᠪᠠᠢᠭᠤᠯᠬᠤ ᠬᠡᠷᠡᠭᠳᠡᠢ᠃

(ᠬᠣᠶᠠᠷ)ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠨ᠎ᠠ᠃ ᠨᠠᠷᠢᠯᠢᠭ ᠣᠨᠣᠴᠠᠲᠠᠶ᠎ᠪᠠᠷ ᠪᠣᠬᠢᠷᠲᠤᠯ᠎ᠢ ᠵᠠᠰᠠᠬᠤ᠂ ᠱᠢᠨᠵᠢᠯᠡᠬᠦ᠌ ᠤᠬᠠᠭᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ᠎ᠶ᠋ᠢ ᠪᠠᠷᠢᠮᠲᠠᠯᠠᠵᠤ᠂ ᠨᠠᠩ ᠥᠨᠳᠥᠷ ᠪᠠᠷᠢᠮᠵᠢᠶ᠎ᠠ᠎ᠪᠠᠷ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠬᠦ ᠭᠡᠷᠡᠭᠲᠡᠢ᠃ ᠠᠭᠠᠷ ᠮᠠᠨᠳᠠᠯ᠎ᠤᠨ ᠣᠯᠠᠨ ᠡᠬᠢᠲᠦ ᠪᠣᠬᠢᠷᠲᠤᠯ᠎ᠢ ᠵᠠᠰᠠᠬᠤ᠎ᠪᠠᠨ ᠴᠢᠩᠭᠠᠳᠭᠠᠵᠤ᠂ ᠠᠵᠤ ᠦᠶ᠋ᠯᠡᠳᠪᠦᠷᠢ᠎ᠶ᠋ᠢᠨ ᠪᠣᠬᠢᠷᠲᠤᠯ᠎ᠤᠨ ᠡᠬᠢ ᠢᠷᠡᠯᠲᠡ᠎ᠶ᠋ᠢ ᠭᠦᠨᠵᠡᠭᠡᠶ ᠵᠠᠰᠠᠬᠤ᠎ᠶ᠋ᠢ ᠬᠡᠷᠡᠭ᠌ᠵᠢᠭᠦᠯᠦᠨ᠂ ᠣᠯᠠᠨ ᠪᠣᠬᠢᠷᠲᠤᠯᠳᠤ ᠪᠣᠳᠠᠰ᠎ᠢ ᠬᠠᠮᠵᠢᠯᠴᠠᠨ ᠡᠵᠡᠮᠳᠡᠬᠦ᠌᠎ᠶ᠋ᠢ ᠴᠢᠩᠭᠠᠳᠭᠠᠵᠤ᠂ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠂ ᠬᠥᠬᠡᠬᠣᠲᠠ ᠪᠤᠭᠤᠲᠤ ᠣᠷᠳᠣᠰ ᠵᠡᠷᠭᠡ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠠᠭᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠢᠯᠡᠨ ᠵᠠᠰᠠᠬᠤ ᠪᠠ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌᠎ᠶ᠋ᠢ ᠭᠦᠨᠵᠡᠭᠡᠢᠷᠡᠭᠦᠯᠦᠨ᠂ ᠠᠷᠢᠭᠤᠨ ᠴᠡᠪᠡᠷ᠎ᠢᠶᠡᠷ ᠳᠤᠯᠠᠭᠠᠯᠠᠬᠤ᠎ᠶ᠋ᠢ ᠡᠮᠬᠢ ᠵᠢᠷᠤᠮ᠎ᠲᠠᠶ᠎ᠪᠠᠷ ᠠᠬᠢᠭᠤᠯᠵᠤ᠂ ᠬᠦᠨᠳᠦ ᠪᠣᠬᠢᠷᠲᠤᠯ᠎ᠲᠠᠶ ᠴᠠᠭ ᠠᠭᠤᠷ᠎ᠢ ᠦᠨᠳᠦᠰᠦᠨ᠎ᠳᠡᠭᠡᠨ ᠠᠷᠢᠯᠭᠠᠬᠤ ᠭᠡᠷᠡᠭᠲᠡᠢ᠃ ᠠᠵᠤ ᠦᠢᠯᠡᠳᠪᠦᠷᠢ᠎ᠶ᠋ᠢᠨ ᠬᠠᠶᠠᠭ᠍ᠳᠠᠮᠠᠯ ᠤᠰᠤ᠂ ᠲᠠᠷᠢᠶᠠᠯᠠᠩ᠎ᠤᠨ ᠤᠰᠤ ᠲᠠᠲᠠᠷᠠᠭᠤᠯᠬᠤ᠂ ᠬᠤᠳᠠ ᠬᠥᠳᠡᠭᠡ᠎ᠶ᠋ᠢᠨ ᠪᠣᠬᠢᠷ ᠤᠰᠤ᠎ᠶ᠋ᠢ ᠵᠠᠰᠠᠬᠤ ᠠᠵᠢᠯ᠎ᠢ ᠴᠢᠩᠭᠠᠳᠭᠠᠵᠤ᠂ ᠬᠤᠳᠠ᠎ᠶ᠋ᠢᠨ ᠪᠣᠬᠢᠷ ᠦᠮᠡᠬᠡᠶ ᠤᠰᠤᠨ ᠴᠣᠭ᠍ᠴᠠ᠎ᠶ᠋ᠢ ᠦᠨᠳᠦᠰᠦᠨ᠎ᠳᠡᠭᠡᠨ ᠠᠷᠢᠯᠭᠠᠬᠤ ᠭᠡᠷᠡᠭᠲᠡᠢ᠃ ᠬᠥᠷᠥᠰᠥ᠍ ᠱᠢᠷᠣᠶ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠴᠢᠩᠭᠠᠳᠭᠠᠵᠤ᠂ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ ᠪᠠ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠥᠷᠥᠰᠥ᠍ ᠱᠢᠷᠣᠶ᠎ᠶ᠋ᠢᠨ ᠪᠣᠬᠢᠷᠲᠤᠯ᠎ᠤᠨ ᠲᠦᠭ᠌ᠰᠢᠭᠦᠷᠢ᠎ᠶ᠋ᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠣᠷᠴᠢᠨ ᠲᠣᠭᠣᠷᠢᠨ᠎ᠤ ᠰᠠᠭᠤᠷᠢ ᠲᠦᠬᠦᠭᠡᠷᠦᠮᠵᠢ᠎ᠵᠢᠨ ᠳᠤᠲᠠᠭᠤᠳᠠᠯ᠎ᠢ ᠲᠦᠷᠭᠡᠳᠭᠡᠨ ᠨᠥᠬᠥᠪᠥᠷᠢᠯᠡᠵᠦ᠍᠂ ᠣᠷᠴᠢᠨ ᠲᠣᠭᠣᠷᠢᠨ᠎ᠤ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠬᠣᠲᠠ ᠬᠥᠳᠡᠭᠡ᠎ᠶ᠋ᠢᠨ ᠣᠷᠣᠱᠢᠨ ᠠᠮᠢᠳᠤᠷᠠᠬᠤ ᠣᠷᠴᠢᠨ ᠲᠣᠭᠣᠷᠢᠨ ᠢ᠋ ᠦᠷᠭᠦᠯᠵᠢᠯᠡᠨ ᠰᠠᠢᠵᠢᠷᠠᠭᠤᠯᠬᠤ ᠭᠡᠷᠡᠭᠲᠡᠢ᠃

(ᠭᠤᠷᠪᠠ) ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠤᠨ᠎ᠠ᠃ ᠤᠯᠤᠰ᠎ᠡᠴᠡ ᠨᠡᠭᠦᠷᠡᠰᠦᠳᠦᠢ᠍ᠷᠦᠭᠴᠢ᠎ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳ᠋ᠦ ᠬᠦᠷᠬᠦ ᠨᠡᠭᠦᠷᠡᠰᠦᠳᠦ᠍ᠢ᠍ᠷᠦᠭᠴᠢ ᠵᠢ ᠰᠠᠭᠠᠷᠮᠠᠭᠵᠢᠭᠤᠯᠬᠤ ᠪᠠ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ ᠪᠠᠢᠭ᠎ᠠ ᠠᠵᠠ ᠲᠣᠬᠢᠶᠠᠯ᠎ᠢ ᠴᠢᠩᠭ᠎ᠠ ᠠᠳᠭᠤᠵᠤ᠂ ᠨᠡᠩ ᠶᠡᠬᠡ ᠡᠷᠡᠰ ᠵᠣᠷᠢᠭ ᠪᠠ ᠡᠷᠴᠢᠮ᠎ᠢᠶᠡᠷ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ ᠵᠢ ᠪᠠᠭᠠᠰᠬᠠᠬᠤ᠎ᠶ᠋ᠢ ᠬᠠᠮᠵᠢᠯᠴᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠰᠠᠢᠲᠤᠷ ᠠᠳᠭᠤᠵᠤ᠂ ᠠᠵᠤ ᠦᠢᠯᠡᠰ᠎ᠦᠨ ᠪᠦᠲᠦᠴᠡ᠂ ᠡᠨᠧᠷᠭᠢ᠎ᠶ᠋ᠢᠨ ᠪᠦᠲᠦᠴᠡ᠂ ᠵᠠᠮ ᠲᠡᠭᠡᠭᠡᠪᠦᠷᠢ᠎ᠶ᠋ᠢᠨ ᠪᠦᠲᠦᠴᠡ᠂ ᠭᠠᠵᠠᠷ ᠬᠡᠷᠡᠭ᠌ᠯᠡᠬᠦ᠌ ᠪᠦᠲᠦᠴᠡ᠎ᠶ᠋ᠢ ᠲᠦᠷᠭᠡᠨ ᠲᠤᠬᠢᠷᠠᠭᠤᠯᠵᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠠᠬᠤᠢ᠎ᠶ᠋ᠢ ᠬᠠᠮᠠᠭᠠᠯᠠᠬᠤ ᠠᠵᠤ ᠦᠢᠯᠡᠰ᠎ᠦᠨ ᠪᠦᠲᠦᠴᠡ᠂ ᠦᠢᠯᠡᠳᠪᠦᠷᠢᠯᠡᠯ᠎ᠦᠨ ᠠᠷᠭ᠎ᠠ ᠮᠠᠶᠢᠭ᠂ ᠠᠮᠢᠳᠤᠷᠠᠯ᠎ᠤᠨ ᠠᠷᠭ᠎ᠠ ᠬᠡᠯᠪᠡᠷᠢ᠂ ᠣᠷᠣᠨ ᠵᠠᠢ᠎ᠶ᠋ᠢᠨ ᠪᠠᠢᠷᠢᠱᠢᠯ᠎ᠢ ᠲᠦᠷᠭᠡᠳᠭᠡᠨ ᠪᠤᠢ ᠪᠣᠯᠭᠠᠬᠤ ᠭᠡᠷᠡᠭᠲᠡᠢ᠃ ᠭᠣᠣᠯᠳᠠᠯᠭ᠎ᠠ᠎ᠲᠠᠶ ᠠᠵᠢᠯ ᠲᠦᠷᠦᠯ᠎ᠦᠨ ᠬᠦᠷᠢᠶᠡᠨ᠎ᠳᠡᠬᠢ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠬᠠᠬᠤ ᠡᠷᠴᠢᠮ᠎ᠢᠶᠡᠨ ᠴᠢᠩᠭᠠᠷᠠᠭᠤᠯᠵᠤ᠂ ᠠᠷᠢᠭᠤᠨ ᠴᠡᠪᠡᠷ ᠲᠤᠤᠷ᠎ᠠ ᠨᠡᠭᠦᠷᠡᠰᠦᠲᠥ᠋ᠷᠥᠭ᠌ᠴᠢᠲᠦ ᠠᠮᠤᠷ ᠲᠦᠪᠱᠢᠨ ᠥᠨᠳᠥᠷ ᠪᠦᠲᠦᠮᠵᠢᠲᠡᠢ ᠡᠨᠧᠷᠭᠢ᠎ᠶ᠋ᠢᠨ ᠱᠢᠰᠲ᠋ᠧᠮ᠎ᠢ ᠪᠠᠢᠭᠤᠯᠵᠤ᠂ ᠲᠠᠬᠢᠯᠲᠠ ᠡᠨᠧᠷᠭᠢ᠎ᠶ᠋ᠢ ᠣᠷᠣᠯᠠᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭ᠌ᠴᠢᠲᠦ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠠᠵᠤ ᠦᠢᠯᠡᠰ᠎ᠢ ᠪᠤᠵᠠᠭᠠᠢᠷᠠᠭᠤᠯᠵᠤ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭ᠌ᠴᠢᠲᠦ ᠲᠦᠷᠦ᠍᠎ᠶ᠋ᠢᠨ ᠪᠤᠳᠤᠯᠭ᠎ᠠ ᠪᠠ ᠵᠠᠬ᠎ᠠ ᠳᠡᠯᠭᠡᠭᠦᠷ᠎ᠦᠨ ᠱᠢᠰᠲ᠋ᠧᠮ᠎ᠢ ᠲᠡᠭᠦᠯᠳᠡᠷᠵᠢᠭᠦᠯᠵᠦ᠍᠂ ᠱᠢᠨ᠎ᠡ᠎ᠪᠡᠷ ᠪᠠᠢᠭᠤᠯᠬᠤ ᠲᠦᠷᠦᠯ ᠵᠦᠢᠯ᠎ᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠪᠣᠭᠣᠮᠲᠠ᠎ᠶ᠋ᠢ ᠴᠢᠩᠭ᠎ᠠ ᠠᠳᠭᠤᠬᠤ ᠭᠡᠷᠡᠭᠲᠡᠢ᠃ ᠨᠡᠭᠦᠷᠡᠰᠦᠳᠦᠢ᠍ᠷᠦᠭᠴᠢ᠎ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳ᠋ᠦ ᠬᠦᠷᠬᠦ ᠶᠠᠪᠤᠴᠠ᠎ᠳᠠᠬᠢ ᠠᠶᠤᠯ ᠲᠦᠭ᠌ᠰᠢᠭᠦᠷᠢ᠎ᠶ᠋ᠢ ᠢᠯᠭᠠᠨ ᠲᠠᠨᠢᠬᠤ ᠪᠠ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠵᠤ᠂ ᠲᠦᠷᠭᠡᠨ ᠪᠦᠲᠦᠭᠡᠬᠦ᠌ ᠪᠠ《ᠬᠥᠳᠡᠯᠭᠡᠭᠡᠨᠲᠦ ᠬᠡᠯᠪᠡᠷᠢ》 ᠪᠡᠷ ᠨᠡᠭᠦᠷᠡᠰᠦᠳᠦᠢ᠍ᠷᠦᠭᠴᠢ᠎ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠎ᠳᠤ ᠬᠦᠷᠬᠦ᠎ᠶ᠋ᠢ ᠰᠡᠷᠭᠡᠢᠯᠡᠨ᠎ᠡ᠃ ᠡᠨᠧᠷᠭᠢ᠂ ᠤᠰᠤᠨ᠎ᠤ ᠡᠬᠢ ᠪᠠᠶᠠᠯᠢᠭ᠂ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠵᠡᠷᠭᠡ ᠬᠠᠲᠠᠭᠤ ᠬᠢᠵᠠᠭᠠᠷᠯᠠᠯ᠎ᠤᠨ ᠳᠦᠷᠢᠮ᠎ᠢ ᠲᠡᠭᠦᠯᠳᠡᠷᠵᠢᠭᠦᠯᠵᠦ᠍᠂ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ᠎ᠶ᠋ᠢᠨ ᠬᠠᠮᠢᠶᠠᠷᠤᠯᠲᠠ᠂ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠬᠤ᠂ ᠪᠦᠬᠦ᠌ ᠲᠠᠯ᠎ᠠ᠎ᠪᠠᠷ ᠠᠷᠪᠢᠯᠠᠬᠤ᠂ ᠡᠷᠭᠢᠯᠳᠦᠭᠦᠯᠦᠨ ᠠᠱᠢᠭ᠍ᠯᠠᠬᠤ᠎ᠶ᠋ᠢ ᠠᠬᠢᠭᠤᠯᠵᠤ᠂ ᠡᠬᠢ ᠪᠠᠶᠠᠯᠢᠭ᠎ᠢ ᠠᠱᠢᠭ᠍ᠯᠠᠬᠤ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ ᠭᠡᠷᠡᠭᠲᠡᠢ᠃ ᠤᠯᠤᠰ᠎ᠤᠨ ᠨᠤᠳᠤᠭ ᠲᠡᠪᠢᠰᠭᠡᠷ᠎ᠤᠨ ᠣᠷᠣᠨ ᠵᠠᠢ᠎ᠶ᠋ᠢᠨ ᠲᠥᠯᠥᠪᠵᠢᠭᠦᠯᠭᠡ ᠪᠣᠯᠤᠨ ᠬᠡᠷᠡᠭ᠌ᠴᠡᠭᠡ᠎ᠶ᠋ᠢᠨ ᠬᠠᠮᠢᠶᠠᠷᠤᠯᠲᠠ ᠡᠵᠡᠮᠳᠡᠯ᠎ᠢ ᠴᠢᠩᠭᠠᠳᠭᠠᠵᠤ᠂ 《ᠭᠤᠷᠪᠠᠨ ᠤᠷᠤᠨ ᠭᠤᠷᠪᠠᠨ ᠱᠤᠭᠤᠮ》 ᠎ᠢ᠋ ᠴᠢᠩᠭ᠎ᠠ ᠰᠠᠬᠢᠵᠤ᠂ ᠠᠮᠢ ᠠᠬᠤᠢ᠎ᠶ᠋ᠢᠨ ᠴᠢᠳᠠᠮᠵᠢᠳᠦ ᠣᠷᠣᠨ᠎ᠤ ᠠᠶᠠᠨᠳᠠᠭᠠᠨ ᠰᠡᠷᠭᠦᠬᠦ᠌᠎ᠪᠡᠷ ᠭᠣᠣᠯ ᠪᠣᠯᠭᠠᠭ᠍ᠰᠠᠨ ᠵᠠᠮ᠎ᠢᠶᠠᠷ ᠵᠠᠮᠨᠠᠬᠤ᠂ ᠮᠠᠯ ᠠᠵᠤ ᠠᠬᠤᠢ ᠲᠠᠷᠢᠶᠠᠯᠠᠩ᠎ᠤᠨ ᠦᠢᠯᠡᠳᠪᠦᠷᠢᠯᠡᠯ᠎ᠦᠨ ᠣᠷᠣᠨ᠎ᠤ ᠡᠷᠴᠢᠮᠵᠢᠭ᠌ᠰᠡᠨ᠂ ᠵᠣᠬᠢᠰᠲᠠᠢ ᠬᠡᠪᠴᠢᠶᠡᠵᠢᠭ᠌ᠰᠡᠨ ᠡᠵᠡᠩᠨᠡᠯᠲᠡ᠎ᠶ᠋ᠢᠨ ᠵᠠᠮ᠎ᠢᠶᠠᠷ ᠵᠠᠮᠨᠠᠬᠤ᠂ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠥᠪᠯᠡᠷᠡᠭ᠌ᠰᠡᠨ ᠴᠤᠭ᠍ᠯᠠᠷᠠᠭ᠍ᠰᠠᠨ ᠡᠷᠴᠢᠮᠵᠢᠭ᠌ᠰᠡᠨ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠵᠢ ᠠᠬᠢᠭᠤᠯᠬᠤ ᠭᠡᠷᠡᠭᠲᠡᠢ᠃ ᠪᠣᠬᠢᠷᠲᠤᠯ ᠥᠬᠡᠶ ᠪᠣᠯᠪᠠᠰᠤᠨ ᠎ᠤ ᠤᠢᠯᠠᠭᠠᠭᠳᠠᠬᠤᠨ᠎ᠢ ᠶᠡᠬᠡ ᠪᠡᠷ ᠤᠬᠠᠭᠤᠯᠵᠤ᠂ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭ᠌ᠴᠢᠲᠦ ᠠᠮᠢᠳᠤᠷᠠᠯ᠎ᠢ ᠰᠠᠨᠠᠭᠠᠴᠢᠯᠠᠨ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠪᠥᠲᠥᠭᠡᠨ ᠪᠠᠢᠭᠤᠯᠬᠤ᠎ᠶ᠋ᠢ ᠪᠥᠬᠥ᠌ ᠣᠷᠣᠨ᠎ᠤ ᠠᠷᠠᠳ ᠲᠦᠮᠡᠨ᠎ᠦ ᠤᠬᠠᠮᠰᠠᠷᠲᠤ ᠠᠵᠢᠯᠯᠠᠭ᠎ᠠ ᠪᠣᠯᠭᠠᠨ᠎ᠠ᠃


ᠵᠢᠷᠭᠤᠭ᠎ᠠ᠂ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠣᠳᠣᠬᠢᠴᠢᠯᠠᠭ᠍ᠰᠠᠨ ᠠᠵᠤ ᠠᠬᠤᠶ᠎ᠶ᠋ᠢᠨ ᠱᠢᠰᠲ᠋ᠧᠮ᠎ᠢ ᠪᠠᠢᠭᠤᠯᠤᠨ᠎ᠠ

ᠥᠪᠥᠷ ᠮᠣᠩᠭᠣᠯ᠎ᠤᠨ ᠠᠵᠤ ᠠᠬᠤᠢ ᠶᠠᠭ ᠲᠤᠢᠯ᠎ᠤᠨ ᠬᠦᠴᠢᠷ ᠪᠡᠷᠬᠡᠱᠢᠶᠡᠯ᠎ᠲᠡᠶ ᠪᠥᠭᠡᠳ ᠲᠤᠢᠯ᠎ᠤᠨ ᠴᠢᠬᠤᠯᠠ ᠬᠡᠯᠪᠡᠷᠢ᠎ᠪᠡᠨ ᠬᠤᠪᠢᠷᠠᠭᠤᠯᠬᠤ ᠬᠤᠭᠤᠴᠠᠭᠠᠨ᠎ᠳᠤ ᠣᠷᠣᠱᠢᠵᠤ ᠪᠠᠢᠨ᠎ᠠ᠂ ᠡᠷᠬᠡᠪᠰᠢ ᠪᠣᠬᠢᠷᠲᠤᠯ ᠦᠭᠡᠢ ᠬᠥᠭ᠌ᠵᠢᠯᠲᠡ᠂ ᠴᠢᠨᠠᠷ ᠰᠠᠢᠲᠠᠢ ᠬᠥᠭ᠌ᠵᠢᠯᠲᠡ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠪᠦᠲᠦᠴᠡ᠎ᠶ᠋ᠢ ᠲᠤᠬᠢᠷᠠᠭᠤᠯᠬᠤ᠂ ᠴᠢᠳᠠᠮᠵᠢ᠎ᠶ᠋ᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠡᠷ ᠪᠦᠬᠦ᠌ ᠬᠦᠴᠦ᠍᠎ᠪᠡᠷ᠎ᠢᠶᠡᠨ ᠴᠢᠷᠮᠠᠢᠵᠤ᠂ ᠠᠮᠢ ᠠᠬᠤᠢ ᠣᠷᠴᠢᠨ ᠲᠣᠭᠣᠷᠢᠨ᠎ᠢ ᠪᠦᠲᠦᠮᠵᠢᠲᠡᠢ ᠬᠠᠮᠠᠭᠠᠯᠠᠬᠤ᠂ ᠡᠨᠧᠷᠭᠢ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠱᠢᠭ᠍ᠯᠠᠬᠤ᠂ ᠶᠠᠰᠤ ᠴᠢᠨᠠᠷ ᠦᠷ᠎ᠡ ᠠᠱᠢᠭ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠭ᠌ᠰᠡᠨ ᠰᠠᠭᠤᠷᠢᠨ ᠳᠡᠭᠡᠷ᠎ᠡ ᠠᠵᠤ ᠠᠬᠤᠢ᠎ᠶ᠋ᠢᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠪᠡᠶᠡᠯᠡᠭᠦᠯᠬᠦ ᠭᠡᠷᠡᠭᠲᠡᠢ᠃ ᠬᠥᠭ᠌ᠵᠢᠯᠲᠡ᠎ᠶ᠋ᠢᠨ ᠣᠷᠴᠢᠨ ᠲᠤᠭᠤᠷᠢᠨ᠂ ᠬᠥᠭ᠌ᠵᠢᠯᠲᠡ᠎ᠶ᠋ᠢᠨ ᠨᠥᠬᠥᠴᠡᠯ ᠬᠡᠷᠬᠢᠨ ᠬᠤᠪᠢᠷᠠᠭ᠍ᠰᠠᠨ ᠴᠤ᠌᠂ ᠠᠮᠢ ᠠᠬᠤᠢ᠎ᠶ᠋ᠢᠨ ᠣᠷᠴᠢᠨ ᠲᠤᠭᠤᠷᠢᠨ᠎ᠢ ᠦᠷᠡᠭ᠌ᠳᠡᠭᠦᠯᠵᠦ᠍ ᠪᠠᠢᠭᠠᠳ ᠲᠦᠷ ᠴᠠᠭ᠎ᠤᠨ ᠪᠠ ᠭᠠᠵᠠᠷ ᠣᠷᠣᠨ᠎ᠤ ᠠᠵᠤ ᠠᠬᠤᠢ᠎ᠶ᠋ᠢᠨ ᠨᠡᠮᠡᠭ᠌ᠳᠡᠯ᠎ᠢ ᠰᠣᠯᠢᠵᠤ ᠠᠪᠴᠢᠷᠠᠬᠤ ᠨᠢᠳᠦᠨ ᠡᠮᠦᠨᠡᠬᠢ ᠪᠠᠨ ᠬᠠᠷᠠᠭᠰᠠᠨ ᠠᠷᠭ᠎ᠠ ᠬᠢᠳᠡᠯ᠎ᠢ ᠡᠷᠬᠡᠪᠰᠢ ᠲᠤᠢᠯᠪᠤᠷᠢᠲᠠᠢ ᠲᠠᠶᠠᠭ᠍ᠳᠠᠵᠤ᠂ ᠡᠬᠢ ᠪᠠᠶᠠᠯᠢᠭ᠎ᠤᠨ ᠨᠡᠭᠡᠭᠡᠨ ᠬᠥᠭ᠌ᠵᠢᠭᠦᠯᠦᠯᠲᠡ᠂ ᠡᠬᠢ ᠪᠠᠶᠠᠯᠢᠭ᠎ᠤᠨ ᠬᠣᠷᠣᠭ᠍ᠳᠠᠯ ᠳ᠋ᠦ ᠭᠡᠳᠦᠷᠭᠡᠢ ᠲᠦᠰᠢᠭᠯᠡᠨ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠵᠦᠢ ᠵᠤᠬᠢᠰ ᠦᠭᠡᠢ ᠠᠷᠭ᠎ᠠ ᠬᠢᠳᠡᠯ᠎ᠢ ᠡᠷᠬᠡᠪᠰᠢ ᠲᠤᠢᠯᠪᠤᠷᠢᠲᠠᠢ ᠲᠠᠶᠠᠭ᠍ᠳᠠᠵᠤ᠂ ᠡᠨᠧᠷᠭᠢ᠎ᠶ᠋ᠢᠨ ᠬᠣᠷᠣᠭ᠍ᠳᠠᠭᠤᠯᠤᠯ ᠶᠡᠬᠡᠲᠡᠢ᠂ ᠭᠠᠳᠠᠭ᠍ᠰᠢᠯᠠᠭᠤᠯᠤᠯᠲᠠ ᠶᠡᠬᠡᠲᠡᠢ ᠵᠦᠢᠯᠡᠰ᠎ᠢ ᠡᠷᠬᠡᠪᠰᠢ ᠡᠷᠡᠰ ᠴᠢᠩᠭ᠎ᠠ ᠬᠢᠵᠠᠭᠠᠷᠯᠠᠵᠤ᠂ ᠬᠣᠴᠣᠷᠤᠩᠭᠤᠢ ᠪᠠ ᠦᠯᠡᠭᠦᠳᠡᠭ᠌ᠰᠡᠨ ᠦᠢᠯᠡᠳᠪᠦᠷᠢᠯᠡᠬᠦ᠌ ᠴᠢᠳᠠᠪᠤᠷᠢ᠎ᠶ᠋ᠢ ᠡᠷᠬᠡᠪᠰᠢ ᠡᠷᠡᠰ᠎ᠢᠶᠡᠷ ᠰᠢᠭᠰᠢᠭ᠌ᠳᠡᠭᠦᠯᠵᠦ᠍᠂ ᠬᠡᠷᠡᠭ᠌ᠯᠡᠵᠦ᠍ ᠪᠣᠯᠬᠤ ᠡᠳ᠋᠎ᠦᠨ ᠬᠦᠴᠦᠨ᠎ᠢ ᠦᠯᠦ᠍ ᠬᠠᠢᠬᠤᠷᠤᠨ ᠬᠡᠲᠦᠷᠬᠡᠢ ᠶᠡᠬᠡ ᠥᠷᠢ ᠲᠠᠯᠪᠢᠵᠤ ᠪᠦᠳᠦᠭᠡᠨ ᠪᠠᠢᠭᠤᠯᠤᠯᠲᠠ ᠬᠢᠬᠦ᠌᠂ ᠠᠵᠤ ᠦᠢᠯᠡᠰ᠎ᠦᠨ ᠰᠠᠭᠤᠷᠢ᠎ᠶ᠋ᠢ ᠦᠯᠦ᠍ ᠬᠠᠢᠬᠤᠷᠤᠨ ᠰᠣᠬᠣᠷ ᠪᠠᠯᠠᠢ᠎ᠪᠠᠷ ᠪᠡᠯᠡ ᠣᠷᠣᠭᠤᠯᠬᠤ ᠪᠠ ᠳᠠᠪᠬᠤᠷᠳᠠᠭᠤᠯᠤᠨ ᠪᠦᠳᠦᠭᠡᠨ ᠪᠠᠢᠭᠤᠯᠬᠤ ᠦᠢᠯᠡ ᠠᠵᠢᠯᠯᠠᠭ᠎ᠠ᠎ᠶ᠋ᠢ ᠡᠷᠬᠡᠪᠰᠢ ᠡᠷᠡᠰ ᠲᠡᠪᠴᠢᠬᠦ ᠭᠡᠷᠡᠭᠲᠡᠢ᠃

ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠭᠣᠣᠯ ᠱᠢᠵᠢᠮ ᠪᠣᠯᠭᠠᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢ ᠡᠬᠢ ᠪᠠᠶᠠᠯᠢᠭ᠎ᠲᠤ ᠲᠦᠱᠢᠭ᠌ᠯᠡᠬᠦ᠌ ᠬᠡᠯᠪᠡᠷᠢ᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠬᠤᠪᠢᠷᠠᠭᠤᠯᠬᠤ᠂ ᠪᠦᠳᠦᠭᠦᠯᠢᠭ ᠮᠠᠶᠢᠭ᠎ᠤᠨ ᠨᠡᠭᠦᠷᠡᠰᠦᠲᠥ᠋ᠷᠥᠭ᠌ᠴᠢ᠎ᠵᠢᠨ ᠭᠠᠳᠠᠭᠰᠢᠯᠠᠭᠤᠯᠤᠯᠲᠠ ᠦᠨᠳᠦᠷ ᠬᠡᠯᠪᠡᠷᠢ ᠡᠴᠡ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭ᠌ᠴᠢᠲᠦ ᠬᠡᠯᠪᠡᠷᠢ ᠲᠡᠢᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠦᠷ᠎ᠡ ᠠᠱᠢᠭ ᠳᠣᠣᠷ᠎ᠠ ᠬᠡᠯᠪᠡᠷᠢ᠎ᠡᠴᠡ ᠡᠷᠴᠢᠮᠯᠢᠭ ᠥᠨᠳᠥᠷ ᠪᠦᠲᠦᠮᠵᠢᠲᠡᠢ ᠬᠡᠯᠪᠡᠷᠢ ᠲᠡᠢᠰᠢ ᠬᠤᠪᠢᠷᠠᠭᠤᠯᠬᠤ᠎ᠶ᠋ᠢ ᠬᠦᠴᠦᠯᠡᠨ ᠠᠬᠢᠭᠤᠯᠵᠤ᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠬᠤ ᠬᠡᠷᠡᠭ᠌ᠲᠡᠢ᠃ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠶ᠋ᠢ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠬᠤ᠎ᠶ᠋ᠢᠨ ᠤᠷᠢᠳᠠᠴᠢ ᠠᠯᠬᠤᠮ ᠪᠣᠯᠭᠠᠵᠤ᠂ ᠭᠣᠣᠯ ᠴᠣᠭ᠍ᠴᠠ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠪᠠ ᠡᠬᠢ ᠪᠠᠶᠠᠯᠢᠭ ᠣᠷᠴᠢᠨ ᠲᠣᠭᠣᠷᠢᠨ᠎ᠤ ᠳᠠᠭᠠᠭᠠᠴᠠ᠎ᠵᠢᠨ ᠴᠢᠳᠠᠪᠤᠷᠢ᠎ᠳᠤ ᠰᠠᠭᠤᠷᠢᠯᠠᠵᠤ᠂ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠂ ᠠᠵᠤ ᠦᠢᠯᠡᠰ᠎ᠦᠨ ᠰᠠᠭᠤᠷᠢᠨ᠂ ᠣᠷᠣᠨ ᠪᠦᠰᠡ᠎ᠶ᠋ᠢᠨ ᠠᠵᠤ ᠠᠬᠤᠢ᠂ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠠᠢᠷᠢᠱᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠵᠤ᠂ ᠴᠢᠬᠤᠯᠠ ᠶᠡᠬᠡ ᠦᠢᠯᠡᠳᠪᠦᠷᠢᠯᠡᠯ᠎ᠦᠨ ᠬᠦᠴᠦᠨ᠂ ᠴᠢᠬᠤᠯᠠ ᠶᠡᠬᠡ ᠰᠠᠭᠤᠷᠢ ᠲᠥᠬᠥᠭᠡᠷᠦᠮᠵᠢ ᠪᠠ ᠤᠯᠠᠨ ᠨᠡᠢᠲᠡ᠎ᠶ᠋ᠢᠨ ᠡᠬᠢ ᠪᠠᠶᠠᠯᠢᠭ᠎ᠤᠨ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠱᠢᠯᠢᠳᠡᠭ᠌ᠵᠢᠭᠦᠯᠵᠦ᠍᠂ ᠡᠯ᠎ᠡ ᠲᠦᠷᠦᠯ᠎ᠦᠨ ᠡᠯᠧᠮᠧᠨ᠋ᠲ᠎ᠦᠨ ᠵᠣᠬᠢᠰᠲᠠᠢ ᠱᠢᠯᠵᠢᠯᠲᠡ ᠪᠠ ᠥᠨᠳᠥᠷ ᠪᠦᠲᠦᠮᠵᠢᠲᠡᠢ ᠲᠥᠪᠯᠡᠷᠡᠯ᠎ᠢ ᠠᠬᠢᠭᠤᠯᠬᠤ ᠬᠡᠷᠡᠭ᠌ᠲᠡᠢ᠃ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠥᠬᠥ᠌ ᠲᠠᠯ᠎ᠠ ᠳᠤᠮᠳᠠᠬᠢ ᠱᠢᠨ᠎ᠡ ᠡᠬᠦᠳᠦᠯᠳᠠ ᠵᠢᠨ ᠭᠤᠤᠯᠯᠠᠬᠤ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠣᠳᠣᠬᠢᠴᠢᠯᠠᠭ᠍ᠰᠠᠨ ᠠᠵᠤ ᠠᠬᠤᠶ᠎ᠶ᠋ᠢᠨ ᠱᠢᠰᠲ᠋ᠧᠮ᠎ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠯ ᠪᠣᠯᠭᠠᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠠᠵᠢᠯᠯᠠᠭ᠎ᠠ᠎ᠶ᠋ᠢ ᠶᠡᠬᠡ᠎ᠪᠡᠷ ᠬᠡᠷᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠠᠮᠢ ᠠᠬᠤᠶ ᠣᠷᠴᠢᠨ ᠲᠣᠭᠣᠷᠢᠨ᠎ᠢ ᠰᠠᠢᠵᠢᠷᠠᠭᠤᠯᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠪᠦᠬᠦᠯᠢ ᠴᠣᠭ᠍ᠴᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠤᠨ ᠪᠤᠵᠠᠭᠠᠢᠷᠠᠭᠤᠯᠬᠤ ᠬᠡᠷᠡᠭ᠌ᠲᠡᠶ᠃ ᠪᠣᠬᠢᠷᠲᠤᠯ ᠥᠬᠡᠶ ᠤᠨᠴᠠᠯᠢᠬ᠍ᠳᠤ ᠳᠠᠪᠠᠭᠤᠯᠢᠭ ᠣᠲᠣ ᠦᠶ᠎ᠡ᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌ ᠠᠵᠢᠯᠯᠠᠭ᠎ᠠ ᠪᠣᠯᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠤᠯᠠᠮᠵᠢᠯᠠᠯᠲᠤ ᠠᠵᠤ ᠦᠶ᠋ᠯᠡᠰ᠎ᠦᠨ ᠳᠡᠭᠡᠳᠦ ᠳᠡᠰᠵᠢᠯᠲᠡ ᠤᠶᠤᠨᠴᠢᠯᠠᠯᠳᠠ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠵᠤ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠬᠥᠭ᠌ᠵᠢᠨ ᠪᠤᠵᠠᠭᠠᠢᠷᠠᠬᠤ᠎ᠶ᠋ᠢ ᠠᠬᠢᠭᠤᠯᠵᠤ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠤᠨ᠎ᠠ᠃

(ᠨᠢᠭᠡ) ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠥᠪᠥᠷ ᠮᠣᠩᠭᠣᠯ᠎ᠢ ᠲᠦᠷᠭᠡᠳᠭᠡᠨ ᠪᠠᠢᠭᠤᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠬᠤ᠎ᠶ᠋ᠢ ᠬᠠᠮᠤᠭ᠎ᠤᠨ ᠲᠤᠯᠭᠠᠮ ᠡᠭᠦᠷᠭᠡ ᠪᠣᠯᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠤᠢ ᠪᠣᠯᠭᠠᠨ᠎ᠠ᠃ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠴᠢᠩᠭ᠎ᠠ ᠡᠵᠡᠮᠳᠡᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠬᠢᠬᠦ ᠵᠢ ᠨᠢ ᠬᠢᠵᠦ ᠬᠢᠬᠦ ᠦᠭᠡᠢ ᠵᠢ ᠨᠢ ᠥᠯᠥ᠍ ᠬᠢᠬᠦ᠌᠎ᠶ᠋ᠢ ᠪᠠᠷᠢᠮᠲᠠᠯᠠᠨ᠂ ᠰᠦ ᠴᠠᠭᠠᠨ ᠢᠳᠡᠭᠡᠨ᠎ᠦ ᠦᠶ᠋ᠯᠡᠰ᠂ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠂ ᠨᠡᠭᠦᠷᠡᠰᠦᠲᠥ᠋ᠷᠥᠭ᠌ᠴᠢ᠎ᠪᠡᠷ ᠰᠠᠭᠤᠷᠢᠯᠠᠬᠰᠠᠨ ᠱᠢᠨ᠎ᠡ ᠮᠠᠲ᠋ᠧᠷᠢᠶᠠᠯ᠂ ᠱᠢᠨ᠎ᠡ ᠡᠨᠧᠷᠭᠢ᠂ ᠦᠷ᠎ᠡ᠎ᠶ᠋ᠢᠨ ᠦᠶ᠋ᠯᠡᠰ ᠵᠡᠷᠭᠡ ᠬᠦᠷᠢᠶᠠᠨ᠎ᠳᠤ ᠨᠢᠭᠡ ᠪᠦᠯᠦᠭ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠥᠷᠥᠯ ᠵᠦᠶ᠋ᠯ᠎ᠢ ᠭᠤᠤᠯᠳᠠᠯᠭ᠎ᠠ᠎ᠲᠠᠶ ᠬᠡᠷᠡᠭ᠌ᠵᠢᠭᠦᠯᠦᠨ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠡᠷᠴᠢᠮ᠎ᠢ ᠴᠢᠩᠭᠠᠷᠠᠭᠤᠯᠵᠤ᠂ ᠦᠶ᠋ᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ᠎ᠢ ᠭᠦᠨᠵᠡᠭᠡᠶ ᠠᠭᠤᠰᠤᠯᠴᠠᠭᠤᠯᠬᠤ᠎ᠶ᠋ᠢ ᠲᠦᠷᠭᠡᠳᠭᠡᠨ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭ᠌ᠯᠡᠬᠦ᠌᠎ᠶ᠋ᠢ ᠲᠦᠷᠭᠡᠳᠭᠡᠨ᠎ᠠ᠃ ᠱᠢᠨ᠎ᠡ᠎ᠶ᠋ᠢ ᠡᠭᠦᠳᠬᠦ᠌ ᠲᠠᠪᠴᠠᠩ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠨᠢᠭᠡ ᠪᠦᠯᠦᠭ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠠ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ᠎ᠶ᠋ᠢ ᠪᠠᠢᠷᠢᠱᠢᠭᠤᠯᠤᠨ᠂ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ 《ᠶᠠᠰᠤ ᠴᠢᠨᠠᠷ ᠎ᠤᠨ ᠳᠡᠰ ᠳᠠᠪᠱᠢᠯᠲᠠ》 ᠪᠠ 《ᠱᠢᠯᠢᠳᠡᠭ᠎ᠢ᠎ᠨᠢ ᠪᠣᠢᠵᠢᠭᠤᠯᠬᠤ᠎ᠶ᠋ᠢ ᠠᠬᠢᠭᠤᠯᠬᠤ》 ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠰᠦ᠎ᠶ᠋ᠢᠨ ᠦᠢᠯᠡᠰ᠂ ᠬᠣᠪᠣᠷ ᠱᠢᠷᠣᠢ᠎ᠶ᠋ᠢᠨ ᠱᠢᠨ᠎ᠡ ᠮᠠᠲ᠋ᠧᠷᠢᠶᠠᠯ᠎ᠤᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠥᠨᠳᠥᠷ ᠪᠠᠷᠢᠮᠵᠢᠶ᠎ᠠ᠎ᠪᠠᠷ ᠪᠠᠢᠭᠤᠯᠵᠤ᠂ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠣᠷᠢᠭ᠂ ᠣᠷᠳᠣᠰ᠎ᠤᠨ ᠤᠯᠤᠰ᠎ᠤᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠢᠯ᠎ᠦᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠣᠷᠢᠭ ᠪᠠ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ᠌ ᠲᠣᠭᠣᠷᠢᠭ ᠢ᠋ ᠴᠢᠨᠠᠷ ᠰᠠᠢᠲᠠᠢ ᠪᠠᠢᠭᠤᠯᠤᠨ᠎ᠠ᠃ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠠᠵᠢᠯᠯᠠᠭ᠎ᠠ᠎ᠶ᠋ᠢᠨ ᠪᠦᠬᠦᠨ᠎ᠢ ᠬᠠᠮᠤᠷᠬᠤ᠎ᠶ᠋ᠢ ᠠᠬᠢᠭᠤᠯᠵᠤ᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠤᠨ 《ᠬᠣᠣᠰ ᠳᠠᠬᠢᠨ᠎ᠢᠶᠠᠷ ᠨᠡᠮᠡᠭ᠌ᠳᠡᠭᠦᠯᠬᠦ᠌》 ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠨᠢᠭᠡ ᠪᠦᠯᠦᠭ 《ᠲᠤᠰᠭᠠᠢ ᠨᠠᠷᠢᠯᠢᠭ ᠣᠨᠴᠠᠭᠠᠢ ᠱᠢᠨ᠎ᠡ》 ᠳᠤᠮᠳᠠ ᠪᠠᠭ᠎ᠠ ᠠᠵᠤ ᠠᠬᠤᠢᠯᠠᠯ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠳᠠᠭᠠᠭᠤᠯᠤᠭ᠍ᠴᠢ ᠠᠵᠤ ᠠᠬᠤᠢᠯᠠᠯ ᠪᠠ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠪᠣᠢᠵᠢᠭᠤᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠮᠵᠢ ᠵᠢᠨ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠵᠠᠰᠠᠭ᠎ᠤᠨ ᠣᠷᠳᠣᠨ᠎ᠤ ᠣᠷᠣᠭᠤᠯᠤᠯᠲᠠ᠎ᠶ᠋ᠢᠨ ᠬᠠᠳᠠᠭᠤ ᠴᠢᠨᠠᠷᠲᠠᠶ ᠨᠡᠮᠡᠭ᠌ᠳᠡᠯ᠎ᠦᠨ ᠲᠣᠭ᠍ᠲᠠᠴᠠ ᠪᠠ ᠨᠡᠢᠭᠡᠮ᠎ᠦᠨ ᠣᠯᠠᠨ ᠠᠷᠭ᠎ᠠ ᠵᠠᠮ᠎ᠤᠨ ᠣᠷᠣᠭᠤᠯᠤᠯᠲᠠ᠎ᠵᠢᠨ ᠤᠷᠮᠠᠱᠢᠭᠤᠯᠬᠤ ᠲᠣᠭ᠍ᠲᠠᠴᠠ᠎ᠶ᠋ᠢ ᠪᠠᠢᠭᠤᠯᠤᠨ᠂ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥᠯ ᠵᠦᠢᠯ᠎ᠦᠨ ᠰᠡᠳᠦᠪ ᠲᠣᠭ᠍ᠲᠠᠭᠠᠬᠤ ᠪᠠ ᠵᠣᠬᠢᠶᠠᠨ ᠪᠠᠢᠭᠤᠯᠤᠨ ᠬᠠᠮᠢᠶᠠᠷᠬᠤ ᠠᠷᠭ᠎ᠠ ᠮᠠᠶᠢᠭ᠎ᠲᠤ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠴᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠨᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠭᠡᠭᠡᠯᠲᠡ ᠬᠢᠵᠦ᠍ ᠬᠠᠮᠲᠤᠷᠠᠯᠴᠠᠬᠤ᠎ᠶ᠋ᠢ ᠥᠷᠭᠡᠳᠭᠡᠨ᠂ ᠲᠡᠷᠢᠭᠦᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ ᠪᠠ ᠱᠢᠨ᠎ᠡ᠎ᠶ᠋ᠢ ᠡᠭᠦᠳᠬᠦ᠌ ᠪᠦᠯᠬᠦᠮ᠎ᠢ ᠬᠦᠮᠦᠵᠢᠬᠦᠯᠵᠤ ᠪᠤᠢᠵᠢᠭᠤᠯᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠡᠯ᠎ᠡ ᠲᠥᠷᠥᠯ᠎ᠦᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠲᠥᠪᠯᠡᠷᠡᠭᠦᠯᠬᠦ᠌ ᠪᠠ ᠰᠠᠢᠲᠤᠷ ᠬᠡᠷᠡᠭ᠌ᠯᠡᠨ᠎ᠠ᠃ ᠱᠢᠨᠵᠢᠯᠡᠬᠦ᠌ ᠤᠬᠠᠭᠠᠨ ᠎ᠤ ᠵᠣᠷᠢᠭ ᠰᠠᠨᠠᠭ᠎ᠠ᠂ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠱᠢᠨ᠎ᠡ᠎ᠶ᠋ᠢ ᠡᠭᠦᠳᠬᠦ᠌᠎ᠶ᠋ᠢ ᠡᠷᠬᠢᠮᠯᠡᠬᠦ᠌᠂ ᠱᠢᠨ᠎ᠡ᠎ᠶ᠋ᠢ ᠡᠭᠦᠳᠬᠦ᠌᠎ᠶ᠋ᠢ ᠤᠷᠮᠠᠱᠢᠭᠤᠯᠬᠤ᠂ ᠱᠢᠨ᠎ᠡ᠎ᠶ᠋ᠢ ᠡᠭᠦᠳᠬᠦ᠌᠎ᠶ᠋ᠢ ᠪᠠᠭ᠍ᠲᠠᠭᠠᠬᠤ ᠨᠡᠢᠭᠡᠮ᠎ᠦᠨ ᠠᠭᠤᠷ ᠠᠮᠢᠰᠭᠤᠯ᠎ᠢ ᠪᠤᠢ ᠪᠣᠯᠭᠠᠨ᠎ᠠ᠃

(ᠬᠤᠶᠠᠷ) ᠡᠨᠧᠷᠭᠢ ᠪᠠ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ ᠤ᠋ᠨ ᠰᠠᠭᠤᠷᠢᠨ᠎ᠤ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠦ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠠᠬᠢᠭᠤᠯᠤᠨ᠎ᠠ᠃ ᠡᠨᠧᠷᠭᠢ ᠵᠢᠨ ᠬᠤᠪᠢᠰᠭᠠᠯ ᠢ᠋ ᠭᠦᠨᠵᠡᠭᠡᠶ ᠠᠬᠢᠭᠤᠯᠵᠤ᠂ ᠣᠶᠤᠨᠴᠢ ᠡᠨᠧᠷᠭᠢ ᠵᠢ ᠶᠡᠬᠡ ᠪᠡᠷ ᠬᠥᠭ᠌ᠵᠢᠭᠦᠯᠦᠨ᠂ ᠣᠯᠠᠨ ᠵᠦᠢᠯ ᠤ᠋ᠨ ᠡᠨᠧᠷᠭᠢ ᠵᠢ ᠵᠣᠬᠢᠴᠠᠯᠳᠤᠭᠤᠯᠤᠨ ᠬᠠᠷᠢᠯᠴᠠᠨ ᠨᠥᠬᠥᠪᠥᠷᠢᠯᠡᠬᠦ᠌᠂ ᠶᠡᠷᠦᠩᠬᠡᠢᠯᠡᠨ ᠠᠱᠢᠭ᠍ᠯᠠᠬᠤ᠂ ᠡᠷᠴᠢᠮᠯᠢᠭ ᠪᠥᠭᠡᠳ ᠥᠨᠳᠥᠷ ᠦᠷ᠎ᠡ ᠪᠦᠲᠦᠮᠵᠢᠲᠡᠶ ᠡᠨᠧᠷᠭᠢ ᠬᠠᠩᠭᠠᠬᠤ ᠠᠷᠭ᠎ᠠ ᠮᠠᠶᠢᠭ ᠢ᠋ ᠲᠦᠷᠭᠡᠳᠭᠡᠨ ᠪᠣᠶ ᠪᠣᠯᠭᠠᠵᠤ᠂ ᠡᠨᠧᠷᠭᠢ ᠵᠢᠨ ᠬᠠᠩᠭᠠᠯᠭ᠎ᠠ ᠵᠢᠨ ᠶᠠᠰᠤ ᠴᠢᠨᠠᠷ᠂ ᠠᠱᠢᠭ᠍ᠯᠠᠯᠲᠠ ᠵᠢᠨ ᠦᠷ᠎ᠡ ᠪᠦᠲᠦᠮᠵᠢ᠂ ᠨᠡᠭᠦᠷᠡᠰᠦᠲᠥ᠋ᠷᠥᠭ᠌ᠴᠢ ᠵᠢ ᠪᠠᠭᠤᠷᠠᠭᠤᠯᠬᠤ ᠬᠢᠷᠢ ᠬᠡᠮᠵᠢᠶ᠎ᠡ ᠪᠣᠯᠤᠨ ᠠᠮᠤᠷ ᠲᠦᠪᠱᠢᠨ ᠢ᠋ ᠪᠠᠲᠤᠯᠠᠬᠤ ᠴᠢᠳᠠᠪᠤᠷᠢ ᠵᠢ ᠳᠡᠭᠡᠭ᠌ᠰᠢᠯᠡᠭᠦᠯᠦᠨ᠂ ᠤᠯᠤᠰ ᠤ᠋ᠨ ᠣᠳᠣ ᠦᠶ᠎ᠡ ᠵᠢᠨ ᠡᠨᠧᠷᠭᠢ ᠵᠢᠨ ᠠᠵᠤ ᠠᠬᠤᠶ ᠵᠢᠨ ᠵᠢᠱ᠌ᠢᠶ᠎ᠡ ᠦᠵᠡᠭᠦᠯᠬᠦ᠌ ᠣᠷᠣᠨ ᠢ᠋ ᠪᠦᠲᠦᠭᠡᠨ ᠪᠠᠢᠭᠤᠯᠵᠤ᠂ ᠥᠪᠥᠷ ᠮᠣᠩᠭᠣᠯ᠎ᠤᠨ ᠴᠢᠯᠠᠭᠤᠵᠢᠮᠠᠯ᠎ᠤᠨ ᠡᠨᠧᠷᠭᠢ ᠵᠢᠨ ᠲᠣᠮᠣ ᠣᠷᠣᠨ᠎ᠠᠴᠠ ᠴᠡᠪᠡᠷ ᠡᠨᠧᠷᠭᠢ ᠵᠢᠨ ᠲᠣᠮᠣ ᠣᠷᠣᠨ ᠲᠡᠢᠰᠢ ᠰᠢᠯᠵᠢᠬᠦ ᠵᠢ ᠠᠬᠢᠭᠤᠯᠤᠨ᠎ᠠ᠃ ᠨᠡᠭᠦᠷᠡᠰᠦᠨ᠎ᠤ ᠬᠡᠷᠡᠭ᠌ᠯᠡᠭᠡᠨ᠎ᠤ ᠨᠡᠮᠡᠭ᠌ᠳᠡᠯ ᠢ᠋ ᠴᠢᠩᠭ᠎ᠠ ᠬᠢᠵᠠᠭᠠᠷᠯᠠᠵᠤ᠂ ᠨᠡᠭᠦᠷᠡᠰᠦ ᠴᠠᠬᠢᠯᠭᠠᠨ᠎ᠤ ᠲᠥᠷᠥᠯ ᠵᠦᠶ᠋ᠯ ᠢ᠋ ᠴᠢᠩᠭ᠎ᠠ ᠬᠢᠵᠠᠭᠠᠷᠯᠠᠨ᠂ ᠡᠨᠧᠷᠭᠢ ᠵᠢᠨ ᠦᠶ᠋ᠯᠡᠳᠪᠦᠷᠢᠯᠡᠯ ᠤ᠋ᠨ ᠪᠦᠲᠦᠴᠡ ᠵᠢ ᠡᠮᠬᠢ ᠵᠢᠷᠤᠮ ᠲᠠᠢ ᠳᠣᠭᠢᠷᠠᠭᠤᠯᠵᠤ᠂ ᠪᠠᠴᠢᠮ ᠬᠡᠷᠡᠭ᠌ᠰᠡᠬᠦ᠌ ᠬᠣᠪᠣᠷ ᠴᠤᠬᠠᠭ ᠴᠢᠨᠠᠷ ᠰᠠᠢᠲᠠᠶ ᠡᠬᠢ ᠪᠠᠶᠠᠯᠢᠭ ᠤ᠋ᠨ ᠲᠥᠷᠥᠯ ᠵᠦᠶ᠋ᠯ ᠢ᠋ ᠤᠷᠢᠳ ᠵᠢᠡᠷ ᠬᠥᠭ᠌ᠵᠢᠭᠦᠯᠦᠨ᠂ ᠨᠡᠭᠦᠷᠡᠰᠦ ᠠᠱᠢᠭ᠍ᠯᠠᠬᠤ ᠦᠷ᠎ᠡ ᠪᠦᠲᠦᠮᠵᠢ ᠵᠢ ᠳᠡᠭᠡᠭ᠌ᠰᠢᠯᠡᠭᠦᠯᠵᠦ᠍᠂ ᠠᠵᠤ ᠦᠶ᠋ᠯᠡᠰ ᠤ᠋ᠨ ᠳᠡᠭᠡᠳᠦ ᠳᠡᠰᠴᠢᠯᠡᠬᠦ᠂ ᠦᠶ᠋ᠯᠡᠳᠬᠦᠨ᠎ᠢ᠋ ᠨᠠᠷᠢᠯᠢᠭ᠍ᠵᠢᠬᠤ ᠴᠢᠭ᠌ᠯᠡᠯ ᠳᠠᠢᠰᠢ ᠬᠥᠭ᠌ᠵᠢᠭᠦᠯᠦᠨ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠡ ᠪᠡᠷ ᠶᠡᠬᠡ ᠬᠣᠴᠣᠷᠤᠩᠭᠤᠶ ᠦᠶ᠋ᠯᠡᠳᠪᠦᠷᠢᠯᠡᠯ ᠤ᠋ᠨ ᠴᠢᠳᠠᠪᠤᠷᠢ ᠪᠠ ᠦᠶ᠋ᠯᠡᠳᠪᠦᠷᠢᠯᠡᠯ ᠤ᠋ᠨ ᠤᠷ᠎ᠠ ᠮᠡᠷᠭᠡᠱᠢᠯ ᠢ᠋ ᠬᠦᠴᠦᠯᠡᠨ ᠱᠢᠭ᠌ᠰᠢᠭ᠌ᠳᠡᠭᠦᠯᠦᠨ᠎ᠡ᠃ ᠨᠡᠭᠦᠷᠡᠰᠦ ᠵᠢ ᠴᠡᠪᠡᠷᠰᠢᠭᠦᠯᠦᠨ ᠠᠱᠢᠭ᠍ᠯᠠᠬᠤ ᠵᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠨᠡᠭᠦᠷᠡᠰᠦᠨ ᠤ᠋ ᠪᠤᠰᠤ ᠠᠵᠤ ᠦᠢᠯᠡᠰ ᠪᠠ ᠪᠠᠭ᠎ᠠ ᠨᠡᠭᠦᠷᠡᠰᠦᠲᠦᠢ᠍ᠷᠥᠭ᠌ᠴᠢᠲᠦ ᠠᠵᠤ ᠠᠬᠤᠶ ᠵᠢ ᠢᠳᠡᠪᠬᠢᠲᠡᠶ ᠪᠡᠷ ᠬᠥᠭ᠌ᠵᠢᠭᠦᠯᠦᠨ᠂ ᠨᠡᠭᠦᠷᠡᠰᠦᠨ ᠤ᠋ ᠠᠵᠤ ᠦᠢᠯᠡᠰ ᠪᠠ ᠨᠡᠭᠦᠷᠡᠰᠦᠨ ᠤ᠋ ᠪᠤᠰᠤ ᠠᠵᠤ ᠦᠢᠯᠡᠰ ᠤ᠋ᠨ ᠡᠵᠡᠯᠡᠬᠦ᠌ ᠬᠠᠷᠢᠴᠠᠯ ᠵᠦᠢ ᠵᠣᠬᠢᠰᠲᠠᠶ᠂ ᠰᠠᠢᠨ ᠨᠥᠬᠥᠴᠡᠯᠳᠦᠭ᠌ᠰᠡᠨ ᠠᠵᠤ ᠦᠢᠯᠡᠰ ᠤ᠋ᠨ ᠪᠠᠢᠷᠢᠱᠢᠯ ᠢ᠋ ᠠᠯᠬᠤᠮ ᠠᠯᠬᠤᠮ ᠵᠢᠡᠷ ᠪᠤᠶ ᠪᠣᠯᠭᠠᠨ᠎ᠠ᠃ ᠰᠠᠯᠬᠢᠨ ᠴᠠᠬᠢᠯᠭᠠᠨ᠂ ᠬᠡᠷᠡᠯᠴᠢ ᠴᠡᠨᠡᠭ ᠵᠡᠷᠭᠡ ᠱᠢᠨ᠎ᠡ ᠡᠨᠧᠷᠭᠢ ᠵᠢ ᠶᠡᠬᠡ ᠬᠡᠪᠴᠢᠶ᠎ᠡ ᠪᠡᠷ ᠥᠨᠳᠥᠷ ᠬᠠᠷᠢᠴᠠᠯ ᠵᠢᠡᠷ ᠨᠡᠭᠡᠭᠡᠨ ᠠᠱᠢᠭ᠍ᠯᠠᠬᠤ ᠵᠢ ᠪᠥᠬᠥ᠌ ᠬᠦᠴᠦᠨ ᠵᠢᠡᠷ ᠠᠬᠢᠭᠤᠯᠵᠤ᠂ ᠨᠢᠭᠡ ᠪᠦᠯᠦᠭ ᠮᠢᠩᠭᠠᠨ ᠲᠦᠮᠡᠨ ᠺᠢᠯᠦᠸᠠᠲ ᠤ᠋ᠨ ᠲᠠᠰ ᠤ᠋ᠨ ᠱᠢᠨ᠎ᠡ ᠡᠨᠧᠷᠭᠢ ᠵᠢᠨ ᠰᠠᠭᠤᠷᠢᠨ ᠢ᠋ ᠪᠥᠲᠥᠭᠡᠨ ᠪᠠᠢᠭᠤᠯᠵᠤ᠂ ᠪᠥᠬᠥ᠌ ᠤᠯᠤᠰ᠎ᠲᠤ ᠱᠢᠨ᠎ᠡ ᠡᠨᠧᠷᠭᠢ ᠪᠡᠷ ᠭᠤᠤᠯ ᠴᠣᠭ᠍ᠴᠠ ᠪᠣᠯᠭᠠᠭ᠍ᠰᠠᠨ ᠡᠨᠧᠷᠭᠢ ᠵᠢᠨ ᠬᠠᠩᠭᠠᠯᠭ᠎ᠠ ᠵᠢᠨ ᠱᠢᠰᠲ᠋ᠧᠮ᠎ᠢ ᠤᠷᠢᠳ ᠵᠢᠡᠷ ᠪᠠᠢᠭᠤᠯᠵᠤ᠂ ᠱᠢᠨ᠎ᠡ ᠡᠨᠧᠷᠭᠢ ᠪᠡᠷ ᠭᠤᠤᠯ ᠴᠣᠭ᠍ᠴᠠ ᠪᠣᠯᠭᠠᠭ᠍ᠰᠠᠨ ᠱᠢᠨ᠎ᠡ ᠬᠡᠯᠪᠡᠷᠢ ᠵᠢᠨ ᠴᠠᠬᠢᠯᠭᠠᠨ ᠬᠦᠴᠦᠨ ᠤ᠋ ᠱᠢᠰᠲ᠋ᠧᠮ ᠢ᠋ ᠤᠷᠢᠳ ᠵᠢᠡᠷ ᠪᠠᠢᠭᠤᠯᠵᠤ᠂ 2025 ᠤᠨ ᠪᠣᠯᠬᠤ᠎ᠳᠤ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ ᠵᠢ ᠢᠯᠴᠢ ᠵᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ ᠡᠴᠡ ᠳᠠᠪᠠᠭᠤᠯᠵᠤ᠂ 2030 ᠤᠨ ᠪᠣᠯᠬᠤ᠎ᠳᠤ ᠱᠢᠨ᠎ᠡ ᠡᠨᠧᠷᠭᠢ ᠪᠡᠷ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ ᠵᠢ ᠢᠯᠴᠢ ᠵᠢᠨ ᠴᠠᠬᠢᠯᠭᠠᠨ᠎ᠤ ᠶᠡᠷᠦᠩᠬᠡᠶ ᠬᠡᠮᠵᠢᠶ᠎ᠡ ᠡᠴᠡ ᠳᠠᠪᠠᠭᠤᠯᠤᠨ᠎ᠠ᠃ ᠱᠢᠨ᠎ᠡ ᠡᠨᠧᠷᠭᠢ ᠵᠢᠨ ᠠᠬᠤᠢ ᠲᠠᠯᠠᠪᠠᠢ ᠵᠢᠨ ᠬᠡᠷᠡᠭ᠌ᠯᠡᠭᠡ ᠵᠢ ᠥᠷᠭᠡᠨ ᠵᠢᠡᠷ ᠥᠷᠭᠡᠳᠭᠡᠵᠦ᠍᠂ ᠱᠢᠨ᠎ᠡ ᠡᠨᠧᠷᠭᠢ ᠵᠢᠨ ᠲᠣᠨᠣᠭ᠍ᠯᠠᠯ ᠦᠢᠯᠡᠳᠬᠦ᠌ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ᠋ ᠦᠢᠯᠡᠰ ᠢ᠋ ᠶᠡᠬᠡ ᠪᠡᠷ ᠬᠥᠭ᠌ᠵᠢᠭᠦᠯᠵᠦ᠍᠂ ᠰᠠᠯᠬᠢᠨ᠂ ᠭᠡᠷᠡᠯ᠂ ᠤᠰᠤᠲᠥ᠋ᠷᠥᠭ᠌ᠴᠢ᠂ ᠨᠦᠭᠡᠴᠡ ᠲᠦᠷᠪᠡᠨ ᠶᠡᠬᠡ ᠠᠵᠤ ᠦᠢᠯᠡᠰ ᠤ᠋ᠨ ᠪᠦᠯᠦᠭ᠌ᠵᠢᠯ ᠢ᠋ ᠪᠤᠵᠠᠭᠠᠢᠷᠠᠭᠤᠯᠵᠤ᠂ ᠱᠢᠨ᠎ᠡ ᠡᠨᠧᠷᠭᠢ ᠵᠢᠨ ᠠᠵᠤ ᠦᠢᠯᠡᠰ ᠤ᠋ᠨ ᠲᠠᠩ ᠴᠤᠯᠭᠤᠢ ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠵᠤ ᠪᠠᠢᠭ᠍ᠰᠠᠨ᠎ᠠᠴᠠ ᠪᠦᠬᠦ᠌ ᠠᠵᠤ ᠦᠢᠯᠡᠰ ᠤ᠋ᠨ ᠬᠡᠯᠬᠢᠶ᠎ᠡ ᠲᠡᠢᠰᠢ ᠬᠥᠭ᠌ᠵᠢᠬᠦ᠌ ᠵᠢ ᠠᠬᠢᠭᠤᠯᠵᠤ᠂ ᠥᠪᠥᠷ ᠮᠣᠩᠭᠣᠯ ᠵᠢᠠᠨ ᠪᠦᠬᠦ᠌ ᠤᠯᠤᠰ ᠴᠢᠨᠠᠭ᠍ᠰᠢᠯᠠᠪᠠᠯ ᠲᠡᠯᠡᠬᠡᠢ ᠵᠢᠨ ᠱᠢᠨ᠎ᠡ ᠡᠨᠧᠷᠭᠢ ᠵᠢᠨ ᠠᠵᠤ ᠦᠢᠯᠡᠰ ᠤ᠋ᠨ ᠥᠨᠳᠥᠷᠯᠢᠭ ᠪᠣᠯᠭᠠᠨ ᠪᠦᠲᠦᠭᠡᠨ ᠪᠠᠢᠭᠤᠯᠤᠨ᠎ᠠ᠃ ᠬᠣᠪᠣᠷ ᠱᠢᠷᠣᠶ ᠵᠢᠨ ᠡᠬᠢ ᠪᠠᠶᠠᠯᠢᠭ᠎ᠤᠨ ᠬᠠᠮᠠᠭᠠᠯᠠᠯᠳᠠ ᠵᠢᠨ ᠴᠢᠨᠠᠷᠲᠠᠶ᠎ᠨᠡᠭᠡᠭᠡᠨ ᠬᠦᠭᠵᠢᠬᠦᠯᠦᠯᠳᠡ᠂ ᠴᠢᠨᠠᠷᠵᠢᠭᠤᠨ ᠠᠱᠢᠭ᠍ᠯᠠᠯᠳᠠ᠂ ᠵᠢᠷᠤᠮᠵᠢᠬᠰᠠᠨ ᠬᠠᠮᠢᠶᠠᠷᠤᠯᠳᠠ ᠵᠢ ᠠᠬᠢᠭᠤᠯᠵᠤ᠂ 《 ᠬᠣᠪᠣᠷ ᠱᠢᠷᠣᠶ + 》 ᠵᠢᠨ ᠬᠠᠮᠳᠤᠷᠠᠨ ᠱᠢᠨ᠎ᠡ ᠵᠢ ᠡᠭᠦᠳᠬᠦ᠌ ᠵᠢ ᠴᠢᠩᠭᠠᠳᠬᠠᠵᠤ᠂ ᠬᠣᠪᠣᠷ ᠱᠢᠷᠣᠶ ᠵᠢᠨ ᠠᠵᠤ ᠦᠶ᠋ᠯᠡᠰ ᠢ᠋ ᠨᠠᠷᠢᠯᠢᠭ᠍ᠵᠢᠭᠤᠯᠤᠨ ᠱᠢᠯᠢᠳᠡᠭ᠌ᠵᠢᠭᠦᠯᠵᠦ᠍ ᠬᠦᠴᠦᠷᠬᠡᠭ᠌ᠵᠢᠭᠦᠯᠦᠨ᠎ᠡ᠃

(ᠭᠤᠷᠪᠠ)ᠮᠠᠯ ᠤ᠋ᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ᠎ᠤ ᠴᠢᠨᠠᠷ ᠰᠠᠢᠲᠠᠶ ᠥᠨᠳᠥᠷ ᠪᠦᠲᠦᠮᠵᠢᠳᠡᠢ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠠᠬᠢᠭᠤᠯᠤᠨ᠎ᠠ᠃ ᠪᠣᠬᠢᠷᠲᠤᠯ ᠥᠬᠡᠶ ᠪᠡᠷ ᠲᠠᠷᠢᠶᠠᠯᠠᠩ ᠮᠠᠯ ᠠᠵᠤ ᠠᠬᠤᠶ ᠵᠢ ᠬᠥᠭ᠌ᠵᠢᠭᠦᠯᠬᠦ᠌᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ ᠵᠢᠡᠷ ᠲᠠᠷᠢᠶᠠᠯᠠᠩ ᠮᠠᠯ ᠠᠵᠤ ᠠᠬᠤᠶ ᠵᠢ ᠬᠥᠭ᠌ᠵᠢᠭᠦᠯᠬᠦ᠌᠂ ᠶᠠᠰᠤ ᠴᠢᠨᠠᠷ ᠵᠢᠡᠷ ᠲᠠᠷᠢᠶᠠᠯᠠᠩ ᠮᠠᠯ ᠠᠵᠤ ᠠᠬᠤᠶ ᠵᠢ ᠬᠥᠭ᠌ᠵᠢᠭᠦᠯᠬᠦ᠌ ᠵᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠶ ᠵᠢᠨ ᠬᠥᠭ᠌ᠵᠢᠯᠲᠡ ᠵᠢ ᠥᠨᠳᠥᠷ ᠭᠠᠷᠤᠭ᠎ᠠ᠎ᠠᠴᠠ ᠲᠥᠯᠥᠪᠵᠢᠭᠦᠯᠦᠨ ᠠᠬᠢᠭᠤᠯᠵᠤ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ ᠵᠢᠨ ᠦᠶ᠋ᠯᠡᠳᠪᠦᠷᠢᠯᠡᠯ ᠡᠵᠡᠩᠨᠡᠯᠲᠡ ᠵᠢᠨ ᠠᠷᠭ᠎ᠠ ᠬᠡᠯᠪᠡᠷᠢ ᠵᠢ ᠬᠦᠴᠦ᠍ᠯᠡᠨ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠡᠷᠴᠢᠮᠵᠢᠭ᠌ᠰᠡᠨ᠂ ᠬᠡᠪᠴᠢᠶᠡᠵᠢᠭ᠌ᠰᠡᠨ᠂ ᠳᠡᠭᠡᠳᠦ ᠲᠠᠰᠴᠢᠯᠡᠬᠦ ᠬᠥᠭ᠌ᠵᠢᠯᠲᠡ ᠵᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠣᠷᠣᠨ ᠪᠦᠰᠡ ᠵᠢᠨ ᠪᠠᠢᠷᠢᠱᠢᠭᠤᠯᠤᠯᠲᠠ ᠪᠤᠯᠤᠨ ᠦᠢᠯᠡᠳᠪᠦᠷᠢᠯᠡᠯ ᠤ᠋ᠨ ᠪᠦᠲᠦᠴᠡ ᠵᠢ ᠱᠢᠯᠢᠳᠡᠭ᠌ᠵᠢᠭᠦᠯᠵᠦ᠍᠂ ᠡᠬᠢ ᠪᠠᠶᠠᠯᠢᠭ ᠤ᠋ᠨ ᠤᠭ ᠰᠤᠷᠪᠤᠯᠵᠢ ᠪᠠ ᠵᠠᠬ᠎ᠠ ᠳᠡᠯᠭᠡᠭᠦᠷ ᠤ᠋ᠨ ᠬᠡᠷᠡᠭ᠌ᠴᠡᠭᠡ ᠱᠠᠭᠠᠷᠳᠠᠯᠭ᠎ᠠ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠠᠮᠤ ᠪᠤᠳᠠᠭ᠎ᠠ ᠲᠠᠷᠢᠬᠤ᠎ᠳᠤ ᠲᠣᠬᠢᠷᠠᠮᠵᠢᠲᠠᠢ ᠪᠣᠯ ᠠᠮᠤ ᠪᠤᠳᠠᠭ᠎ᠠ ᠲᠠᠷᠢᠵᠤ᠂ ᠮᠠᠯᠵᠢᠬᠤ᠎ᠳᠤ ᠲᠣᠬᠢᠷᠠᠮᠵᠢᠲᠠᠢ ᠪᠣᠯ ᠮᠠᠯ ᠠᠵᠤ ᠠᠬᠤᠢ ᠡᠷᠬᠢᠯᠡᠵᠦ᠍᠂ ᠣᠢᠵᠢᠭᠤᠯᠬᠤ᠎ᠳᠤ ᠲᠣᠬᠢᠷᠠᠮᠵᠢᠲᠠᠢ ᠪᠣᠯ ᠤᠢᠵᠢᠭᠤᠯᠵᠤ᠂ ᠳᠠᠪᠠᠭᠤᠯᠢᠭ ᠮᠠᠯ ᠤ᠋ᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠠᠵᠤ ᠦᠢᠯᠡᠰ ᠤ᠋ᠨ ᠪᠦᠰᠡ ᠪᠠ ᠣᠨᠴᠠᠯᠢᠭ᠍ᠲᠤ ᠮᠠᠯ ᠤ᠋ᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠳᠠᠪᠠᠭᠤᠯᠢᠭ ᠣᠷᠣᠨ ᠢ᠋ ᠲᠦᠷᠭᠡᠳᠭᠡᠨ ᠪᠠᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠬᠠᠩᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠍᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠪᠠᠷᠢᠮᠵᠢᠶᠠᠵᠢᠭ᠍ᠰᠠᠨ ᠪᠣᠬᠢᠷᠲᠤᠯ ᠦᠭᠡᠢ ᠦᠢᠯᠡᠳᠪᠦᠷᠢᠯᠡᠯ ᠢ᠋ ᠴᠢᠩᠭᠠᠳᠭᠠᠵᠤ᠂ ᠴᠢᠨᠠᠷ ᠰᠠᠢᠲᠠᠢ ᠠᠮᠤ ᠪᠤᠳᠠᠭᠠᠨ᠎ᠤ ᠢᠨᠵᠧᠨᠧᠷᠢᠩ ᠪᠣᠯᠤᠨ ᠰᠦ ᠵᠢᠨ ᠦᠢᠯᠡᠰ ᠢ᠋ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠠᠬᠢᠭᠤᠯᠵᠤ᠂ ᠮᠠᠯ ᠪᠡᠯᠴᠢᠭᠡᠷ ᠢ᠋ ᠨᠢᠭᠡ ᠴᠤᠬ᠍ᠴᠠᠵᠢᠭᠤᠯᠬᠤ ᠪᠡᠷ ᠭᠣᠣᠯᠳᠠᠯᠭ᠎ᠠ ᠪᠣᠯᠭᠠᠭ᠍ᠰᠠᠨ ᠤᠳᠤ ᠦᠶ᠎ᠡ ᠵᠢᠨ ᠮᠠᠯ ᠠᠵᠤ ᠠᠬᠤᠢ ᠵᠢ ᠲᠦᠷᠭᠡᠳᠭᠡᠨ ᠬᠥᠭ᠌ᠵᠢᠭᠦᠯᠵᠦ᠍᠂ ᠦᠷ᠎ᠡ ᠵᠢᠨ ᠦᠢᠯᠡᠰ ᠢ᠋ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠬᠡᠷᠡᠭ᠌ᠵᠢᠭᠦᠯᠵᠦ᠍᠂ ᠮᠠᠯ ᠠᠵᠤ ᠠᠬᠤᠢ ᠲᠠᠷᠢᠶᠠᠯᠠᠩ ᠤ᠋ᠨ ᠬᠥᠭ᠌ᠵᠢᠯᠲᠡ ᠵᠢ ᠭᠣᠣᠯᠳᠠᠭᠤ ᠮᠠᠯ ᠤ᠋ᠨ ᠲᠣᠭ᠎ᠠ ᠲᠣᠯᠣᠭᠠᠢ᠂ ᠠᠮᠤ ᠪᠤᠳᠠᠭᠠᠨ᠎ᠤ ᠤᠨᠠᠯᠲᠠ ᠵᠢᠨ ᠨᠡᠮᠡᠭᠳᠡᠯ᠎ᠢ ᠴᠢᠬᠤᠯᠠᠴᠢᠯᠠᠬᠤ ᠪᠠᠢᠬᠰᠠᠨ ᠡᠴᠨ ᠲᠦᠷᠦᠯ ᠵᠦᠢᠯ ᠢ᠋ ᠱᠢᠯᠢᠳᠡᠭ᠌ᠵᠢᠭᠦᠯᠬᠦ᠌᠂ ᠶᠠᠰᠤ ᠴᠢᠨᠠᠷ ᠢ᠋ ᠳᠡᠭᠡᠭ᠌ᠰᠢᠯᠡᠭᠦᠯᠬᠦ᠌᠂ ᠲᠦᠷᠦᠯ ᠲᠡᠮᠳᠡᠭ ᠢ᠋ ᠴᠣᠭ᠍ᠴᠠᠯᠠᠬᠤ ᠵᠢ ᠨᠡᠩ ᠴᠢᠬᠤᠯᠠᠴᠢᠯᠠᠬᠤ ᠬᠤᠪᠢᠷᠠᠯᠳᠠ ᠵᠢ ᠠᠬᠢᠭᠤᠯᠵᠤ᠂ ᠨᠡᠩ ᠤᠯᠠᠨ ᠴᠢᠨᠠᠷ ᠰᠠᠢᠲᠠᠢ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠬᠠᠩᠭᠠᠯᠭ᠎ᠠ ᠵᠢ ᠨᠡᠮᠡᠭ᠌ᠳᠡᠭᠦᠯᠦᠨ᠎ᠡ᠃ ᠲᠠᠷᠢᠶᠠᠨ ᠭᠠᠵᠠᠷ ᠢ᠋ 《 ᠲᠠᠷᠢᠶᠠᠯᠠᠩ ᠤ᠋ᠨ ᠪᠤᠰᠤ ᠪᠣᠯᠭᠠᠬᠤ 》᠂ 《 ᠠᠮᠤ ᠪᠤᠳᠠᠭᠠᠨ᠎ᠤ ᠪᠤᠰᠤ ᠪᠣᠯᠭᠠᠬᠤ 》 ᠵᠢ ᠡᠷᠡᠰ ᠬᠤᠷᠢᠬᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠪᠠ ᠬᠠᠷ᠎ᠠ ᠬᠥᠷᠥᠰᠥᠨ ᠤ᠋ ᠬᠠᠮᠠᠭᠠᠯᠠᠯᠲᠠ ᠵᠢ ᠴᠢᠩᠭᠠᠳᠭᠠᠨ᠎ᠠ᠃ ᠣᠯᠠᠨ ᠵᠦᠶ᠋ᠯ ᠤ᠋ᠨ ᠬᠡᠯᠪᠡᠷᠢ ᠵᠢᠨ ᠵᠤᠬᠢᠰᠳᠠᠢ ᠬᠡᠪᠴᠢᠶᠡᠲᠦ ᠡᠵᠡᠩᠨᠡᠯᠲᠡ ᠵᠢ ᠬᠥᠭ᠌ᠵᠢᠭᠦᠯᠵᠦ᠍᠂ ᠲᠠᠷᠢᠶᠠᠯᠠᠩ ᠮᠠᠯ ᠠᠵᠤ ᠠᠬᠤᠶ ᠵᠢᠨ ᠠᠵᠤ ᠦᠢᠯᠡᠰᠵᠢᠭ᠌ᠰᠡᠨ ᠳᠠᠭᠠᠭᠤᠯᠤᠬᠴᠢ ᠠᠵᠤ ᠠᠬᠤᠢᠯᠠᠯ ᠤ᠋ᠨ ᠱᠢᠨ᠎ᠡ ᠵᠢ ᠡᠭᠦᠳᠦᠨ ᠬᠥᠭ᠌ᠵᠢᠬᠦ᠌ ᠵᠢ ᠳᠡᠮᠵᠢᠵᠦ᠍᠂ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠮᠠᠯᠴᠢᠨ ᠲᠠᠷᠢᠶᠠᠴᠢᠨ᠎ᠤ ᠵᠣᠬᠢᠶᠠᠨ ᠪᠠᠢᠭᠤᠯᠤᠯᠳᠠ ᠵᠢᠨ ᠬᠡᠮᠵᠢᠶ᠎ᠡ ᠵᠢ ᠳᠡᠭᠡᠭ᠌ᠰᠢᠯᠡᠭᠦᠯᠦᠨ᠂ ᠠᠱᠢᠭ ᠲᠤᠰᠠ ᠵᠢᠨ ᠬᠣᠯᠪᠣᠭᠠᠨ ᠎ᠤ ᠲᠣᠭ᠍ᠲᠠᠴᠠ ᠵᠢ ᠲᠡᠭᠦᠯᠳᠡᠷᠵᠢᠭᠦᠯᠵᠦ᠍᠂ ᠨᠠᠩ ᠣᠯᠠᠨ ᠲᠤᠰᠭᠠᠢᠵᠢᠭ᠍ᠰᠠᠨ ᠬᠡᠪᠴᠢᠶᠡᠵᠢᠭ᠌ᠰᠡᠨ ᠠᠵᠤ ᠦᠶ᠋ᠯᠡᠰ ᠤ᠋ᠨ ᠪᠦᠯᠦᠭ᠌ᠵᠢᠯ ᠢ᠋ ᠪᠣᠶ ᠪᠣᠯᠭᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠶ᠋ᠯᠡᠰ ᠤ᠋ᠨ ᠠᠭᠤᠰᠤᠯᠴᠠᠨ ᠬᠥᠭ᠌ᠵᠢᠬᠦ᠌ ᠵᠢ ᠠᠬᠢᠭᠤᠯᠵᠤ᠂ ᠮᠠᠯ ᠤ᠋ᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠨᠠᠷᠢᠯᠢᠭ ᠡᠳ᠋ᠱᠢᠭᠦᠯᠬᠦ᠌ ᠵᠢ ᠰᠠᠢᠲᠤᠷ ᠠᠳᠬᠤᠵᠤ᠂ ᠬᠥᠳᠡᠭᠡ ᠲᠣᠰᠭᠣᠨ᠎ᠤ ᠠᠵᠤ ᠠᠬᠤᠶ ᠵᠢᠨ ᠡᠵᠡᠩᠨᠡᠯᠲᠡ ᠵᠢᠨ ᠪᠠᠢᠳᠠᠯ ᠢ᠋ ᠪᠠᠶᠠᠯᠢᠭ᠍ᠵᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠠᠵᠤ ᠦᠶ᠋ᠯᠡᠰ ᠤ᠋ᠨ ᠬᠡᠯᠬᠢᠶ᠎ᠡ ᠵᠢ ᠤᠷᠲᠤᠳᠭᠠᠬᠤ᠂ ᠥᠷᠲᠡᠭ ᠤ᠋ᠨ ᠬᠡᠯᠬᠢᠶ᠎ᠡ ᠵᠢ ᠳᠡᠭᠡᠭ᠌ᠰᠢᠯᠡᠭᠦᠯᠬᠦ᠌ ᠵᠢ ᠠᠬᠢᠭᠤᠯᠤᠨ᠎ᠠ᠃

(ᠳᠥᠷᠪᠡ) ᠪᠠᠢᠯᠳᠤᠬᠤ ᠪᠣᠳᠣᠯᠭ᠎ᠠ ᠵᠢᠨ ᠴᠢᠨᠠᠷᠲᠠᠶ ᠱᠢᠨ᠎ᠡ ᠪᠡᠷ ᠬᠦᠭᠵᠢᠭᠰᠡᠨ ᠠᠵᠤ ᠦᠢᠯᠡᠰ᠂ ᠲᠡᠷᠢᠭᠦᠨ ᠤ᠋ ᠦᠢᠯᠡᠳᠬᠦ᠌ ᠦᠢᠯᠡᠰ ᠪᠠ ᠣᠳᠣ ᠦᠶ᠎ᠡ ᠵᠢᠨ ᠦᠢᠯᠡᠴᠢᠯᠡᠭᠡᠨ ᠤ᠋ ᠦᠢᠯᠡᠰ ᠢ᠋ ᠶᠡᠬᠡ ᠪᠡᠷ ᠬᠥᠭ᠌ᠵᠢᠭᠦᠯᠦᠨ᠎ᠡ᠃ ᠡᠨᠧᠷᠭᠢ ᠳ᠋ᠦ ᠲᠦᠱᠢᠭ᠌ᠯᠡᠨ ᠴᠢᠬᠤᠯᠠ ᠵᠦᠢᠯ ᠳ᠋ᠦ ᠲᠦᠱᠢᠭ᠌ᠯᠡᠵᠦ᠍ ᠪᠠᠢᠭ᠎ᠠ ᠠᠵᠤ ᠦᠢᠯᠡᠰ ᠤ᠋ᠨ ᠪᠦᠲᠦᠴᠡ ᠵᠢ ᠬᠤᠪᠢᠷᠠᠭᠤᠯᠬᠤ ᠵᠢ ᠪᠤᠳᠤᠯᠬᠢᠯᠠᠵᠤ᠂ ᠡᠪᠳᠡᠬᠦ᠌ ᠪᠠᠢᠭᠤᠯᠬᠤ ᠵᠢ ᠵᠡᠷᠭᠡ ᠪᠡᠷ ᠠᠳᠭᠤᠬᠤ᠂ ᠨᠡᠮᠡᠬᠦ᠌ ᠬᠠᠰᠤᠬᠤ ᠵᠢ ᠵᠡᠷᠭᠡ ᠪᠡᠷ ᠬᠢᠬᠦ᠌ ᠵᠢ ᠪᠠᠷᠢᠮᠲᠠᠯᠠᠵᠤ᠂ ᠠᠵᠤ ᠦᠢᠯᠡᠰ ᠤ᠋ᠨ ᠪᠦᠲᠦᠴᠡ ᠵᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌ ᠠᠬᠢᠴᠠ ᠵᠢ ᠲᠦᠷᠭᠡᠳᠭᠡᠵᠦ᠍᠂ ᠱᠢᠨ᠎ᠡ ᠨᠡᠮᠡᠭ᠌ᠳᠡᠯ ᠤ᠋ᠨ ᠴᠡᠭ ᠢ᠋ ᠬᠦᠴᠦᠯᠡᠨ ᠪᠤᠵᠠᠭᠠᠢᠷᠠᠭᠤᠯᠤᠨ᠎ᠠ᠃ ᠪᠠᠢᠯᠳᠤᠬᠤ ᠪᠤᠳᠤᠯᠭ᠎ᠠ ᠵᠢᠨ ᠴᠢᠨᠠᠷᠲᠠᠢ ᠱᠢᠨ᠎ᠡ ᠪᠡᠷ ᠬᠥᠭ᠌ᠵᠢᠭ᠌ᠰᠡᠨ ᠠᠵᠤ ᠦᠢᠯᠡᠰ᠎ᠤᠨ ᠠᠭᠤᠰᠤᠯᠴᠠᠭᠤᠯᠬᠤ ᠪᠦᠯᠦᠭᠵᠢᠭᠦᠯᠬᠦ ᠠᠮᠢ ᠠᠬᠤᠢᠵᠢᠭᠤᠯᠬᠤ ᠬᠦᠭᠵᠢᠯᠳᠡ ᠵᠢ ᠠᠬᠢᠭᠤᠯᠵᠤ᠂ ᠪᠣᠬᠢᠷᠲᠤᠯ ᠦᠭᠡᠢ ᠣᠷᠴᠢᠨ ᠠᠬᠤᠢ ᠵᠢ ᠬᠠᠮᠠᠭᠠᠯᠠᠬᠤ᠂ ᠠᠮᠢᠳᠤ ᠪᠣᠳᠠᠰ ᠤ᠋ᠨ ᠡᠮ ᠡᠮᠨᠡᠯᠭᠡ᠂ ᠳᠡᠭᠡᠳᠦ ᠲᠡᠰ ᠤ᠋ᠨ ᠲᠣᠨᠣᠭ᠍ᠯᠠᠯ ᠵᠡᠷᠭᠡ ᠠᠵᠤ ᠦᠢᠯᠡᠰ ᠢ᠋ ᠲᠦᠷᠭᠡᠳᠬᠡᠨ ᠪᠤᠵᠠᠭᠠᠢᠷᠠᠭᠤᠯᠵᠤ᠂ ᠢᠷᠡᠭᠡᠳᠦᠢ ᠵᠢᠨ ᠠᠵᠤ ᠦᠢᠯᠡᠰ ᠢ᠋ ᠲᠥᠯᠥᠪᠯᠡᠨ ᠪᠠᠢᠷᠢᠱᠢᠭᠤᠯᠵᠤ᠂ ᠠᠵᠤ ᠦᠢᠯᠡᠰ ᠤ᠋ᠨ ᠱᠢᠰᠲ᠋ᠧᠮ ᠤ᠋ᠨ ᠱᠢᠨ᠎ᠡ ᠲᠤᠯᠭᠠᠭᠤᠷᠢ ᠵᠢ ᠴᠤᠬᠴᠠᠯᠠᠨ᠎ᠠ᠃ ᠲᠣᠭᠠᠴᠢᠯᠠᠭ᠍ᠰᠠᠨ ᠠᠵᠤ ᠦᠢᠯᠡᠰᠵᠢᠯᠲᠡ ᠪᠠ ᠠᠵᠤ ᠦᠶ᠋ᠯᠡᠰ ᠤ᠋ᠨ ᠲᠣᠭᠠᠴᠢᠯᠠᠯᠲᠠ ᠵᠢᠨ ᠠᠬᠢᠴᠠ ᠵᠢ ᠲᠦᠷᠭᠡᠳᠭᠡᠵᠦ᠍᠂ ᠲᠣᠮᠣ ᠳ᠋ᠠᠢᠲ᠋ᠠ᠂ ᠡᠭᠦᠯᠡᠨ ᠪᠤᠳᠤᠯᠲᠠ᠂ ᠴᠦᠷᠭᠦᠯᠡᠭᠡ ᠳ᠋ᠠᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠱᠢᠨ᠎ᠡ ᠪᠡᠷ ᠮᠠᠨᠳᠤᠬᠰᠠᠨ ᠲᠣᠭᠠᠴᠢᠯᠠᠭ᠍ᠰᠠᠨ ᠠᠵᠤ ᠦᠶ᠋ᠯᠡᠰ ᠢ᠋ ᠪᠣᠢᠵᠢᠭᠤᠯᠤᠨ ᠬᠥᠭ᠌ᠵᠢᠭᠦᠯᠵᠦ᠍᠂ 《ᠲᠤᠭᠠᠴᠢᠯᠠᠯᠳᠠ ᠪᠡᠷ ᠬᠦᠳᠡᠯᠭᠡᠬᠦ ᠡᠨ᠋ᠸᠷᠬᠢ ᠨᠡᠮᠡᠷᠢᠯᠡᠬᠦ᠌ 》 ᠠᠵᠢᠯᠯᠠᠭ᠎ᠠ ᠵᠢ ᠭᠦᠨᠵᠡᠭᠡᠶ ᠬᠡᠷᠡᠭ᠌ᠵᠢᠭᠦᠯᠵᠦ᠍᠂ ᠤᠯᠤᠰ ᠤ᠋ᠨ ᠲᠣᠭᠠᠴᠢᠯᠠᠭ᠍ᠰᠠᠨ ᠠᠵᠤ ᠠᠬᠤᠶ ᠵᠢᠨ ᠱᠢᠨ᠎ᠡ ᠵᠢ ᠡᠭᠦᠳᠬᠦ᠌ ᠬᠥᠭ᠌ᠵᠢᠯᠲᠡ ᠵᠢᠨ ᠵᠢᠱ᠌ᠢᠶ᠎ᠡ ᠦᠵᠡᠭᠦᠯᠬᠦ᠌ ᠣᠷᠣᠨ ᠢ᠋ ᠢᠳᠡᠪᠬᠢᠲᠡᠶ ᠡᠭᠦᠳᠦᠨ ᠪᠠᠢᠭᠤᠯᠵᠤ᠂ ᠲᠣᠭᠠᠴᠢᠯᠠᠭ᠍ᠰᠠᠨ ᠠᠵᠤ ᠠᠬᠤᠶ ᠵᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠤᠨ᠎ᠠ᠃ ᠣᠶᠤᠨᠴᠢ ᠦᠢᠯᠡᠳᠬᠦ᠌ ᠪᠠ ᠪᠣᠬᠢᠷᠲᠤᠯ ᠦᠭᠡᠢ ᠦᠢᠯᠡᠳᠬᠦ᠌ ᠢᠨᠵᠧᠨᠧᠷᠢᠩ ᠢ᠋ ᠶᠡᠬᠡ ᠪᠡᠷ ᠬᠡᠷᠡᠭ᠌ᠵᠢᠭᠦᠯᠵᠦ᠍᠂ ᠤᠯᠠᠮᠵᠢᠯᠠᠯᠲᠤ ᠦᠢᠯᠡᠳᠬᠦ᠌ ᠦᠢᠯᠡᠰ ᠤ᠋ᠨ ᠪᠦᠬᠦ᠌ ᠲᠠᠯ᠎ᠠ ᠵᠢᠨ ᠪᠦᠬᠦ᠌ ᠬᠡᠯᠬᠢᠶᠡᠨ ᠤ᠋ ᠥᠭᠡᠷᠡᠴᠢᠯᠡᠯᠲᠡ ᠵᠢ ᠲᠦᠷᠭᠡᠳᠭᠡᠨ ᠠᠬᠢᠭᠤᠯᠵᠤ᠂ ᠨᠥᠯᠥᠭᠡᠯᠡᠬᠦ᠌ ᠬᠦᠴᠦᠨ ᠪᠠ ᠦᠷᠢᠰᠦᠯᠳᠦᠬᠦ᠌ ᠬᠦᠴᠦᠨ᠎ᠲᠡᠶ ᠲᠡᠷᠢᠭᠦᠨ ᠤ᠋ ᠦᠢᠯᠡᠳᠬᠦ᠌ ᠦᠢᠯᠡᠰ ᠤ᠋ᠨ ᠪᠦᠯᠦᠭᠵᠢᠯ ᠢ᠋ ᠪᠤᠢ ᠪᠣᠯᠭᠠᠨ᠎ᠠ᠃ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠡᠷᠴᠢᠮᠵᠢᠭᠦᠯᠦᠭᠰᠡᠨ ᠬᠥᠭ᠌ᠵᠢᠯᠳᠠ ᠵᠢᠨ ᠴᠢᠳᠠᠪᠬᠢ ᠵᠢ ᠴᠢᠩᠭᠠᠳᠬᠠᠵᠤ᠂ ᠮᠦ᠍ ᠪᠦᠷᠢ ᠪᠡᠷ ᠦᠨᠡᠯᠡᠬᠦ᠌ ᠵᠢ ᠪᠠᠷᠢᠮᠲᠠᠯᠠᠵᠤ᠂ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠪᠣᠬᠢᠷᠲᠤᠯ ᠦᠭᠡᠢ ᠤᠶᠤᠨᠴᠢᠯᠠᠬᠰᠠᠨ ᠪᠠᠢᠭᠤᠯᠤᠯᠲᠠ ᠵᠢ ᠲᠦᠷᠭᠡᠳᠭᠡᠨ᠎ᠡ᠃ ᠦᠶ᠋ᠯᠡᠴᠢᠯᠡᠭᠡᠨ ᠤ᠋ ᠦᠶ᠋ᠯᠡᠰ ᠤ᠋ᠨ ᠲᠣᠭᠠᠴᠢᠯᠠᠭ᠍ᠰᠠᠨ ᠪᠠᠷᠢᠮᠵᠢᠶᠠᠵᠢᠭ᠍ᠰᠠᠨ ᠲᠥᠷᠥᠯ ᠲᠡᠮᠳᠡᠭ᠌ᠵᠢᠭᠰᠡᠨ ᠬᠥᠭ᠌ᠵᠢᠯᠲᠡ ᠵᠢ ᠲᠦᠷᠭᠡᠳᠭᠡᠵᠦ᠍᠂ ᠦᠶ᠋ᠯᠡᠳᠪᠦᠷᠢᠯᠡᠯ ᠤ᠋ᠨ ᠴᠢᠨᠠᠷᠲᠠᠶ ᠦᠶ᠋ᠯᠡᠴᠢᠯᠡᠭᠡᠨ ᠤ᠋ ᠦᠶ᠋ᠯᠡᠰ᠎ᠤᠨ ᠲᠤᠰᠭᠠᠢᠵᠢᠬᠤ ᠪᠠ ᠥᠷᠲᠡᠭ ᠤ᠋ᠨ ᠬᠡᠯᠬᠢᠶ᠎ᠡ ᠵᠢᠨ ᠳᠡᠭᠡᠳᠦ ᠲᠠᠰ ᠳᠠᠢᠰᠢ ᠤᠷᠲᠤᠳᠭᠠᠬᠤ ᠵᠢ ᠠᠬᠢᠭᠤᠯᠤᠨ᠂ ᠠᠮᠢᠳᠤᠷᠠᠯ ᠤ᠋ᠨ ᠴᠢᠨᠠᠷᠲᠠᠶ ᠦᠶ᠋ᠯᠡᠴᠢᠯᠡᠭᠡᠨ ᠤ᠋ ᠦᠶ᠋ᠯᠡᠰ᠎ᠤᠨ ᠴᠢᠨᠠᠷ ᠰᠠᠢᠲᠠᠶ ᠪᠠ ᠣᠯᠠᠨ ᠶᠠᠩᠵᠤᠴᠢᠯᠬᠠᠰᠠᠨ ᠳᠠᠢᠰᠢ ᠲᠠᠰ ᠳᠡᠪᠱᠢᠭᠦᠯᠬᠦ᠌ ᠵᠢ ᠠᠬᠢᠭᠤᠯᠵᠤ᠂ ᠦᠶ᠋ᠯᠡᠴᠢᠯᠡᠭᠡᠨ ᠤ᠋ ᠦᠶ᠋ᠯᠡᠰ ᠤ᠋ᠨ ᠬᠥᠭ᠌ᠵᠢᠯᠲᠡ ᠵᠢᠨ ᠲᠠᠰ ᠴᠢᠳᠠᠪᠤᠷᠢ ᠪᠠ ᠪᠣᠬᠢᠷᠲᠤᠯ ᠥᠬᠡᠶ ᠬᠥᠭ᠌ᠵᠢᠯᠲᠡ ᠵᠢᠨ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃ ᠵᠢᠭᠤᠯᠴᠢᠯᠠᠯ ᠤ᠋ᠨ ᠦᠢᠯᠡᠰ ᠤ᠋ᠨ ᠬᠠᠩᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠲᠦᠷᠭᠡᠳᠭᠡᠵᠦ᠍᠂ ᠪᠦᠬᠦ᠌ ᠣᠷᠣᠨ ᠪᠦᠰᠡ ᠪᠦᠬᠦ᠌ ᠤᠯᠠᠷᠢᠯ ᠵᠢᠡᠷ᠂ ᠵᠦᠷᠢᠶᠡᠴᠢᠯᠡᠭ᠌ᠰᠡᠨ ᠳᠡᠭᠡᠳᠦ ᠲᠦᠪᠱᠢᠨᠳᠦ ᠬᠥᠭ᠌ᠵᠢᠯᠲᠡ ᠵᠢᠨ ᠪᠠᠢᠷᠢ ᠲᠣᠭ᠍ᠲᠠᠭᠠᠯᠲᠠ ᠵᠢ ᠪᠠᠷᠢᠮᠲᠠᠯᠠᠵᠤ᠂ ᠣᠷᠣᠨ ᠪᠦᠰᠡ ᠵᠢᠨ ᠬᠣᠭᠣᠷᠣᠨᠳᠣᠬᠢ ᠡᠬᠢ ᠪᠠᠶᠠᠯᠢᠭ ᠢ᠋ ᠬᠠᠮᠲᠤ᠎ᠪᠠᠷ ᠡᠳ᠋ᠯᠡᠬᠦ᠌ ᠪᠠ ᠥᠨᠳᠥᠷ ᠲᠦᠪᠱᠢᠨ ᠪᠦᠬᠦᠢ ᠪᠠᠢᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ ᠵᠢ ᠴᠢᠩᠭᠠᠳᠭᠠᠵᠤ᠂ ᠵᠢᠭᠤᠯᠴᠢᠯᠠᠯ ᠤ᠋ᠨ ᠲᠥᠬᠥᠭᠡᠷᠦᠮᠵᠢ ᠵᠢ ᠲᠡᠭᠦᠯᠳᠡᠷᠵᠢᠭᠦᠯᠵᠦ᠍᠂ ᠵᠢᠭᠤᠯᠴᠢᠯᠠᠯ ᠤ᠋ᠨ ᠦᠢᠯᠡᠰ ᠤ᠋ᠨ ᠡᠵᠡᠩᠨᠡᠯᠳᠡ ᠵᠢᠨ ᠭᠡᠯᠪᠡᠷᠢ ᠵᠢ ᠪᠠᠶᠠᠯᠢᠭ᠍ᠵᠢᠭᠤᠯᠵᠤ᠂ ᠵᠢᠭᠤᠯᠴᠢᠯᠠᠯ ᠤ᠋ᠨ ᠵᠠᠬ᠎ᠠ ᠳᠡᠯᠭᠡᠭᠦᠷ ᠢ᠋ ᠥᠷᠭᠡᠳᠭᠡᠵᠦ᠍᠂ ᠰᠣᠶᠣᠯ ᠵᠢᠭᠤᠯᠴᠢᠯᠠᠯ ᠤ᠋ᠨ ᠭᠦᠨᠵᠡᠭᠡᠢ ᠠᠭᠤᠰᠤᠯᠴᠠᠨ ᠬᠥᠭ᠌ᠵᠢᠬᠦ᠌ ᠵᠢ ᠠᠬᠢᠭᠤᠯᠵᠤ᠂ ᠴᠢᠨᠠᠷ ᠰᠠᠢᠲᠠᠢ ᠵᠢᠭᠤᠯᠴᠢᠯᠠᠯ ᠤ᠋ᠨ ᠦᠢᠯᠡᠴᠢᠯᠡᠭᠡᠨ ᠤ᠋ ᠬᠠᠩᠭᠠᠯᠭ᠎ᠠ ᠵᠢ ᠲᠠᠰᠤᠷᠠᠯᠳᠠ ᠦᠭᠡᠢ ᠨᠡᠮᠡᠭ᠌ᠳᠡᠭᠦᠯᠵᠦ᠍᠂ ᠨᠠᠢ᠍ᠮᠠᠨ ᠵᠣᠪᠬᠢᠰ ᠡᠴᠡ ᠬᠦᠷᠦᠯᠴᠡᠨ ᠢᠷᠡᠭᠰᠡᠨ ᠵᠣᠴᠢᠳ ᠲᠦ᠍ ᠨᠡᠩ ᠰᠠᠢ᠌ᠨ ᠰᠠᠢᠬᠠᠨ ᠥᠩᠭᠡᠷᠡᠯᠲᠡ᠂ ᠨᠡᠩ ᠲᠠᠭᠠᠯᠠᠮᠵᠢᠲᠠᠢ ᠬᠦᠷᠲᠡᠭᠡᠯ᠂ ᠨᠡᠩ ᠮᠠᠷᠲᠠᠭ᠍ᠳᠠᠰᠢ ᠦᠭᠡᠢ ᠳᠤᠷᠠᠳᠬᠠᠯ᠎ᠲᠡᠶ ᠪᠣᠯᠭᠠᠵᠤ᠂ ᠥᠪᠥᠷ ᠮᠣᠩᠭᠣᠯ ᠤ᠋ᠨ ᠵᠢᠭᠤᠯᠴᠢᠯᠠᠯ ᠢ᠋ ᠵᠡᠭᠦᠨ ᠡᠴᠡ ᠪᠠᠷᠠᠭᠤᠨᠰᠢ ᠬᠦᠷᠲᠡᠯ᠎ᠡ ᠬᠥᠭ᠌ᠵᠢᠭᠡᠵᠦ᠍᠂ ᠵᠢᠯ ᠤ᠋ᠨ ᠲᠦᠷᠪᠡᠨ ᠤᠯᠠᠷᠢᠯ᠎ᠳᠤ ᠴᠥᠮ ᠬᠥᠭ᠌ᠵᠢᠶᠡᠨ ᠲᠠᠢ ᠪᠣᠯᠭᠠᠨ᠎ᠠ᠃

(ᠲᠠᠪᠤ) ᠳᠣᠲᠣᠭᠠᠳᠤ ᠬᠡᠷᠡᠭᠴᠡᠭᠡ ᠵᠢ ᠥᠷᠭᠡᠳᠭᠡᠬᠦ ᠪᠠᠢᠯᠳᠤᠬᠤ ᠪᠣᠳᠣᠯᠭ᠎ᠠ ᠵᠢ ᠭᠦᠨᠵᠡᠭᠡᠢ ᠨᠠᠢᠳᠠᠪᠤᠷᠢᠵᠢᠭᠤᠯᠤᠨ᠎ᠠ᠃ ᠬᠡᠷᠡᠭᠯᠡᠭᠡᠨ ᠤ᠋ ᠳᠡᠰ ᠳᠡᠪᠰᠢᠬᠦ ᠬᠠᠨᠳᠤᠱᠢ ᠳ᠋ᠤ ᠵᠣᠬᠢᠴᠠᠭᠤᠯᠤᠨ᠂ ᠬᠡᠷᠡᠭᠯᠡᠭᠡᠨ ᠤ᠋ ᠦᠢᠯᠡᠳᠬᠦᠨ ᠪᠠ ᠦᠢᠯᠡᠴᠢᠯᠡᠭᠡᠨ᠎ᠦ᠌ ᠶᠠᠰᠤ ᠴᠢᠨᠠᠷ ᠢ᠋ ᠳᠡᠭᠡᠭᠱᠢᠯᠡᠭᠦᠯᠵᠦ᠂ ᠤᠯᠠᠮᠵᠢᠯᠠᠯᠲᠤ ᠬᠡᠷᠡᠭᠯᠡᠭᠡ ᠵᠢᠨ ᠶᠠᠰᠤ ᠴᠢᠨᠠᠷ ᠢ᠋ ᠳᠡᠭᠡᠭᠱᠢᠯᠡᠭᠦᠯᠦᠨ ᠪᠠᠭᠳᠠᠭᠠᠮᠵᠢ ᠵᠢ ᠥᠷᠭᠡᠳᠭᠡᠬᠦ ᠵᠢ ᠠᠬᠢᠭᠤᠯᠵᠤ᠂ ᠱᠢᠨ᠎ᠡ ᠬᠡᠯᠪᠡᠷᠢ ᠵᠢᠨ ᠬᠡᠷᠡᠭᠯᠡᠭᠡ ᠵᠢ ᠲᠦᠷᠭᠡᠳᠬᠡᠨ ᠪᠣᠢᠵᠢᠭᠤᠯᠵᠤ᠂ ᠮᠡᠳᠡᠭᠡ ᠵᠠᠩᠭᠢ ᠵᠢᠨ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ ᠵᠡᠷᠭᠡ ᠱᠢᠨ᠎ᠡ ᠨᠡᠮᠡᠭᠳᠡᠯ᠎ᠦ᠋ᠨ ᠴᠡᠭ ᠢ᠋ ᠪᠤᠵᠠᠭᠠᠢᠷᠠᠭᠤᠯᠤᠨ᠎ᠠ᠃ ᠬᠣᠲᠠ ᠬᠥᠳᠡᠭᠡ ᠵᠢᠨ ᠠᠭᠤᠰᠤᠯᠴᠠᠭᠰᠠᠨ ᠬᠡᠷᠡᠭᠯᠡᠭᠡᠨ᠎ᠦ᠌ ᠲᠣᠣᠷ ᠢ᠋ ᠲᠡᠭᠦᠯᠳᠡᠷᠵᠢᠭᠦᠯᠵᠦ᠂ ᠪᠣᠬᠢᠷᠲᠤᠯ ᠦᠭᠡᠢ ᠥᠨᠳᠥᠷ ᠪᠦᠲᠦᠮᠵᠢᠲᠡᠢ ᠢᠯᠭᠤᠮ ᠱᠢᠯᠤᠭᠤᠨ ᠣᠳᠣ ᠦᠶ᠎ᠡ ᠵᠢᠨ ᠭᠦᠢᠯᠭᠡᠭᠡ ᠵᠢᠨ ᠱᠢᠰᠲ᠋ᠧᠮ ᠢ᠋ ᠲᠦᠷᠭᠡᠳᠬᠡᠨ ᠪᠠᠢᠭᠤᠯᠵᠤ᠂ ᠬᠡᠷᠡᠭᠯᠡᠭᠡᠨ᠎ᠦ᠌ ᠣᠷᠴᠢᠨ ᠨᠥᠬᠥᠴᠡᠯ ᠢ᠋ ᠪᠦᠬᠦ ᠲᠠᠯ᠎ᠠ ᠪᠡᠷ ᠰᠠᠢᠵᠢᠷᠠᠭᠤᠯᠤᠨ᠂ ᠬᠡᠷᠡᠭᠯᠡᠭᠡᠨ᠎ᠦ᠌ ᠨᠦᠭᠡᠴᠡ ᠬᠦᠴᠦᠨ ᠢ᠋ ᠦᠷᠭᠦᠯᠵᠢᠯᠡᠨ ᠪᠠᠳᠠᠷᠠᠭᠤᠯᠤᠨ᠎ᠠ᠃ ᠵᠠᠰᠠᠭ ᠤ᠋ᠨ ᠣᠷᠳᠣᠨ ᠤ᠋ ᠪᠡᠯᠡ ᠣᠷᠣᠭᠤᠯᠤᠯᠲᠠ ᠵᠢᠨ ᠬᠥᠲᠥᠯᠦᠨ ᠵᠢᠯᠣᠭᠣᠳᠬᠤ ᠪᠠ ᠬᠥᠱᠢᠭᠦᠷᠭᠡ ᠵᠢᠨ ᠦᠢᠯᠡᠳᠦᠯ ᠢ᠋ ᠪᠦᠲᠦᠮᠵᠢᠲᠡᠢ ᠪᠠᠳᠠᠷᠠᠭᠤᠯᠵᠤ᠂ ᠠᠷᠠᠳ ᠤ᠋ᠨ ᠳᠤᠮᠳᠠᠬᠢ ᠪᠡᠯᠡ ᠣᠷᠣᠭᠤᠯᠤᠯᠲᠠ ᠵᠢᠨ ᠠᠮᠢᠵᠢᠷᠠᠯ ᠤ᠋ᠨ ᠬᠦᠴᠦᠨ ᠪᠠ ᠨᠦᠭᠡᠴᠡ ᠬᠦᠴᠦᠨ ᠢ᠋ ᠭᠦᠢᠴᠡᠳ ᠬᠥᠭᠵᠢᠭᠡᠵᠦ᠂ ᠳᠤᠲᠠᠭᠤᠳᠠᠯ ᠤ᠋ᠨ ᠬᠦᠷᠢᠶ᠎ᠡ ᠴᠠᠷᠠᠭᠠᠨ᠎ᠳ᠋ᠦ᠍ ᠠᠩᠬᠠᠷᠤᠯ ᠢ᠋ᠶ᠋ᠠᠨ ᠲᠥᠪᠯᠡᠷᠡᠭᠦᠯᠦᠨ ᠪᠦᠲᠦᠮᠵᠢᠲᠡᠢ ᠪᠡᠯᠡ ᠣᠷᠣᠭᠤᠯᠤᠯᠲᠠ ᠵᠢ ᠥᠷᠭᠡᠳᠭᠡᠵᠦ᠂ ᠰᠠᠭᠤᠷᠢ ᠵᠢ ᠪᠠᠲᠤᠳᠭᠠᠬᠤ᠂ ᠴᠢᠳᠠᠮᠵᠢ ᠵᠢ ᠨᠡᠮᠡᠭᠳᠡᠭᠦᠯᠬᠦ᠂ ᠠᠯᠤᠰ ᠢᠷᠡᠭᠡᠳᠦᠢ᠎ᠳ᠋ᠦ᠍ ᠠᠱᠢᠭᠲᠠᠢ ᠨᠢᠭᠡ ᠪᠦᠯᠦᠭ ᠴᠢᠬᠤᠯᠠ ᠶᠡᠬᠡ ᠲᠦᠷᠦᠯ ᠵᠦᠢᠯ ᠢ᠋ ᠬᠡᠷᠡᠭᠵᠢᠭᠦᠯᠵᠦ᠂ ᠠᠵᠤ ᠠᠬᠤᠢᠯᠠᠯ ᠤ᠋ᠨ ᠳᠤᠨᠤᠭ ᠲᠥᠬᠥᠭᠡᠷᠦᠮᠵᠢ ᠵᠢ ᠱᠢᠨᠡᠳᠭᠡᠬᠦ ᠪᠠ ᠮᠡᠷᠭᠡᠵᠢᠯ᠎ᠦ᠋ᠨ ᠥᠭᠡᠷᠡᠴᠢᠯᠡᠯᠲᠡ ᠵᠢᠨ ᠣᠷᠣᠭᠤᠯᠤᠯᠲᠠ ᠪᠠᠨ ᠨᠡᠮᠡᠭᠳᠡᠭᠦᠯᠬᠦ ᠵᠢ ᠳᠡᠮᠵᠢᠵᠦ᠂ ᠪᠡᠯᠡ ᠣᠷᠣᠭᠤᠯᠤᠯᠲᠠ ᠵᠢᠨ ᠬᠡᠪᠴᠢᠶ᠎ᠡ ᠵᠢ ᠲᠣᠭᠲᠠᠭᠤᠨ ᠢ᠋ᠶ᠋ᠠᠷ ᠨᠡᠮᠡᠭᠳᠡᠭᠦᠯᠬᠦ᠂ ᠪᠦᠲᠦᠴᠡ ᠵᠢ ᠦᠷᠭᠦᠯᠵᠢᠯᠡᠨ ᠱᠢᠯᠢᠳᠡᠭᠵᠢᠭᠦᠯᠬᠦ᠂ ᠶᠠᠰᠤ ᠴᠢᠨᠠᠷ ᠢ᠋ ᠲᠠᠰᠤᠷᠠᠯᠲᠠ ᠦᠭᠡᠢ ᠳᠡᠭᠡᠭᠱᠢᠯᠡᠭᠦᠯᠬᠦ ᠵᠢ ᠠᠬᠢᠭᠤᠯᠤᠨ᠎ᠠ᠃ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ᠂ ᠵᠣᠬᠢᠰᠲᠠᠢ ᠪᠡᠷ ᠤᠷᠢᠳᠴᠢᠯᠠᠬᠤ ᠵᠠᠷᠴᠢᠮ ᠶᠣᠰᠣᠭᠠᠷ᠂ ᠰᠠᠭᠤᠷᠢ ᠲᠥᠬᠥᠭᠡᠷᠦᠮᠵᠢ ᠵᠢᠨ ᠪᠣᠬᠢᠷᠲᠤᠯ ᠦᠭᠡᠢ᠎ᠪᠡᠷ ᠳᠡᠰ ᠳᠡᠪᠰᠢᠬᠦ ᠵᠢ ᠠᠬᠢᠭᠤᠯᠵᠤ᠂ ᠡᠷᠴᠢᠮᠯᠢᠭ ᠪᠥᠭᠡᠳ ᠥᠨᠳᠥᠷ ᠪᠦᠲᠦᠮᠵᠢᠲᠡᠢ᠂ ᠬᠢᠮᠳᠠ ᠪᠥᠭᠡᠳ ᠲᠣᠬᠢᠷᠠᠮᠵᠢᠲᠠᠢ᠂ ᠣᠶᠤᠨᠴᠢ ᠪᠥᠭᠡᠳ ᠪᠣᠬᠢᠷᠲᠤᠯ ᠦᠭᠡᠢ᠂ ᠠᠮᠤᠷ ᠲᠦᠪᠱᠢᠨ ᠪᠥᠭᠡᠳ ᠨᠠᠢᠳᠠᠪᠤᠷᠢᠲᠠᠢ ᠣᠳᠣᠬᠢᠴᠢᠯᠠᠬᠰᠠᠨ ᠰᠠᠭᠤᠷᠢ ᠲᠥᠬᠥᠭᠡᠷᠦᠮᠵᠢ ᠵᠢᠨ ᠱᠢᠰᠲ᠋ᠧᠮ ᠢ᠋ ᠲᠦᠷᠭᠡᠳᠬᠡᠨ ᠪᠠᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠵᠢᠨ ᠬᠡᠷᠡᠭᠴᠡᠭᠡ ᠵᠢ ᠦᠷᠭᠦᠯᠵᠢᠯᠡᠨ ᠬᠠᠩᠭᠠᠨ᠎ᠠ᠃

( ᠵᠢᠷᠭᠤᠭ᠎ᠠ ) ᠣᠷᠣᠨ ᠪᠦᠰᠡ ᠪᠠ ᠬᠣᠲᠠ ᠬᠥᠳᠡᠭᠡ ᠵᠢᠨ ᠬᠥᠭᠵᠢᠯᠲᠡ ᠵᠢᠨ ᠱᠢᠨ᠎ᠡ ᠪᠠᠢᠷᠢᠱᠢᠯ ᠢ᠋ ᠪᠤᠢ ᠪᠤᠯᠭᠠᠨ᠎ᠠ᠃ ᠣᠷᠣᠨ ᠪᠦᠰᠡ ᠵᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ᠂ ᠣᠷᠣᠨ ᠪᠦᠰᠡ ᠵᠢᠨ ᠲᠥᠷᠥ ᠵᠢᠨ ᠪᠣᠳᠣᠯᠭ᠎ᠠ ᠵᠢᠨ ᠱᠢᠰᠲ᠋ᠧᠮ ᠢ᠋ ᠲᠣᠬᠢᠷᠠᠭᠤᠯᠤᠨ ᠲᠡᠭᠦᠯᠳᠡᠷᠵᠢᠭᠦᠯᠵᠦ᠂ ᠵᠡᠭᠦᠨ ᠬᠡᠰᠡᠭ᠎ᠦ᠋ᠨ ᠠᠢᠮᠠᠭ ᠬᠣᠲᠠ ᠵᠢᠨ ᠨᠤᠲᠤᠭ ᠪᠡᠯᠴᠢᠬᠡᠷ᠂ ᠣᠢ ᠱᠢᠭᠤᠢ᠂ ᠭᠣᠣᠯ ᠮᠥᠷᠡᠨ ᠨᠠᠭᠤᠷ ᠴᠥᠭᠥᠷᠥᠮ᠂ ᠨᠤᠭᠤ ᠭᠠᠵᠠᠷ ᠢ᠋ ᠬᠠᠮᠠᠭᠠᠯᠠᠬᠤ ᠪᠡᠷ ᠭᠣᠣᠯ ᠡᠭᠦᠷᠭᠡ᠎ᠪᠡᠨ ᠪᠣᠯᠭᠠᠵᠤ᠂ ᠣᠳᠣ ᠦᠶ᠎ᠡ ᠵᠢᠨ ᠮᠠᠯ ᠠᠵᠤ ᠠᠬᠤᠢ ᠲᠠᠷᠢᠶᠠᠯᠠᠩ᠂ ᠣᠨᠴᠠᠯᠢᠭᠲᠤ ᠵᠢᠭᠤᠯᠴᠢᠯᠠᠯ ᠤ᠋ᠨ ᠦᠢᠯᠡᠰ ᠪᠠ ᠪᠣᠭᠣᠮᠲᠠ ᠵᠢᠨ ᠠᠵᠤ ᠠᠬᠤᠢ ᠵᠢ ᠬᠥᠭᠵᠢᠭᠦᠯᠬᠦ᠎ᠪᠡᠷ ᠭᠣᠣᠯ ᠱᠢᠪᠲᠤᠯᠤᠯᠲᠠ ᠵᠢᠨ ᠴᠢᠭᠯᠡᠯ ᠢ᠋ᠶ᠋ᠡᠨ ᠪᠣᠯᠭᠠᠵᠤ᠂ ᠪᠣᠬᠢᠷᠲᠤᠯ ᠥᠬᠡᠢ ᠠᠮᠢ ᠠᠬᠤᠢ ᠵᠢᠨ ᠳᠠᠪᠠᠭᠤᠯᠢᠭ ᠢ᠋ ᠶᠡᠬᠡᠰᠭᠡᠬᠦ ᠪᠠ ᠪᠠᠳᠠᠷᠠᠭᠤᠯᠬᠤ ᠳᠤᠮᠳᠠ ᠴᠢᠨᠠᠷ ᠰᠠᠢᠲᠠᠢ ᠬᠥᠭᠵᠢᠯᠲᠡ ᠵᠢ ᠪᠡᠶᠡᠯᠡᠭᠦᠯᠤᠨ᠎ᠠ ; ᠳᠤᠮᠳᠠ ᠬᠡᠰᠡᠭ ᠪᠠᠷᠠᠭᠤᠨ ᠬᠡᠰᠡᠭ᠎ᠦ᠋ᠨ ᠠᠢᠮᠠᠭ ᠬᠣᠲᠠ ᠵᠢᠨ ᠬᠠᠲᠤᠨ ᠭᠣᠣᠯ ᠤ᠋ᠨ ᠰᠠᠪᠠ ᠭᠠᠵᠠᠷ ᠤ᠋ᠨ ᠶᠡᠬᠡ ᠬᠠᠮᠠᠭᠠᠯᠠᠯᠲᠠ ᠶᠡᠬᠡ ᠵᠠᠰᠠᠯᠲᠠ ᠵᠢ ᠰᠠᠢᠲᠤᠷ ᠠᠳᠭᠤᠬᠤ ᠵᠢ ᠲᠡᠷᠢᠭᠦᠨ᠎ᠳ᠋ᠦ᠍ ᠲᠠᠯᠪᠢᠬᠤ ᠵᠢ ᠠᠬᠢᠭᠤᠯᠵᠤ᠂ ᠳᠤᠮᠳᠠ ᠬᠡᠰᠡᠭ᠎ᠦ᠋ᠨ ᠠᠢᠮᠠᠭ ᠬᠣᠲᠠ ᠵᠢᠨ ᠨᠢᠭᠡ ᠴᠤᠭᠴᠠᠵᠢᠭᠤᠯᠤᠨ ᠬᠥᠭᠵᠢᠭᠦᠯᠬᠦ ᠠᠬᠢᠴᠠ ᠪᠠᠨ ᠲᠦᠷᠭᠡᠳᠭᠡᠬᠦ ᠵᠢ ᠳᠡᠮᠵᠢᠵᠦ᠂ ᠪᠠᠷᠠᠭᠤᠨ ᠬᠡᠰᠡᠭ᠎ᠦ᠋ᠨ ᠠᠢᠮᠠᠭ ᠬᠣᠲᠠ ᠵᠢᠨ ᠠᠵᠤ ᠦᠢᠯᠡᠰ᠎ᠦ᠋ᠨ ᠳᠠᠪᠬᠤᠴᠠᠬᠤ ᠣᠷᠣᠯᠠᠬᠤ ᠠᠯᠬᠤᠴᠠ ᠪᠠᠨ ᠲᠦᠷᠭᠡᠳᠭᠡᠬᠦ ᠵᠢ ᠳᠡᠮᠵᠢᠵᠦ᠂ ᠠᠵᠤ ᠦᠢᠯᠡᠰ᠎ᠦ᠋ᠨ ᠣᠨᠴᠠᠯᠢᠭ ᠢ᠋ ᠳᠣᠪᠣᠢᠯᠭᠠᠬᠤ ᠪᠠ ᠠᠮᠢ ᠠᠬᠤᠢ ᠣᠷᠴᠢᠨ ᠳᠤᠭᠤᠷᠢᠨ᠎ᠦ ᠳᠤᠲᠠᠭᠤᠳᠠᠯ ᠢ᠋ ᠨᠥᠬᠥᠪᠥᠷᠢᠯᠡᠬᠦ ᠳᠤᠮᠳᠠ ᠴᠢᠨᠠᠷ ᠰᠠᠢᠲᠠᠢ ᠬᠥᠭᠵᠢᠯᠲᠡ ᠵᠢ ᠪᠡᠶᠡᠯᠡᠭᠦᠯᠦᠨ᠎ᠡ᠃ ᠬᠥᠮᠦᠨ ᠢ᠋ᠶ᠋ᠡᠷ ᠭᠣᠣᠯ ᠪᠣᠯᠭᠠᠭᠰᠠᠨ ᠱᠢᠨ᠎ᠡ ᠮᠠᠶᠢᠭ ᠤ᠋ᠨ ᠬᠣᠲᠠ ᠪᠠᠯᠭᠠᠰᠤᠵᠢᠯᠲᠠ ᠵᠢ ᠭᠦᠨᠵᠡᠭᠡᠢ ᠠᠬᠢᠭᠤᠯᠵᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠬᠤᠳᠠ ᠵᠢᠨ ᠪᠦᠯᠦᠭᠵᠢᠯ ᠵᠡᠷᠬᠡ ᠵᠢ ᠭᠣᠣᠯᠳᠠᠯᠭ᠎ᠠ ᠳᠠᠢ ᠪᠦᠲᠦᠭᠡᠨ ᠪᠠᠢᠭᠤᠯᠵᠤ᠂ ᠣᠷᠣᠨ ᠤ᠋ ᠲᠥᠪ᠎ᠦ᠋ᠨ ᠬᠣᠲᠠ ᠵᠢᠨ ᠴᠢᠳᠠᠮᠵᠢ ᠪᠠᠨ ᠳᠡᠭᠡᠭᠱᠢᠯᠡᠭᠦᠯᠬᠦ ᠵᠢ ᠳᠡᠮᠵᠢᠵᠦ᠂ ᠬᠥᠭᠵᠢᠯᠲᠡ ᠵᠢᠨ ᠣᠷᠴᠢᠨ ᠲᠣᠭᠣᠷᠢᠨ ᠢ᠋ᠶ᠋ᠠᠨ ᠱᠢᠯᠢᠳᠡᠭᠵᠢᠭᠦᠯᠦᠨ᠂ ᠴᠢᠨᠠᠷ ᠰᠠᠢᠲᠠᠢ ᠬᠥᠭᠵᠢᠯᠲᠡ ᠵᠢ ᠤᠷᠢᠳ ᠵᠢᠡᠷ ᠪᠡᠶᠡᠯᠡᠭᠦᠯᠵᠦ᠂ ᠬᠣᠲᠠ ᠵᠢᠨ ᠪᠦᠯᠦᠭᠵᠢᠯ ᠪᠠ ᠭᠤᠤᠯ ᠬᠣᠲᠠ ᠵᠢᠨ ᠶᠡᠷᠦᠩᠬᠡᠢᠯᠡᠭᠰᠡᠨ ᠠᠴᠢᠶᠠᠯᠠᠬᠤ ᠴᠢᠳᠠᠪᠤᠷᠢ ᠵᠢ ᠨᠡᠮᠡᠭᠳᠡᠭᠦᠯᠦᠨ᠂ ᠲᠣᠮᠣ ᠳᠤᠮᠳᠠ ᠪᠠᠭ᠎ᠠ ᠬᠣᠲᠠ ᠪᠠ ᠪᠠᠭ᠎ᠠ ᠬᠣᠲᠠ ᠪᠠᠯᠭᠠᠰᠤ ᠵᠢᠨ ᠵᠣᠬᠢᠴᠠᠯᠳᠤᠨ ᠬᠣᠯᠪᠣᠭᠠᠯᠠᠨ ᠬᠥᠳᠡᠯᠦᠯᠴᠡᠬᠦ᠂ ᠣᠨᠴᠠᠯᠢᠬᠵᠢᠭᠤᠯᠬᠤ᠂ ᠠᠭᠤᠯᠤᠭᠳᠠᠬᠤᠨ ᠤ᠋ ᠮᠠᠶᠢᠭ ᠤ᠋ᠨ ᠬᠥᠭᠵᠢᠯᠲᠡ ᠵᠢ ᠠᠬᠢᠭᠤᠯᠵᠤ᠂ ᠣᠯᠠᠨ ᠲᠥᠪ ᠢ᠋ᠶ᠋ᠡᠷ ᠳᠠᠢᠴᠢᠯᠠᠭᠰᠠᠨ᠂ ᠣᠯᠠᠨ ᠳᠡᠰ ᠳᠠᠪᠬᠤᠷᠭ᠎ᠠ ᠪᠡᠷ ᠬᠣᠯᠪᠣᠭᠠᠯᠠᠨ ᠬᠥᠳᠡᠯᠦᠯᠴᠡᠬᠦ᠂ ᠣᠯᠠᠨ ᠭᠤᠭᠴᠤᠭ᠎ᠠ ᠪᠡᠷ ᠬᠠᠷᠢᠯᠴᠠᠨ ᠬᠥᠳᠡᠯᠦᠯᠴᠡᠭᠰᠡᠨ ᠱᠢᠨ᠎ᠡ ᠬᠡᠯᠪᠡᠷᠢ ᠵᠢᠨ ᠬᠣᠲᠠ ᠪᠠᠯᠭᠠᠰᠤᠵᠢᠯᠲᠠ ᠵᠢᠨ ᠪᠠᠢᠷᠢᠱᠢᠯ ᠢ᠋ ᠪᠠᠢᠭᠤᠯᠤᠨ᠎ᠠ᠃ ᠬᠣᠲᠠ ᠪᠠᠯᠭᠠᠰᠤᠨ ᠤ᠋ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ᠋ ᠴᠢᠩᠭ᠎ᠠ ᠬᠢᠵᠠᠭᠠᠷᠯᠠᠵᠤ᠂ ᠰᠣᠬᠣᠷ ᠪᠠᠯᠠᠢ ᠪᠡᠷ ᠦᠷᠭᠡᠳᠭᠡᠭᠦ᠂ 《ᠶᠡᠭᠡ᠎ᠳᠤ ᠰᠢᠨᠤᠵᠦ ᠬᠠᠷᠢ ᠵᠢᠨ ᠬᠢ ᠵᠢ ᠬᠦᠭᠡᠭᠡᠴᠡᠯᠳᠦᠬᠦ》ᠵᠢ ᠡᠷᠡᠰ ᠰᠡᠷᠭᠡᠢᠯᠡᠨ ᠬᠣᠷᠢᠭᠯᠠᠵᠤ᠂ ᠳᠤᠲᠠᠭᠤᠳᠠᠯ ᠢ᠋ᠶ᠋ᠠᠨ ᠨᠥᠬᠥᠪᠥᠷᠢᠯᠡᠬᠦ ᠪᠠ ᠪᠠᠭᠤᠷᠠᠢ ᠲᠠᠯ᠎ᠠ ᠪᠠᠨ ᠴᠢᠩᠭᠠᠳᠬᠠᠬᠤ ᠵᠢ ᠳᠤᠪᠤᠢᠯᠭᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠬᠢᠷᠢ ᠲᠦᠪᠰᠢᠨ ᠵᠢᠡᠨ ᠳᠡᠭᠡᠭᠱᠢᠯᠡᠭᠦᠯᠦᠨ᠎ᠡ᠃ ᠠᠢᠮᠠᠭ ᠬᠣᠲᠠ᠂ ᠬᠣᠱᠢᠭᠤ ᠱᠢᠶᠠᠨ ᠤ᠋ ᠪᠠᠢᠭ᠎ᠠ ᠭᠠᠵᠠᠷ ᠤ᠋ᠨ ᠣᠷᠣᠱᠢᠨ ᠰᠠᠭᠤᠷᠢᠰᠢᠬᠤ ᠳ᠋ᠤ ᠲᠣᠬᠢᠷᠠᠮᠵᠢᠲᠠᠢ ᠠᠵᠤ ᠠᠬᠤᠢ ᠵᠢᠨ ᠠᠵᠢᠯᠯᠠᠭ᠎ᠠ ᠳ᠋ᠤ ᠤᠷᠤᠯᠴᠠᠬᠤ ᠳ᠋ᠤ ᠲᠣᠬᠢᠷᠠᠮᠵᠢᠳᠠᠢ ᠴᠢᠳᠠᠮᠵᠢ ᠵᠢ ᠲᠡᠭᠦᠯᠳᠡᠷᠵᠢᠭᠦᠯᠵᠦ᠂ ᠬᠣᠲᠠ ᠵᠢ ᠱᠢᠨᠡᠳᠭᠡᠨ ᠪᠠᠢᠭᠤᠯᠬᠤ ᠠᠵᠢᠯᠯᠠᠭ᠎ᠠ ᠵᠢ ᠬᠡᠷᠡᠭᠵᠢᠭᠦᠯᠦᠨ᠂ ᠣᠯᠠᠨ ᠨᠡᠢᠲᠡ ᠵᠢᠨ ᠦᠨᠳᠦᠰᠦᠨ ᠦᠢᠯᠡᠴᠢᠯᠡᠭᠡᠨ᠎ᠦ᠌ ᠪᠠᠲᠤᠯᠠᠭ᠎ᠠ ᠵᠢ ᠴᠢᠩᠭᠠᠷᠠᠭᠤᠯᠵᠤ᠂ ᠬᠣᠲᠠ ᠵᠢᠨ ᠠᠷᠠᠳ ᠪᠤᠯᠭᠠᠬᠤ ᠶᠠᠰᠤ ᠴᠢᠨᠠᠷ ᠪᠠ ᠬᠣᠲᠠ ᠪᠠᠯᠭᠠᠰᠤᠵᠢᠯᠲᠠ ᠵᠢᠨ ᠶᠠᠰᠤ ᠴᠢᠨᠠᠷ ᠢ᠋ ᠲᠠᠰᠤᠷᠠᠯᠲᠠ ᠥᠬᠡᠢ ᠳᠡᠭᠡᠭᠱᠢᠯᠡᠭᠦᠯᠦᠨ᠎ᠡ᠃ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ ᠪᠡᠷ ᠠᠬᠢᠭᠤᠯᠵᠤ᠂ ᠬᠥᠳᠡᠭᠡ ᠲᠣᠰᠭᠣᠨ ᠢ᠋ ᠪᠦᠲᠦᠭᠡᠨ ᠪᠠᠢᠭᠤᠯᠬᠤ ᠠᠵᠢᠯᠯᠠᠭ᠎ᠠ ᠵᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ᠋ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠂ ᠬᠥᠳᠡᠭᠡ ᠲᠣᠰᠭᠣᠨ ᠤ᠋ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠢᠭᠤᠯᠤᠯᠲᠠ ᠵᠡᠷᠭᠡ ᠵᠢ ᠪᠦᠬᠦ ᠲᠠᠯ᠎ᠠ ᠪᠡᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ᠋ ᠵᠣᠯ ᠵᠢᠷᠭᠠᠯᠲᠤ ᠠᠮᠢᠳᠤᠷᠠᠯ ᠤ᠋ᠨ ᠰᠠᠢᠨ ᠰᠠᠢᠬᠠᠨ ᠭᠡᠷ ᠣᠷᠣᠨ ᠢ᠋ ᠴᠣᠭᠴᠠᠯᠠᠨ ᠪᠠᠢᠭᠤᠯᠤᠨ᠎ᠠ᠃ ᠶᠠᠳᠠᠭᠤ ᠡᠴᠡ ᠠᠩᠭᠢᠵᠢᠷᠠᠭᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ ᠵᠢ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠯᠴᠠᠭᠤᠯᠬᠤ ᠵᠢ ᠠᠬᠢᠭᠤᠯᠵᠤ᠂ ᠳᠠᠬᠢᠨ ᠶᠠᠳᠠᠭᠤᠷᠠᠬᠤ ᠵᠢ ᠰᠡᠷᠭᠡᠢᠯᠡᠬᠦ ᠬᠥᠳᠡᠯᠦᠩᠭᠦᠢ ᠬᠢᠨᠠᠨ ᠬᠡᠮᠵᠢᠯᠳᠠ ᠪᠠ ᠤᠨᠤᠴᠠᠳᠠᠢ ᠬᠠᠪᠰᠤᠷᠤᠨ ᠲᠡᠳᠭᠦᠬᠦ ᠲᠣᠭᠲᠠᠴᠠ ᠵᠢ ᠪᠦᠷᠢᠨᠰᠢᠬᠦᠯᠵᠦ᠂ ᠮᠠᠯᠵᠢᠬᠤ ᠲᠠᠷᠢᠶᠠᠯᠠᠬᠤ ᠣᠷᠣᠨ ᠤ᠋ ᠣᠷᠣᠯᠭ᠎ᠠ ᠪᠠᠭ᠎ᠠ ᠲᠠᠢ ᠬᠥᠮᠦᠨ ᠠᠮᠠ ᠵᠢ ᠪᠠᠢᠩᠭᠤᠵᠢᠭᠤᠯᠤᠨ ᠬᠠᠪᠰᠤᠷᠤᠨ ᠲᠡᠳᠭᠦᠬᠦ ᠲᠣᠭᠲᠠᠴᠠ ᠵᠢ ᠪᠠᠢᠭᠤᠯᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠦᠯᠦ ᠶᠠᠳᠠᠭᠤᠷᠠᠬᠤ ᠬᠣᠷᠢᠭ᠎ᠠ ᠱᠤᠭᠤᠮ ᠢ᠋ ᠡᠷᠡᠰ ᠰᠠᠬᠢᠨ᠎ᠠ᠃

(ᠳᠣᠯᠣᠭ᠎ᠠ) ᠵᠠᠬ᠎ᠠ ᠳᠡᠯᠭᠡᠭᠦᠷ᠎ᠦ᠋ᠨ ᠠᠵᠤ ᠠᠬᠤᠢ ᠵᠢᠨ ᠪᠠᠢᠭᠤᠯᠤᠮᠵᠢ ᠲᠣᠭᠲᠠᠴᠠ ᠵᠢ ᠲᠡᠭᠦᠯᠳᠡᠷᠵᠢᠭᠦᠯᠦᠨ᠎ᠡ᠃ ᠬᠤᠳᠠᠯᠳᠤᠭ᠎ᠠ ᠡᠷᠬᠢᠯᠡᠭᠦ ᠤᠷᠴᠢᠨ ᠨᠦᠭᠦᠴᠡᠯ ᠢ᠋ ᠱᠢᠯᠢᠳᠡᠭᠵᠢᠭᠦᠯᠬᠦ᠎ᠪᠡᠷ ᠰᠠᠭᠤᠷᠢ ᠪᠣᠯᠭᠠᠨ ᠥᠭᠡᠷᠡᠴᠢᠯᠡᠯᠲᠡ ᠵᠢ ᠪᠦᠬᠦ ᠲᠠᠯ᠎ᠠ ᠪᠡᠷ ᠭᠦᠨᠵᠡᠭᠡᠢᠷᠡᠭᠦᠯᠵᠦ᠂ ᠳᠠᠷᠤᠭᠠᠰᠤ ᠵᠢ ᠬᠥᠩᠭᠡᠯᠡᠵᠦ ᠬᠦᠯᠢᠶᠡᠰᠦ ᠵᠢ ᠰᠤᠯᠠᠷᠠᠭᠤᠯᠬᠤ ᠨᠠᠢᠯᠡᠯ ᠬᠦᠴᠦᠨ ᠢ᠋ ᠰᠠᠢᠲᠤᠷ ᠬᠡᠷᠡᠭᠯᠡᠵᠦ᠂ ᠵᠠᠬ᠎ᠠ ᠳᠡᠯᠭᠡᠭᠦᠷ᠎ᠦ᠋ᠨ ᠭᠣᠣᠯ ᠴᠣᠭᠴᠠ ᠵᠢᠨ ᠠᠮᠢᠵᠢᠷᠠᠯ ᠤ᠋ᠨ ᠬᠦᠴᠦᠨ ᠪᠠ ᠨᠡᠢᠭᠡᠮ᠎ᠦ᠋ᠨ ᠪᠦᠲᠦᠭᠡᠯᠴᠢ ᠬᠦᠴᠦᠨ ᠢ᠋ ᠭᠦᠢᠴᠡᠳ ᠬᠥᠭᠵᠢᠭᠡᠨ᠎ᠡ᠃ ᠵᠠᠰᠠᠭ ᠤ᠋ᠨ ᠣᠷᠳᠣᠨ ᠤ᠋ ᠡᠭᠦᠷᠭᠡ ᠴᠢᠳᠠᠪᠤᠷᠢ ᠵᠢ ᠲᠦᠷᠭᠡᠳᠭᠡᠨ ᠬᠤᠪᠢᠷᠠᠭᠤᠯᠵᠤ᠂ 《 ᠳᠠᠯᠪᠢᠬᠤ ᠬᠠᠮᠢᠶᠠᠷᠬᠤ ᠦᠢᠯᠡᠴᠢᠯᠡᠬᠦ 》 ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ 《 ᠨᠢᠭᠡ ᠰᠦᠯᠵᠢᠶ᠎ᠡ᠎ᠪᠡᠷ ᠨᠡᠢᠳᠡᠮ ᠬᠦᠢᠴᠡᠳᠭᠡᠭᠦ》᠂ 《 ᠨᠢᠭᠡ ᠰᠦᠯᠵᠢᠶ᠎ᠡ᠎ᠪᠡᠷ ᠨᠢᠭᠡᠳᠦᠯᠲᠡᠢ ᠬᠠᠮᠢᠶᠠᠷᠬᠤ》 ᠵᠢ ᠪᠦᠬᠦ ᠲᠠᠯ᠎ᠠ ᠪᠡᠷ ᠬᠡᠷᠡᠭᠵᠢᠭᠦᠯᠦᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦ᠋ᠨ ᠳᠡᠰ ᠳᠡᠪᠰᠢᠭᠰᠡᠨ ᠬᠡᠪ ᠵᠠᠬᠪᠤᠷ ᠢ᠋ ᠪᠣᠢ ᠪᠣᠯᠭᠠᠵᠤ᠂ ᠲᠣᠭᠲᠠᠭᠤᠨ ᠭᠣᠣᠯᠴᠢ ᠪᠥᠭᠡᠳ ᠢᠯᠡ ᠲᠣᠳᠣ᠂ ᠵᠢᠱ᠌ᠢᠵᠦ ᠪᠣᠯᠬᠤᠢᠴᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠪᠣᠢ ᠪᠣᠯᠭᠠᠨ᠎ᠠ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠦ᠋ᠨ ᠱᠢᠰᠲ᠋ᠧᠮ᠎ᠦ᠋ᠨ ᠪᠠᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠥᠮᠴᠢᠯᠡᠯ᠎ᠦ᠋ᠨ ᠡᠷᠬᠡ ᠵᠢᠨ ᠳᠦᠷᠢᠮ᠎ᠦ᠋ᠨ ᠥᠭᠡᠷᠡᠴᠢᠯᠡᠯᠲᠡ ᠪᠠ ᠡᠯᠧᠮᠧᠨ᠋ᠲ ᠢ᠋ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠂ ᠵᠠᠬ᠎ᠠ ᠳᠡᠯᠭᠡᠭᠦᠷ᠎ᠲᠦ᠍ ᠣᠷᠣᠬᠤ ᠵᠥᠪᠱᠢᠶᠡᠷᠡᠯ᠎ᠦ᠋ᠨ ᠰᠠᠭᠠᠳ ᠦᠭᠡᠢ ᠨᠡᠪᠲᠡᠷᠡᠬᠦ᠂ ᠨᠡᠭᠡᠭᠡᠯᠲᠡ᠎ᠲᠡᠢ ᠪᠥᠭᠡᠳ ᠡᠮᠬᠢ ᠵᠢᠷᠤᠮ ᠳᠠᠢ᠂ ᠥᠷᠢᠰᠦᠯᠳᠦᠭᠡᠨ ᠢ᠋ᠶ᠋ᠡᠷ ᠭᠦᠢᠴᠡᠳ᠂ ᠡᠮᠬᠢ ᠵᠢᠷᠤᠮ ᠳᠠᠢ ᠵᠢᠷᠤᠮᠵᠢᠯ ᠳᠠᠢ ᠪᠠᠢᠬᠤ ᠵᠢ ᠴᠢᠷᠮᠠᠢᠨ ᠪᠡᠶᠡᠯᠡᠭᠦᠯᠦᠨ᠎ᠡ᠃ ᠤᠯᠤᠰ ᠤ᠋ᠨ ᠥᠮᠴᠢᠯᠡᠯ᠎ᠦ᠋ᠨ ᠠᠵᠤ ᠠᠬᠤᠢ ᠵᠢᠨ ᠪᠠᠢᠷᠢᠱᠢᠯ ᠢ᠋ ᠱᠢᠯᠢᠳᠡᠭᠵᠢᠭᠦᠯᠬᠦ ᠪᠠ ᠪᠦᠲᠦᠴᠡ ᠵᠢ ᠲᠣᠬᠢᠷᠠᠭᠤᠯᠬᠤ ᠵᠢ ᠲᠦᠷᠭᠡᠳᠭᠡᠵᠦ᠂ ᠤᠯᠤᠰ ᠤ᠋ᠨ ᠥᠮᠴᠢᠯᠡᠯ᠎ᠦ᠋ᠨ ᠠᠵᠤ ᠠᠬᠤᠢᠯᠠᠯ ᠢ᠋ ᠪᠠᠢᠯᠳᠤᠬᠤ ᠪᠣᠳᠣᠯᠭ᠎ᠠ ᠵᠢᠨ ᠴᠢᠨᠠᠷᠲᠠᠢ ᠳᠠᠬᠢᠨ ᠵᠣᠬᠢᠶᠠᠨ ᠪᠠᠢᠭᠤᠯᠬᠤ ᠪᠠ ᠲᠤᠰᠭᠠᠢᠵᠢᠭᠤᠯᠤᠨ ᠨᠡᠢᠯᠡᠭᠦᠯᠬᠦ ᠵᠢ ᠠᠬᠢᠭᠤᠯᠵᠤ᠂ ᠤᠯᠤᠰ ᠤ᠋ᠨ ᠥᠮᠴᠢᠯᠡᠯ᠎ᠦ᠋ᠨ ᠡᠳ᠋ ᠬᠥᠷᠥᠩᠭᠡ ᠪᠠ ᠤᠯᠤᠰ ᠤ᠋ᠨ ᠥᠮᠴᠢᠯᠡᠯ᠎ᠦ᠋ᠨ ᠠᠵᠤ ᠠᠬᠤᠢᠯᠠᠯ ᠢ᠋ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠢᠷᠠᠭᠤᠯᠤᠨ᠎ᠠ᠃ ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ ᠤ᠋ᠨ ᠥᠮᠴᠢᠯᠡᠯ ᠤ᠋ᠨ ᠡᠷᠬᠡ ᠪᠠ ᠠᠵᠤ ᠠᠬᠤᠢᠯᠠᠯᠲᠠᠨ ᠤ᠋ ᠡᠷᠬᠡ ᠠᠱᠢᠭ ᠢ᠋ ᠬᠠᠤᠯᠢ ᠶᠣᠰᠣᠭᠠᠷ ᠡᠷᠬᠡ ᠲᠡᠭᠱᠢ᠎ᠪᠡᠷ ᠬᠠᠮᠠᠭᠠᠯᠠᠵᠤ᠂ ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ ᠤ᠋ᠨ ᠬᠥᠭᠵᠢᠯᠲᠡ ᠵᠢ ᠬᠦᠯᠢᠶᠡᠰᠦᠯᠡᠵᠤ ᠪᠠᠢᠭ᠎ᠠ ᠡᠯ᠎ᠡ ᠵᠦᠢᠯ᠎ᠦ᠋ᠨ ᠪᠡᠬᠢᠯᠡᠯᠲᠡ ᠵᠢ ᠡᠪᠳᠡᠵᠦ᠂ ᠠᠵᠤ ᠠᠬᠤᠢᠯᠠᠯ ᠤ᠋ᠨ ᠪᠦᠬᠦ ᠦᠶᠡᠯᠡᠯ᠎ᠦ᠋ᠨ ᠬᠤᠭᠤᠴᠠᠭᠠᠨ ᠤ᠋ ᠦᠢᠯᠡᠴᠢᠯᠡᠭᠡ ᠵᠢ ᠴᠢᠩᠭᠠᠳᠭᠠᠵᠤ᠂ ᠳᠣᠲᠣᠨᠣ ᠴᠢᠬᠡᠴᠢ ᠵᠠᠰᠠᠭ ᠤ᠋ᠨ ᠣᠷᠳᠣᠨ ᠪᠠ ᠬᠤᠳᠠᠯᠳᠤᠭᠠᠴᠢᠨ ᠤ᠋ ᠬᠠᠷᠢᠴᠠᠭ᠎ᠠ ᠵᠢ ᠪᠠᠢᠭᠤᠯᠤᠨ᠎ᠠ᠃ ᠬᠥᠷᠥᠩᠭᠡ ᠵᠢᠨ ᠵᠠᠬ᠎ᠠ ᠳᠡᠯᠭᠡᠭᠦᠷ ᠢ᠋ ᠢᠳᠡᠪᠬᠢᠲᠡᠢ᠎ᠪᠡᠷ ᠪᠣᠢᠵᠢᠭᠤᠯᠵᠤ᠂ ᠮᠥᠩᠭᠥᠨ ᠭᠦᠢᠯᠭᠡᠭᠡᠨ᠎ᠦ᠌ ᠪᠣᠳᠠᠲᠤ ᠴᠣᠭᠴᠠ ᠵᠢᠨ ᠠᠵᠤ ᠠᠬᠤᠢ ᠳ᠋ᠤ ᠦᠢᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠤᠨ᠎ᠡ᠃ ᠣᠷᠣᠨ ᠨᠤᠲᠤᠭ ᠤ᠋ᠨ ᠮᠥᠩᠭᠥᠨ ᠭᠦᠢᠯᠭᠡᠭᠡᠨ᠎ᠦ᠌ ᠬᠢᠨᠠᠯᠳᠠ ᠬᠠᠮᠢᠶᠠᠷᠤᠯᠲᠠ ᠵᠢᠨ ᠪᠠᠢᠭᠤᠯᠤᠮᠵᠢ ᠵᠢ ᠲᠡᠭᠦᠯᠳᠡᠷᠵᠢᠭᠦᠯᠵᠦ᠂ ᠵᠠᠰᠠᠭ ᠤ᠋ᠨ ᠣᠷᠳᠣᠨ ᠤ᠋ ᠥᠷᠢ ᠥᠭᠴᠡᠭᠡ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠮᠥᠩᠭᠥᠨ ᠭᠦᠢᠯᠭᠡᠭᠡᠨ ᠤ᠋ ᠠᠮᠤᠷ ᠲᠦᠪᠰᠢᠨ ᠢ᠋ ᠪᠠᠳᠤᠯᠠᠨ᠎ᠠ᠃

(ᠨᠠᠢ᠍ᠮᠠ)ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠦᠲᠦᠭᠡᠨ ᠪᠠᠢᠭᠤᠯᠬᠣ ᠬᠢᠷᠢ ᠲᠦᠪᠰᠢᠨ᠎ᠢ ᠳᠡᠭᠡᠭ᠌ᠰᠢᠯᠡᠭᠦᠯᠦᠨ᠎ᠡ᠃ ᠲᠣᠰ ᠪᠡᠶ᠎ᠡ᠎ᠶ᠋ᠢᠨ ᠨᠡᠭᠡᠭᠡᠯᠲᠡ᠎ᠪᠡᠨ ᠤᠯᠤᠰ᠎ᠤᠨ ᠨᠡᠭᠡᠭᠡᠯᠲᠡ᠎ᠶ᠋ᠢᠨ ᠶᠡᠷᠦᠩᠬᠡᠶ ᠪᠠᠢᠷᠢᠱᠢᠭᠤᠯᠤᠯᠲᠠ᠎ᠳᠤ ᠠᠭᠤᠰᠤᠯᠴᠠᠭᠤᠯᠵᠤ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠣᠷᠣᠯᠴᠠᠬᠤ᠎ᠪᠠᠷ ᠬᠥᠳᠡᠯᠭᠡᠭᠦᠷ ᠪᠣᠯᠭᠠᠵᠤ᠂ ᠨᠡᠭᠡᠭᠡᠯᠲᠡᠲᠦ ᠠᠵᠤ ᠠᠬᠤᠶ᠎ᠶ᠋ᠢᠨ ᠪᠠᠢᠭᠤᠯᠤᠮᠵᠢ ᠵᠢᠨ ᠱᠢᠨ᠎ᠡ᠎ᠶ᠋ᠢ ᠡᠭᠦᠳᠴᠦ᠍᠂ ᠨᠡᠭᠡᠭᠡᠯᠲᠡᠲᠦ ᠠᠵᠤ ᠠᠬᠤᠶ᠎ᠶ᠋ᠢᠨ ᠣᠷᠴᠢᠨ ᠳᠤᠭᠤᠷᠢᠨ᠎ᠢ ᠪᠣᠶ ᠪᠣᠯᠭᠠᠵᠤ᠂ ᠨᠡᠭᠡᠭᠡᠯᠲᠡ᠎ᠶ᠋ᠢᠨ ᠲᠠᠰ ᠳᠠᠪᠬᠤᠷᠭ᠎ᠠ ᠪᠠ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠪᠣᠭᠣᠮᠲᠠ᠎ᠶ᠋ᠢᠨ ᠠᠵᠤ ᠠᠬᠤᠶ᠎ᠶ᠋ᠢ ᠶᠡᠬᠡ ᠪᠡᠷ ᠬᠥᠭ᠌ᠵᠢᠭᠦᠯᠵᠦ᠍᠂ ᠪᠣᠭᠣᠮᠲᠠ᠎ᠶ᠋ᠢᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠦᠨ᠂ ᠳᠣᠲᠣᠷ ᠭᠠᠵᠠᠷ᠎ᠲᠤ ᠬᠠᠨᠳᠤᠭᠤᠯᠤᠭ᠍ᠰᠠᠨ ᠴᠢᠬᠤᠯᠠ ᠶᠡᠬᠡ ᠰᠠᠭᠤᠷᠢ ᠲᠦᠬᠦᠭᠡᠷᠦᠮᠵᠢ ᠪᠠ ᠴᠢᠬᠤᠯᠠ ᠵᠠᠩᠭᠢᠯᠠᠭ᠎ᠠ᠎ᠶ᠋ᠢᠨ ᠭᠣᠬᠴᠣᠭ᠎ᠠ᠎ᠶᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠦᠴᠦ ᠪᠠᠨ ᠲᠥᠪᠯᠡᠷᠡᠭᠦᠯᠦᠨ ᠭᠤᠤᠯᠳᠠᠯᠭ᠎ᠠ᠎ᠲᠠᠶ ᠡᠳ᠋ ᠪᠠᠷᠠᠭ᠎ᠠ᠎ᠶ᠋ᠢ ᠲᠥᠪᠯᠡᠷᠡᠭᠦᠯᠵᠦ᠍ ᠲᠠᠷᠬᠠᠭᠠᠬᠤ ᠲᠥᠪ᠎ᠢ ᠪᠣᠶ ᠪᠣᠯᠭᠠᠨ᠂ ᠡᠬᠢ ᠪᠠᠶᠠᠯᠢᠭ᠎ᠢ ᠤᠨᠳᠤᠤᠰᠢᠭᠤᠯᠬᠤ ᠬᠦᠷᠢᠶᠡᠯᠡᠩ ᠲᠣᠭᠣᠷᠢᠭ᠎ᠤᠨ ᠲᠠᠰ ᠳᠡᠪᠱᠢᠬᠦ᠌᠎ᠶ᠋ᠢ ᠠᠬᠢᠭᠤᠯᠵᠤ᠂ ᠪᠣᠭᠣᠮᠲᠠ᠎ᠪᠠᠷ ᠳᠠᠢᠴᠢᠯᠠᠨ᠂ ᠳᠣᠲᠣᠷ ᠭᠠᠵᠠᠷ᠎ᠢᠶᠠᠷ ᠲᠤᠯᠭᠠᠭᠤᠷᠢᠯᠠᠭᠤᠯᠵᠤ᠂ ᠬᠢᠯᠢ ᠬᠢᠵᠠᠭᠠᠷ ᠪᠣᠯᠣᠨ ᠳᠣᠲᠣᠷ ᠭᠠᠵᠠᠷ ᠬᠠᠷᠢᠯᠴᠠᠨ ᠬᠥᠳᠡᠯᠦᠯᠴᠡᠬᠦ᠌ ᠪᠠᠢᠷᠢᠱᠢᠯ᠎ᠢ ᠪᠠᠢᠭᠤᠯᠤᠨ ᠪᠦᠷᠢᠯᠳᠦᠭᠦᠯᠵᠦ᠍᠂ 《ᠠᠵᠤ ᠠᠬᠤᠶ᠎ᠶ᠋ᠢᠨ ᠨᠡᠪᠳᠡᠷᠬᠡᠢ ᠵᠠᠮ》 ᠎ᠡᠴᠡ 《ᠨᠡᠪᠲᠡᠷᠬᠡᠢ ᠵᠠᠮ᠎ᠤᠨ ᠠᠵᠤ ᠠᠬᠤᠶ 》 ᠳᠠᠢᠰᠢ ᠬᠤᠪᠢᠷᠠᠭᠤᠯᠬᠤ᠎ᠶ᠋ᠢ ᠠᠬᠢᠭᠤᠯᠤᠨ᠂ 《ᠶᠠᠪᠤᠭᠤᠯ ᠠᠵᠤ ᠠᠬᠤᠶ》 ᠎ᠡᠴᠡ 《ᠨᠤᠲᠤᠭ᠍ᠰᠢᠭ᠍ᠰᠠᠨ ᠠᠵᠤ ᠠᠬᠤᠶ》 ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠤᠨ᠎ᠠ᠃ ᠭᠠᠳᠠᠭᠠᠳᠤ ᠠᠷᠠᠯᠵᠢᠶ᠎ᠠ᠎ᠶ᠋ᠢ ᠱᠢᠨ᠎ᠡ᠎ᠶ᠋ᠢ ᠡᠭᠦᠳᠦᠨ ᠬᠥᠭ᠌ᠵᠢᠭᠦᠯᠵᠦ᠍᠂ ᠭᠠᠳᠠᠭᠠᠳᠤ ᠠᠷᠠᠯᠵᠢᠶ᠎ᠠ᠎ᠶ᠋ᠢᠨ ᠴᠢᠨᠠᠷ ᠰᠠᠢᠲᠠᠢ ᠳ᠋ᠦ ᠦᠨᠳᠦᠷ ᠦᠨ᠎ᠡ ᠥᠭ᠌ᠬᠦ᠂ ᠴᠢᠨᠠᠷ ᠰᠠᠢᠲᠠᠢ᠎ᠶ᠋ᠢ ᠣᠷᠣᠭᠤᠯᠵᠤ ᠴᠢᠨᠠᠷ ᠰᠠᠢᠲᠠᠢ᠎ᠶ᠋ᠢ ᠭᠠᠷᠭᠠᠬᠤ ᠲᠡᠢᠰᠢ ᠬᠤᠪᠢᠷᠠᠭᠤᠯᠬᠤ᠎ᠶ᠋ᠢ ᠠᠬᠢᠭᠤᠯᠤᠨ᠎ᠠ᠃ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠠᠮᠲᠤᠷᠠᠯᠴᠠᠭ᠎ᠠ ᠪᠠᠨ ᠴᠢᠩᠭᠠᠳᠭᠠᠵᠤ᠂ ᠲᠡᠷᠢᠭᠦᠨ᠎ᠦ ᠠᠵᠤ ᠦᠢᠯᠡᠰ᠎ᠦᠨ ᠱᠢᠯᠵᠢᠯᠲᠡ᠎ᠶ᠋ᠢ ᠢᠳᠡᠪᠬᠢᠲᠡᠢ ᠬᠦᠯᠢᠶᠡᠨ ᠠᠪᠴᠤ᠌᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ᠎ᠶ᠋ᠢ ᠪᠦᠲᠦᠭᠡᠯᠴᠢ ᠪᠡᠷ ᠥᠷᠨᠢᠭᠦᠯᠵᠦ᠍᠂ ᠣᠷᠣᠨ᠎ᠤ ᠳᠣᠲᠣᠷᠠᠬᠢ ᠠᠵᠤ ᠦᠢᠯᠡᠰ᠎ᠦᠨ ᠬᠡᠯᠬᠢᠶ᠎ᠡ᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠂ ᠪᠠᠷᠠᠭ᠎ᠠ᠎ᠶ᠋ᠢᠨ ᠭᠦᠢᠯᠭᠡᠭᠡ ᠵᠢᠨ ᠬᠡᠯᠬᠢᠶ᠎ᠡ᠂ ᠥᠷᠲᠡᠭ᠎ᠦᠨ ᠬᠡᠯᠬᠢᠶ᠎ᠡ᠎ᠶ᠋ᠢ ᠪᠦᠬᠦ᠌ ᠤᠯᠤᠰ ᠤ᠋ᠨ ᠲᠣᠮᠣ ᠵᠠᠬ᠎ᠠ ᠳᠡᠯᠭᠡᠭᠦᠷ᠎ᠯᠦᠭᠡ ᠪᠦᠬᠦ᠌ ᠲᠠᠯ᠎ᠠ᠎ᠪᠠᠷ ᠵᠣᠯᠭᠠᠭᠤᠯᠵᠦ᠂ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠵᠤ᠂ ᠤᠯᠤᠰ ᠤ᠋ᠨ ᠳᠣᠲᠣᠭᠠᠳᠤ᠎ᠶ᠋ᠢᠨ ᠶᠡᠬᠡ ᠣᠷᠴᠢᠯ᠎ᠳᠤ ᠨᠠᠩ ᠰᠠᠢᠨ ᠦᠢᠯᠡᠴᠢᠯᠡᠬᠦ᠌ ᠪᠠ ᠠᠭᠤᠰᠤᠯᠴᠠᠭᠤᠯᠤᠨ᠎ᠠ᠃


ᠲᠤᠯᠤᠭ᠎ᠠ᠂ ᠠᠷᠠᠳ᠎ᠤᠨ ᠠᠮᠢᠲᠣᠷᠠᠯ᠎ᠤᠨ ᠪᠤᠶᠠᠨ ᠵᠢᠷᠭᠠᠯ᠎ᠢ ᠦᠷᠬᠦᠯᠵᠢᠯᠡᠨ ᠨᠡᠮᠡᠭᠳᠡᠬᠦᠯᠵᠦ ᠬᠠᠮᠲᠣ ᠪᠡᠷ ᠪᠠᠶᠠᠵᠢᠬᠤ ᠎ᠶᠢ ᠯᠠᠪᠲᠠᠭᠣᠨ ᠶ᠋ᠢᠡᠷ ᠠᠬᠢᠭᠣᠯᠣᠨ᠎ᠠ

ᠠᠷᠠᠳ ᠲᠦᠮᠡᠨ᠎ᠢ ᠰᠠᠢ᠌ᠨ ᠰᠠᠢᠬᠠᠨ ᠠᠮᠢᠳᠤᠷᠠᠭᠤᠯᠬᠤ ᠪᠣᠯ ᠮᠠᠨ᠎ᠤ ᠠᠯᠢᠪᠠ ᠠᠵᠢᠯ᠎ᠤᠨ ᠵᠣᠷᠢᠯᠲᠠ ᠪᠠ ᠲᠣᠰᠣᠯᠲᠠ ᠮᠥᠨ᠃ ᠠᠷᠠᠳ ᠲᠦᠮᠡᠨ᠎ᠢ ᠳᠡᠭᠡᠳᠦᠯᠡᠬᠦ᠌᠂ ᠠᠷᠠᠳ ᠲᠦᠮᠡᠨ᠎ᠳᠦ ᠨᠢᠭ᠍ᠲᠠ ᠲᠦᠱᠢᠭ᠌ᠯᠡᠬᠦ᠌᠂ ᠠᠷᠠᠳ ᠲᠦᠮᠡᠨ᠎ᠳᠦ ᠲᠠᠰᠤᠷᠠᠯᠳᠠ ᠦᠭᠡᠢ ᠪᠤᠶᠠᠨ ᠦᠢᠯᠡᠳᠬᠦ᠌᠂ ᠠᠷᠠᠳ ᠲᠦᠮᠡᠨ᠎ᠦ ᠳᠤᠮᠳᠠ ᠪᠠᠲᠤ ᠦᠨᠳᠦᠰᠦᠯᠡᠬᠦ᠌᠎ᠶ᠋ᠢ ᠪᠠᠷᠢᠮᠲᠠᠯᠠᠵᠤ᠂ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠱᠢᠨ᠎ᠡ ᠬᠦᠰᠡᠯ ᠡᠷᠡᠮᠡᠯᠵᠡᠯ᠎ᠳᠦ ᠵᠣᠬᠢᠴᠠᠭᠤᠯᠤᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠤᠨᠢᠨ ᠲᠡᠭᠡᠷ᠎ᠡ ᠨᠢ ᠪᠠᠢᠯᠭᠠᠬᠤ᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠲᠡᠩᠴᠡᠬᠦᠷᠢᠰᠢᠬᠦᠯᠬᠦ᠂ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠬᠣ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠦᠨ᠎ᠡ᠃

( ᠨᠢᠭᠡ ) ᠠᠵᠢᠯ ᠣᠯᠭᠣᠯᠲᠠ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠤᠨ᠎ᠠ᠃ ᠠᠵᠤ ᠠᠬᠤᠢ᠎ᠶ᠋ᠢᠨ ᠬᠥᠭ᠌ᠵᠢᠯᠲᠡ ᠵᠢᠨ ᠠᠵᠢᠯ ᠣᠯᠭᠣᠯᠲᠠ᠎ᠶ᠋ᠢᠨ ᠤᠳᠤᠷᠢᠳᠤᠮᠵᠢ᠎ᠶ᠋ᠢ ᠪᠠᠷᠢᠮᠲᠠᠯᠠᠵᠤ᠂ ᠬᠥᠳᠡᠯᠮᠦᠷᠢᠴᠢᠳ᠎ᠦᠨ ᠪᠡᠶ᠎ᠡ᠎ᠪᠡᠨ ᠳᠠᠭᠠᠭᠠᠵᠤ ᠠᠵᠢᠯ ᠤᠯᠬᠤ᠂ ᠵᠠᠬ᠎ᠠ ᠳᠡᠯᠭᠡᠭᠦᠷ᠎ᠢᠶᠡᠷ ᠠᠵᠢᠯ ᠣᠯᠭᠣᠯᠲᠠ᠎ᠶ᠋ᠢ ᠲᠤᠬᠢᠷᠠᠭᠤᠯᠬᠤ᠂ ᠵᠠᠰᠠᠭ᠎ᠤᠨ ᠣᠷᠳᠣᠨ᠎ᠠᠴᠠ ᠠᠵᠢᠯ ᠣᠯᠭᠣᠯᠲᠠ᠎ᠶ᠋ᠢ ᠠᠬᠢᠭᠤᠯᠬᠤ ᠪᠠ ᠦᠢᠯᠡᠰ ᠪᠤᠰᠭᠠᠬᠤ᠎ᠶ᠋ᠢ ᠵᠣᠷᠢᠭ᠍ᠵᠢᠭᠤᠯᠬᠤ᠎ᠶ᠋ᠢ ᠨᠢᠭᠡᠳᠦᠯᠲᠡᠢ ᠪᠠᠢᠯᠭᠠᠬᠤ᠎ᠶ᠋ᠢ ᠠᠬᠢᠭᠤᠯᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠪᠣᠯᠪᠠᠰᠤᠷᠠᠯ᠎ᠤᠨ ᠦᠢᠯᠡᠴᠢᠯᠡᠭᠡ᠎ᠶ᠋ᠢ ᠴᠢᠩᠭᠠᠳᠭᠠᠵᠤ᠂ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠬᠤᠯᠠᠴᠢᠯᠠᠵᠤ᠂ ᠨᠡᠩ ᠭᠦᠢᠴᠡᠳ ᠨᠡᠩ ᠴᠢᠨᠠᠷ ᠰᠠᠢᠲᠠᠢ ᠠᠵᠢᠯ ᠣᠯᠭᠣᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠤᠨ᠎ᠠ᠃ ᠠᠵᠢᠯ ᠲᠠᠢ ᠬᠦᠮᠦᠨ ᠦᠬᠡᠢ ᠬᠡᠷ ᠪᠦᠯᠢ᠎ᠳᠦ ᠬᠥᠳᠡᠯᠦᠩᠭᠦᠶ᠎ᠪᠡᠷ ᠠᠵᠢᠯ ᠣᠯᠭᠣᠬᠤ᠎ᠶ᠋ᠢ ᠪᠠᠲᠤᠯᠠᠨ᠎ᠠ᠃ ᠬᠣᠲᠠ ᠬᠦᠳᠡᠭᠡ᠎ᠶᠢᠨ ᠰᠠᠭᠣᠭᠠᠯᠢ ᠠᠷᠠᠳ᠎ᠤᠨ ᠣᠷᠣᠯᠭ᠎ᠠ᠎ᠶᠢᠨ ᠠᠷᠭ᠎ᠠ ᠵᠠᠮ ᠎ᠢ ᠦᠷᠭᠡᠳᠭᠡᠵᠦ᠂ ᠡᠯ᠎ᠡ ᠲᠦᠷᠦᠯ᠎ᠦᠨ ᠦᠢᠯᠡᠳᠪᠦᠷᠢᠯᠡᠯ᠎ᠦᠨ ᠡᠯᠧᠮᠧᠨ᠋ᠲ᠎ᠦᠨ ᠬᠥᠯᠥᠰᠥ᠍ ᠣᠯᠭᠣᠮᠵᠢ᠎ᠶ᠋ᠢ ᠵᠠᠬ᠎ᠠ ᠳᠡᠯᠭᠡᠭᠦᠷ᠎ᠢᠶᠡᠷ ᠲᠣᠭ᠍ᠲᠠᠭᠠᠬᠤ ᠲᠣᠭ᠍ᠲᠠᠴᠠ᠂ ᠴᠠᠯᠢᠩ᠎ᠤᠨ ᠵᠦᠢ ᠵᠣᠬᠢᠰᠲᠠᠢ ᠨᠡᠮᠡᠭ᠌ᠳᠡᠯ᠎ᠦᠨ ᠲᠣᠭ᠍ᠲᠠᠴᠠ᠂ ᠨᠠᠭᠠᠳᠤ ᠵᠠᠬ᠎ᠠ᠎ᠶ᠋ᠢᠨ ᠴᠠᠯᠢᠩ᠎ᠤᠨ ᠪᠠᠷᠢᠮᠵᠢᠶ᠎ᠠ᠎ᠶ᠋ᠢ ᠲᠤᠬᠢᠷᠠᠭᠤᠯᠬᠤ ᠲᠣᠭ᠍ᠲᠠᠴᠠ ᠪᠠ ᠴᠠᠯᠢᠩ ᠥᠭ᠌ᠬᠦ᠎ᠶ᠋ᠢ ᠪᠠᠲᠤᠯᠠᠬᠤ ᠲᠣᠭ᠍ᠲᠠᠴᠠ᠎ᠶ᠋ᠢ ᠪᠦᠷᠢᠨᠱᠢᠬᠦᠯᠵᠤ᠂ ᠠᠩᠬᠠᠨ᠎ᠤ ᠬᠤᠪᠢᠶᠠᠷᠢᠯᠠᠯᠲᠠ᠂ ᠲᠠᠬᠢᠨ ᠬᠤᠪᠢᠶᠠᠷᠢᠯᠠᠯᠲᠠ᠂ ᠭᠤᠷᠪᠠᠳᠤᠭᠠᠷ ᠤᠳᠠᠭᠠᠨ᠎ᠤ ᠬᠤᠪᠢᠶᠠᠷᠢᠯᠠᠯᠲᠠ᠎ᠶ᠋ᠢ ᠵᠣᠬᠢᠴᠠᠭᠤᠯᠤᠨ ᠢᠵᠢ ᠪᠦᠷᠢᠳᠦᠬᠦᠯᠦᠭᠰᠡᠨ ᠰᠠᠭᠤᠷᠢ ᠴᠢᠨᠠᠷᠲᠠᠢ ᠲᠦᠷᠢᠮ᠎ᠦᠨ ᠲᠤᠬᠢᠷᠠᠭᠤᠯᠤᠯᠳᠠ᠎ᠶ᠋ᠢ ᠨᠠᠢᠳᠠᠪᠤᠷᠢᠵᠢᠭᠤᠯᠵᠤ᠂ ᠲᠣᠣᠷ᠎ᠠ ᠣᠷᠣᠯᠭ᠎ᠠ ᠲᠠᠢ ᠬᠦᠮᠦᠰ᠎ᠤᠨ ᠣᠷᠣᠯᠭ᠎ᠠ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠳᠤᠮᠳᠠ ᠵᠡᠷᠭᠡ᠎ᠶ᠋ᠢᠨ ᠣᠷᠣᠯᠭ᠎ᠠ᠎ᠲᠠᠶ ᠬᠦᠮᠦᠰ᠎ᠤ᠋ᠨ ᠡᠩᠨᠡᠭᠡ ᠵᠢ ᠥᠷᠭᠡᠳᠭᠡᠵᠦ᠍᠂ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠲᠡᠢᠰᠢ ᠯᠠᠪᠳᠠᠭᠤᠨ ᠪᠠᠲᠤᠲᠠᠢ ᠠᠯᠬᠤᠬᠤ᠎ᠶ᠋ᠢ ᠠᠬᠢᠭᠤᠯᠤᠨ᠎ᠠ᠃

(ᠬᠣᠶᠠᠷ ) ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠤᠨ᠎ᠠ᠃ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠵᠤ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠨᠢᠭᠡ ᠴᠣᠭ᠍ᠴᠠᠵᠢᠭᠤᠯᠬᠤ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《 ᠬᠣᠶᠠᠷ᠎ᠢ ᠬᠦᠩᠭᠡᠷᠡᠬᠦᠯᠬᠦ》 ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠵᠢᠭᠦᠯᠦᠯᠲᠡ᠎ᠶ᠋ᠢ ᠰᠠᠢᠲᠤᠷ ᠠᠳᠭᠤᠵᠤ᠂ 《ᠲᠠᠪᠤ᠎ᠶ᠋ᠢ ᠬᠥᠮᠦᠵᠢᠭᠦᠯᠬᠦ᠌᠎ᠶ᠋ᠢ ᠵᠡᠷᠭᠡ᠎ᠪᠡᠷ ᠴᠢᠬᠤᠯᠠᠴᠢᠯᠠᠬᠤ》 ᠬᠥᠮᠦᠨ ᠬᠥᠮᠦᠵᠢᠭᠦᠯᠬᠦ᠌ ᠱᠢᠰᠲ᠋ᠧᠮ᠎ᠢ ᠲᠡᠬᠦᠯᠲᠡᠷᠵᠢᠬᠦᠯᠵᠦ᠂ ᠰᠤᠷᠭᠠᠭᠤᠯᠢ᠂ ᠬᠡᠷ ᠪᠦᠯᠢ᠂ ᠨᠡᠢᠭᠡᠮ ᠬᠠᠮᠵᠢᠯᠴᠠᠬᠰᠠᠨ ᠬᠥᠮᠦᠨ ᠬᠥᠮᠦᠵᠢᠭᠦᠯᠬᠦ᠌ ᠲᠣᠭ᠍ᠲᠠᠴᠠ᠎ᠶ᠋ᠢ ᠪᠦᠷᠢᠨᠱᠢᠬᠦᠯᠵᠥ᠍᠂ ᠰᠤᠷᠤᠭ᠍ᠴᠢᠳ᠎ᠤᠨ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠥᠬᠥ᠌ ᠲᠠᠯ᠎ᠠ᠎ᠪᠠᠷ ᠬᠥᠭ᠌ᠵᠢᠬᠦ᠌᠎ᠶ᠋ᠢ ᠠᠬᠢᠭᠤᠯᠤᠨ᠎ᠠ᠃ ᠰᠤᠷᠭᠠᠨ ᠬᠥᠮᠦᠵᠢᠯ᠎ᠦᠨ ᠪᠠᠯᠠ ᠣᠷᠣᠭᠤᠯᠤᠯᠲᠠ᠎ᠶ᠋ᠢ ᠨᠡᠮᠡᠭ᠌ᠳᠡᠭᠦᠯᠦᠨ᠂ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠲᠦᠭᠡᠮᠡᠯᠵᠢᠭᠦᠯᠦᠨ ᠨᠡᠢᠳᠡᠮ ᠠᠱᠢᠭ ᠬᠦᠷᠲᠡᠭᠡᠬᠦ᠌᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠴᠢᠨᠠᠷ ᠰᠠᠢᠲᠠᠶ ᠪᠥᠭᠡᠳ ᠲᠡᠩᠴᠡᠭᠦᠷᠢᠲᠡᠶ ᠪᠠᠢᠯᠭᠠᠬᠤ᠂ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠢ ᠣᠯᠠᠨ ᠶᠠᠩᠵᠤᠵᠢᠭᠤᠯᠬᠤ ᠪᠠ ᠣᠨᠴᠠᠯᠢᠭ᠎ᠲᠠᠶ ᠬᠥᠭ᠌ᠵᠢᠭᠦᠯᠬᠦ᠌᠎ᠶ᠋ᠢ ᠠᠬᠢᠭᠤᠯᠤᠨ᠂ 《ᠲᠡᠷᠢᠬᠦᠨ ᠵᠡᠷᠬᠡ ᠵᠢᠨ ᠶᠡᠬᠡ ᠰᠣᠷᠭᠠᠭᠣᠯᠢ᠂ ᠲᠡᠷᠢᠬᠦᠨ᠎ᠵᠡᠷᠬᠡ ᠵᠢᠨ ᠰᠢᠨᠵᠢᠯᠡᠭᠡᠨ᠎ᠤ ᠰᠠᠯᠠᠭ᠎ᠠ》᠂ 《ᠲᠡᠭᠡᠲᠦ ᠲᠦᠪᠰᠢᠨ ᠪᠦᠬᠦᠢ ᠲᠡᠭᠡᠲᠦ ᠵᠡᠷᠭᠡ᠎ᠶᠢᠨ ᠠᠵᠢᠯ ᠮᠡᠷᠭᠡᠵᠢᠯ᠎ᠤᠨ ᠰᠣᠷᠭᠠᠭᠣᠯᠢ》 ᠶ᠋ᠢᠨ ᠪᠥᠲᠥᠭᠡᠨ ᠪᠠᠢᠭᠤᠯᠤᠯᠲᠠ᠎ᠪᠠᠷ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠠᠭᠤᠯᠬᠤᠨ ᠮᠠᠶᠢᠭ᠎ᠤᠨ ᠴᠢᠨᠠᠷ ᠰᠠᠢᠲᠠᠶ ᠬᠥᠭ᠌ᠵᠢᠯᠲᠡ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠥᠷᠥᠯ ᠬᠡᠯᠪᠡᠷᠢᠵᠢᠭᠦᠯᠦᠨ ᠬᠡᠯᠬᠢᠶᠡᠵᠢᠭᠦᠯᠬᠦ᠌ ᠮᠠᠶᠢᠭ᠎ᠤᠨ ᠬᠥᠭ᠌ᠵᠢᠯᠲᠡ᠎ᠶ᠋ᠢ ᠬᠥᠲᠥᠯᠥᠨ ᠠᠬᠢᠭᠤᠯᠤᠨ᠎ᠠ᠃ ᠣᠨᠴᠠᠭᠠᠢ ᠰᠤᠷᠭᠠᠨ ᠬᠥᠮᠦᠵᠢᠯ᠎ᠦᠨ ᠪᠠᠲᠤᠯᠠᠭ᠎ᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠠᠷᠠᠳ᠎ᠠᠴᠠ ᠡᠷᠬᠢᠯᠡᠭ᠌ᠰᠡᠨ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢ ᠵᠢᠷᠤᠮᠵᠢᠭᠤᠯᠵᠤ᠂ ᠪᠦᠬᠦ᠌ ᠠᠷᠠᠳ᠎ᠤᠨ ᠨᠠᠰᠤᠨ ᠲᠤᠷᠱᠢᠳᠠ᠎ᠶ᠋ᠢᠨ ᠰᠤᠷᠤᠯᠴᠠᠯᠭ᠎ᠠ᠎ᠳᠤ ᠦᠢᠯᠡᠴᠢᠯᠡᠬᠦ᠌ ᠰᠤᠷᠭᠠᠨ ᠬᠥᠮᠦᠵᠢᠯ᠎ᠦᠨ ᠱᠢᠰᠲᠸᠮ᠎ᠢ ᠲᠦᠷᠭᠡᠳᠭᠡᠨ ᠪᠠᠢᠭᠤᠯᠵᠤ᠂ ᠬᠥᠮᠦᠨ ᠪᠦᠬᠦᠨ᠎ᠳᠦ ᠨᠡᠩ ᠰᠠᠢ᠌ᠨ ᠨᠡᠩ ᠡᠷᠬᠡ ᠲᠡᠭ᠌ᠰᠢ ᠰᠤᠷᠭᠠᠨ ᠬᠥᠮᠦᠵᠢᠯ᠎ᠢ ᠡᠳ᠋ᠯᠡᠭᠦᠯᠦᠨ᠎ᠡ᠃

(ᠭᠣᠷᠪᠠ) ᠣᠯᠠᠨ ᠳᠡᠰ ᠳᠠᠪᠬᠤᠷᠭ᠎ᠠ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠪᠥᠬᠥ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠬᠠᠤᠯᠢ᠎ᠪᠠᠷ ᠲᠣᠭ᠍ᠲᠠᠭᠠᠭ᠍ᠰᠠᠨ ᠬᠥᠮᠦᠰ᠎ᠢ ᠪᠦᠬᠦᠨ᠎ᠢ ᠬᠠᠮᠣᠷᠬᠣ ᠶ᠋ᠢ ᠠᠬᠢᠭᠤᠯᠤᠨ᠎ᠠ᠃ ᠦᠨᠳᠦᠰᠦᠨ ᠨᠠᠰᠤᠵᠢᠯ᠎ᠤᠨ ᠲᠠᠭᠠᠳᠬᠠᠯ᠂ ᠦᠨᠳᠦᠰᠦᠨ ᠡᠮ ᠡᠮᠨᠡᠯᠭᠡ ᠵᠡᠷᠭᠡ ᠳᠠᠭᠠᠳᠭᠠᠯ᠎ᠤᠨ ᠳᠦᠷᠢᠮ᠎ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠪᠠᠲᠤᠯᠠᠭ᠎ᠠ᠎ᠶ᠋ᠢᠨ ᠪᠠᠷᠢᠮᠵᠢᠶ᠎ᠠ ᠪᠣᠯᠤᠨ ᠨᠢᠭᠡᠳᠦᠯᠲᠡᠶ ᠲᠥᠯᠥᠪᠵᠢᠬᠦᠯᠬᠦ᠌ ᠳᠡᠰ ᠳᠠᠪᠬᠤᠷᠭ᠎ᠠ᠎ᠪᠠᠨ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠵᠦ᠍᠂ ᠬᠤᠳᠠᠯᠳᠤᠭᠠᠨ᠎ᠤ ᠡᠮ ᠡᠮᠨᠡᠯᠭᠡ᠎ᠶ᠋ᠢᠨ ᠳᠠᠭᠠᠳᠭᠠᠯ᠎ᠢ ᠵᠣᠷᠢᠭ᠍ᠵᠢᠭᠤᠯᠤᠨ ᠬᠥᠭ᠌ᠵᠢᠭᠦᠯᠵᠦ᠍᠂ ᠠᠷᠠᠳ ᠣᠯᠠᠨ᠎ᠳᠤ ᠨᠡᠩ ᠨᠠᠢᠳᠠᠪᠤᠷᠢᠲᠠᠶ ᠨᠡᠩ ᠭᠦᠢᠴᠡᠳ ᠪᠠᠲᠤᠯᠠᠭ᠎ᠠ ᠬᠠᠩᠭᠠᠬᠤ ᠬᠡᠷᠡᠭ᠌ᠲᠡᠶ᠃ ᠲᠡᠰ ᠲᠦᠷᠦᠯ ᠬᠤᠪᠢᠶᠠᠭ᠍ᠰᠠᠨ᠂ ᠬᠤᠳᠠ ᠬᠥᠳᠡᠭᠡ᠎ᠶ᠋ᠢ ᠨᠢᠭᠡᠳᠦᠯᠲᠡᠢ ᠲᠥᠯᠥᠪᠵᠢᠭᠦᠯᠦᠭ᠌ᠰᠡᠨ ᠨᠡᠢᠭᠡᠮ᠎ᠦᠨ ᠠᠪᠤᠷᠠᠨ ᠲᠤᠰᠠᠯᠠᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠶᠡᠷᠦᠩᠬᠡᠢᠯᠡᠭ᠌ᠰᠡᠨ ᠠᠪᠤᠷᠠᠨ ᠲᠤᠰᠠᠯᠠᠬᠤ ᠪᠠᠢᠷᠢᠱᠢᠯ᠎ᠢ ᠪᠠᠢᠭᠤᠯᠤᠨ᠎ᠠ᠃ ᠬᠥᠮᠦᠨ ᠠᠮᠠ᠎ᠶ᠋ᠢᠨ ᠨᠠᠰᠤᠵᠢᠯ᠎ᠢ ᠢᠳᠡᠪᠬᠢᠲᠡᠶ ᠠᠷᠭᠠᠴᠠᠭᠠᠵᠤ᠂ ᠬᠡᠷ ᠪᠦᠯᠢ ᠨᠡᠢᠭᠡᠮ ᠲᠣᠭᠣᠷᠢᠭ᠎ᠤᠨ ᠪᠠᠢᠭᠤᠯᠤᠮᠵᠢ᠎ᠬᠠᠷᠢᠯᠴᠠᠨ ᠵᠣᠬᠢᠴᠠᠭ᠍ᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ᠎ᠶ᠋ᠢ ᠬᠠᠷᠢᠯᠴᠠᠨ ᠤᠶᠠᠯᠳᠤᠭᠤᠯᠤᠭ᠍ᠰᠠᠨ ᠨᠠᠰᠤᠵᠢᠯ᠎ᠤᠨ ᠦᠶ᠋ᠯᠡᠴᠢᠯᠡᠭᠡᠨ᠎ᠦ ᠱᠢᠰᠲ᠋ᠧᠮ ᠎ᠢ᠋ ᠪᠠᠢᠭᠤᠯᠤᠨ᠎ᠠ᠃ ᠤᠯᠠᠨ ᠭᠣᠣᠯ ᠴᠣᠭ᠍ᠴᠠ᠎ᠠᠴᠠ ᠬᠠᠩᠭᠠᠵᠦ᠂ ᠤᠯᠠᠨ ᠠᠷᠭ᠎ᠠ ᠵᠠᠮ᠎ᠢᠶᠠᠷ ᠪᠠᠲᠤᠯᠠᠬᠤ᠂ ᠲᠦᠷᠢᠶᠡᠰᠦᠯᠡᠬᠦ᠌ ᠪᠠ ᠬᠤᠳᠠᠯᠳᠤᠨ ᠠᠪᠬᠤ᠎ᠶ᠋ᠢ ᠵᠡᠷᠭᠡ᠎ᠪᠡᠷ ᠴᠢᠬᠤᠯᠠᠴᠢᠯᠠᠬᠰᠠᠨ ᠣᠷᠣᠨ ᠰᠠᠭᠤᠴᠠ᠎ᠶ᠋ᠢᠨ ᠲᠦᠷᠢᠮ᠎ᠢ ᠲᠦᠷᠭᠡᠳᠭᠡᠨ ᠪᠠᠢᠭᠤᠯᠵᠤ᠂ ᠤᠯᠠᠨ ᠲᠦᠮᠡᠨ᠎ᠦ ᠤᠯᠠᠨ ᠲᠡᠰ ᠳᠠᠪᠬᠤᠷᠭ᠎ᠠ᠎ᠶ᠋ᠢᠨ᠂ ᠤᠯᠠᠨ ᠶᠠᠩᠵᠣᠴᠢᠯᠠᠬᠰᠠᠨ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠬᠦᠴᠦᠯᠡᠨ ᠬᠠᠩᠭᠠᠨ᠎ᠠ᠃ ᠡᠮᠡᠭ᠌ᠲᠡᠢᠴᠦᠳ ᠬᠡᠦᠬᠡᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠦ᠂ ᠨᠠᠰᠤᠨ᠎ᠳᠤ ᠦᠯᠤ ᠬᠥᠷᠦᠭ᠌ᠰᠡᠳ᠎ᠦᠨ ᠬᠠᠮᠠᠭᠠᠯᠠᠯᠲᠠ᠎ᠶ᠋ᠢ ᠴᠢᠩᠭᠠᠳᠭᠠᠨ᠂ ᠨᠡᠢᠭᠡᠮ᠎ᠦᠨ ᠠᠰᠠᠷᠠᠮᠵᠢ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠵᠡᠮᠳᠡᠭ᠌ᠴᠦᠳ ᠪᠠ ᠬᠥᠮᠦᠯᠢᠭ ᠦᠵᠡᠯ᠎ᠤᠨ ᠨᠡᠢᠲᠡ᠎ᠶ᠋ᠢᠨ ᠠᠰᠠᠷᠠᠮᠵᠢ ᠵᠡᠷᠭᠡ ᠦᠢᠯᠡᠰ᠎ᠢ ᠬᠥᠭ᠌ᠵᠢᠭᠦᠯᠦᠨ᠎ᠡ᠃ ᠴᠡᠷᠢᠭ᠎ᠦᠨ ᠠᠯᠪᠠᠨ᠎ᠠᠴᠠ ᠬᠠᠯᠠᠬᠲᠠᠬᠰᠠᠳ᠎ᠤᠨ ᠠᠵᠢᠯ᠎ᠤᠨ ᠱᠢᠰᠲ᠋ᠧᠮ ᠪᠠ ᠪᠠᠲᠤᠯᠠᠭ᠎ᠠ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ᠃

(ᠳᠥᠷᠪᠡ ) ᠡᠷᠡᠭᠦᠯ ᠡᠩᠬᠡ ᠥᠪᠥᠷ ᠮᠣᠩᠭᠣᠯ ᠤ᠋ᠨ ᠪᠥᠲᠥᠭᠡᠨ ᠪᠠᠢᠭᠤᠯᠤᠯᠲᠠ ᠵᠢ ᠠᠬᠢᠭᠤᠯᠤᠨ᠎ᠠ᠃ ᠠᠷᠠᠳ ᠲᠦᠮᠡᠨ᠎ᠤ ᠡᠷᠡᠭᠦᠯ ᠮᠡᠨᠳᠦ᠍ ᠵᠢ ᠪᠠᠲᠤᠯᠠᠬᠤ ᠵᠢ ᠤᠷᠢᠳ ᠵᠢᠡᠷ ᠬᠥᠭ᠌ᠵᠢᠭᠦᠯᠬᠦ᠌ ᠪᠠᠢᠯᠳᠤᠬᠤ ᠪᠤᠳᠤᠯᠭ᠎ᠠ ᠵᠢᠨ ᠪᠠᠢᠷᠢᠨ᠎ᠳᠤ ᠲᠠᠯᠪᠢᠵᠤ᠂ ᠤᠷᠢᠳᠴᠢᠯᠠᠨ ᠰᠡᠷᠭᠡᠢᠯᠡᠬᠦ᠌ ᠪᠡᠷ ᠭᠣᠣᠯ ᠪᠣᠯᠭᠠᠬᠤ ᠴᠢᠭ᠌ᠯᠡᠯᠲᠡ ᠵᠢ ᠪᠠᠷᠢᠮᠲᠠᠯᠠᠨ᠂ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠦᠢᠯᠡᠰ ᠤ᠋ᠨ ᠨᠡᠢᠲᠡ ᠵᠢᠨ ᠠᠰᠠᠷᠠᠮᠵᠢ ᠵᠢᠨ ᠱᠢᠨᠵᠢ ᠴᠢᠨᠠᠷ ᠢ᠋ ᠪᠠᠷᠢᠮᠲᠠᠯᠠᠵᠤ᠂ ᠤᠯᠠᠨ ᠨᠡᠢᠲᠡ ᠵᠢᠨ ᠡᠷᠡᠭᠦᠯ ᠬᠠᠮᠠᠭᠠᠯᠠᠯ ᠤ᠋ᠨ ᠱᠢᠰᠲ᠋ᠧᠮ ᠢ᠋ ᠲᠡᠭᠦᠯᠳᠡᠷᠵᠢᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠪᠠᠢᠭᠤᠯᠤᠮᠵᠢ᠎ᠵᠢᠨ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠍᠂ ᠠᠷᠠᠳ ᠤᠯᠠᠨ᠎ᠳᠤ ᠪᠦᠬᠦ᠌ ᠲᠠᠯ᠎ᠠ ᠵᠢᠨ ᠪᠦᠬᠦ᠌ ᠦᠶᠡᠯᠡᠯ ᠤ᠋ᠨ ᠡᠷᠡᠭᠦᠯ ᠮᠡᠨᠳᠦ᠍ ᠵᠢᠨ ᠦᠢᠯᠡᠴᠢᠯᠡᠭᠡ ᠬᠠᠩᠭᠠᠬᠤ᠎ᠪᠠᠷ ᠴᠢᠷᠮᠠᠢᠨ᠎ᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠢ᠋ ᠪᠠᠢᠩᠭᠤᠵᠢᠭᠤᠯᠬᠤ ᠵᠢ ᠰᠠᠢᠲᠤᠷ ᠠᠳᠭᠤᠵᠤ᠂ ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌ ᠵᠢ ᠰᠡᠷᠭᠡᠢᠯᠡᠬᠦ᠌ ᠴᠢᠩᠭ᠎ᠠ ᠰᠡᠷᠭᠡᠢᠯᠡᠯᠲᠡ ᠵᠢᠨ ᠱᠤᠭᠤᠮ ᠢ᠋ ᠪᠠᠲᠤ ᠴᠣᠭ᠍ᠴᠠᠯᠠᠨ᠎ᠠ᠃ ᠡᠮᠨᠡᠬᠦ ᠪᠠ ᠰᠡᠷᠭᠡᠢᠯᠡᠬᠦ᠎ᠵᠢᠨ ᠬᠠᠮᠵᠢᠯᠴᠠᠬᠤ ᠲᠣᠭ᠍ᠲᠠᠴᠠ ᠪᠠ ᠰᠡᠷᠭᠡᠢᠯᠡᠨ ᠡᠵᠡᠮᠳᠡᠬᠦ᠌ ᠱᠢᠰᠲ᠋ᠧᠮ ᠢ᠋ ᠲᠡᠭᠦᠯᠳᠡᠷᠵᠢᠭᠦᠯᠵᠦ᠍᠂ ᠭᠡᠨᠡᠳᠲᠡ ᠡᠭᠦᠰᠭᠦ ᠤᠯᠠᠨ ᠨᠡᠢᠲᠡ ᠵᠢᠨ ᠡᠷᠡᠭᠦᠯ ᠬᠠᠮᠠᠭᠠᠯᠠᠯ ᠤ᠋ᠨ ᠬᠡᠷᠡᠭ ᠢ᠋ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠪᠠᠴᠢᠮ ᠪᠠᠢᠳᠠᠯ ᠢ᠋ ᠠᠷᠭᠠᠴᠠᠭᠠᠨ ᠱᠢᠢᠳᠪᠦᠷᠢᠯᠡᠬᠦ᠌ ᠴᠢᠳᠠᠪᠤᠷᠢ ᠵᠢ ᠳᠡᠭᠡᠭ᠌ᠰᠢᠯᠡᠭᠦᠯᠦᠨ᠎ᠡ᠃ ᠴᠢᠨᠠᠷ ᠰᠠᠢᠲᠠᠶ ᠡᠮᠴᠢᠯᠡᠭᠡᠨ᠎ᠤ ᠡᠬᠢ ᠪᠠᠶᠠᠯᠢᠭ ᠤ᠋ᠨ ᠪᠠᠭ᠍ᠲᠠᠭᠠᠮᠵᠢ ᠵᠢ ᠥᠷᠭᠡᠳᠭᠡᠬᠦ᠌ ᠪᠠ ᠣᠷᠣᠨ ᠪᠦᠰᠡ ᠵᠢᠨ ᠲᠡᠩᠴᠡᠭᠦᠷᠢᠲᠡᠶ ᠪᠠᠢᠷᠢᠯᠠᠭᠤᠯᠤᠯᠳᠠ ᠵᠢ ᠲᠦᠷᠭᠡᠳᠭᠡᠵᠦ᠍᠂ ᠱᠠᠲᠤ ᠬᠤᠪᠢᠶᠠᠨ ᠣᠨᠣᠱᠢᠯᠠᠨ ᠡᠮᠨᠡᠬᠦ᠌ ᠱᠢᠰᠲ᠋ᠧᠮ ᠢ᠋ ᠲᠦᠷᠭᠡᠳᠭᠡᠨ ᠪᠠᠢᠭᠤᠯᠵᠤ᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ ᠵᠢᠨ ᠬᠣᠷᠢᠶ᠎ᠠ ᠵᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠤᠨ᠂ ᠣᠷᠣᠨ ᠪᠦᠰᠡ ᠵᠢᠨ ᠡᠮᠴᠢᠯᠡᠭᠡᠨ᠎ᠤ ᠲᠥᠪ ᠢ᠋ ᠪᠠᠢᠭᠤᠯᠵᠤ᠂ ᠱᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠵᠢᠨ ᠴᠢᠳᠠᠪᠤᠷᠢ ᠵᠢ ᠳᠡᠭᠡᠭ᠌ᠰᠢᠯᠡᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠦᠨ᠂ ᠦᠨᠳᠦᠰᠦᠨ ᠱᠠᠲᠤᠨ᠎ᠤ ᠰᠠᠭᠤᠷᠢ ᠲᠦᠭᠦᠭᠡᠷᠦᠮᠵᠢ ᠵᠢᠨ ᠨᠥᠬᠥᠴᠡᠯ ᠢ᠋ ᠰᠠᠢᠵᠢᠷᠠᠭᠤᠯᠵᠤ᠂ 《 ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ 》 ᠵᠢ ᠳᠡᠯᠭᠡᠷᠡᠭᠦᠯᠦᠨ᠂ ᠪᠥᠬᠥ᠌ ᠣᠷᠣᠨ᠎ᠤ ᠠᠷᠠᠳ ᠲᠦᠮᠡᠨ᠎ᠳᠦ ᠣᠢᠷ᠎ᠠ ᠬᠠᠪᠢ᠎ᠳᠦ ᠨᠢ ᠡᠷᠭᠡ ᠲᠡᠭᠰᠢ᠂ ᠱᠢᠰᠲ᠋ᠧᠮ ᠲᠠᠢ ᠦᠷᠭᠦᠯᠵᠢᠯᠡᠭ᠌ᠰᠡᠨ ᠡᠷᠡᠭᠦᠯ ᠮᠡᠨᠳᠦ᠍ ᠵᠢᠨ ᠦᠶ᠋ᠯᠡᠴᠢᠯᠡᠭᠡ ᠵᠢ ᠡᠳ᠋ᠯᠡᠬᠦᠯᠦᠨ᠎ᠡ᠃ ᠬᠢᠲᠠᠳ ᠡᠮ ᠡᠮᠨᠡᠯᠭᠡ(ᠮᠣᠩᠭᠣᠯ ᠡᠮ ᠡᠮᠨᠡᠯᠭᠡ) ᠵᠢ ᠤᠯᠠᠮᠵᠢᠯᠠᠨ ᠵᠠᠯᠭᠠᠮᠵᠢᠯᠠᠵᠤ ᠱᠢᠨ᠎ᠡ ᠵᠢ ᠡᠭᠦᠳᠦᠨ ᠬᠥᠭ᠌ᠵᠢᠭᠦᠯᠬᠦ᠌ ᠵᠢ ᠠᠬᠢᠭᠤᠯᠤᠨ᠎ᠠ᠃ ᠡᠷᠡᠭᠦᠯ ᠮᠡᠨᠳᠦ᠍ ᠵᠢᠨ ᠠᠵᠤ ᠦᠢᠯᠡᠰ ᠢ᠋ ᠲᠦᠷᠭᠡᠳᠭᠡᠨ ᠬᠥᠭ᠌ᠵᠢᠭᠦᠯᠦᠨ᠎ᠡ᠃ ᠤᠯᠤᠰ ᠵᠢᠡᠨ ᠬᠠᠢᠷᠠᠯᠠᠬᠤ ᠡᠷᠡᠭᠦᠯ ᠬᠠᠮᠠᠭᠠᠯᠠᠯ ᠤ᠋ᠨ ᠬᠥᠳᠡᠯᠭᠡᠭᠡᠨ ᠢ᠋ ᠭᠦᠨᠵᠡᠭᠡᠶ ᠥᠷᠨᠢᠭᠦᠯᠦᠨ᠎ᠡ᠃ ᠤᠯᠠᠨ ᠲᠦᠮᠡᠨᠴᠢ ᠪᠡᠶ᠎ᠡ ᠵᠢᠨ ᠲᠠᠮᠢᠷ᠂ ᠤᠷᠤᠯᠳᠤᠭᠠᠨ᠎ᠤ ᠪᠡᠶ᠎ᠡ ᠵᠢᠨ ᠲᠠᠮᠢᠷ᠂ ᠵᠠᠯᠠᠭᠤᠴᠤᠳ ᠪᠠᠭᠠᠴᠤᠳ ᠤ᠋ᠨ ᠪᠡᠶ᠎ᠡ ᠵᠢᠨ ᠲᠠᠮᠢᠷ ᠪᠠ ᠪᠡᠶ᠎ᠡ ᠵᠢᠨ ᠲᠠᠮᠢᠷ ᠤ᠋ᠨ ᠠᠵᠤ ᠦᠢᠯᠡᠰ ᠤ᠋ᠨ ᠪᠦᠬᠦ᠌ ᠲᠠᠯ᠎ᠠ ᠵᠢᠨ ᠬᠥᠭ᠌ᠵᠢᠯᠲᠡ ᠵᠢ ᠠᠬᠢᠭᠤᠯᠤᠨ᠎ᠠ᠃ ᠦᠷᠡᠵᠢᠯ ᠤ᠋ᠨ ᠢᠵᠢ ᠪᠦᠷᠢᠳᠦᠭ᠌ᠰᠡᠨ ᠲᠦᠷᠦ᠍ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠍᠂ ᠨᠠᠢᠳᠠᠨ ᠬᠦᠮᠦᠵᠢᠬᠦᠯᠬᠦ ᠦᠢᠯᠡᠴᠢᠯᠡᠭᠡᠨ᠎ᠤ ᠪᠠᠲᠤᠯᠠᠭ᠎ᠠ ᠵᠢᠨ ᠱᠢᠰᠲ᠋ᠧᠮ ᠢ᠋ ᠪᠦᠷᠢᠨᠱᠢᠬᠦᠯᠵᠤ᠂ ᠲᠦᠷᠦᠵᠦ ᠦᠰᠬᠡᠬᠦ ᠬᠥᠮᠦᠵᠢᠬᠦᠯᠬᠦ ᠥᠪᠡᠷ ᠤ᠋ᠨ ᠦᠷᠳᠡᠭ ᠢ᠋ ᠪᠠᠭᠤᠷᠠᠭᠤᠯᠵᠤ᠂ ᠬᠥᠮᠦᠨ ᠠᠮᠠ ᠵᠢᠨ ᠤᠷᠳᠤ ᠬᠤᠭᠤᠴᠠᠭᠠᠨ᠎ᠤ ᠲᠡᠩᠴᠡᠭᠦᠷᠢᠲᠡᠢ ᠬᠥᠭ᠌ᠵᠢᠯᠳᠠ ᠢ᠋ᠢ ᠠᠬᠢᠭᠤᠯᠤᠨ᠎ᠠ᠃

(ᠲᠠᠪᠤ )ᠨᠡᠢᠭᠡᠮ ᠤ᠋ᠨ ᠵᠠᠰᠠᠯᠲᠠ ᠵᠢ ᠴᠢᠩᠭᠠᠳᠭᠠᠨ ᠰᠢᠨ᠎ᠡ ᠢ᠋ᠢ ᠡᠭᠦᠳᠦᠨ᠎ᠡ᠃ ᠨᠡᠢᠭᠡᠮ ᠤ᠋ᠨ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠵᠢ ᠪᠠᠷᠢᠮᠲᠠᠯᠠᠵᠤ᠂ ᠬᠥᠮᠦᠨ ᠪᠦᠬᠦᠨ ᠬᠠᠷᠢᠭᠤᠴᠠᠯᠭ᠎ᠠ᠎ᠲᠠᠶ᠂ ᠬᠥᠮᠦᠨ ᠪᠦᠬᠦᠨ ᠬᠠᠷᠢᠭᠤᠴᠠᠯᠭ᠎ᠠ᠎ᠪᠠᠨ ᠭᠦᠢᠴᠡᠳᠭᠡᠵᠦ᠂ ᠬᠥᠮᠦᠨ ᠪᠦᠬᠦᠨ ᠡᠳ᠋ᠯᠡᠬᠦ᠌ ᠨᠡᠢᠭᠡᠮ ᠤ᠋ᠨ ᠵᠠᠰᠠᠯᠲᠠ ᠵᠢᠨ ᠬᠠᠮᠲᠤ ᠵᠢᠨ ᠴᠣᠭ᠍ᠴᠠ ᠵᠢ ᠪᠠᠢᠭᠤᠯᠤᠨ᠎ᠠ᠃ ᠬᠤᠳᠠ ᠵᠢᠨ ᠬᠡᠪᠴᠢᠶᠡᠨ᠎ᠤ ᠨᠡᠢᠭᠡᠮ ᠤ᠋ᠨ ᠵᠠᠰᠠᠯᠲᠠ ᠵᠢᠨ ᠣᠳᠣᠬᠢᠴᠢᠯᠠᠯᠲᠠ ᠵᠢ ᠠᠬᠢᠭᠤᠯᠵᠤ᠂ ᠨᠡᠢᠭᠡᠮ ᠤ᠋ᠨ ᠵᠠᠰᠠᠯᠲᠠ ᠵᠢᠨ ᠭᠣᠣᠯᠳᠠᠯᠭ᠎ᠠ ᠵᠢ ᠦᠨᠳᠦᠰᠦᠨ ᠱᠠᠳᠤ ᠲᠡᠢᠰᠢ ᠱᠢᠯᠵᠢᠭᠦᠯᠬᠦ᠌ ᠵᠢ ᠠᠬᠢᠭᠤᠯᠤᠨ᠂ ᠬᠤᠳᠠ ᠬᠥᠳᠡᠭᠡ ᠵᠢᠨ ᠨᠡᠢᠭᠡᠮ ᠲᠣᠭᠣᠷᠢᠭ ᠤ᠋ᠨ ᠵᠠᠰᠠᠯᠲᠠ ᠪᠠ ᠦᠢᠯᠡᠴᠢᠯᠡᠭᠡᠨ᠎ᠤ ᠱᠢᠰᠲ᠋ᠧᠮ ᠤ᠋ᠨ ᠪᠠᠢᠭᠤᠯᠤᠯᠲᠠ ᠵᠢ ᠴᠢᠩᠭᠠᠳᠭᠠᠵᠤ᠂ ᠲᠣᠣᠷᠵᠢᠭᠤᠯᠤᠭ᠍ᠰᠠᠨ ᠬᠠᠮᠢᠶᠠᠷᠤᠯᠲᠠ᠂ ᠨᠠᠷᠢᠯᠢᠬ᠍ᠵᠢᠭᠤᠯᠤᠭ᠍ᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠵᠢᠨ ᠲᠤᠯᠭᠠᠭᠤᠷᠢᠯᠠᠯ᠂ ᠨᠡᠭᠡᠭᠡᠯᠲᠡᠲᠡᠢ ᠬᠠᠮᠲᠤ᠎ᠪᠠᠷ ᠡᠳ᠋ᠯᠡᠬᠦ᠌ ᠦᠨᠳᠦᠰᠦᠨ ᠱᠠᠲᠤᠨ᠎ᠤ ᠬᠠᠮᠢᠶᠠᠷᠤᠯᠲᠠ ᠵᠢᠨ ᠦᠢᠯᠡᠴᠢᠯᠡᠭᠡᠨ᠎ᠤ ᠲᠠᠪᠴᠠᠩ ᠢ᠋ ᠪᠠᠢᠭᠤᠯᠵᠤ᠂ ᠨᠡᠢᠭᠡᠮ ᠤ᠋ᠨ ᠵᠠᠰᠠᠯᠲᠠ ᠵᠢᠨ ᠦᠷ᠎ᠡ ᠪᠦᠲᠦᠮᠵᠢ ᠵᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠨᠡᠢᠭᠡᠮ ᠲᠣᠭᠣᠷᠢᠭ ᠬᠢᠭᠡᠳ ᠨᠡᠢᠭᠡᠮ ᠤ᠋ᠨ ᠵᠣᠬᠢᠶᠠᠨ ᠪᠠᠢᠭᠤᠯᠤᠯᠲᠠ᠂ ᠨᠡᠢᠭᠡᠮ ᠤ᠋ᠨ ᠠᠵᠢᠯᠲᠠᠨ᠂ ᠨᠡᠢᠭᠡᠮ ᠲᠣᠭᠣᠷᠢᠭ ᠤ᠋ᠨ ᠰᠠᠢᠨ ᠳᠤᠷᠠᠴᠤᠤᠯ᠂ ᠨᠡᠢᠭᠡᠮ ᠤ᠋ᠨ ᠨᠢᠭᠦᠯᠡᠰᠦᠩᠭᠦᠶ ᠵᠢᠨ ᠡᠬᠢ ᠪᠠᠶᠠᠯᠢᠭ ᠤ᠋ᠨ ᠬᠠᠮᠳᠤᠷᠠᠨ ᠬᠥᠳᠡᠯᠦᠯᠴᠡᠬᠦ᠌ ᠲᠣᠭ᠍ᠲᠠᠴᠠ ᠵᠢ ᠪᠦᠷᠢᠨᠱᠢᠬᠦᠯᠵᠦ᠍᠂ ᠦᠨᠳᠦᠰᠦᠨ ᠱᠠᠲᠤᠨ᠎ᠤ ᠨᠡᠢᠭᠡᠮ ᠤ᠋ᠨ ᠵᠠᠰᠠᠯᠲᠠ ᠵᠢᠨ ᠠᠮᠢᠵᠢᠷᠠᠯ ᠤ᠋ᠨ ᠬᠦᠴᠦᠨ ᠢ᠋ ᠬᠥᠭ᠌ᠵᠢᠭᠡᠨ᠎ᠡ᠃


ᠨᠠᠶ᠋ᠮᠠ᠂ ᠨᠡᠢᠭᠡᠮ ᠵᠢᠷᠤᠮ ᠤ᠋ᠨ ᠠᠷᠠᠳᠴᠢᠯᠠᠭ᠍ᠰᠠᠨ ᠤᠯᠤᠰ ᠲᠥᠷᠥ ᠵᠢᠨ ᠪᠠᠢᠭᠤᠯᠤᠯᠲᠠ ᠵᠢ ᠠᠬᠢᠭᠤᠯᠵᠤ᠂ ᠪᠦᠬᠦ᠌ ᠶᠠᠪᠤᠴᠠ ᠵᠢᠨ ᠠᠷᠠᠳ ᠤ᠋ᠨ ᠠᠷᠠᠳᠴᠢᠯᠠᠯ ᠢ᠋ ᠲᠠᠰᠤᠷᠠᠯᠲᠠ ᠤᠢ᠍ᠭᠡᠢ ᠬᠥᠭ᠌ᠵᠢᠭᠦᠯᠦᠨ᠎ᠡ᠃

ᠨᠠᠮ ᠤ᠋ᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠪᠠᠷ ᠤᠯᠤᠰ ᠵᠢᠡᠨ ᠵᠠᠰᠠᠬᠤ ᠵᠢ ᠣᠷᠭᠠᠨᠢᠭ ᠵᠢᠡᠷ ᠨᠢᠭᠡᠳᠭᠡᠬᠦ᠌ ᠵᠢ ᠪᠠᠷᠢᠮᠲᠠᠯᠠᠵᠤ᠂ ᠨᠡᠢᠭᠡᠮ ᠵᠢᠷᠤᠮᠳᠦ ᠠᠷᠠᠳᠴᠢᠯᠠᠭ᠍ᠰᠠᠨ ᠤᠯᠤᠰ ᠲᠦᠷᠦ᠍ ᠵᠢᠨ ᠳᠦᠷᠢᠮᠵᠢᠯᠲᠡ᠂ ᠵᠢᠷᠤᠮᠵᠢᠯᠲᠠ᠂ ᠳᠡᠰ ᠳᠠᠷᠠᠭᠠᠴᠢᠯᠠᠯᠲᠠ ᠵᠢ ᠠᠬᠢᠭᠤᠯᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠵᠢ ᠠᠵᠢᠯ ᠦᠢᠯᠡᠰ ᠤ᠋ᠨ ᠬᠥᠭ᠌ᠵᠢᠯᠲᠡ ᠵᠢ ᠠᠬᠢᠭᠤᠯᠬᠤ ᠲᠦᠷᠦ᠍ ᠵᠢᠨ ᠪᠤᠳᠤᠯᠭ᠎ᠠ ᠠᠷᠭ᠎ᠠ ᠬᠡᠮᠵᠢᠶ᠎ᠡ ᠳᠡᠭᠡᠷ᠎ᠡ ᠪᠣᠳᠠᠲᠠᠢ ᠢᠯᠡᠷᠡᠬᠦᠯᠵᠦ᠂ ᠨᠠᠮ ᠪᠠ ᠲᠦᠷᠦ᠍ ᠵᠢᠨ ᠪᠠᠢᠭᠤᠯᠭ᠎ᠠ ᠵᠢᠨ ᠡᠯ᠎ᠡ ᠲᠠᠯ᠎ᠠ ᠡᠯ᠎ᠡ ᠱᠠᠳᠤ ᠳᠠᠪᠬᠤᠷᠭ᠎ᠠ ᠵᠢᠨ ᠠᠵᠢᠯ ᠳᠡᠭᠡᠷ᠎ᠡ ᠢᠯᠡᠷᠡᠭᠦᠯᠵᠦ᠍᠂ ᠠᠷᠠᠳ ᠲᠦᠮᠡᠨ᠎ᠤ ᠰᠠᠢ᠌ᠨ ᠰᠠᠢᠬᠠᠨ ᠠᠮᠢᠳᠤᠷᠠᠯ ᠤ᠋ᠨ ᠬᠦᠰᠡᠯ ᠡᠷᠡᠮᠡᠯᠵᠡᠯ ᠢ᠋ ᠪᠡᠶᠡᠯᠡᠭᠦᠯᠬᠦ᠌ ᠠᠵᠢᠯ ᠳᠡᠭᠡᠷ᠎ᠡ ᠢᠯᠡᠷᠡᠭᠦᠯᠦᠨ᠎ᠠ᠃

( ᠨᠢᠭᠡ ) ᠠᠷᠠᠳ ᠤ᠋ᠨ ᠠᠷᠠᠳᠴᠢᠯᠠᠯ ᠢ᠋ ᠴᠢᠨᠠᠭᠰᠢᠳᠠ ᠥᠷᠭᠡᠳᠭᠡᠨ᠎ᠡ᠃ ᠱᠢᠨ᠎ᠡ ᠴᠠᠭ ᠦᠶ᠎ᠡ ᠵᠢᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠠᠵᠢᠯ ᠢ᠋ ᠴᠢᠩᠭᠠᠳᠭᠠᠨ ᠰᠠᠢᠵᠢᠷᠠᠭᠤᠯᠵᠤ᠂ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠵᠢᠴᠢ ᠲᠡᠭᠦᠨ᠎ᠤ ᠪᠠᠢᠩᠭᠤ ᠵᠢᠨ ᠬᠣᠷᠢᠶ᠎ᠠ ᠵᠢᠨ ᠬᠠᠤᠯᠢ ᠶᠣᠰᠣᠭᠠᠷ ᠡᠷᠬᠡ ᠲᠤᠱᠢᠶᠠᠯ ᠵᠢᠡᠨ ᠬᠡᠷᠡᠭ᠌ᠵᠢᠭᠦᠯᠬᠦ᠌᠂ ᠠᠵᠢᠯ ᠵᠢᠡᠨ ᠥᠷᠨᠢᠭᠦᠯᠬᠦ᠌ ᠵᠢ ᠳᠡᠮᠵᠢᠨ ᠪᠠᠲᠤᠯᠠᠵᠤ᠂ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠵᠢᠴᠢ ᠲᠡᠭᠦᠨ᠎ᠤ ᠪᠠᠢᠩᠭᠤ ᠵᠢᠨ ᠬᠣᠷᠢᠶ᠎ᠠ ᠵᠢᠨ ᠬᠠᠤᠯᠢ ᠲᠣᠭ᠍ᠲᠠᠭᠠᠬᠤ ᠠᠵᠢᠯ ᠳᠤᠮᠳᠠᠬᠢ ᠭᠤᠤᠯᠯᠠᠬᠤ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠪᠠ ᠲᠥᠯᠥᠭᠡᠯᠡᠭ᠌ᠴᠢᠳ ᠤ᠋ᠨ ᠠᠵᠢᠯ ᠤ᠋ᠨ ᠬᠢᠷᠢ ᠲᠦᠪᠱᠢᠨ ᠢ᠋ ᠳᠡᠭᠡᠭ᠌ᠰᠢᠯᠡᠭᠦᠯᠤᠨ᠂ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠦᠷᠢᠮ ᠪᠠ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠠᠵᠢᠯ ᠤ᠋ᠨ ᠴᠠᠭ ᠦᠶ᠎ᠡ ᠵᠢ ᠲᠠᠭᠠᠨ ᠵᠡᠷᠬᠡ ᠪᠠᠷ ᠤᠷᠤᠭ᠍ᠰᠢᠯᠠᠬᠤ᠂ ᠲᠡᠭᠦᠯᠳᠡᠷᠵᠢᠨ ᠬᠥᠭ᠌ᠵᠢᠬᠦ᠌ ᠵᠢ ᠠᠬᠢᠭᠤᠯᠤᠨ᠎ᠠ᠃ ᠠᠷᠠᠳ ᠤ᠋ᠨ ᠤᠯᠤᠰ ᠲᠦᠷᠦ᠍ ᠵᠢᠨ ᠵᠥᠪᠯᠡᠯᠭᠡᠨ᠎ᠤ ᠤᠯᠤᠰ ᠲᠦᠷᠦ᠍ ᠵᠢᠨ ᠵᠣᠬᠢᠶᠠᠨ ᠪᠠᠢᠭᠤᠯᠤᠯᠲᠠ ᠪᠠ ᠠᠷᠠᠳᠴᠢᠯᠠᠯ ᠤ᠋ᠨ ᠬᠡᠯᠪᠡᠷᠢ᠎ᠵᠢᠨ ᠴᠢᠳᠠᠪᠤᠷᠢ ᠵᠢ ᠪᠠᠳᠠᠷᠠᠭᠤᠯᠵᠤ᠂ ᠵᠥᠪᠯᠡᠬᠦ᠌ ᠠᠭᠤᠯᠭ᠎ᠠ ᠵᠢ ᠲᠡᠭᠦᠯᠳᠡᠷᠵᠢᠭᠦᠯᠦᠨ᠂ ᠵᠥᠪᠯᠡᠬᠦ᠌ ᠬᠡᠯᠪᠡᠷᠢ ᠵᠢ ᠪᠠᠶᠠᠯᠢᠭ᠍ᠵᠢᠭᠤᠯᠵᠤ᠂ ᠵᠥᠪᠯᠡᠬᠦ᠌ ᠲᠦᠷᠢᠮ ᠢ᠋ ᠪᠦᠷᠢᠨᠱᠢᠭᠦᠯᠦᠨ᠂ ᠲᠤᠰᠭᠠᠢ ᠵᠥᠪᠯᠡᠬᠦ᠌ ᠪᠠᠢᠭᠤᠯᠤᠮᠵᠢ ᠪᠠ ᠤᠯᠤᠰ ᠲᠦᠷᠦ᠍ ᠵᠢᠨ ᠵᠥᠪᠯᠡᠯᠭᠡᠨ᠎ᠤ ᠭᠡᠱᠢᠭᠦᠳ ᠤ᠋ᠨ ᠡᠩᠨᠡᠭᠡᠨ᠎ᠤ ᠪᠠᠢᠭᠤᠯᠤᠯᠲᠠ ᠵᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ᠍ ᠵᠢᠨ ᠬᠦᠲᠦᠯᠦᠨ ᠳᠠᠭᠠᠭᠤᠯᠬᠤ ᠵᠢ ᠨᠡᠩ ᠰᠠᠢᠲᠤᠷ ᠴᠢᠩᠭᠠᠳᠭᠠᠨ᠂ ᠬᠠᠮᠲᠤ ᠵᠢᠨ ᠲᠠᠨᠢᠯᠲᠠ ᠵᠢ ᠥᠷᠭᠡᠨ ᠵᠢᠡᠷ ᠨᠢᠭ᠍ᠲᠠᠷᠠᠭᠤᠯᠤᠨ᠎ᠠ᠃ ᠵᠥᠪᠯᠡᠬᠦ᠌ ᠠᠷᠠᠳᠴᠢᠯᠠᠯ ᠤ᠋ᠨ ᠥᠷᠭᠡᠨ ᠳᠡᠯᠭᠡᠷᠡᠩᠭᠦᠢ᠂ ᠤᠯᠠᠨ ᠲᠡᠰ ᠳᠠᠪᠬᠤᠷᠭ᠎ᠠ᠎ᠲᠠᠶ᠂ ᠳᠦᠷᠢᠮᠵᠢᠭ᠌ᠰᠡᠨ ᠬᠥᠭ᠌ᠵᠢᠯᠲᠡ ᠵᠢ ᠠᠬᠢᠭᠤᠯᠵᠤ᠂ ᠠᠷᠠᠳ ᠲᠦᠮᠡᠨ᠎ᠤ ᠡᠳᠦᠷ ᠲᠤᠳᠤᠮ ᠤ᠋ᠨ ᠤᠯᠤᠰ ᠲᠦᠷᠦ᠍ ᠵᠢᠨ ᠠᠮᠢᠳᠤᠷᠠᠯ ᠳᠤᠮᠳᠠ ᠥᠷᠭᠡᠨ ᠳᠡᠯᠭᠡᠷ ᠪᠥᠭᠡᠳ ᠦᠷᠭᠦᠯᠵᠢᠯᠡᠨ ᠭᠦᠨᠵᠡᠭᠡᠢ ᠣᠷᠣᠯᠴᠠᠬᠤ ᠡᠷᠬᠡ᠎ᠲᠠᠢ ᠪᠠᠢᠬᠤ ᠵᠢ ᠪᠠᠲᠤᠯᠠᠨ᠎ᠠ᠃ ᠠᠮᠢᠵᠢᠷᠠᠯ ᠤ᠋ᠨ ᠬᠦᠴᠦᠨ ᠵᠢᠡᠷ ᠪᠢᠯᠬᠠᠮ᠎ᠠ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠲᠦᠷᠢᠮ ᠢ᠋ ᠪᠦᠷᠢᠨᠰᠢᠬᠦᠯᠵᠦ᠂ ᠬᠤᠳᠠ ᠬᠥᠳᠡᠭᠡ ᠵᠢᠨ ᠨᠡᠢᠭᠡᠮ ᠲᠣᠭᠣᠷᠢᠭ ᠤ᠋ᠨ ᠵᠠᠰᠠᠯᠲᠠ᠂ ᠦᠨᠳᠦᠰᠦᠨ ᠱᠠᠲᠤᠨ᠎ᠤ ᠤᠯᠠᠨ ᠨᠡᠢᠲᠡ ᠵᠢᠨ ᠦᠢᠯᠡᠴᠢᠯᠡᠭᠡ ᠪᠠ ᠨᠡᠢᠲᠡ ᠵᠢᠨ ᠠᠰᠠᠷᠠᠮᠵᠢ ᠵᠢᠨ ᠦᠢᠯᠡᠰ᠎ᠲᠦ ᠤᠯᠠᠨ ᠲᠦᠮᠡᠨ᠎ᠤ ᠥᠪᠡᠷ ᠢ᠋᠎ᠪᠡᠨ ᠬᠠᠮᠢᠶᠠᠷᠬᠤ᠂ ᠥᠪᠡᠷ ᠤ᠋ᠨ ᠪᠡᠶ᠎ᠡ᠎ᠳᠡᠭᠡᠨ ᠦᠢᠯᠡᠴᠢᠯᠡᠬᠦ᠌᠂ ᠥᠪᠡᠷ ᠢ᠋᠎ᠪᠡᠨ ᠬᠥᠮᠦᠵᠢᠭᠦᠯᠬᠦ᠌᠂ ᠥᠪᠡᠷ ᠤ᠋ᠨ ᠪᠡᠶ᠎ᠡ᠎ᠳᠡᠭᠡᠨ ᠬᠢᠨᠠᠯᠲᠠ ᠲᠠᠯᠪᠢᠬᠤ ᠵᠢ ᠥᠷᠭᠡᠨ ᠵᠢᠡᠷ ᠬᠡᠷᠡᠭ᠌ᠵᠢᠭᠦᠯᠦᠨ᠎ᠡ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ ᠤ᠋ᠨ ᠡᠪᠯᠡᠯ᠂ ᠡᠮᠡᠭ᠌ᠲᠡᠢᠴᠦᠳ ᠤ᠋ᠨ ᠬᠣᠯᠪᠣᠭ᠎ᠠ ᠵᠡᠷᠭᠡ ᠤᠯᠠᠨ ᠲᠦᠮᠡᠨ᠎ᠤ ᠪᠦᠯᠬᠦᠮ ᠤ᠋ᠨ ᠵᠣᠬᠢᠶᠠᠨ ᠪᠠᠢᠭᠤᠯᠤᠯᠲᠠ ᠵᠢᠨ ᠤᠯᠤᠰ ᠲᠦᠷᠦᠴᠢ ᠴᠢᠨᠠᠷ᠂ ᠲᠡᠷᠢᠭᠦᠨ᠎ᠤ ᠴᠢᠨᠠᠷ᠂ ᠤᠯᠠᠨ ᠲᠦᠮᠡᠨᠴᠢ ᠴᠢᠨᠠᠷ ᠵᠢᠡᠨ ᠴᠢᠩᠭᠠᠳᠭᠠᠬᠤ ᠵᠢ ᠠᠬᠢᠭᠤᠯᠵᠤ᠂ ᠥᠷᠭᠡᠨ ᠤᠯᠠᠨ ᠠᠷᠠᠳ ᠲᠦᠮᠡᠨ ᠢ᠋ ᠨᠠᠮ ᠤ᠋ᠨ ᠲᠣᠭᠣᠷᠢᠨ᠎ᠳᠤ ᠨᠡᠩ ᠨᠢᠭᠳᠠᠷᠠᠭᠤᠯᠤᠨ᠎ᠠ᠃

(ᠬᠣᠶᠠᠷ)ᠬᠠᠤᠯᠢᠵᠢᠯ᠎ᠤ᠋ᠨ ᠥᠪᠥᠷ ᠮᠣᠩᠭᠣᠯ ᠤ᠋ᠨ ᠪᠦᠲᠦᠭᠡᠨ ᠪᠠᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠤᠨ᠎ᠠ᠃ ᠨᠠᠮ᠎ᠡᠴᠡ ᠪᠥᠬᠥ᠌ ᠲᠠᠯ᠎ᠠ᠎ᠪᠠᠷ ᠬᠠᠤᠯᠢ᠎ᠪᠠᠷ ᠣᠷᠣᠨ ᠵᠢᠡᠨ ᠵᠠᠰᠠᠬᠤ ᠵᠢ ᠤᠳᠤᠷᠢᠳᠭᠤ ᠲᠦᠷᠢᠮ ᠪᠤᠯᠤᠨ ᠠᠵᠢᠯ ᠤ᠋ᠨ ᠲᠣᠭ᠍ᠲᠠᠴᠠ ᠵᠢ ᠪᠦᠷᠢᠨᠱᠢᠬᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠬᠠᠤᠯᠢ ᠵᠢ ᠴᠢᠩᠭ᠎ᠠ ᠬᠡᠷᠡᠭ᠌ᠵᠢᠭᠦᠯᠬᠦ᠌᠂ ᠲᠥᠪ ᠭᠤᠤᠯᠴᠢ᠎ᠪᠠᠷ ᠬᠠᠤᠯᠢ ᠪᠠᠷᠢᠬᠤ᠂ ᠪᠥᠬᠥ᠌ ᠠᠷᠠᠳ ᠵᠢᠡᠷ ᠵᠢᠡᠨ ᠬᠠᠤᠯᠢ ᠵᠢ ᠰᠠᠬᠢᠬᠤ ᠵᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ᠬᠠᠤᠯᠢᠵᠢᠯ᠎ᠤᠨ ᠦᠨᠳᠦᠰᠦ ᠰᠠᠭᠤᠷᠢ ᠵᠢ ᠪᠡᠬᠢᠵᠢᠭᠦᠯᠬᠦ᠌᠂ ᠵᠢᠱ᠌ᠢᠯᠲᠡ ᠵᠢ ᠲᠣᠭ᠍ᠲᠠᠪᠤᠷᠢᠵᠢᠭᠤᠯᠬᠤ᠂ ᠠᠯᠤᠰ ᠬᠡᠲᠦ ᠳ᠋ᠦ ᠠᠱᠢᠭ᠍ᠲᠠᠶ ᠪᠠᠢᠯᠭᠠᠬᠤ ᠪᠠᠲᠤᠯᠠᠭ᠎ᠠ ᠵᠢᠨ ᠦᠶ᠋ᠯᠡᠳᠦᠯ ᠢ᠋ ᠪᠦᠲᠦᠮᠵᠢᠲᠡᠶ ᠪᠠᠳᠠᠷᠠᠭᠤᠯᠤᠨ᠎ᠠ᠃ ᠦᠨᠳᠦᠰᠦᠨ ᠬᠠᠤᠯᠢ ᠵᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠵᠦ᠍᠂ ᠬᠠᠤᠯᠢ ᠴᠠᠭᠠᠵᠠ ᠬᠠᠤᠯᠢ ᠲᠣᠭ᠍ᠲᠠᠭᠠᠯ ᠢ᠋ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠭᠠᠵᠤ᠂ ᠦᠨᠳᠦᠰᠦᠨ ᠬᠠᠤᠯᠢ ᠵᠢᠨ ᠡᠷᠬᠡ ᠰᠦᠷ ᠪᠠ ᠨᠡᠷ᠎ᠡ ᠬᠦᠨᠳᠦ᠍ ᠵᠢ ᠡᠷᠡᠰ ᠬᠠᠮᠠᠭᠠᠯᠠᠨ᠎ᠠ᠃ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ ᠵᠢᠡᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ ᠵᠢ ᠭᠦᠨᠵᠡᠭᠡᠢ ᠠᠬᠢᠭᠤᠯᠵᠤ᠂ ᠭᠣᠣᠯᠳᠠᠯᠭ᠎ᠠ᠎ᠲᠠᠶ ᠬᠦᠷᠢᠶ᠎ᠡ᠂ ᠱᠢᠨ᠎ᠡ ᠪᠡᠷ ᠬᠥᠭ᠌ᠵᠢᠭ᠌ᠰᠡᠨ ᠬᠦᠷᠢᠶᠡᠨ᠎ᠳᠡᠬᠢ ᠬᠠᠤᠯᠢ ᠲᠣᠭ᠍ᠲᠠᠭᠠᠯᠲᠠ ᠵᠢ ᠴᠢᠩᠭᠠᠳᠭᠠᠵᠤ᠂ ᠬᠠᠤᠯᠢ ᠲᠣᠭ᠍ᠲᠠᠭᠠᠯ ᠤ᠋ᠨ ᠬᠠᠨᠳᠤᠯᠭᠠᠲᠤ ᠴᠢᠨᠠᠷ᠂ ᠬᠡᠷᠡᠭᠯᠡᠭᠡᠨ᠎ᠤ ᠴᠢᠨᠠᠷ᠂ ᠬᠡᠷᠡᠭ᠌ᠵᠢᠭᠦᠯᠵᠦ᠍ ᠪᠣᠯᠬᠤᠢᠴᠠ ᠴᠢᠨᠠᠷ ᠢ᠋ ᠬᠦᠴᠦᠯᠡᠨ ᠴᠢᠩᠭᠠᠳᠭᠠᠨ᠎ᠠ᠃ ᠬᠠᠤᠯᠢᠵᠢᠯ᠎ᠤᠨ ᠵᠠᠰᠠᠭ ᠤ᠋ᠨ ᠣᠷᠳᠣᠨ᠎ᠤ ᠪᠠᠢᠭᠤᠯᠤᠯᠲᠠ ᠵᠢ ᠲᠦᠷᠭᠡᠳᠭᠡᠵᠦ᠍᠂ ᠴᠢᠬᠤᠯᠠ ᠶᠡᠬᠡ ᠵᠠᠰᠠᠭ ᠵᠠᠬᠢᠷᠭᠠᠨ᠎ᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠲᠠᠰ ᠳᠠᠷᠠᠭᠠᠯᠠᠯ ᠢ᠋ ᠴᠢᠩᠭ᠎ᠠ ᠨᠠᠢᠳᠠᠪᠤᠷᠢᠵᠢᠭᠤᠯᠵᠤ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠠᠵᠢᠯ ᠤ᠋ᠨ ᠱᠢᠰᠲ᠋ᠧᠮ᠎ᠢ ᠪᠦᠷᠢᠨᠱᠢᠬᠦᠯᠵᠦ᠍᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠵᠢᠡᠷ ᠬᠠᠤᠯᠢ ᠬᠡᠷᠡᠭ᠌ᠵᠢᠭᠦᠯᠬᠦ᠌ ᠵᠢ ᠪᠥᠬᠥ᠌ ᠲᠠᠯ᠎ᠠ᠎ᠪᠠᠷ ᠠᠬᠢᠭᠤᠯᠤᠨ᠎ᠠ᠃ ᠬᠠᠤᠯᠢ ᠴᠠᠭᠠᠵᠠ ᠵᠢᠨ ᠪᠠᠢᠭᠤᠯᠤᠮᠵᠢ᠎ᠵᠢᠨ ᠶᠡᠷᠦᠩᠬᠡᠢᠯᠡᠭ᠌ᠰᠡᠨ ᠢᠵᠢ ᠪᠦᠷᠢᠳᠦᠬᠦᠯᠬᠦ᠌ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠍᠂ ᠬᠠᠤᠯᠢ ᠴᠠᠭᠠᠵᠠ ᠵᠢᠨ ᠬᠠᠷᠢᠭᠤᠴᠠᠯᠭ᠎ᠠ ᠵᠢᠨ ᠲᠦᠷᠢᠮ ᠢ᠋ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠬᠠᠤᠯᠢ ᠴᠠᠭᠠᠵᠠ ᠵᠢᠨ ᠬᠢᠵᠠᠭᠠᠷᠯᠠᠯ ᠬᠢᠨᠠᠯᠲᠠ ᠵᠢ ᠴᠢᠩᠭᠠᠳᠭᠠᠵᠤ᠂ ᠬᠠᠤᠯᠢ ᠴᠠᠭᠠᠵᠠ ᠵᠢᠨ ᠲᠥᠪ ᠭᠣᠣᠯᠴᠢ ᠥᠨᠳᠥᠷ ᠪᠦᠲᠦᠮᠵᠢᠲᠡᠢ ᠡᠷᠬᠡ ᠰᠦᠷ ᠲᠠᠢ ᠪᠠᠢᠬᠤ ᠵᠢ ᠦᠨᠡᠨ ᠬᠦ᠌ ᠪᠠᠲᠤᠯᠠᠨ᠎ᠠ᠃ ᠪᠦᠬᠦ᠌ ᠠᠷᠠᠳ ᠤ᠋ᠨ ᠬᠠᠤᠯᠢ ᠲᠦᠭᠡᠮᠡᠯᠵᠢᠭᠦᠯᠬᠦ᠌ ᠡᠷᠴᠢᠮ ᠢ᠋ ᠴᠢᠩᠭᠠᠷᠠᠭᠤᠯᠵᠤ᠂ ᠤᠯᠠᠨ ᠨᠡᠢᠲᠡ ᠵᠢᠨ ᠬᠠᠤᠯᠢ ᠴᠠᠭᠠᠵᠠ ᠵᠢᠨ ᠦᠢᠯᠡᠴᠢᠯᠡᠭᠡᠨ᠎ᠤ ᠱᠢᠰᠲ᠋ᠧᠮ ᠢ᠋ ᠲᠡᠭᠦᠯᠳᠡᠷᠵᠢᠭᠦᠯᠦᠨ᠂ ᠨᠡᠢᠭᠡᠮ ᠳᠠᠶᠠᠭᠠᠷ ᠤ᠋ᠨ ᠬᠠᠤᠯᠢ ᠵᠢ ᠬᠦᠨᠳᠦᠳᠭᠡᠬᠦ᠌ ᠬᠠᠤᠯᠢ ᠵᠢ ᠰᠤᠷᠬᠤ ᠬᠠᠤᠯᠢ ᠵᠢ ᠰᠠᠬᠢᠬᠤ ᠬᠠᠤᠯᠢ ᠵᠢ ᠬᠡᠷᠡᠭ᠌ᠯᠡᠬᠦ᠌ ᠵᠢ ᠠᠬᠢᠭᠤᠯᠤᠨ᠎ᠠ᠃

( ᠭᠤᠷᠪᠠ ) ᠬᠠᠮᠤᠭ᠎ᠤᠨ ᠥᠷᠭᠡᠨ ᠳᠡᠯᠭᠡᠷ ᠤᠯᠤᠰ ᠵᠢᠡᠨ ᠬᠠᠢᠷᠠᠯᠠᠬᠤ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭ᠌ᠵᠢᠭᠦᠯᠦᠨ᠎ᠡ᠃ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠵᠤ᠂ ᠨᠢᠭᠡᠳᠦᠯᠲᠦ ᠴᠢᠨᠠᠷ ᠪᠠ ᠣᠯᠠᠨ ᠶᠠᠩᠵᠤᠲᠤ ᠴᠢᠨᠠᠷ᠎ᠤᠨ ᠨᠢᠭᠡᠳᠦᠯ᠎ᠢ ᠪᠠᠷᠢᠮᠲᠠᠯᠠᠵᠤ᠂ ᠬᠠᠮᠤᠭ᠎ᠤᠨ ᠶᠡᠬᠡ ᠶᠡᠷᠦᠩᠬᠡᠶ ᠬᠤᠷᠢᠶᠠᠭ᠍ᠴᠢ ᠲᠣᠭ᠎ᠠ᠎ᠶ᠋ᠢ ᠴᠢᠷᠮᠠᠢᠨ ᠡᠷᠢᠯᠬᠢᠯᠡᠵᠦ᠍᠂ ᠬᠠᠮᠤᠭ᠎ᠤᠨ ᠶᠡᠬᠡ ᠢᠵᠢᠯᠢ ᠲᠥᠪᠲᠦ ᠲᠣᠭᠣᠷᠢᠭ ᠢ᠋ ᠵᠢᠷᠤᠭᠯᠠᠨ᠎ᠠ᠃ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠤᠯᠪᠤᠭ᠎ᠠ ᠪᠣᠯᠤᠨ ᠨᠠᠮ ᠪᠦᠯᠦᠭ ᠎ᠦᠨ ᠪᠤᠰᠤ ᠬᠥᠮᠦᠰ᠎ᠯᠦᠭᠡ᠎ᠶ᠋ᠢᠨ ᠪᠦᠯᠬᠦᠮᠳᠡᠯ ᠬᠠᠮᠲᠤᠷᠠᠯᠴᠠᠭ᠎ᠠ ᠎ᠢ᠋ᠢ ᠴᠢᠩᠭᠠᠳᠭᠠᠵᠤ᠂ ᠲᠡᠳᠡᠨ᠎ᠦ ᠲᠦᠷᠦ ᠵᠢᠨ ᠶᠠᠪᠤᠳᠠᠯ ᠎ᠳᠤ ᠣᠷᠣᠯᠴᠠᠨ ᠲᠦᠷᠦ᠍ ᠎ᠶ᠋ᠢᠨ ᠶᠠᠪᠤᠳᠠᠯ᠎ᠢ ᠵᠥᠪᠯᠡᠬᠦ᠌᠂ ᠠᠷᠠᠳᠴᠢᠯᠠᠯ ᠎ᠢᠶᠠᠷ ᠬᠢᠨᠠᠯᠲᠠ ᠲᠠᠯᠪᠢᠬᠤ᠂ ᠤᠯᠤᠰ ᠲᠦᠷᠦ᠍ ᠎ᠶ᠋ᠢᠨ ᠵᠥᠪᠯᠡᠯᠭᠡ ᠬᠢᠬᠦ᠌ ᠡᠭᠦᠷᠭᠡ ᠴᠢᠳᠠᠪᠤᠷᠢ᠎ᠪᠠᠨ ᠨᠡᠩ ᠰᠠᠢ᠌ᠨ ᠭᠦᠢᠴᠡᠳᠭᠡᠬᠦ᠌ ᠎ᠶ᠋ᠢ ᠲᠡᠮᠵᠢᠨ᠎ᠠ᠃ ᠮᠠᠨ ᠎ᠤ ᠤᠯᠤᠰ ᠎ᠤᠨ ᠱᠠᠱᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠴᠢᠭ᠌ᠯᠡᠯ ᠎ᠢ ᠪᠠᠷᠢᠮᠲᠠᠯᠠᠵᠤ᠂ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠢ ᠬᠠᠤᠯᠢ ᠶᠣᠰᠣᠭᠠᠷ ᠬᠠᠮᠢᠶᠠᠷᠴᠤ᠌᠂ ᠬᠠᠤᠯᠢ ᠪᠤᠰᠤ ᠱᠠᠱᠢᠨ ᠰᠤᠷᠲᠠᠬᠤᠨ᠎ᠤ ᠠᠵᠢᠯᠯᠠᠭ᠎ᠠ ᠶ᠋ᠢ ᠦᠷᠭᠦᠯᠵᠢᠯᠡᠨ ᠴᠡᠭ᠌ᠴᠡᠯᠡᠨ ᠵᠠᠰᠠᠵᠤ᠂ ᠬᠢᠯᠢ ᠎ᠶ᠋ᠢᠨ ᠭᠠᠳᠠᠨᠠᠬᠢ ᠱᠠᠱᠢᠨ ᠰᠤᠷᠲᠠᠬᠤᠨ᠎ᠢ ᠠᠱᠢᠭ᠍ᠯᠠᠨ ᠨᠡᠪᠴᠢᠯᠲᠡ ᠬᠢᠬᠦ᠌ ᠎ᠶ᠋ᠢ ᠪᠦᠲᠦᠮᠵᠢᠲᠡᠢ ᠰᠡᠷᠭᠡᠢᠯᠡᠨ ᠬᠣᠷᠢᠭ᠍ᠯᠠᠨ᠎ᠠ᠃ ᠨᠠᠮ᠎ᠤᠨ ᠭᠠᠳᠠᠨᠠᠬᠢ ᠲᠥᠯᠥᠭᠡᠯᠡᠭ᠌ᠴᠢ ᠬᠥᠮᠦᠰ᠎ᠦᠨ ᠡᠩᠨᠡᠭᠡᠨ᠎ᠦ ᠪᠠᠢᠭᠤᠯᠤᠯᠲᠠ᠎ᠶ᠋ᠢ ᠠᠬᠢᠭᠤᠯᠵᠤ᠂ ᠨᠠᠮ᠎ᠤᠨ ᠭᠠᠳᠠᠨᠠᠬᠢ ᠰᠡᠬᠡᠭᠡᠲᠡᠨ᠂ ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠢ᠎ᠶ᠋ᠢᠨ ᠬᠥᠮᠦᠰ᠂ᠨᠡᠢᠭᠡᠮ᠎ᠦᠨ ᠱᠢᠨ᠎ᠡ ᠳᠠᠪᠬᠤᠷᠭ᠎ᠠ᠎ᠶ᠋ᠢᠨ ᠬᠥᠮᠦᠰ᠎ᠯᠦᠭᠡ᠎ᠶ᠋ᠢᠨ ᠨᠡᠪᠲᠡᠷᠡᠯᠴᠡᠭᠡ ᠬᠠᠷᠢᠯᠴᠠᠭ᠎ᠠ ᠎ᠪᠠᠨ ᠴᠢᠩᠭᠠᠳᠭᠠᠨ᠂ ᠱᠢᠶᠠᠩᠭᠠᠩ ᠣᠣᠮᠧᠨ ᠲᠠᠢᠸᠠᠨ ᠎ᠤ ᠠᠬ᠎ᠠ ᠳᠡᠭᠦᠦ᠍᠎ᠨᠡᠷ ᠪᠠ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍᠎ᠨᠡᠷ᠎ᠯᠦᠭᠡ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ ᠎ᠪᠠᠨ ᠨᠡᠮᠡᠭ᠌ᠳᠡᠭᠦᠯᠵᠦ᠍᠂ ᠪᠦᠯᠬᠦᠮᠳᠡᠬᠦ᠌ ᠬᠡᠪᠴᠢᠢ᠎ᠡ᠎ᠪᠡᠨ ᠲᠠᠰᠤᠷᠠᠯᠳᠠ ᠦᠭᠡᠢ ᠥᠷᠭᠡᠳᠭᠡᠨ᠂ ᠪᠠᠭ᠍ᠲᠠᠭᠠᠮᠵᠢᠲᠤ ᠴᠢᠨᠠᠷ᠎ᠢᠶᠠᠨ ᠲᠠᠰᠤᠷᠠᠯᠳᠠ ᠦᠭᠡᠢ ᠴᠢᠩᠭᠠᠷᠠᠭᠤᠯᠤᠨ᠎ᠠ᠃


ᠶᠢᠰᠦ᠂ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢ ᠶᠡᠬᠡ ᠪᠡᠷ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ ᠴᠢᠳᠠᠯ ᠎ᠢ᠋ ᠨᠢᠭ᠍ᠲᠠᠷᠠᠭᠤᠯᠤᠨ᠎ᠠ

ᠲᠣᠭ᠎ᠢ ᠮᠠᠨᠳᠤᠭᠤᠯᠬᠤ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ᠂ ᠱᠢᠨ᠎ᠡ ᠬᠥᠮᠦᠨ᠎ᠢ ᠬᠥᠮᠦᠵᠢᠭᠦᠯᠬᠦ᠌᠂ ᠰᠣᠶᠣᠯ᠎ᠢ ᠮᠠᠨᠳᠤᠭᠤᠯᠬᠤ᠂ ᠳᠦᠷᠢ ᠲᠥᠷᠬᠦ᠌᠎ᠶ᠋ᠢ ᠢᠯᠡᠷᠡᠭᠦᠯᠬᠦ᠌ ᠡᠭᠦᠷᠭᠡ ᠬᠠᠷᠢᠭᠤᠴᠠᠯᠭ᠎ᠠ ᠎ᠶ᠋ᠢᠨ ᠲᠣᠭᠣᠷᠢᠨ᠎ᠳᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠦᠵᠡᠯ ᠰᠠᠨᠠᠭᠠᠨ᠎ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ᠎ᠦ ᠳᠡᠮᠵᠢᠯᠭᠡ᠂ ᠣᠶᠤᠨ ᠰᠠᠨᠠᠭᠠᠨ᠎ᠤ ᠬᠥᠳᠡᠯᠭᠡᠬᠦ᠌ ᠬᠦᠴᠦᠨ᠂ ᠰᠣᠶᠣᠯ᠎ᠤᠨ ᠨᠥᠬᠥᠴᠡᠯ ᠬᠠᠩᠭᠠᠨ᠎ᠠ᠃

(ᠨᠢᠭᠡ ) ᠦᠵᠡᠯ ᠤᠬᠠᠮᠰᠠᠷ ᠎ᠤᠨ ᠬᠡᠯᠪᠡᠷᠢ ᠎ᠶ᠋ᠢᠨ ᠠᠵᠢᠯ᠎ᠤᠨ ᠤᠳᠤᠷᠢᠳᠭᠤ ᠡᠷᠬᠡ᠎ᠶ᠋ᠢ ᠪᠠᠲᠤ ᠡᠵᠡᠮᠱᠢᠨ᠎ᠡ᠃ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠎ᠤᠨ ᠣᠨᠴᠠᠯᠢᠭ᠎ᠲᠠᠶ ᠨᠡᠢᠭᠡᠮ ᠵᠢᠷᠤᠮ ᠎ᠤᠨ ᠦᠵᠡᠯ ᠰᠠᠨᠠᠭ᠎ᠠ ᠢ᠋ᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠵᠦ᠍᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠮᠠᠷᠺᠰ ᠎ᠤᠨ ᠦᠵᠡᠯ᠎ᠦᠨ ᠵᠢᠯᠣᠭᠣᠳᠭᠤ ᠪᠠᠢᠷᠢ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠦᠨ᠎ᠠ᠃ ᠨᠠᠮ᠎ᠠᠴᠠ ᠰᠤᠷᠲᠠᠯ ᠤᠬᠠᠭᠤᠯᠭ᠎ᠠ᠎ᠶ᠋ᠢ ᠬᠠᠮᠢᠶᠠᠷᠬᠤ᠂ ᠨᠠᠮ᠎ᠠᠴᠠ ᠦᠵᠡᠯ ᠤᠬᠠᠮᠰᠠᠷ᠎ᠤᠨ ᠬᠡᠯᠪᠡᠷᠢ᠎ᠶ᠋ᠢ ᠬᠠᠮᠢᠶᠠᠷᠬᠤ᠂ ᠨᠠᠮ᠎ᠠᠴᠠ ᠵᠠᠭᠤᠴᠢᠯᠠᠭᠤᠷ ᠎ᠢ ᠬᠠᠮᠢᠶᠠᠷᠬᠤ᠎ᠶ᠋ᠢ ᠪᠠᠷᠢᠮᠲᠠᠯᠠᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠪᠦᠳᠦᠭᠡᠨ ᠪᠠᠢᠭᠤᠯᠤᠯᠲᠠ ᠪᠠ ᠬᠠᠮᠢᠶᠠᠷᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠳᠣᠲᠣᠭᠠᠳᠤ ᠤᠬᠠᠭᠤᠯᠭ᠎ᠠ ᠪᠠ ᠭᠠᠳᠠᠭᠠᠳᠤ ᠤᠬᠠᠭᠤᠯᠭ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠤᠳᠤᠷᠢᠳᠤᠮᠵᠢ᠎ᠪᠠᠨ ᠦᠨᠡᠨ ᠬᠦ᠌ ᠰᠠᠢᠲᠤᠷ ᠬᠠᠮᠢᠶᠠᠷᠴᠤ᠌᠂ ᠵᠢᠭ᠍ᠰᠠᠭᠠᠯ᠎ᠤᠨ ᠭᠠᠵᠠᠷ᠎ᠢᠶᠠᠨ ᠰᠠᠢᠲᠤᠷ ᠬᠠᠮᠢᠶᠠᠷᠴᠤ᠌᠂ ᠡᠩᠨᠡᠭᠡ᠎ᠪᠡᠨ ᠰᠠᠢᠲᠤᠷ ᠬᠠᠮᠢᠶᠠᠷᠤᠨ᠎ᠠ᠃ ᠤᠯᠤᠰ ᠲᠦᠷᠦ᠍ ᠶ᠋ᠢᠨ ᠵᠠᠷᠴᠢᠮ ᠎ᠤᠨ ᠠᠰᠠᠭᠤᠳᠠᠯ᠂ ᠦᠵᠡᠯ ᠰᠠᠨᠠᠭ᠎ᠠ ᠲᠠᠨᠢᠯᠲᠠ᠎ᠶ᠋ᠢᠨ ᠠᠰᠠᠭᠤᠳᠠᠯ᠂ ᠡᠷᠳᠡᠮ ᠱᠢᠨᠵᠢᠯᠡᠭᠡᠨ᠎ᠦ ᠦᠵᠡᠯᠲᠡ ᠎ᠶ᠋ᠢᠨ ᠠᠰᠠᠭᠤᠳᠠᠯ᠎ᠢ ᠠᠩᠬᠠᠷᠤᠨ ᠵᠥᠪ ᠢᠯᠭᠠᠵᠤ᠂ ᠡᠯ᠎ᠡ ᠵᠦᠢᠯ᠎ᠦᠨ ᠪᠤᠷᠤᠭᠤ ᠦᠵᠡᠯᠲᠡ᠎ᠶ᠋ᠢ ᠲᠤᠭ ᠲᠡᠮᠳᠡᠭ ᠲᠣᠳᠣᠷᠬᠠᠢ᠎ᠪᠠᠷ ᠡᠰᠡᠷᠭᠦᠴᠡᠨ ᠬᠤᠷᠢᠭᠯᠠᠨ᠎ᠠ᠃ ᠵᠥᠪ ᠤᠯᠤᠰ ᠲᠥᠷᠥ ᠎ᠶ᠋ᠢᠨ ᠴᠢᠭ᠌ᠯᠡᠯ᠂ ᠶᠠᠷᠢᠶ᠎ᠠ ᠬᠡᠯᠡᠯᠴᠡᠭᠡᠨ ᠎ᠦ ᠤᠳᠤᠷᠢᠳᠤᠮᠵᠢ᠂ ᠥᠷᠲᠡᠭ ᠎ᠦᠨ ᠬᠠᠨᠳᠤᠰᠢ ᠎ᠶ᠋ᠢ ᠪᠠᠷᠢᠮᠲᠠᠯᠠᠵᠤ᠂ ᠭᠤᠤᠯ ᠰᠡᠳᠦᠪᠲᠦ ᠤᠬᠠᠭᠤᠯᠭ᠎ᠠ᠂ ᠴᠠᠭ ᠎ᠤᠨ ᠪᠠᠢᠳᠠᠯ ᠎ᠤᠨ ᠤᠬᠠᠭᠤᠯᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠠᠮᠵᠢᠯᠲᠠ ᠪᠦᠲᠦᠮᠵᠢ ᠎ᠶ᠋ᠢᠨ ᠤᠬᠠᠭᠤᠯᠭ᠎ᠠ ᠪᠠ ᠨᠡᠢᠲᠡᠯᠢᠭ ᠵᠢᠱ᠌ᠢᠶ᠎ᠡ᠎ᠶ᠋ᠢᠨ ᠤᠬᠠᠭᠤᠯᠭ᠎ᠠ᠎ᠶ᠋ᠢ ᠶᠡᠬᠡ ᠪᠡᠷ ᠥᠷᠨᠢᠭᠦᠯᠵᠦ᠍᠂ ᠤᠬᠠᠭᠤᠯᠬᠤ ᠠᠷᠭ᠎ᠠ ᠪᠠᠷᠢᠯ᠎ᠤᠨ ᠱᠢᠨ᠎ᠡ᠎ᠶ᠋ᠢ ᠡᠭᠦᠳᠴᠦ᠍᠂ ᠱᠢᠶᠠᠨ᠎ᠤ ᠱᠠᠲᠤᠨ᠎ᠤ ᠬᠠᠮ ᠵᠠᠭᠤᠴᠢᠯᠠᠭᠤᠷ ᠎ᠤᠨ ᠲᠥᠪ᠎ᠢ ᠪᠠᠢᠭᠤᠯᠤᠨ ᠬᠦᠴᠦᠷᠬᠡᠭ᠌ᠵᠢᠭᠦᠯᠵᠦ᠍ ᠰᠠᠢᠲᠤᠷ ᠬᠡᠷᠡᠭ᠌ᠯᠡᠨ᠂ ᠵᠠᠭᠤᠴᠢᠯᠠᠭᠤᠷ᠎ᠤᠨ ᠭᠦᠨᠵᠡᠭᠡᠶ ᠠᠭᠤᠰᠤᠯᠴᠠᠨ ᠬᠥᠭ᠌ᠵᠢᠬᠦ᠌ ᠎ᠶ᠋ᠢ ᠠᠬᠢᠭᠤᠯᠵᠤ᠂ ᠬᠠᠮ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢᠨ ᠱᠢᠰᠲ᠋ᠧᠮ ᠢ᠋ ᠲᠦᠷᠭᠡᠳᠭᠡᠨ ᠪᠠᠢᠭᠤᠯᠵᠤ᠂ ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶ᠋ᠢ ᠪᠡᠬᠢᠵᠢᠭᠦᠯᠦᠨ ᠪᠤᠵᠠᠭᠠᠢᠷᠠᠭᠤᠯᠤᠨ᠎ᠠ᠃ ᠰᠦᠯᠵᠢᠶᠡᠨ ᠎ᠦ ᠪᠠᠢᠭᠤᠯᠤᠯᠲᠠ᠂ ᠬᠡᠷᠡᠭ᠌ᠯᠡᠯᠲᠡ᠂ ᠬᠠᠮᠢᠶᠠᠷᠤᠯᠲᠠ᠎ᠶ᠋ᠢᠨ ᠲᠦᠪᠱᠢᠨ ᠎ᠢ ᠳᠡᠭᠡᠭ᠌ᠰᠢᠯᠡᠭᠦᠯᠵᠦ᠍᠂ ᠰᠦᠯᠵᠢᠶᠡᠨ᠎ᠦ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠨ᠎ᠠ᠃

(ᠬᠣᠶᠠᠷ) ᠨᠡᠢᠭᠡᠮ᠎ᠦᠨ ᠪᠣᠯᠪᠠᠰᠤᠨ᠎ᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠢᠳᠡᠪᠬᠢᠲᠡᠶ ᠪᠣᠢᠵᠢᠭᠤᠯᠤᠨ ᠦᠶ᠋ᠯᠡᠳᠦᠯᠭᠡᠵᠢᠭᠦᠯᠵᠦ᠍᠂ ᠬᠦᠰᠡᠯᠡᠩ ᠢᠲᠡᠭᠡᠯ ᠪᠢᠱᠢᠷᠡᠯ᠎ᠦᠨ ᠬᠥᠮᠦᠵᠢᠯ᠎ᠢ ᠪᠠᠢᠩᠭᠤᠵᠢᠭᠤᠯᠤᠨ ᠳᠦᠷᠢᠮᠵᠢᠭᠦᠯᠬᠦ᠌᠎ᠶ᠋ᠢ ᠠᠬᠢᠭᠤᠯᠵᠤ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠶ᠋ᠢᠨ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠤᠯᠤᠰ᠎ᠢᠶᠠᠨ ᠬᠠᠢᠷᠠᠯᠠᠬᠤ ᠦᠵᠡᠯ᠂ ᠬᠠᠮᠲᠤᠴᠢ ᠦᠵᠡᠯ᠂ ᠨᠡᠢᠭᠡᠮ ᠵᠢᠷᠤᠮ᠎ᠤᠨ ᠬᠥᠮᠦᠵᠢᠯ᠎ᠢ ᠴᠢᠩᠭᠠᠳᠭᠠᠵᠤ᠂ ᠨᠠᠮ ᠪᠠ ᠠᠷᠠᠳ ᠲᠦᠮᠡᠨ᠎ᠦ ᠡᠯ᠎ᠡ ᠲᠡᠦᠬᠡᠨ ᠴᠠᠭ ᠦᠶ᠎ᠡ᠎ᠶ᠋ᠢᠨ ᠲᠡᠮᠡᠴᠡᠯ ᠳᠤᠮᠳᠠ ᠪᠦᠷᠢᠯᠳᠦᠭ᠌ᠰᠡᠨ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠰᠡᠯᠡᠩ ᠢᠲᠡᠭᠡᠯ ᠪᠢᠱᠢᠷᠡᠯ᠂ ᠥᠷᠲᠡᠭ᠎ᠦᠨ ᠦᠵᠡᠯᠲᠡ᠂ ᠶᠣᠰᠣ ᠰᠤᠷᠲᠠᠬᠤᠨ᠎ᠤ ᠣᠢᠯᠠᠭᠠᠭ᠍ᠳᠠᠬᠤᠨ᠎ᠤ ᠲᠠᠯ᠎ᠠ᠎ᠪᠠᠷ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠲᠥᠪ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠱᠢᠨ᠎ᠡ ᠴᠠᠭ ᠦᠶ᠎ᠡ᠎ᠶ᠋ᠢᠨ ᠠᠷᠠᠳ ᠢᠷᠭᠡᠳ᠎ᠦᠨ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢᠨ 《ᠠᠷᠪᠠᠨ ᠶᠡᠬᠡ ᠠᠵᠢᠯᠯᠠᠭ᠎ᠠ 》 ᠎ᠶ᠋ᠢ ᠬᠡᠷᠡᠭ᠌ᠵᠢᠭᠦᠯᠦᠨ᠂ ᠤᠯᠠᠨ ᠲᠦᠮᠡᠨᠴᠢ ᠴᠢᠨᠠᠷᠲᠠᠢ ᠤᠶᠤᠨ᠎ᠤ ᠪᠣᠯᠪᠠᠰᠤᠨ᠎ᠢ ᠡᠭᠦᠳᠦᠨ ᠪᠠᠢᠭᠤᠯᠬᠤ ᠠᠵᠢᠯ᠎ᠢ ᠠᠬᠢᠭᠤᠯᠵᠤ᠂ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠪᠦᠷᠢᠨᠱᠢᠬᠦᠯᠦᠨ᠂ ᠭᠡᠷ ᠪᠦᠯᠢ ᠭᠡᠷ᠎ᠦᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ ᠪᠠ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠱᠠᠭᠠᠷᠳᠠᠯᠭ᠎ᠠ᠎ᠳᠤ ᠵᠣᠬᠢᠴᠠᠭ᠍ᠰᠠᠨ ᠦᠵᠡᠯ ᠰᠠᠨᠠᠭ᠎ᠠ ᠣᠢᠯᠠᠭᠠᠭ᠍ᠳᠠᠬᠤᠨ᠂ ᠤᠶᠤᠨ ᠰᠠᠨᠠᠭᠠᠨ᠎ᠤ ᠳᠦᠷᠰᠦ ᠪᠠᠢᠳᠠᠯ᠂ ᠪᠣᠯᠪᠠᠰᠤᠨ ᠬᠡᠪ ᠰᠤᠷᠲᠠᠯ ᠪᠠ ᠦᠢᠯᠡ ᠠᠵᠢᠯᠯᠠᠭ᠎ᠠ᠎ᠶ᠋ᠢᠨ ᠵᠢᠷᠤᠮᠵᠢᠯ᠎ᠢ ᠪᠤᠢ ᠪᠣᠯᠭᠠᠬᠤ᠎ᠶ᠋ᠢ ᠠᠬᠢᠭᠤᠯᠤᠨ᠎ᠠ᠃

(ᠭᠤᠷᠪᠠ) ᠰᠣᠶᠣᠯ᠎ᠤᠨ ᠦᠢᠯᠡᠰ᠎ᠦᠨ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠤᠨ᠎ᠠ᠃ ᠬᠣᠲᠠ ᠬᠥᠳᠡᠭᠡ᠎ᠶ᠋ᠢᠨ ᠣᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠱᠢᠰᠲᠧᠮ ᠢ᠋ ᠨᠢᠭᠡ ᠴᠣᠭ᠍ᠴᠠᠵᠢᠭᠤᠯᠬᠤ ᠪᠠᠢᠭᠤᠯᠤᠯᠲᠠ᠎ᠶ᠋ᠢ ᠴᠢᠩᠭᠠᠳᠭᠠᠨ᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠢᠨᠵᠧᠨᠧᠷᠢᠩ᠎ᠢ ᠱᠢᠨ᠎ᠡ᠎ᠪᠡᠷ ᠡᠭᠦᠳᠦᠨ ᠬᠡᠷᠡᠭ᠌ᠵᠢᠭᠦᠯᠵᠦ᠍᠂ ᠬᠣᠲᠠ ᠬᠥᠳᠡᠭᠡ᠎ᠶ᠋ᠢᠨ ᠰᠣᠶᠣᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠦᠨ᠂ ᠣᠯᠠᠨ ᠲᠦᠮᠡᠨᠴᠢ ᠴᠢᠨᠠᠷᠲᠠᠶ ᠰᠣᠶᠣᠯ᠎ᠤᠨ ᠠᠵᠢᠯᠯᠠᠭ᠎ᠠ᠎ᠶ᠋ᠢ ᠥᠷᠭᠡᠨ ᠳᠡᠯᠭᠡᠷ ᠥᠷᠨᠢᠭᠦᠯᠵᠦ᠍᠂ ᠪᠦᠬᠦ᠌ ᠣᠷᠣᠨ᠎ᠤ ᠠᠷᠠᠳ ᠲᠦᠮᠡᠨ᠎ᠦ ᠣᠶᠤᠨ᠎ᠤ ᠠᠮᠢᠳᠤᠷᠠᠯ ᠤ᠋ᠨ ᠬᠠᠮᠲᠤ ᠪᠠᠷ ᠴᠢᠨᠡᠭᠡᠯᠢᠭᠵᠢᠬᠦ᠎ᠶ᠋ᠢ ᠠᠬᠢᠭᠤᠯᠤᠨ᠎ᠠ᠃ ᠰᠣᠨᠢᠨ ᠮᠡᠳᠡᠭᠡ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠭ᠎ᠠ ᠵᠣᠬᠢᠶᠠᠯ ᠤᠷᠠᠯᠢᠭ᠂ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠦᠢᠯᠡᠰ᠎ᠢ ᠪᠦᠬᠦ᠌ ᠲᠠᠯ᠎ᠠ᠎ᠪᠠᠷ ᠴᠡᠴᠡᠭ᠌ᠯᠡᠭᠦᠯᠦᠨ ᠬᠥᠭ᠌ᠵᠢᠭᠦᠯᠵᠦ᠍᠂ ᠤᠳᠭ᠎ᠠ ᠤᠷᠠᠯᠢᠭ᠎ᠤᠨ ᠪᠦᠲᠦᠭᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠦᠵᠡᠯ ᠰᠠᠨᠠᠭ᠎ᠠ ᠨᠢ ᠭᠦᠨ ᠨᠠᠷᠢᠯᠢᠬ᠂ ᠤᠷᠠᠯᠢᠭ ᠨᠢ ᠤᠷᠠᠨ ᠨᠠᠷᠢᠯᠢᠬ᠂ ᠵᠤᠬᠢᠶᠠᠨ ᠪᠦᠲᠦᠭᠡᠯᠭᠡ ᠨᠢ ᠨᠢᠬᠳᠠ ᠨᠠᠷᠢᠯᠢᠭ ᠨᠢᠭᠡ ᠪᠦᠯᠦᠭ ᠰᠢᠯᠢᠳᠡᠭ ᠪᠦᠲᠦᠭᠡᠯ ᠢ᠋ ᠵᠤᠬᠢᠶᠠᠨ ᠪᠦᠲᠦᠭᠡᠵᠤ᠂ ᠤᠯᠠᠭᠠᠨᠮᠦ᠋ᠴᠢᠷ ᠤ᠋ᠨ ᠠᠵᠢᠯ ᠦᠢᠯᠡᠰ ᠤ᠋ᠨ ᠡᠷᠡᠭᠦᠯ ᠢ᠋ᠢᠡᠷ ᠬᠦᠭᠵᠢᠬᠦ ᠢ᠋ᠢ ᠠᠬᠢᠭᠤᠯᠤᠨ᠎ᠠ᠃ ᠳᠤᠮᠳᠠᠳᠤ ᠢ᠋ᠢᠨ ᠰᠢᠯᠢᠳᠡᠭ ᠤᠯᠠᠮᠵᠢᠯᠠᠯᠲᠤ ᠰᠤᠶᠤᠯ ᠢ᠋ ᠵᠠᠯᠭᠠᠮᠵᠢᠯᠠᠨ ᠬᠦᠭᠵᠢᠬᠦᠯᠬᠦ ᠢᠨᠵᠧᠨᠧᠷᠢᠩ᠎ᠢ ᠬᠦᠨᠵᠡᠭᠡᠢ ᠬᠡᠷᠡᠭ᠌ᠵᠢᠭᠦᠯᠵᠦ᠍᠂ ᠲᠡᠤᠬᠡ ᠢ᠋ᠢᠨ ᠳᠤᠷᠠᠰᠬᠠᠯᠲᠤ ᠵᠦᠢᠯᠠᠰ ᠡᠷᠳᠡᠨ ᠤ᠋ ᠨᠤᠮ ᠪᠢᠴᠢᠭ ᠢ᠋ ᠬᠠᠮᠠᠭᠠᠯᠠᠬᠤ᠂ ᠰᠤᠳᠤᠯᠬᠤ᠂ ᠠᠰᠢᠭᠯᠠᠬᠤ ᠪᠠ ᠪᠤᠳᠠᠰ ᠤ᠋ᠨ ᠪᠤᠰᠤ ᠰᠤᠶᠤᠯ ᠤ᠋ᠨ ᠦᠪ ᠢ᠋ ᠱᠢᠰᠲᠧᠮ ᠲᠠᠢ ᠬᠠᠮᠠᠭᠠᠯᠠᠬᠤ ᠢ᠋ᠢ ᠴᠢᠡᠭᠭᠠᠳᠬᠠᠵᠤ᠂ ᠤᠷᠲᠤ ᠴᠠᠭᠠᠨ ᠬᠡᠷᠡᠮ᠂ ᠬᠠᠲᠤᠨ ᠭᠤᠤᠯ ᠤ᠋ᠨ ᠤᠯᠤᠰ ᠤ᠋ᠨ ᠰᠤᠶᠤᠯ ᠤ᠋ᠨ ᠴᠡᠴᠡᠷᠯᠢᠭ ᠤ᠋ᠨ ᠪᠦᠲᠦᠭᠡᠨ ᠪᠠᠢᠭᠤᠯᠤᠯᠲᠠ ᠢ᠋ᠢ ᠠᠬᠢᠭᠤᠯᠵᠤ᠂ ᠳᠤᠮᠳᠠᠳᠤ ᠢ᠋ᠢᠨ ᠰᠤᠶᠤᠯ ᠤ᠋ᠨ ᠦᠨᠢᠳᠡ ᠢ᠋ᠢᠨ ᠷᠢᠳᠢ ᠰᠢᠳᠢ ᠢ᠋ᠢ ᠢᠯᠡᠷᠡᠭᠦᠯᠬᠦ᠂ ᠴᠠᠭ ᠦᠶ᠎ᠠ ᠢ᠋ᠢᠨ ᠴᠤᠭ ᠵᠢᠪᠬᠤᠭ᠎ᠠ ᠢ᠋ᠢ ᠪᠠᠳᠠᠷᠠᠭᠤᠯᠬᠤ ᠢ᠋ᠢ ᠠᠬᠢᠭᠤᠯᠤᠨ᠎ᠠ᠃

(ᠲᠦᠷᠪᠡ) ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ᠃ ᠨᠡᠢᠭᠡᠮ᠎ᠦᠨ ᠦᠷ᠎ᠡ ᠠᠱᠢᠭ᠎ᠢ ᠲᠡᠷᠢᠭᠦᠨ ᠪᠠᠢᠷᠢᠨ᠎ᠳᠤ ᠲᠠᠯᠪᠢᠬᠤ᠂ ᠨᠡᠢᠭᠡᠮ᠎ᠦᠨ ᠦᠷ᠎ᠡ ᠠᠱᠢᠭ ᠪᠠ ᠠᠵᠤ ᠠᠬᠤᠢ᠎ᠶ᠋ᠢᠨ ᠦᠷ᠎ᠡ ᠠᠱᠢᠭ᠎ᠢ ᠨᠢᠭᠡᠳᠭᠡᠬᠦ᠌᠎ᠶ᠋ᠢ ᠪᠠᠷᠢᠮᠲᠠᠯᠠᠵᠤ᠂ ᠰᠣᠶᠣᠯ ᠎ᠤᠨ ᠪᠠᠢᠭᠤᠯᠤᠮᠵᠢ ᠵᠢᠨ ᠥᠭᠡᠷᠡᠴᠢᠯᠡᠯᠲᠡ ᠎ᠶ᠋ᠢ ᠭᠦᠨᠵᠡᠭᠡᠢᠷᠡᠭᠦᠯᠦᠨ᠂ ᠰᠣᠶᠣᠯ᠎ᠤᠨ ᠠᠵᠤ ᠦᠢᠯᠡᠰ᠎ᠦᠨ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠰᠣᠶᠣᠯ᠎ᠤᠨ ᠵᠠᠬ᠎ᠠ ᠳᠡᠯᠭᠡᠭᠦᠷ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠨ᠂ ᠴᠢᠨᠠᠷ ᠰᠠᠢᠲᠠᠢ ᠰᠣᠶᠣᠯ ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠥᠷᠭᠡᠳᠭᠡᠨ᠎ᠡ᠃ ᠤᠯᠠᠮᠵᠢᠯᠠᠯᠲᠤ ᠰᠣᠶᠣᠯ᠎ᠤᠨ ᠡᠵᠡᠩᠨᠡᠯᠲᠡ᠎ᠶ᠋ᠢᠨ ᠬᠡᠯᠪᠡᠷᠢ᠎ᠶ᠋ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠱᠢᠨ᠎ᠡ ᠬᠡᠯᠪᠡᠷᠢ᠎ᠶ᠋ᠢᠨ ᠰᠣᠶᠣᠯ᠎ᠤᠨ ᠠᠵᠤ ᠠᠬᠤᠢᠯᠠᠯ᠂ ᠰᠣᠶᠣᠯ᠎ᠤᠨ ᠡᠵᠡᠩᠨᠡᠯᠲᠡ᠎ᠶ᠋ᠢᠨ ᠬᠡᠯᠪᠡᠷᠢ᠂ ᠰᠣᠶᠣᠯ᠎ᠤᠨ ᠬᠡᠷᠡᠭ᠌ᠯᠡᠭᠡᠨ᠎ᠦ ᠵᠠᠭ᠍ᠪᠤᠷ᠎ᠢ ᠲᠦᠷᠭᠡᠳᠭᠡᠨ ᠬᠥᠭ᠌ᠵᠢᠭᠦᠯᠵᠦ᠍᠂ ᠰᠣᠶᠣᠯ᠎ᠤᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠢ ᠵᠢᠷᠤᠮᠵᠢᠭᠤᠯᠤᠨ ᠬᠥᠭ᠌ᠵᠢᠭᠦᠯᠵᠦ᠍᠂ ᠰᠣᠶᠣᠯ᠎ᠤᠨ ᠠᠵᠤ ᠦᠢᠯᠡᠰ᠎ᠦᠨ ᠲᠣᠭᠠᠴᠢᠯᠠᠭ᠍ᠰᠠᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠰᠣᠶᠣᠯ᠎ᠤᠨ ᠠᠵᠤ ᠦᠢᠯᠡᠰ᠎ᠦᠨ ᠪᠦᠬᠦ᠌ ᠲᠠᠯ᠎ᠠ᠎ᠪᠠᠷ ᠬᠡᠯᠪᠡᠷᠢ ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠠᠬᠢᠭᠤᠯᠤᠨ᠎ᠠ᠃ ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠶᠠᠷᠢᠬᠤ᠎ᠪᠠᠷ ᠬᠦᠴᠦᠯᠡᠬᠦ᠌ ᠴᠡᠭ ᠪᠣᠯᠭᠠᠵᠤ᠂ ᠤᠯᠠᠨ ᠤᠯᠤᠰ᠎ᠤᠨ ᠳᠠᠮᠵᠢᠭᠤᠯᠭ᠎ᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ ᠪᠣᠯᠤᠨ ᠭᠠᠳᠠᠭᠠᠳᠤ᠎ᠯᠤᠭ᠎ᠠ ᠎ᠶ᠋ᠢᠨ ᠰᠣᠶᠣᠯ ᠎ᠤᠨ ᠰᠣᠯᠢᠯᠴᠠᠭ᠎ᠠ ᠎ᠶ᠋ᠢ ᠴᠢᠩᠭᠠᠳᠭᠠᠨ᠎ᠠ᠃


ᠠᠷᠪᠠ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠎ᠪᠠᠷ ᠭᠣᠣᠯ ᠱᠢᠵᠢᠮ ᠪᠣᠯᠭᠠᠬᠤ ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ ᠎ᠶ᠋ᠢᠨ ᠨᠠᠮ ᠎ᠤᠨ ᠦᠨᠳᠦᠰᠦᠲᠡᠨ ᠎ᠦ ᠠᠵᠢᠯ ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ

ᠦᠨᠳᠦᠰᠦᠲᠡᠨ᠎ᠦ ᠠᠵᠢᠯ ᠎ᠢ ᠰᠠᠢᠲᠤᠷ ᠬᠢᠬᠦ᠌ ᠨᠢ ᠡᠭᠡ ᠤᠯᠤᠰ᠎ᠤᠨ ᠨᠢᠭᠡᠳᠦᠯ ᠪᠠ ᠬᠢᠯᠢ ᠬᠢᠵᠠᠭᠠᠷ᠎ᠤᠨ ᠪᠡᠬᠢᠵᠢᠯ᠎ᠳᠦ ᠬᠣᠯᠪᠣᠭ᠍ᠳᠠᠵᠤ᠂ ᠦᠨᠳᠦᠰᠦᠲᠡᠨ᠎ᠦ ᠪᠦᠯᠬᠦᠮᠳᠡᠯ ᠪᠠ ᠨᠡᠢᠭᠡᠮ᠎ᠦᠨ ᠲᠣᠭ᠍ᠲᠠᠭᠤᠨ ᠪᠠᠢᠳᠠᠯ᠎ᠳᠤ ᠬᠣᠯᠪᠣᠭ᠍ᠳᠠᠵᠤ᠂ ᠤᠯᠤᠰ ᠣᠷᠣᠨ᠎ᠤ ᠥᠨᠢ ᠤᠳᠠᠭᠠᠨ ᠠᠮᠤᠷ ᠲᠦᠪᠱᠢᠨ ᠪᠠᠢᠬᠤ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠬᠣᠯᠪᠣᠭ᠍ᠳᠠᠵᠤ ᠪᠠᠢᠳᠠᠭ᠃ ᠮᠠᠨ ᠎ᠤ ᠣᠷᠣᠨ᠎ᠤ ᠦᠨᠳᠦᠰᠦᠲᠡᠨ᠎ᠦ ᠠᠵᠢᠯ ᠎ᠤᠨ ᠰᠠᠭᠤᠷᠢ ᠰᠠᠢᠨ ᠪᠠᠢᠨ᠎ᠠ᠂ ᠡᠭᠦᠨ ᠎ᠦ ᠬᠠᠮᠲᠤ ᠦᠨᠳᠦᠰᠦᠲᠡᠨ ᠎ᠦ ᠬᠦᠷᠢᠶᠡᠨ᠎ᠳᠦ ᠮᠠᠰᠢ ᠣᠯᠠᠨ ᠠᠶᠤᠯ ᠲᠦᠭ᠌ᠰᠢᠭᠦᠷᠢ ᠥᠷᠢᠰᠥᠯᠳᠦᠭᠡᠨ ᠣᠷᠣᠱᠢᠵᠤ ᠪᠠᠢᠨ᠎ᠠ᠃ ᠪᠢᠳᠡ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠎ᠤ ᠡᠷᠬᠢᠮ ᠳᠡᠭᠡᠳᠦ ᠢᠷᠠᠭᠤ ᠠᠯᠳᠠᠷ ᠎ᠢᠶᠠᠨ ᠨᠠᠨᠳᠢᠩᠨᠠᠶ᠎ᠠ ᠭᠡᠪᠡᠯ᠂ ᠡᠷᠬᠡᠪᠰᠢ ᠲᠤᠪᠤᠢ᠌ᠮ᠎ᠠ ᠠᠰᠠᠭᠤᠳᠠᠯ᠎ᠳᠤ ᠵᠥᠪ ᠎ᠢᠶᠡᠷ ᠬᠠᠨᠳᠤᠵᠤ ᠱᠢᠢᠳᠪᠦᠷᠢᠯᠡᠬᠦ᠌ ᠬᠡᠷᠡᠭ᠌ᠲᠡᠢ᠂ ᠢᠷᠠᠭᠤ ᠠᠯᠳᠠᠷ᠎ᠲᠦ ᠰᠣᠭ᠍ᠲᠣᠭᠤᠷᠠᠭᠠᠳ ᠠᠰᠠᠭᠤᠳᠠᠯ ᠎ᠤᠨ ᠣᠷᠣᠱᠢᠵᠤ ᠪᠠᠢᠬᠤ ᠵᠢᠴᠢ ᠡᠭᠦᠨ ᠎ᠦ ᠬᠦᠨᠳᠦ ᠨᠣᠴᠢᠲᠠᠢ ᠴᠢᠨᠠᠷ᠎ᠢ ᠣᠮᠲᠣᠭᠠᠢᠯᠠᠵᠤ ᠪᠣᠯᠬᠤ ᠦᠭᠡᠢ᠂ ᠡᠰᠡ ᠲᠡᠭᠡᠪᠡᠯ ᠨᠤᠷᠠᠭᠠᠯᠲᠠ᠎ᠶ᠋ᠢᠨ ᠴᠢᠨᠠᠷᠲᠠᠢ ᠠᠯᠳᠠᠭ᠎ᠠ ᠭᠠᠷᠭᠠᠬᠤ ᠪᠣᠯᠤᠨ᠎ᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ ᠎ᠶ᠋ᠢ ᠪᠠᠲᠤ ᠡᠵᠡᠮᠳᠡᠵᠦ᠍᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠎ᠪᠠᠷ ᠭᠣᠣᠯ ᠱᠢᠵᠢᠮ ᠪᠣᠯᠭᠠᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠬᠠᠮᠲᠤ᠎ᠪᠠᠷ ᠤᠷᠤᠭ᠍ᠰᠢᠯᠠᠬᠤ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠦ ᠬᠡᠷᠡᠭ ᠶᠠᠪᠤᠳᠠᠯ ᠎ᠤᠨ ᠵᠠᠰᠠᠯᠲᠠ ᠎ᠶ᠋ᠢᠨ ᠱᠢᠰᠲ᠋ᠧᠮ ᠪᠠ ᠵᠠᠰᠠᠯᠲᠠ ᠎ᠶ᠋ᠢᠨ ᠴᠢᠳᠠᠪᠤᠷᠢ᠎ᠶ᠋ᠢᠨ ᠣᠳᠣᠬᠢᠴᠢᠯᠠᠬᠤ ᠲᠦᠪᠰᠢᠨ ᠎ᠢ ᠳᠡᠭᠡᠭ᠌ᠰᠢᠯᠡᠭᠦᠯᠬᠦ᠌ ᠲᠠᠯ᠎ᠠ ᠎ᠪᠠᠷ ᠡᠮᠦᠨ᠎ᠡ ᠨᠢ ᠬᠣᠱᠢᠭᠤᠷᠠᠨ ᠳᠠᠭᠤᠷᠢᠶᠠᠯ ᠦᠵᠡᠭᠦᠯᠬᠦ᠌ ᠎ᠪᠡᠷ ᠴᠢᠷᠮᠠᠢᠬᠤ ᠬᠡᠷᠡᠭ᠌ᠲᠡᠢ᠃

ᠦᠨᠳᠦᠰᠦᠲᠡᠨ᠎ᠦ ᠠᠵᠢᠯ᠎ᠤᠨ ᠤᠯᠤᠰ ᠲᠦᠷᠦᠴᠢ ᠴᠢᠨᠠᠷ᠂ ᠲᠦᠷᠦ᠍᠎ᠶ᠋ᠢᠨ ᠪᠣᠳᠣᠯᠭᠠᠲᠤ ᠴᠢᠨᠠᠷ᠂ ᠤᠯᠠᠨ ᠲᠦᠮᠡᠨᠴᠢ ᠴᠢᠨᠠᠷ ᠴᠢᠩᠭ᠎ᠠ ᠪᠠᠢᠳᠠᠭ᠂ ᠦᠨᠳᠦᠰᠦᠲᠡᠨ᠎ᠦ ᠠᠵᠢᠯ᠎ᠳᠡᠬᠢ ᠴᠢᠬᠤᠯᠠ ᠶᠡᠬᠡ ᠬᠠᠷᠢᠴᠠᠭ᠎ᠠ ᠎ᠶ᠋ᠢ ᠡᠷᠬᠡᠪᠰᠢ ᠵᠥᠪ ᠡᠵᠡᠮᠳᠡᠵᠦ᠂ ᠦᠨᠳᠦᠰᠦᠲᠡᠨ᠎ᠦ ᠠᠵᠢᠯ᠎ᠢ ᠡᠩ᠎ᠦᠨ ᠴᠢᠨᠠᠷᠲᠠᠢ᠂ ᠬᠡᠷᠡᠭ ᠶᠠᠪᠤᠳᠠᠯ ᠎ᠤᠨ ᠴᠢᠨᠠᠷᠲᠠᠢ ᠠᠵᠢᠯ ᠪᠣᠯᠭᠠᠵᠤ ᠶᠠᠭᠠᠬᠢᠭ᠍ᠰᠠᠨ ᠴᠤ᠌ ᠪᠣᠯᠬᠤ ᠦᠭᠡᠢ᠂ ᠦᠨᠳᠦᠰᠦᠲᠡᠨ ᠎ᠦ ᠪᠦᠯᠬᠦᠮᠳᠡᠯ᠂ ᠬᠢᠯᠢ ᠬᠢᠵᠠᠭᠠᠷ ᠎ᠤᠨ ᠲᠣᠭ᠍ᠲᠠᠭᠤᠨ ᠪᠠᠢᠳᠠᠯ᠎ᠢ ᠬᠠᠮᠠᠭᠠᠯᠠᠬᠤ ᠲᠠᠯ᠎ᠠ ᠎ᠪᠠᠷ ᠶᠠᠭᠠᠬᠢᠭ᠍ᠰᠠᠨ ᠴᠤ᠌ ᠶᠠᠮᠠᠷ ᠴᠤ᠌ ᠡᠨᠳᠡᠯ ᠭᠠᠷᠭᠠᠵᠤ ᠪᠣᠯᠬᠤ ᠦᠭᠡᠢ᠂ ᠦᠨᠳᠦᠰᠦᠲᠡᠨ᠎ᠦ ᠬᠦᠷᠢᠶᠡᠨ ᠎ᠳᠦ ᠳᠤᠮᠳᠠᠳᠤ ᠎ᠶ᠋ᠢᠨ ᠦᠨᠳᠦᠰᠦᠲᠡᠨ ᠎ᠦ ᠠᠭᠤᠤ ᠶᠡᠬᠡ ᠰᠡᠷᠭᠦᠨ ᠮᠠᠨᠳᠤᠯᠲᠠ ᠎ᠶ᠋ᠢᠨ ᠠᠬᠢᠴᠠ᠎ᠶ᠋ᠢ ᠨᠥᠯᠥᠭᠡᠯᠡᠬᠦ᠌ ᠴᠢᠨᠠᠭ᠍ᠰᠢᠯᠠᠪᠠᠯ ᠤᠳᠠᠭᠠᠱᠢᠷᠠᠭᠤᠯᠬᠤ ᠴᠢᠬᠤᠯᠠ ᠶᠡᠬᠡ ᠠᠰᠠᠭᠤᠳᠠᠯ ᠶᠠᠭᠠᠬᠢᠭ᠍ᠰᠠᠨ ᠴᠤ᠌ ᠭᠠᠷᠭᠠᠵᠤ ᠪᠣᠯᠬᠤ ᠦᠭᠡᠢ᠃

( ᠨᠢᠭᠡ ) ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ ᠎ᠶ᠋ᠢ ᠠᠬᠢᠭᠤᠯᠤᠨ᠎ᠠ᠃ ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠤᠨᠤᠯ ᠎ᠤᠨ ᠰᠤᠳᠤᠯᠭᠠᠨ ᠎ᠤ ᠱᠢᠰᠲ᠋ᠧᠮ ᠪᠠ ᠤᠬᠠᠭᠤᠯᠭ᠎ᠠ ᠬᠥᠮᠦᠵᠢᠯ᠎ᠦᠨ ᠱᠢᠰᠲ᠋ᠧᠮ ᠎ᠢ ᠪᠠᠢᠭᠤᠯᠤᠨ ᠲᠡᠭᠦᠯᠳᠡᠷᠵᠢᠭᠦᠯᠵᠦ᠍᠂ ᠪᠦᠬᠦ᠌ ᠨᠡᠢᠭᠡᠮᠴᠢᠯᠡᠭᠰᠡᠨ᠂ ᠪᠠᠢ᠌ᠩᠭᠤᠵᠢᠭ᠍ᠰᠠᠨ ᠤᠬᠠᠭᠤᠯᠭ᠎ᠠ ᠬᠥᠮᠦᠵᠢᠯ᠎ᠦᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠦᠨᠳᠦᠰᠦᠲᠡᠨ᠎ᠨᠦᠭᠦᠳ᠎ᠦᠨ ᠵᠥᠪ ᠤᠯᠤᠰ ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠣᠯᠭᠠᠬᠤ᠎ᠶ᠋ᠢ ᠠᠬᠢᠭᠤᠯᠵᠤ᠂ ᠵᠢᠷᠭᠠᠯ ᠵᠣᠪᠠᠯᠠᠩ ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌ ᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ ᠎ᠶ᠋ᠢᠨ ᠣᠢᠯᠠᠭᠠᠭ᠍ᠳᠠᠬᠤᠨ᠎ᠢ ᠪᠤᠢ ᠪᠣᠯᠭᠠᠵᠤ᠂ 《 ᠭᠤᠷᠪᠠᠨ ᠰᠠᠯᠵᠤ ᠴᠢᠳᠠᠬᠤ ᠦᠭᠡᠢ 》᠂ 《 ᠲᠠᠪᠤᠨ ᠬᠠᠮᠲᠤ ᠎ᠶ᠋ᠢᠨ ᠲᠠᠨᠢᠯᠲᠠ 》 ᠵᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ ᠎ᠳᠦ ᠭᠦᠨ ᠬᠠᠳᠠᠨᠭᠰᠢᠭᠤᠯᠤᠨ᠎ᠠ᠃ ᠳᠤᠮᠳᠠᠳᠤ᠎ᠶ᠋ᠢᠨ ᠰᠣᠶᠣᠯ᠎ᠢᠶᠠᠷ ᠦᠨᠳᠦᠰᠦᠲᠡᠨ᠎ᠦ ᠪᠦᠯᠬᠦᠮᠳᠡᠯ᠎ᠢ ᠤᠮᠳᠠᠯᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ ᠎ᠪᠠᠷ ᠡᠳ᠋ᠯᠡᠬᠦ᠌ ᠨᠡᠩ ᠤᠯᠠᠨ ᠳᠤᠮᠳᠠᠳᠤ ᠎ᠶ᠋ᠢᠨ ᠰᠣᠶᠣᠯ᠎ᠤᠨ ᠲᠡᠮᠳᠡᠭ ᠪᠠ ᠳᠤᠮᠳᠠᠳᠤ᠎ᠶ᠋ᠢᠨ ᠰᠣᠶᠣᠯ᠎ᠤᠨ ᠲᠦᠷᠢ ᠲᠥᠷᠬᠦ᠌ ᠎ᠶ᠋ᠢ ᠤᠯᠠᠮᠵᠢᠯᠠᠨ ᠳᠡᠯᠭᠡᠷᠡᠭᠦᠯᠵᠦ᠍᠂ ᠦᠨᠳᠦᠰᠦᠲᠡᠨ᠎ᠨᠦᠭᠦᠳ᠎ᠦᠨ ᠬᠥᠮᠦᠰ᠎ᠦᠨ ᠰᠡᠳᠭᠢᠯ᠎ᠢ ᠨᠢᠭ᠍ᠲᠠᠷᠠᠭᠤᠯᠤᠨ᠂ ᠤᠶᠤᠨ ᠰᠠᠨᠠᠭ᠎ᠠ᠎ᠶ᠋ᠢ ᠬᠠᠷᠢᠯᠴᠠᠨ ᠲᠦᠱᠢᠯᠴᠡᠭᠦᠯᠬᠦ᠌᠎ᠶ᠋ᠢ ᠠᠬᠢᠭᠤᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠦᠵᠡᠯᠲᠡ᠎ᠶ᠋ᠢᠨ ᠬᠥᠮᠦᠵᠢᠯ᠎ᠢ ᠴᠢᠩᠭᠠᠳᠭᠠᠵᠤ᠂ ᠡᠯ᠎ᠡ ᠦᠨᠳᠦᠰᠦᠲᠡᠨ ᠵᠢᠴᠢ ᠲᠡᠭᠦᠨ᠎ᠦ ᠲᠡᠦᠬᠡᠲᠦ ᠬᠥᠮᠦᠰ᠎ᠦᠨ ᠳᠤᠮᠳᠠᠳᠤ᠎ᠶ᠋ᠢᠨ ᠦᠨᠳᠦᠰᠦᠲᠡᠨ᠎ᠳᠦ ᠦᠵᠡᠭᠦᠯᠦᠭ᠌ᠰᠡᠨ ᠬᠤᠪᠢ ᠨᠡᠮᠡᠷᠢ᠎ᠳᠦ ᠪᠤᠰᠤᠳᠴᠢ᠎ᠪᠠᠷ ᠬᠠᠨᠳᠤᠵᠤ᠂ ᠱᠢᠨᠵᠢᠯᠡᠬᠦ᠌ ᠤᠬᠠᠭᠠᠨᠴᠢ᠎ᠪᠠᠷ ᠦᠨᠡᠯᠡᠯᠲᠡ ᠬᠢᠵᠦ᠍᠂ ᠦᠨᠳᠦᠰᠦᠲᠡᠨ᠎ᠨᠤᠭᠦᠳᠤ᠋ᠨ ᠺᠠᠳ᠋ᠷ ᠤᠯᠠᠨ ᠲᠦᠮᠡᠨ᠎ᠢ ᠬᠦᠳᠦᠯᠥᠨ ᠵᠢᠯᠤᠭᠤᠳᠴᠤ ᠳᠤᠮᠳᠠᠳᠤ᠎ᠶ᠋ᠢᠨ ᠪᠣᠯᠪᠠᠰᠤᠨ᠎ᠤ ᠡᠬᠢ ᠡᠭᠦᠰᠦᠯ ᠪᠣᠯᠤᠨ ᠲᠡᠦᠬᠡ ᠎ᠶ᠋ᠢᠨ ᠰᠤᠳᠠᠰᠤ᠎ᠶ᠋ᠢ ᠣᠨᠣᠪᠴᠢᠲᠠᠢ ᠲᠠᠨᠢᠭᠤᠯᠵᠤ᠂ ᠳᠤᠮᠳᠠᠳᠤ ᠎ᠶ᠋ᠢᠨ ᠦᠨᠳᠦᠰᠦᠲᠡᠨ ᠪᠣᠯᠤᠨ ᠳᠤᠮᠳᠠᠳᠤ ᠎ᠶ᠋ᠢᠨ ᠪᠣᠯᠪᠠᠰᠤᠨ᠎ᠤ ᠤᠯᠠᠨ ᠡᠱᠢᠲᠦ ᠨᠢᠭᠡ ᠴᠣᠭ᠍ᠴᠠ᠎ᠶ᠋ᠢ ᠣᠨᠣᠪᠴᠢᠲᠠᠢ ᠲᠠᠨᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠲᠤᠬᠠᠢ ᠮᠡᠳᠡᠷᠡᠮᠵᠢ᠎ᠶ᠋ᠢᠨ ᠲᠦᠷᠦᠭ᠌ᠳᠡᠯ᠂ ᠬᠠᠷᠢᠶᠠᠯᠠᠬᠳᠠᠬᠤᠢ ᠲᠦᠷᠦᠭ᠌ᠳᠡᠯ᠂ ᠣᠮᠣᠭ ᠪᠠᠬᠠᠳᠤᠯᠲᠤ ᠲᠦᠷᠦᠭ᠌ᠳᠡᠯ᠎ᠢ ᠲᠠᠰᠤᠷᠠᠯᠳᠠ ᠦᠭᠡᠢ ᠴᠢᠨᠭᠭᠠᠳᠬᠠᠨ᠎ᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠬᠦ᠌ ᠲᠠᠯ᠎ᠠ ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠤᠯᠤᠰ ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲᠧᠷᠢᠶᠠᠯ᠎ᠢ ᠡᠷᠡᠰ ᠭᠤᠢᠪᠢᠰᠢ ᠦᠭᠡᠢ ᠳᠡᠯᠭᠡᠷᠡᠭᠦᠯᠦᠨ ᠬᠡᠷᠡᠭ᠌ᠯᠡᠵᠦ᠍᠂ ᠴᠥᠭᠡᠨ ᠲᠣᠭᠠᠲᠤ ᠦᠨᠳᠦᠰᠦᠲᠡᠨ᠎ᠦ ᠦᠭᠡ ᠬᠡᠯᠡ ᠦᠰᠦᠭ ᠪᠢᠴᠢᠭ ᠎ᠦᠨ ᠰᠤᠷᠤᠯᠴᠠᠯᠭ᠎ᠠ ᠪᠠ ᠬᠡᠷᠡᠭ᠌ᠯᠡᠯᠲᠡ ᠎ᠶ᠋ᠢ ᠬᠦᠨᠳᠦᠳᠭᠡᠨ ᠪᠠᠲᠤᠯᠠᠨ᠎ᠠ᠃

(ᠬᠣᠶᠠᠷ ) ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ᠃ ᠬᠤᠳᠠ ᠬᠥᠳᠡᠭᠡ ᠎ᠶᠢᠨ ᠪᠦᠳᠦᠭᠡᠨ ᠪᠠᠢᠭᠤᠯᠤᠯᠲᠠ ᠎ᠶᠢᠨ ᠪᠠᠢᠷᠢᠱᠢᠭᠤᠯᠤᠯ ᠎ᠤᠨ ᠲᠥᠯᠥᠪᠵᠢᠭᠦᠯᠭᠡ ᠪᠠ ᠤᠯᠠᠨ ᠨᠡᠢ᠌ᠳᠡ᠎ᠶᠢᠨ ᠦᠢᠯᠡᠴᠢᠯᠡᠭᠡᠨ ᠎ᠤ ᠡᠬᠢ ᠪᠠᠶᠠᠯᠢᠭ ᠎ᠤᠨ ᠲᠤᠬᠢᠷᠠᠭᠤᠯᠤᠯᠳᠠ ᠶ᠋ᠢ ᠨᠢᠭᠡᠳᠦᠯᠲᠡᠢ ᠲᠥᠯᠥᠪᠵᠢᠭᠦᠯᠦᠨ᠂ ᠬᠠᠷᠢᠯᠴᠠᠨ ᠱᠢᠭᠢᠳᠭᠡᠬᠦ᠌ ᠮᠠᠶᠢᠭ᠎ᠤᠨ ᠨᠡᠢᠭᠡᠮ᠎ᠤᠨ ᠪᠦᠲᠦᠴᠡ ᠪᠠ ᠨᠡᠢᠭᠡᠮ ᠲᠣᠭᠣᠷᠢᠭ ᠎ᠤᠨ ᠣᠷᠴᠢᠨ ᠲᠣᠭᠣᠷᠢᠨ᠎ᠤ ᠪᠠᠢᠭᠤᠯᠤᠯᠲᠠ ᠶ᠋ᠢ ᠭᠦᠨᠵᠡᠭᠡᠢᠷᠡᠭᠦᠯᠵᠦ᠍᠂ ᠦᠨᠳᠦᠰᠦᠲᠡᠨ ᠎ᠨᠦᠭᠦᠳ ᠎ᠤᠨ ᠤᠯᠠᠨ ᠲᠦᠮᠡᠨ᠎ᠤ ᠬᠠᠮᠲᠤ ᠪᠠᠷ ᠣᠷᠣᠱᠢᠨ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠪᠠ ᠨᠡᠭᠦᠳᠡᠯᠯᠡᠵᠦ᠍ ᠱᠢᠯᠵᠢᠬᠦ᠌ ᠨᠡᠢᠭᠡᠮ ᠎ᠤᠨ ᠨᠥᠬᠥᠴᠡᠯ ᠎ᠢ ᠡᠭᠦᠳᠴᠦ᠍᠂ ᠤᠯᠠᠨ ᠵᠦᠢᠯ ᠎ᠤᠨ ᠬᠡᠯᠪᠡᠷᠢ ᠮᠠᠶᠢᠭ ᠪᠦᠬᠦᠢ ᠤᠯᠠᠨ ᠲᠦᠮᠡᠨᠴᠢ ᠴᠢᠨᠠᠷᠲᠠᠢ ᠰᠣᠯᠢᠯᠴᠠᠭ᠎ᠠ᠎ᠶᠢᠨ ᠠᠵᠢᠯᠯᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ ᠎ᠤᠨ ᠬᠦᠰᠡᠯᠡᠩ᠂ ᠢᠲᠡᠭᠡᠯ ᠪᠢᠰᠢᠷᠡᠯ᠂ ᠰᠡᠳᠭᠢᠯᠭᠡ᠂ ᠰᠣᠶᠣᠯ᠎ᠤᠨ ᠲᠠᠯ᠎ᠠ ᠎ᠪᠠᠷ ᠬᠢ ᠪᠦᠯᠬᠦᠮᠳᠡᠯ ᠨᠢᠭᠡᠳᠦᠯ ᠎ᠢ ᠠᠬᠢᠭᠤᠯᠤᠨ᠎ᠠ᠃ ᠦᠨᠳᠦᠰᠦᠲᠡᠨ ᠎ᠦ ᠪᠦᠯᠬᠦᠮᠳᠡᠯ ᠳᠠᠪᠱᠢᠯᠲᠠ᠎ᠶᠢᠨ ᠡᠭᠦᠳᠦᠨ ᠪᠠᠢᠭᠤᠯᠬᠤ ᠎ᠠᠵᠢᠯ᠎ᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠵᠦ᠍᠂ ᠭᠤᠤᠯ ᠰᠡᠳᠦᠪ ᠎ᠦᠨ ᠠᠭᠤᠯᠤᠭ᠍ᠳᠠᠬᠤᠨ ᠎ᠢ ᠭᠦᠨᠵᠡᠭᠡᠢᠷᠡᠭᠦᠯᠦᠨ᠂ ᠠᠷᠭ᠎ᠠ ᠮᠠᠶᠢᠭ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍᠂ ᠨᠡᠢᠭᠡᠮ᠎ᠦᠨ ᠣᠷᠣᠯᠴᠠᠯᠭ᠎ᠠ᠎ᠶ᠋ᠢ ᠥᠷᠭᠡᠳᠭᠡᠨ᠂ ᠡᠭᠦᠳᠦᠨ ᠪᠠᠢᠭᠤᠯᠬᠤ ᠠᠵᠢᠯ᠎ᠤᠨ ᠶᠠᠰᠤ ᠴᠢᠨᠠᠷ᠎ᠢ ᠪᠦᠬᠦ ᠲᠠᠯ᠎ᠠ ᠪᠠᠷ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠬᠣᠲᠠ᠎ᠶ᠋ᠢᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠴᠥᠭᠡᠨ ᠲᠣᠭᠠᠲᠤ ᠦᠨᠳᠦᠰᠦᠲᠡᠨ᠎ᠦ ᠣᠯᠠᠨ ᠲᠦᠮᠡᠨ᠎ᠢ ᠬᠣᠲᠠ᠎ᠳᠤ ᠨᠠᠩ ᠰᠠᠢᠲᠤᠷ ᠠᠭᠤᠰᠭᠠᠨ ᠣᠷᠣᠭᠤᠯᠤᠨ᠎ᠠ᠃

(ᠭᠤᠷᠪᠠ) ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠵᠢᠨ ᠱᠢᠰᠲ᠋ᠧᠮ ᠪᠠ ᠵᠠᠰᠠᠯᠲᠠ᠎ᠵᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠰᠢᠨ᠎ᠢ ᠳᠡᠭᠡᠭ᠌ᠰᠢᠯᠡᠭᠦᠯᠦᠨ᠎ᠡ᠃ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠪᠣᠳᠠᠲᠠᠢ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ ᠪᠠ ᠪᠡᠶᠡᠯᠡᠭᠦᠯᠬᠦ᠌ ᠬᠡᠯᠪᠡᠷᠢ᠎ᠶ᠋ᠢᠨ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠬᠤ᠎ᠶ᠋ᠢ ᠠᠬᠢᠭᠤᠯᠤᠨ᠂ ᠨᠢᠭᠡᠳᠦᠯ ᠪᠠ ᠥᠪᠡᠷᠲᠡᠭᠡᠨ ᠵᠠᠰᠠᠬᠤ᠎ᠶ᠋ᠢ ᠤᠶᠠᠯᠳᠤᠭᠤᠯᠬᠤ᠂ ᠦᠨᠳᠦᠰᠦᠲᠡᠨ᠎ᠦ ᠡᠯᠸᠮᠸᠨ᠋ᠲ ᠪᠠ ᠣᠷᠣᠨ ᠪᠦᠰᠡ᠎ᠶ᠋ᠢᠨ ᠡᠯᠸᠮᠸᠨ᠋ᠲ᠎ᠢ ᠤᠶᠠᠯᠳᠤᠭᠤᠯᠬᠤ᠎ᠶ᠋ᠢ ᠨᠡᠩ ᠰᠠᠢᠲᠤᠷ ᠪᠡᠶᠡᠯᠡᠭᠦᠯᠦᠨ᠎ᠡ᠃ ᠬᠡᠯᠪᠡᠢᠭᠦᠦ ᠦᠵᠡᠯ᠎ᠢ ᠵᠠᠯᠠᠷᠠᠭᠤᠯᠬᠤ ᠠᠵᠢᠯ᠎ᠢ ᠦᠷᠬᠦᠯᠵᠢᠯᠡᠨ ᠭᠦᠨᠵᠡᠭᠡᠢ ᠦᠷᠨᠢᠭᠦᠯᠵᠦ᠂ ᠦᠵᠡᠯ ᠰᠠᠨᠠᠭ᠎ᠠ ᠲᠠᠨᠢᠯᠲᠠ᠂ ᠰᠣᠶᠣᠯ᠎ᠤᠨ ᠤᠬᠠᠭᠤᠯᠭ᠎ᠠ᠂ ᠲᠦᠷᠦ᠍᠎ᠶ᠋ᠢᠨ ᠪᠤᠳᠤᠯᠭ᠎ᠠ ᠬᠠᠤᠯᠢ ᠲᠣᠭ᠍ᠲᠠᠭᠠᠯ᠂ ᠺᠠᠳ᠋ᠷ᠎ᠤᠨ ᠡᠩᠨᠡᠭᠡ᠂ ᠨᠡᠢᠭᠡᠮ᠎ᠦᠨ ᠦᠢᠯᠡᠰ᠂ ᠬᠠᠤᠯᠢ ᠬᠡᠷᠡᠭ᠌ᠵᠢᠭᠦᠯᠬᠦ ᠬᠠᠤᠯᠢ ᠪᠠᠷᠢᠬᠤ᠂ ᠭᠠᠵᠠᠷ ᠎ᠵᠦᠢ ᠵᠢᠨ ᠢᠯᠡᠷᠬᠡᠢᠯᠡᠯᠲᠦ ᠪᠠᠷᠢᠯᠭ᠎ᠠ ᠵᠡᠷᠭᠡ ᠲᠠᠯ᠎ᠠ᠎ᠪᠠᠷ ᠣᠷᠣᠱᠢᠵᠤ ᠪᠠᠢᠭ᠎ᠠ ᠲᠤᠪᠤᠢ᠌ᠮ᠎ᠠ ᠠᠰᠠᠭᠤᠳᠠᠯ᠎ᠢ ᠪᠦᠬᠦ ᠲᠠᠯ᠎ᠠ ᠪᠡᠷ ᠴᠡᠭ᠌ᠴᠡᠯᠡᠨ ᠰᠠᠢᠵᠢᠷᠠᠭᠤᠯᠵᠤ᠂ ᠦᠨᠳᠦᠰᠦᠲᠡᠨ᠎ᠦ ᠵᠥᠷᠢᠶᠡᠲᠦ ᠴᠢᠨᠠᠷ᠎ᠢ ᠲᠤᠪᠤᠢ᠌ᠯᠭᠠᠬᠤ ᠪᠠ ᠴᠢᠩᠭᠠᠳᠭᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠨᠡᠢᠲᠡᠯᠢᠭ ᠴᠢᠨᠠᠷ᠎ᠢ ᠣᠮᠲᠣᠭᠠᠢᠯᠠᠬᠤ ᠪᠠ ᠰᠤᠯᠠᠷᠠᠭᠤᠯᠬᠤ ᠠᠰᠠᠭᠤᠳᠠᠯ ᠪᠣᠯᠤᠨ ᠬᠢᠳᠡᠯ᠎ᠢ ᠡᠷᠡᠰ ᠵᠠᠯᠠᠷᠠᠭᠤᠯᠤᠨ᠎ᠠ᠃ ᠵᠥᠪ ᠣᠨᠣᠪᠴᠢᠲᠠᠢ ᠪᠠᠢᠬᠤ᠎ᠶ᠋ᠢ ᠪᠠᠷᠢᠮᠲᠠᠯᠠᠬᠤ᠂ ᠴᠠᠭ᠎ᠠᠴᠠ ᠬᠣᠴᠣᠷᠤᠭ᠍ᠰᠠᠨ᠎ᠢ ᠲᠤᠬᠢᠷᠠᠭᠤᠯᠬᠤ ᠵᠠᠷᠴᠢᠮ ᠶᠣᠰᠣᠭᠠᠷ᠂ ᠦᠨᠳᠦᠰᠦᠲᠡᠨ᠎ᠦ ᠬᠦᠷᠢᠶᠡᠨ᠎ᠳᠡᠬᠢ ᠬᠣᠯᠪᠣᠭ᠍ᠳᠠᠯ ᠪᠦᠬᠦᠢ ᠬᠠᠤᠯᠢ ᠲᠣᠭ᠍ᠲᠠᠭᠠᠯ ᠲᠦᠷᠦ᠍᠎ᠶ᠋ᠢᠨ ᠪᠤᠳᠤᠯᠭ᠎ᠠ᠎ᠶ᠋ᠢ ᠯᠠᠪᠳᠠᠭᠤᠨ ᠪᠣᠯᠭᠣᠮᠵᠢᠲᠠᠢ ᠲᠤᠬᠢᠷᠠᠭᠤᠯᠤᠨ ᠲᠡᠭᠦᠯᠳᠡᠷᠵᠢᠭᠦᠯᠵᠦ᠍᠂ ᠣᠷᠣᠨ ᠪᠦᠰᠡᠴᠢᠯᠡᠯᠲᠡ ᠪᠠ ᠨᠠᠷᠢᠯᠢᠭ ᠤᠨᠤᠴᠠᠳᠤ ᠴᠢᠨᠠᠷ᠎ᠢ ᠲᠤᠪᠤᠢ᠌ᠯᠭᠠᠨ᠂ ᠣᠨᠴᠠᠭᠠᠢ ᠭᠠᠵᠠᠷ ᠣᠷᠣᠨ᠂ ᠣᠨᠴᠠᠭᠠᠢ ᠠᠰᠠᠭᠤᠳᠠᠯ᠂ ᠣᠨᠴᠠᠭᠠᠢ ᠵᠦᠢᠯᠡᠰ᠎ᠲᠦ ᠴᠢᠭ᠌ᠯᠡᠭᠦᠯᠦᠨ ᠣᠷᠣᠨ ᠪᠦᠰᠡ᠎ᠪᠡᠷ ᠳᠡᠮᠵᠢᠬᠦ᠌ ᠵᠥᠷᠢᠶᠡᠲᠦ ᠲᠦᠷᠦ᠍᠎ᠶ᠋ᠢᠨ ᠪᠤᠳᠤᠯᠭ᠎ᠠ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠠᠳᠠᠯᠢ ᠨᠢᠭᠡᠨ ᠭᠠᠵᠠᠷ ᠣᠷᠣᠨ᠎ᠤ ᠠᠳᠠᠯᠢ ᠪᠤᠰᠤ ᠦᠨᠳᠦᠰᠦᠲᠡᠨ᠎ᠦ ᠬᠣᠭᠣᠷᠣᠨᠳᠣᠬᠢ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠷᠦ᠍᠎ᠶ᠋ᠢᠨ ᠪᠤᠳᠤᠯᠭ᠎ᠠ᠎ᠶ᠋ᠢᠨ ᠵᠦᠷᠢᠶ᠎ᠡ᠎ᠶ᠋ᠢ ᠬᠦᠴᠦᠯᠡᠨ ᠪᠠᠭᠠᠰᠭᠠᠵᠤ᠂ ᠦᠨᠳᠦᠰᠦᠲᠡᠨ᠎ᠦ ᠡᠷᠬᠡ ᠲᠡᠭ᠌ᠰᠢ ᠪᠦᠯᠬᠦᠮᠳᠡᠯ᠎ᠢ ᠦᠨᠡᠨ ᠬᠦ᠌ ᠪᠠᠲᠤᠯᠠᠨ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠢᠯᠡᠷᠡᠭᠦᠯᠦᠨ᠎ᠡ᠃ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠪᠡᠷ ᠵᠠᠰᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ᠎ᠦ ᠡᠯᠸᠮᠸᠨ᠋ᠲ ᠲᠦ᠍ ᠬᠣᠯᠪᠣᠭ᠍ᠳᠠᠭ᠍ᠰᠠᠨ ᠬᠡᠷᠡᠭ᠎ᠢ ᠬᠠᠤᠯᠢ ᠶᠣᠰᠣᠭᠠᠷ ᠲᠣᠬᠢᠲᠠᠶ ᠱᠢᠶ᠋ᠳᠪᠦᠷᠢᠯᠡᠵᠦ᠍᠂ ᠡᠯ᠎ᠡ ᠲᠥᠷᠥᠯ᠎ᠦᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ᠂ ᠬᠠᠤᠯᠢ ᠴᠠᠭᠠᠵᠠ᠎ᠶ᠋ᠢᠨ ᠡᠮᠦᠨ᠎ᠡ ᠬᠥᠮᠦᠨ ᠪᠦᠬᠦᠨ ᠡᠷᠬᠡ ᠲᠡᠭ᠌ᠰᠢ ᠪᠠᠢᠬᠤ᠎ᠶ᠋ᠢ ᠪᠡᠶᠡᠯᠡᠭᠦᠯᠦᠨ᠎ᠡ᠃ ᠦᠨᠳᠦᠰᠦᠲᠡᠨ᠎ᠦ ᠪᠦᠯᠬᠦᠮᠳᠡᠯ᠎ᠢ ᠨᠥᠯᠥᠭᠡᠯᠡᠬᠦ᠌ ᠠᠯᠢᠪᠠ ᠴᠤᠬᠤᠢᠯᠲᠠ᠎ᠶ᠋ᠢᠨ ᠴᠢᠨᠠᠷᠲᠠᠢ ᠠᠰᠠᠭᠤᠳᠠᠯ᠎ᠢ ᠳᠡᠭᠡᠳᠦ ᠬᠡᠮᠵᠢᠶ᠎ᠡ᠎ᠪᠡᠷ ᠰᠡᠷᠡᠮᠵᠢᠯᠡᠵᠦ᠍᠂ ᠦᠨᠳᠦᠰᠦᠲᠡᠨ᠎ᠦ ᠡᠯᠸᠮᠸᠨ᠋ᠲ᠎ᠲᠦ᠍ ᠬᠣᠯᠪᠣᠭ᠍ᠳᠠᠬᠤ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠰᠠᠭᠤᠳᠠᠯ᠎ᠢ ᠢᠳᠡᠪᠬᠢᠲᠡᠢ ᠪᠥᠭᠡᠳ ᠪᠣᠯᠭᠣᠮᠵᠢᠲᠠᠢ ᠱᠢᠢᠳᠪᠦᠷᠢᠯᠡᠵᠦ᠍᠂ ᠲᠡᠦᠬᠡ᠎ᠶ᠋ᠢᠨ ᠦᠭᠡᠢᠰᠭᠡᠬᠦ᠌ ᠦᠵᠡᠯ᠂ ᠬᠡᠲᠦᠷᠡᠮᠡᠬᠡᠢ ᠦᠨᠳᠦᠰᠦᠲᠡᠨ᠎ᠦ ᠦᠵᠡᠯ᠂ ᠱᠠᠱᠢᠨ ᠰᠤᠷᠲᠠᠬᠤᠨ᠎ᠤ ᠬᠡᠲᠦᠷᠡᠮᠡᠬᠡᠢ ᠦᠵᠡᠯ᠂ ᠬᠢᠲᠠᠳ᠎ᠤᠨ ᠳᠡᠭᠡᠷᠡᠩᠭᠦᠢ ᠦᠵᠡᠯ ᠪᠠ ᠣᠷᠣᠨ ᠨᠤᠲᠤᠭ᠎ᠤᠨ ᠦᠨᠳᠦᠰᠦᠲᠡᠨ᠎ᠦ ᠦᠵᠡᠯ᠎ᠢ ᠲᠤᠭ ᠲᠡᠮᠳᠡᠭ ᠲᠣᠳᠣᠷᠬᠠᠢ᠎ᠪᠠᠷ ᠡᠰᠡᠷᠭᠦᠴᠡᠵᠦ᠍᠂ ᠦᠨᠳᠦᠰᠦᠲᠡᠨ᠎ᠦ ᠬᠠᠷᠢᠴᠠᠭ᠎ᠠ᠎ᠶ᠋ᠢ ᠬᠠᠳᠭᠤᠨ ᠵᠠᠪᠰᠠᠷᠳᠠᠭᠤᠯᠬᠤ᠂ ᠦᠨᠳᠦᠰᠦᠲᠡᠨ᠎ᠦ ᠭᠠᠳᠠᠭᠤᠷᠴᠢᠯᠠᠯ ᠪᠠ ᠬᠣᠷᠣᠰᠤᠯ᠎ᠢ ᠥᠳᠥᠭᠡᠬᠦ᠌᠂ ᠦᠨᠳᠦᠰᠦᠲᠡᠨ᠎ᠦ ᠪᠦᠯᠬᠦᠮᠳᠡᠯ᠎ᠢ ᠡᠪᠳᠡᠬᠦ᠌ ᠦᠭᠡ ᠶᠠᠷᠢᠶ᠎ᠠ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠦᠨᠳᠦᠰᠦᠲᠡᠨ᠎ᠦ ᠪᠦᠯᠬᠦᠮᠳᠡᠯ᠎ᠢ ᠡᠪᠳᠡᠬᠦ᠌᠂ ᠦᠨᠳᠦᠰᠦᠲᠡᠨ᠎ᠦ ᠬᠠᠭᠠᠴᠠᠯ᠎ᠢ ᠪᠤᠢ ᠪᠣᠯᠭᠠᠬᠤ ᠶᠠᠮᠠᠷᠪᠠ ᠤᠷᠤᠯᠳᠤᠯᠭ᠎ᠠ᠎ᠶ᠋ᠢ ᠶᠠᠭᠠᠬᠢᠭ᠍ᠰᠠᠨ ᠴᠤ᠌ ᠪᠡᠶᠡᠯᠡᠭ᠌ᠳᠡᠭᠦᠯᠬᠦ᠌ ᠦᠭᠡᠢ᠃


ᠠᠷᠪᠠᠨ ᠨᠢᠭᠡ᠂ ᠨᠡᠩ ᠥᠨᠳᠥᠷ ᠲᠦᠪᠱᠢᠨ ᠪᠦᠬᠦᠢ ᠠᠮᠤᠭᠤᠯᠠᠡᠭᠲᠤ ᠥᠪᠥᠷ ᠮᠣᠩᠭᠣᠯ᠎ᠢ ᠪᠦᠲᠦᠭᠡᠨ ᠪᠠᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ

ᠥᠪᠥᠷ ᠮᠣᠩᠭᠣᠯ᠎ᠤᠨ ᠤᠯᠤᠰ᠎ᠤᠨ ᠠᠮᠤᠷ ᠲᠦᠪᠱᠢᠨ ᠲᠣᠭ᠍ᠲᠠᠭᠤᠨ᠎ᠤ ᠶᠡᠬᠡ ᠲᠠᠯ᠎ᠠ᠎ᠳᠠᠬᠢ ᠪᠠᠢᠷᠢ ᠰᠠᠭᠤᠷᠢ ᠴᠢᠬᠤᠯᠠ᠂ ᠬᠠᠷᠢᠭᠤᠴᠠᠯᠭ᠎ᠠ ᠬᠦᠨᠳᠦ ᠶᠤᠮ᠂ ᠡᠷᠬᠡᠪᠰᠢ ᠬᠣᠷᠢᠭ᠎ᠠ ᠱᠤᠭᠤᠮ᠎ᠤᠨ ᠰᠡᠳᠭᠢᠬᠦᠢ ᠪᠣᠯᠤᠨ ᠠᠶᠤᠯ ᠲᠦᠭ᠌ᠰᠢᠭᠦᠷᠢ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠶᠡᠬᠡ ᠠᠮᠤᠷ ᠲᠦᠪᠱᠢᠨ᠎ᠦ ᠪᠠᠢᠷᠢᠱᠢᠯ᠎ᠢ ᠲᠦᠷᠭᠡᠳᠭᠡᠨ ᠪᠠᠢᠭᠤᠯᠵᠦ᠂ ᠶᠡᠬᠡ ᠠᠮᠤᠷ ᠲᠦᠪᠱᠢᠨ᠎ᠦ ᠱᠢᠰᠲᠸᠮ᠎ᠢ ᠲᠡᠭᠦᠯᠳᠡᠷᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ ᠪᠣᠯᠤᠨ ᠥᠨᠳᠥᠷ ᠲᠦᠪᠱᠢᠨ ᠪᠦᠬᠦᠢ ᠠᠮᠤᠷ ᠲᠦᠪᠱᠢᠨ᠎ᠦ ᠬᠠᠷᠢᠯᠴᠠᠭ᠎ᠠ᠎ᠵᠢ ᠠᠬᠢᠭᠤᠯᠤᠨ᠂ ᠨᠡᠢᠭᠡᠮ᠎ᠦᠨ ᠨᠡᠩ ᠠᠮᠤᠷ ᠲᠣᠭ᠍ᠲᠠᠭᠤᠨ᠂ ᠠᠷᠠᠳ ᠲᠦᠮᠡᠨ᠎ᠦ ᠨᠡᠩ ᠠᠮᠤᠷ ᠠᠮᠤᠭᠤᠯᠠᠩ᠎ᠢ ᠪᠠᠲᠤᠯᠠᠵᠤ᠂ ᠥᠪᠥᠷ ᠮᠣᠩᠭᠣᠯ᠎ᠤᠨ ᠲᠣᠭ᠍ᠲᠠᠭᠤᠨ ᠪᠠᠢᠳᠠᠯ ᠵᠢᠡᠷ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠵᠤ᠂ ᠨᠡᠢᠰᠯᠡᠯ᠎ᠦᠨ ᠠᠮᠤᠷ ᠲᠦᠪᠱᠢᠨ᠎ᠢ ᠬᠠᠮᠠᠭᠠᠯᠠᠬᠤ ᠬᠡᠷᠡᠭᠳᠡᠢ᠃

(ᠨᠢᠭᠡ)ᠤᠯᠤᠰ᠎ᠤᠨ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ᠎ᠠ᠃ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ) ᠎ᠶ᠋ᠢᠨ ᠤᠯᠤᠰ᠎ᠤᠨ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠤᠯᠤᠰ᠎ᠤᠨ ᠠᠮᠤᠷ ᠲᠦᠪᠱᠢᠨ᠎ᠦ ᠬᠢᠨᠠᠨ ᠪᠠᠢᠴᠠᠭᠠᠬᠤ ᠪᠠ ᠬᠢᠨᠠᠨ ᠬᠠᠮᠢᠶᠠᠷᠬᠤ ᠲᠦᠷᠢᠮ᠎ᠢ ᠲᠡᠭᠦᠯᠳᠡᠷᠵᠢᠭᠦᠯᠦᠨ᠂ ᠠᠶᠤᠯ ᠲᠦᠭ᠌ᠰᠢᠭᠦᠷᠢ᠎ᠶ᠋ᠢ ᠰᠤᠳᠤᠯᠤᠨ ᠮᠠᠭᠠᠳᠯᠠᠬᠤ᠂ ᠰᠡᠷᠭᠡᠢᠯᠡᠨ ᠡᠵᠡᠮᠳᠡᠬᠦ᠌ ᠲᠠᠯ᠎ᠠ᠎ᠪᠠᠷ ᠬᠠᠮᠵᠢᠯᠴᠠᠬᠤ᠂ ᠰᠡᠷᠭᠡᠢᠯᠡᠨ ᠠᠷᠢᠯᠭᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠡᠯ᠎ᠡ ᠬᠦᠷᠢᠶ᠎ᠡ ᠡᠯ᠎ᠡ ᠲᠠᠰ ᠳᠠᠪᠬᠤᠷᠭ᠎ᠠ᠎ᠶ᠋ᠢ ᠬᠠᠮᠤᠷᠤᠭ᠍ᠰᠠᠨ᠂ ᠬᠤᠷᠴᠠ ᠰᠡᠷᠭᠡᠭ ᠵᠣᠬᠢᠴᠠᠩᠭᠤᠶ ᠥᠨᠳᠥᠷ ᠪᠦᠲᠦᠮᠵᠢᠲᠡᠶ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠲᠤᠤᠷ᠎ᠢ ᠲᠦᠷᠭᠡᠳᠬᠡᠨ ᠪᠠᠢᠭᠤᠯᠤᠨ᠎ᠠ᠃ ᠳᠠᠢᠰᠤᠩᠨᠠᠭ᠍ᠴᠢ ᠬᠦᠴᠦᠨ᠎ᠦ ᠨᠡᠪᠴᠢᠯᠲᠡ ᠡᠪᠳᠡᠯᠡᠭᠡ ᠨᠤᠷᠠᠭᠠᠯᠲᠠ᠎ᠶ᠋ᠢᠨ ᠠᠵᠢᠯᠯᠠᠭ᠎ᠠ᠎ᠶ᠋ᠢ ᠴᠢᠩᠭ᠎ᠠ ᠰᠡᠷᠭᠡᠢᠯᠡᠨ ᠴᠢᠩᠭ᠎ᠠ ᠴᠣᠬᠢᠯᠲᠠ ᠥᠭ᠌ᠴᠦ᠂ ᠰᠦᠯᠵᠢᠶᠡᠨ᠎ᠦ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠤᠯᠤᠰ ᠤ᠋ᠨ ᠲᠦᠷᠦ᠍᠎ᠶ᠋ᠢᠨ ᠡᠷᠬᠡ᠎ᠶ᠋ᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ ᠪᠠ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠨ᠎ᠠ᠃ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠪᠦᠬᠦ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠤᠬᠠᠮᠰᠠᠷ᠎ᠢ ᠴᠢᠩᠭᠠᠳᠭᠠᠵᠤ᠂ ᠤᠯᠤᠰ᠎ᠤᠨ ᠠᠮᠤᠷ ᠲᠦᠪᠱᠢᠨ᠎ᠦ ᠠᠷᠠᠳ ᠲᠦᠮᠡᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠡᠬᠢᠵᠢᠭᠦᠯᠦᠨ᠎ᠡ᠃ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦᠨ᠎ᠵᠢᠡᠨ ᠬᠠᠮᠲᠤᠳᠭᠠᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠎ᠶ᠋ᠢ ᠴᠢᠩᠭᠠᠳᠭᠠᠵᠤ᠂ ᠬᠢᠯᠢ ᠬᠢᠵᠠᠭᠠᠷ ᠣᠷᠣᠨ᠎ᠤ ᠪᠣᠰᠣᠭ᠎ᠠ ᠴᠣᠭ᠍ᠴᠠᠲᠤ ᠣᠶᠤᠨᠴᠢ ᠰᠡᠷᠭᠡᠢᠯᠡᠨ ᠡᠵᠡᠮᠳᠡᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠬᠢᠯᠢ ᠬᠢᠵᠠᠭᠠᠷ᠎ᠢ ᠪᠡᠬᠢᠵᠢᠭᠦᠯᠦᠨ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠦᠨᠡᠨ ᠬᠦ᠌ ᠪᠠᠲᠤᠯᠠᠨ᠎ᠠ᠃ ᠪᠥᠬᠥ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠴᠢᠩᠭᠠᠳᠭᠠᠵᠤ᠂ ᠬᠣᠶᠠᠷ᠎ᠢ ᠬᠦᠷᠢᠶᠡᠯᠡᠵᠦ᠍ ᠬᠠᠮᠲᠤ᠎ᠪᠠᠷ ᠪᠠᠢᠭᠤᠯᠬᠤ ᠠᠵᠢᠯ᠎ᠢ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃

(ᠬᠣᠶᠠᠷ) ᠣᠯᠠᠨ ᠨᠡᠢᠲᠡ᠎ᠶ᠋ᠢᠨ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃ ᠣᠯᠠᠨ ᠨᠡᠢᠲᠡ᠎ᠶ᠋ᠢᠨ ᠠᠮᠤᠷ ᠲᠦᠪᠱᠢᠨ᠎ᠦ ᠱᠢᠰᠲ᠋ᠧᠮ᠎ᠢ ᠲᠡᠭᠦᠯᠳᠡᠷᠵᠢᠭᠦᠯᠵᠦ᠂ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢᠨ ᠡᠬᠢ ᠡᠭᠦᠰᠦᠯ᠎ᠦᠨ ᠪᠣᠭᠣᠮᠲᠠ᠂ ᠬᠢᠨᠠᠨ ᠬᠡᠮᠵᠢᠬᠦ᠌ ᠪᠣᠭᠣᠮᠲᠠ᠂ ᠬᠠᠮᠢᠶᠠᠷᠤᠨ ᠡᠵᠡᠮᠳᠡᠬᠦ᠌ ᠪᠣᠭᠣᠮᠲᠠ᠎ᠶ᠋ᠢ ᠰᠠᠢᠲᠤᠷ ᠡᠵᠡᠮᠳᠡᠵᠦ᠍᠂ ᠣᠯᠠᠨ ᠨᠡᠢᠲᠡ᠎ᠶ᠋ᠢᠨ ᠠᠮᠤᠷ ᠲᠦᠪᠱᠢᠨ᠎ᠦ ᠬᠡᠷᠡᠭ᠎ᠦᠨ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ᠍᠎ᠳᠦ ᠤᠴᠠᠷᠠᠭᠤᠯᠬᠤ ᠰᠦᠷᠳᠡᠭᠦᠯᠦᠯ᠎ᠢ ᠴᠢᠷᠮᠠᠢᠨ ᠪᠠᠭᠠᠰᠭᠠᠨ᠎ᠠ᠃ ᠠᠶᠤᠯᠬᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ ᠪᠣᠯᠤᠨ ᠬᠠᠮᠢᠶᠠᠷᠤᠯᠲᠠ᠎ᠶ᠋ᠢᠨ ᠳᠦᠷᠢᠮ᠎ᠦᠨ ᠱᠢᠰᠲᠧᠮ᠂ ᠳᠠᠯᠳᠠ ᠭᠡᠮ᠎ᠢ ᠵᠢᠬᠰᠠᠭᠠᠨ ᠪᠠᠢᠴᠠᠭᠠᠵᠤ ᠵᠠᠰᠠᠬᠤ ᠪᠠ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠱᠢᠰᠲᠧᠮ᠎ᠢ ᠲᠡᠭᠦᠯᠳᠡᠷᠵᠢᠭᠦᠯᠦᠨ᠂ ᠬᠦᠨᠳᠦ ᠣᠨᠴᠠ ᠶᠡᠬᠡ ᠠᠮᠤᠷ ᠲᠦᠪᠰᠢᠨ ᠎ᠤ ᠡᠨᠳᠡᠯ᠎ᠢ ᠪᠦᠲᠦᠮᠵᠢᠲᠡᠶ ᠬᠣᠷᠢᠭ᠍ᠯᠠᠨ᠎ᠠ᠃ ᠢᠳᠡᠭᠡᠨ᠎ᠦ ᠪᠥᠬᠥ᠌ ᠬᠡᠯᠬᠢᠶᠡᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢ ᠴᠢᠡᠭᠭᠠᠳᠬᠠᠵᠤ᠂ ᠡᠮ᠎ᠦᠨ ᠵᠦᠶ᠋ᠯᠡᠰ ᠪᠥᠬᠥ᠌ ᠦᠶᠡᠯᠡᠯ᠎ᠦᠨ ᠬᠤᠭᠤᠴᠠᠭᠠᠨ᠎ᠤ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠤᠨ᠂ ᠠᠮᠢᠳᠤ ᠪᠣᠳᠠᠰ᠎ᠤᠨ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠨ᠎ᠠ᠃ ᠣᠯᠠᠨ ᠨᠡᠢᠲᠡ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠠᠮᠤᠷ ᠲᠦᠪᠱᠢᠨ᠎ᠢ ᠪᠡᠬᠢᠵᠢᠭᠦᠯᠬᠦ᠌ ᠪᠠ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠥᠨᠳᠥᠷ ᠪᠦᠲᠦᠮᠵᠢᠲᠡᠢ ᠱᠢᠨᠵᠢᠯᠡᠬᠦ᠌ ᠤᠬᠠᠭᠠᠨᠴᠢ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠵᠠᠰᠠᠬᠤ ᠱᠢᠰᠲ᠋ᠧᠮ᠎ᠢ ᠪᠦᠷᠢᠨᠰᠢᠭᠦᠯᠦᠨ᠎ᠡ᠃ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠱᠢᠰᠲ᠋ᠧᠮ ᠪᠣᠯᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠲᠠᠶ ᠲᠡᠮᠡᠴᠡᠬᠦ᠌ ᠭᠠᠮᠱᠢᠭ᠎ᠠᠴᠠ ᠠᠪᠤᠷᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃

(ᠭᠤᠷᠪᠠ) ᠨᠡᠢᠭᠡᠮ᠎ᠦᠨ ᠲᠣᠭ᠍ᠲᠠᠭᠤᠨ ᠪᠠ ᠠᠮᠤᠷ ᠲᠦᠪᠱᠢᠨ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠨ᠎ᠠ᠃ ᠱᠢᠨ᠎ᠡ ᠴᠠᠭ ᠦᠶ᠎ᠡ᠎ᠶ᠋ᠢᠨ 《ᠹᠧᠩ ᠴᠢᠶᠣᠤ᠎ᠶ᠋ᠢᠨ ᠲᠤᠷᠱᠢᠯᠭ᠎ᠠ 》 ᠎ᠶ᠋ᠢ ᠪᠠᠷᠢᠮᠲᠠᠯᠠᠨ ᠬᠥᠭ᠌ᠵᠢᠭᠦᠯᠵᠦ᠍᠂ ᠡᠯ᠎ᠡ ᠲᠥᠷᠥᠯ᠎ᠦᠨ ᠡᠶᠡᠳᠡᠭᠦᠯᠬᠡ ᠵᠢᠨ ᠬᠣᠯᠪᠣᠭᠠᠯᠠᠨ ᠪᠠᠢᠭᠤᠯᠬᠤ ᠬᠤᠯᠪᠤᠭᠠᠯᠠᠨ ᠬᠦᠳᠡᠯᠦᠯᠴᠡᠬᠦ ᠬᠣᠯᠪᠣᠭᠠᠯᠠᠨ ᠵᠠᠰᠠᠬᠤ ᠬᠣᠯᠪᠣᠭᠠᠯᠠᠨ ᠵᠣᠬᠢᠴᠠᠭᠤᠯᠬᠤ ᠠᠵᠢᠯ᠎ᠢ ᠴᠢᠩᠭᠠᠳᠭᠠᠵᠤ᠂ ᠨᠡᠢᠭᠡᠮ᠎ᠦᠨ ᠰᠡᠳᠭᠢᠴᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠡᠬᠢ ᠡᠭᠦᠰᠦᠯ᠎ᠡᠴᠡ᠎ᠨᠢ ᠰᠡᠷᠭᠡᠢᠯᠡᠨ ᠡᠵᠡᠮᠳᠡᠬᠦ᠌᠂ ᠵᠢᠭ᠍ᠰᠠᠭᠠᠨ ᠪᠠᠢᠴᠠᠭᠠᠵᠤ ᠡᠮᠬᠢᠯᠡᠬᠦ᠌᠂ ᠵᠠᠭᠤᠷᠠᠭᠠᠨ᠎ᠢ ᠠᠷᠢᠯᠭᠠᠬᠤ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠨᠡᠢᠭᠡᠮ᠎ᠦᠨ ᠵᠥᠷᠢᠴᠡᠯ᠎ᠢ ᠶᠡᠷᠦᠩᠬᠡᠢᠯᠡᠨ ᠵᠠᠰᠠᠬᠤ ᠲᠣᠭ᠍ᠲᠠᠴᠠ᠎ᠶ᠋ᠢ ᠲᠦᠷᠭᠡᠳᠭᠡᠨ ᠪᠠᠢᠭᠤᠯᠵᠤ᠂ ᠵᠥᠷᠢᠴᠡᠯ᠎ᠢ ᠡᠬᠢ ᠡᠭᠦᠰᠦᠯ᠎ᠡᠴᠡ᠎ᠨᠢ ᠱᠢᠶ᠋ᠳᠪᠦᠷᠢᠯᠡᠬᠦ᠌᠂ ᠦᠨᠳᠦᠰᠦᠨ ᠱᠠᠲᠤᠨ᠎ᠳᠤ ᠱᠢᠶ᠋ᠳᠪᠦᠷᠢᠯᠡᠬᠦ᠌᠎ᠪᠡᠷ ᠴᠢᠷᠮᠠᠢᠨ᠎ᠠ᠃ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠪᠠᠨ ᠢᠯᠡᠳᠭᠡᠬᠦ᠌᠂ ᠠᠱᠢᠭ ᠲᠤᠰᠠ᠎ᠶ᠋ᠢ ᠵᠣᠬᠢᠴᠠᠭᠤᠯᠬᠤ᠂ ᠡᠷᠬᠡ ᠠᠱᠢᠭ᠎ᠢ ᠪᠠᠲᠤᠯᠠᠬᠤ ᠵᠠᠮ᠎ᠢ ᠰᠠᠭᠠᠳ ᠦᠭᠡᠢ ᠨᠡᠪᠲᠡᠷᠡᠭᠦᠯᠬᠦ ᠪᠠ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠯ ᠤ᠋ᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠤᠯᠠᠨ ᠲᠦᠮᠡᠨ᠎ᠦ ᠵᠦᠢ ᠵᠣᠬᠢᠰᠲᠠᠢ ᠬᠠᠤᠯᠢ ᠶᠣᠰᠣᠨ᠎ᠤ ᠬᠦᠰᠡᠯ ᠱᠠᠭᠠᠷᠳᠠᠯᠭ᠎ᠠ᠎ᠶ᠋ᠢ ᠬᠠᠤᠯᠢ ᠶᠣᠰᠣᠭᠠᠷ ᠲᠣᠬᠢᠲᠠᠢ ᠱᠢᠢᠳᠪᠦᠷᠢᠯᠡᠨ᠎ᠡ᠃ ᠨᠡᠢᠭᠡᠮ᠎ᠦᠨ ᠲᠠᠯ᠎ᠠ᠎ᠶ᠋ᠢᠨ ᠤᠶᠤᠨᠴᠢ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤᠵᠢᠭᠤᠯᠤᠨ ᠥᠷᠨᠢᠭᠦᠯᠵᠦ᠍᠂ ᠨᠡᠢᠭᠡᠮ᠎ᠦᠨ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠱᠢᠨ᠎ᠡ ᠪᠠᠢᠷᠢᠱᠢᠯ᠎ᠢ ᠪᠤᠢ ᠪᠣᠯᠭᠠᠨ᠎ᠠ᠃


ᠠᠷᠪᠠᠨ ᠬᠣᠶᠠᠷ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠵᠦ᠍᠂ ᠤᠯᠤᠰ ᠲᠥᠷᠥ᠎ᠶ᠋ᠢᠨ ᠠᠮᠢ ᠠᠬᠤᠶ᠎ᠶ᠋ᠢ ᠪᠥᠬᠥ᠌ ᠲᠠᠯ᠎ᠠ᠎ᠪᠠᠷ ᠳᠠᠬᠢᠨ ᠴᠣᠭ᠍ᠴᠠᠯᠠᠵᠦ᠂ ᠦᠨᠳᠦᠰᠦᠨ᠎ᠡᠴᠡ ᠨᠢ ᠰᠠᠢᠵᠢᠷᠠᠭᠤᠯᠬᠤ ᠎ᠶ᠋ᠢ ᠠᠬᠢᠭᠤᠯᠤᠨ᠎ᠠ

ᠨᠠᠮ ᠎ᠢ ᠴᠢᠩᠭ᠎ᠠ ᠬᠠᠮᠢᠶᠠᠷᠴᠤ᠌ ᠴᠢᠩᠭ᠎ᠠ ᠵᠠᠰᠠᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌ ᠨᠢ ᠬᠥᠮᠦᠨ ᠎ᠦ ᠰᠡᠳᠭᠢᠯ ᠎ᠢ ᠤᠯᠵᠦ ᠠᠯᠳᠠᠬᠤ᠎ᠲᠠᠶ ᠬᠣᠯᠪᠣᠭ᠍ᠳᠠᠵᠤ᠂ ᠨᠠᠮ᠎ᠤᠨ ᠲᠦᠷᠦ᠍ ᠪᠠᠷᠢᠬᠤ ᠪᠠᠢᠷᠢ ᠰᠠᠭᠤᠷᠢ᠎ᠲᠠᠶ ᠬᠣᠯᠪᠣᠭ᠍ᠳᠠᠨ᠎ᠠ᠃ ᠥᠪᠥᠷ ᠮᠣᠩᠭᠣᠯ᠎ᠤᠨ ᠤᠯᠤᠰ ᠲᠥᠷᠥ᠎ᠶ᠋ᠢᠨ ᠠᠮᠢ ᠠᠬᠤᠶ ᠣᠷᠳᠣ ᠬᠤᠭᠤᠴᠠᠭ᠎ᠠ᠎ᠪᠠᠷ ᠬᠦᠨᠳᠦ ᠨᠣᠴᠢᠲᠠᠶ ᠡᠪᠳᠡᠭ᠌ᠳᠡᠵᠦ᠍᠂ ᠡᠮᠬᠢ ᠵᠠᠮᠪᠠᠷᠠᠭ᠎ᠠ ᠥᠬᠡᠶ ᠪᠠᠢᠳᠠᠯ ᠣᠯᠠᠱᠢᠷᠠᠵᠤ᠂ ᠬᠡᠮ ᠰᠣᠭᠣᠭ ᠭᠦᠨ ᠣᠷᠣᠱᠢᠵᠤ ᠪᠠᠢᠵᠠᠢ᠂ ᠡᠨᠡ ᠬᠡᠳᠦᠨ ᠵᠢᠯ᠎ᠳᠦ ᠪᠢᠳᠡ ᠪᠠᠳᠦ ᠴᠢᠩᠭ᠎ᠠ ᠬᠤᠪᠢᠰᠭᠠᠯᠲᠤ ᠵᠣᠷᠢᠭ ᠰᠠᠨᠠᠭ᠎ᠠ ᠪᠠ ᠲᠡᠮᠡᠴᠡᠯ᠎ᠦᠨ ᠵᠣᠷᠢᠭ ᠰᠠᠨᠠᠭ᠎ᠠ᠎ᠪᠠᠷ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠦᠨ ᠵᠠᠰᠠᠨ ᠰᠡᠷᠭᠦᠭᠡᠵᠦ᠍᠂ ᠥᠴᠦᠬᠡᠨ ᠴᠦ᠍ ᠲᠠᠲᠠᠭᠠᠯᠵᠠᠯ ᠥᠬᠡᠶ᠎ᠪᠡᠷ ᠠᠷᠬᠠᠭ ᠬᠡᠮ᠎ᠢᠶᠡᠨ ᠵᠠᠰᠠᠵᠦ᠂ ᠥᠴᠦᠬᠡᠨ ᠴᠦ᠍ ᠲᠠᠲᠠᠭᠠᠯᠵᠠᠯ ᠥᠬᠡᠶ᠎ᠪᠡᠷ ᠬᠤᠤᠷᠳᠦ ᠬᠠᠪᠤᠳᠠᠷ᠎ᠲᠤ ᠮᠡᠰᠡ ᠵᠠᠰᠠᠯ ᠬᠢᠵᠦ᠍᠂ ᠡᠷᠡᠰ ᠱᠢᠭᠤᠷᠬᠠᠶ᠎ᠪᠠᠷ ᠠᠮᠠᠰᠠᠷ᠎ᠢ ᠨᠠᠭᠡᠭᠡᠨ᠂ ᠳᠠᠭᠯᠠᠭ᠎ᠠ᠎ᠵᠢ ᠢᠷᠠᠵᠦ᠂ ᠦᠨᠳᠦᠰᠦ᠎ᠶ᠋ᠢ ᠠᠭᠤᠳᠠᠯᠵᠤ᠂ ᠪᠥᠬᠥ᠌ ᠣᠷᠣᠨ᠎ᠤ ᠤᠯᠤᠰ ᠲᠥᠷᠥ᠎ᠶ᠋ᠢᠨ ᠠᠮᠢ ᠠᠬᠤᠶ᠎ᠶ᠋ᠢ ᠡᠬᠢ ᠦᠨᠳᠦᠰᠦ ᠎ᠡᠴᠡ᠎ᠨᠢ ᠴᠡᠭ᠌ᠴᠡᠯᠡᠨ ᠵᠠᠰᠠᠵᠤ᠂ ᠳᠠᠬᠢᠨ ᠴᠤᠭᠴᠠᠯᠠᠵᠦ ᠳᠠᠬᠢᠨ ᠪᠠᠢᠭᠤᠯᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ ᠳᠠᠪᠱᠢᠯᠲᠠ᠎ᠶ᠋ᠢᠨ ᠬᠠᠷᠰᠢ ᠰᠠᠭᠠᠳ᠎ᠢ ᠠᠷᠢᠯᠭᠠᠨ᠂ ᠳᠠᠯᠳᠠ ᠬᠡᠮ ᠎ᠢ ᠠᠷᠢᠯᠭᠠᠵᠤ᠂ ᠰᠠᠢᠨ ᠰᠠᠢᠬᠠᠨ ᠣᠷᠴᠢᠨ ᠲᠣᠭᠣᠷᠢᠨ᠎ᠢ ᠪᠣᠶ ᠪᠤᠯᠭᠠᠪᠠ᠃

ᠪᠦᠬᠦ᠌ ᠲᠠᠯ᠎ᠠ ᠎ᠪᠠᠷ ᠨᠠᠮ᠎ᠢ ᠴᠢᠩᠭ᠎ᠠ ᠵᠠᠰᠠᠬᠤ ᠠᠵᠢᠯ ᠡᠭᠦᠷᠢᠳᠡ ᠵᠤᠬ᠍ᠰᠤᠰᠢ ᠦᠭᠡᠢ ᠶᠤᠮ᠃ ᠪᠢᠳᠡ ᠨᠢᠭᠡᠨᠲᠡ ᠣᠯᠤᠭ᠍ᠰᠠᠨ ᠠᠮᠵᠢᠯᠲᠠ᠎ᠳᠠᠭᠠᠨ ᠰᠡᠳᠭᠢᠯ ᠬᠠᠨᠤᠵᠤ ᠪᠣᠯᠬᠤ ᠦᠭᠡᠢ᠂ ᠬᠤᠢᠷᠭᠤᠰᠢᠵᠦ ᠠᠮᠤᠰᠭᠢᠬᠦ ᠪᠤᠳᠤᠯ ᠣᠷᠣᠵᠤ ᠶᠠᠭᠠᠬᠢᠭ᠍ᠰᠠᠨ ᠴᠤ᠌ ᠪᠣᠯᠬᠤ ᠦᠭᠡᠢ᠂ ᠨᠢᠭᠡᠨᠲᠡ ᠴᠢᠩᠭ᠎ᠠ ᠵᠠᠰᠠᠴᠢᠬᠠᠭᠰᠠᠨ᠂ ᠡᠴᠦᠰ ᠎ᠲᠦᠨᠢ ᠲᠤᠯᠲᠠᠯ᠎ᠠ ᠵᠠᠰᠠᠴᠢᠬᠠᠭᠰᠠᠨ ᠭᠡᠬᠦ ᠪᠤᠳᠤᠯ ᠣᠷᠣᠵᠤ ᠶᠠᠭᠠᠬᠢᠭ᠍ᠰᠠᠨ ᠴᠤ᠌ ᠪᠣᠯᠬᠤ ᠦᠭᠡᠢ! ᠡᠷᠬᠡᠪᠰᠢ ᠲᠠᠷᠢᠬᠢ ᠲᠣᠯᠣᠭᠠᠢ᠎ᠪᠠᠨ ᠰᠡᠷᠭᠡᠭ ᠪᠠᠢᠯᠭᠠᠵᠤ᠂ ᠠᠱᠢᠭ᠍ᠲᠠᠢ ᠪᠠᠢᠳᠠᠯ᠎ᠢ ᠠᠮᠵᠢᠨ ᠤᠷᠤᠭ᠍ᠰᠢᠯᠠᠵᠤ᠂ ᠨᠢᠭᠡ ᠯᠡ ᠠᠮᠢᠰᠭᠤᠭ᠎ᠠ᠎ᠪᠠᠷ ᠬᠢᠵᠦ᠍᠂ ᠪᠦᠷᠢᠨ ᠢᠯᠠᠯᠲᠠ ᠤᠯᠬᠤ ᠎ᠪᠠᠷ ᠴᠢᠷᠮᠠᠢᠬᠤ ᠬᠡᠷᠡᠭ᠌ᠲᠡᠢ᠃ ᠱᠢᠨ᠎ᠡ ᠴᠠᠭ ᠦᠶ᠎ᠡ ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠢ ᠱᠠᠭᠠᠷᠳᠠᠯᠭ᠎ᠠ ᠪᠣᠯᠤᠨ ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠭᠦᠨᠵᠡᠭᠡᠢ ᠲᠤᠭᠤᠱᠢᠯᠠᠭᠤᠯᠵᠤ᠂ ᠵᠣᠷᠢᠭ᠍ᠲᠠᠢ᠎ᠪᠠᠷ ᠠᠰᠠᠭᠤᠳᠠᠯ᠎ᠳᠤ ᠱᠢᠭᠤᠳ ᠬᠠᠨᠳᠤᠵᠤ᠂ ᠵᠣᠷᠢᠭ᠍ᠲᠠᠢ᠎ᠪᠠᠷ ᠥᠪᠡᠷ᠎ᠦᠨ ᠪᠡᠶ᠎ᠡ ᠎ᠳᠡᠭᠡᠨ ᠬᠤᠪᠢᠰᠭᠠᠯ ᠬᠢᠵᠦ᠍᠂ ᠴᠢᠩᠭ᠎ᠠ ᠱᠠᠭᠠᠷᠳᠠᠯᠭ᠎ᠠ᠎ᠶ᠋ᠢ ᠨᠠᠮ᠎ᠢ ᠬᠠᠮᠢᠶᠠᠷᠬᠤ ᠨᠠᠮ᠎ᠢ ᠵᠠᠰᠠᠬᠤ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠥᠪᠥᠷ ᠮᠣᠩᠭᠣᠯ᠎ᠤᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠨᠡᠩ ᠦᠵᠡᠰᠭᠦᠯᠡᠩᠲᠦ ᠰᠠᠢᠬᠠᠨ ᠪᠤᠯᠭᠠᠨ᠎ᠠ᠃

(ᠨᠢᠭᠡ)ᠦᠵᠡᠯ ᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ᠎ᠡ᠃ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠥᠪᠯᠡᠷᠡᠩᠭᠦᠢ ᠬᠥᠮᠦᠵᠢᠯ ᠪᠠ ᠪᠠᠢᠩᠭᠤ ᠎ᠶ᠋ᠢᠨ ᠴᠢᠨᠠᠷᠲᠠᠢ ᠬᠥᠮᠦᠵᠢᠯ᠎ᠦᠨ ᠦᠷ᠎ᠡ ᠪᠦᠲᠦᠭᠡᠯ ᠎ᠢ ᠪᠡᠬᠢᠵᠢᠭᠦᠯᠦᠨ ᠥᠷᠭᠡᠳᠭᠡᠵᠦ᠍᠂ ᠤᠨᠤᠯ ᠎ᠤᠨ ᠵᠡᠪᠰᠡᠭ᠌ᠯᠡᠯ᠎ᠢ ᠲᠠᠰᠤᠷᠠᠯᠳᠠ ᠦᠭᠡᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠤᠨ᠎ᠠ᠃ 《 ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠰᠠᠢᠲᠤᠷ ᠠᠳᠭᠤᠵᠤ᠂ ᠥᠷᠭᠡᠨ ᠣᠯᠠᠨ ᠨᠠᠮ᠎ᠤᠨ ᠭᠡᠱᠢᠭᠦᠨ᠂ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠮᠠᠷᠺᠰ᠎ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠶᠠᠭᠠᠬᠢᠭᠠᠳ ᠰᠠᠢᠨ ᠪᠠᠢᠬᠤ ᠣᠨᠣᠯ ᠎ᠤᠨ ᠯᠣᠭᠢᠭ᠂ ᠲᠡᠦᠬᠡ᠎ᠶ᠋ᠢᠨ ᠯᠣᠭᠢᠭ᠂ ᠦᠶ᠋ᠯᠡᠳᠦᠯᠭᠡ᠎ᠶ᠋ᠢᠨ ᠯᠣᠭᠢᠭ᠎ᠢ ᠭᠦᠨᠵᠡᠭᠡᠶ ᠣᠢᠯᠠᠭᠠᠭᠤᠯᠵᠤ᠂ 《 ᠬᠣᠶᠠᠷ᠎ᠢ ᠲᠣᠭ᠍ᠲᠠᠭᠠᠬᠤ 》 ᠎ᠶ᠋ᠢᠨ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ ᠎ᠢ ᠭᠦᠨᠵᠡᠭᠡᠶ ᠣᠢᠯᠠᠭᠠᠭᠤᠯᠵᠤ᠂ ᠲᠡᠦᠬᠡ᠎ᠪᠡᠷ ᠲᠣᠯᠢ ᠪᠣᠯᠭᠠᠬᠤ᠂ ᠢᠷᠡᠭᠡᠳᠦᠶ᠎ᠶ᠋ᠢ ᠨᠡᠭᠡᠭᠡᠬᠦ᠌ ᠴᠢᠬᠤᠯᠠ ᠱᠠᠭᠠᠷᠳᠠᠯᠭ᠎ᠠ᠎ᠶ᠋ᠢ ᠤᠬᠠᠮᠰᠠᠷ᠎ᠠᠴᠠ᠎ᠪᠠᠨ ᠲᠤᠭᠤᠱᠢᠯᠠᠭᠤᠯᠬᠤ ᠪᠣᠯᠭᠠᠨ᠎ᠠ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠵᠤ᠂ ᠨᠠᠮ᠎ᠤᠨ ᠳᠣᠲᠣᠭᠠᠳᠤ ᠎ᠶ᠋ᠢᠨ ᠢᠳᠡᠪᠬᠢᠲᠡᠢ ᠪᠥᠭᠡᠳ ᠡᠷᠡᠭᠦᠯ ᠤᠯᠤᠰ ᠲᠦᠷᠦ᠍᠎ᠶ᠋ᠢᠨ ᠰᠣᠶᠣᠯ᠎ᠢ ᠬᠥᠭ᠌ᠵᠢᠭᠦᠯᠦᠨ᠂ ᠨᠠᠮ᠎ᠤᠨ ᠳᠣᠲᠣᠭᠠᠳᠤ᠎ᠶ᠋ᠢᠨ ᠨᠥᠬᠥᠳ᠎ᠦᠨ ᠶᠠᠪᠤᠯᠴᠠᠭ᠎ᠠ᠎ᠶ᠋ᠢ ᠴᠡᠪᠡᠷᠱᠢᠭᠦᠯᠵᠦ᠍᠂ ᠶᠡᠷᠦᠮᠳᠡᠭ᠂ ᠳᠤᠷ᠎ᠠ ᠵᠣᠷᠢᠭ᠎ᠤᠨ᠂ ᠪᠣᠯᠬᠢᠴᠢᠯᠠᠬᠤ᠂ ᠠᠷᠠᠯᠵᠢᠶᠠᠯᠠᠬᠤ ᠵᠡᠷᠭᠡ ᠠᠰᠠᠭᠤᠳᠠᠯ᠎ᠢ ᠬᠦᠴᠦᠯᠡᠨ ᠱᠢᠢᠳᠪᠦᠷᠢᠯᠡᠨ᠎ᠡ᠃

( ᠬᠣᠶᠠᠷ ) ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠨ ᠰᠠᠢᠵᠢᠷᠠᠭᠤᠯᠤᠨ᠎ᠠ᠃ ᠨᠠᠮ ᠎ᠠᠴᠠ ᠪᠦᠬᠦ᠌ ᠲᠠᠯ᠎ᠠ ᠎ᠶ᠋ᠢ ᠶᠡᠷᠦᠩᠬᠡᠢᠯᠡᠨ ᠵᠢᠯᠤᠭᠤᠳᠬᠤ᠂ ᠡᠯ᠎ᠡ ᠲᠠᠯ᠎ᠠ᠎ᠶ᠋ᠢ ᠵᠣᠬᠢᠴᠠᠭᠤᠯᠬᠤ ᠦᠨᠳᠦᠰᠦᠨ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠵᠤ᠂ ᠨᠠᠮ ᠡᠴᠡ᠎ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠦᠷᠦ᠍᠎ᠶ᠋ᠢᠨ ᠵᠥᠪᠯᠡᠯᠭᠡᠨ᠂ ᠬᠢᠨᠠᠨ ᠪᠠᠢᠴᠠᠭᠠᠬᠤ ᠪᠠᠢᠭᠤᠯᠭ᠎ᠠ᠂ ᠱᠢᠭᠦᠨ ᠲᠠᠰᠤᠯᠬᠤ ᠪᠠᠢᠭᠤᠯᠭ᠎ᠠ᠂ ᠪᠠᠢᠴᠠᠭᠠᠬᠤ ᠪᠠᠢᠭᠤᠯᠭ᠎ᠠ ᠵᠡᠷᠭᠡ ᠡᠯ᠎ᠡ ᠵᠦᠢᠯ᠎ᠦᠨ ᠵᠣᠬᠢᠶᠠᠨ ᠪᠠᠢᠭᠤᠯᠤᠯᠲᠠ᠎ᠵᠢ ᠤᠳᠤᠷᠢᠳᠬᠤ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠨᠠᠮ ᠎ᠠᠴᠠ ᠡᠯ᠎ᠡ ᠵᠦᠢᠯ᠎ᠦᠨ ᠠᠵᠢᠯ ᠦᠢᠯᠡᠰ᠎ᠢ ᠤᠳᠤᠷᠢᠳᠭᠤ ᠪᠣᠳᠠᠲᠠᠢ ᠲᠦᠷᠢᠮ᠎ᠢ ᠲᠡᠭᠦᠯᠳᠡᠷᠵᠢᠭᠦᠯᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠦᠢᠯᠡᠳᠦᠯ ᠎ᠢᠶᠡᠨ ᠪᠠᠳᠠᠷᠠᠭᠤᠯᠬᠤ ᠲᠦᠷᠢᠮ ᠲᠣᠭ᠍ᠲᠠᠭᠠᠯ᠎ᠢ ᠪᠦᠷᠢᠨᠱᠢᠬᠦᠯᠵᠤ᠂ ᠡᠯ᠎ᠡ ᠱᠠᠳᠤ ᠡᠯ᠎ᠡ ᠲᠠᠯ᠎ᠠ᠎ᠶ᠋ᠢᠨ ᠬᠢᠨ ᠢᠮᠠᠭ᠍ᠲᠠ ᠨᠠᠮ ᠎ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ ᠦᠪᠡᠷ ᠦᠪᠡᠷ᠎ᠤᠨ ᠤᠷᠤᠨ ᠪᠠᠢᠷᠢ ᠪᠠᠨ ᠤᠯᠵᠦ᠂ ᠲᠤᠰ ᠲᠤᠰ᠎ᠤᠨ ᠬᠠᠷᠢᠭᠤᠴᠠᠯᠭ᠎ᠠ᠎ᠪᠠᠨ ᠡᠬᠦᠷᠭᠡᠯᠡᠵᠦ᠂ ᠲᠤᠰ ᠲᠤᠰ ᠎ᠤᠨ ᠬᠠᠷᠢᠭᠤᠴᠠᠯᠭ᠎ᠠ ᠪᠠᠨ ᠬᠦᠢᠴᠡᠳᠬᠡᠵᠦ᠂ ᠡᠮᠬᠢ ᠵᠢᠷᠤᠮ ᠎ᠲᠠᠶ ᠬᠠᠮᠵᠢᠯᠴᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ ᠎ᠤᠨ ᠤᠳᠤᠷᠢᠳᠭᠤ ᠳᠤᠭᠤᠢᠯᠠᠩ ) ᠵᠢᠨ ᠤᠳᠤᠷᠢᠳᠭᠤ ᠠᠷᠭ᠎ᠠ ᠮᠠᠶᠢᠭ ᠪᠠ ᠠᠵᠢᠯᠯᠠᠬᠤ ᠠᠷᠭ᠎ᠠ᠎ᠶ᠋ᠢ ᠰᠠᠢᠵᠢᠷᠠᠭᠤᠯᠤᠨ ᠲᠡᠭᠦᠯᠳᠡᠷᠵᠢᠭᠦᠯᠵᠦ᠍᠂ ᠠᠷᠠᠳᠴᠢᠯᠠᠯ ᠲᠥᠪᠯᠡᠷᠡᠯ ᠎ᠦᠨ ᠶᠣᠰᠣ ᠎ᠶ᠋ᠢ ᠴᠢᠩᠭ᠎ᠠ ᠬᠡᠷᠡᠭ᠌ᠵᠢᠭᠦᠯᠦᠨ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠵᠥᠪᠯᠡᠯᠭᠡ ᠥᠭ᠌ᠬᠦ᠂ ᠬᠡᠷᠡᠭ᠌ᠵᠢᠭᠦᠯᠬᠦ᠌᠂ ᠦᠨᠡᠯᠡᠨ ᠵᠢᠱ᠌ᠢᠬᠦ᠌ ᠵᠡᠷᠭᠡ ᠲᠣᠭ᠍ᠲᠠᠴᠠ᠎ᠶ᠋ᠢ ᠪᠦᠷᠢᠨᠱᠢᠭᠦᠯᠵᠦ᠍᠂ ᠱᠢᠨᠵᠢᠯᠡᠬᠦ᠌ ᠤᠬᠠᠭᠠᠨᠴᠢ ᠎ᠪᠠᠷ ᠲᠦᠷᠦ᠍ ᠪᠠᠷᠢᠬᠤ᠂ ᠠᠷᠠᠳᠴᠢᠯᠠᠯ᠎ᠢᠶᠠᠷ ᠲᠦᠷᠦ᠍ ᠪᠠᠷᠢᠬᠤ᠂ ᠬᠠᠤᠯᠢ ᠶᠣᠰᠣᠭᠠᠷ ᠲᠦᠷᠦ᠍ ᠪᠠᠷᠢᠬᠤ ᠬᠢᠷᠢ ᠬᠡᠮᠵᠢᠶ᠎ᠡ ᠪᠡᠨ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠬᠡᠷᠡᠭ ᠵᠥᠪᠯᠡᠵᠦ᠍ ᠵᠣᠬᠢᠴᠠᠭᠤᠯᠬᠤ ᠪᠠᠢᠭᠤᠯᠤᠮᠵᠢ ᠎ᠶ᠋ᠢᠨ ᠶᠡᠬᠡ ᠶᠠᠪᠤᠳᠠᠯ᠎ᠢ ᠪᠣᠳᠣᠯᠬᠢᠯᠠᠬᠤ᠂ ᠶᠡᠬᠡ ᠶᠠᠪᠤᠳᠠᠯ᠎ᠢ ᠵᠥᠪᠯᠡᠬᠦ᠌᠂ ᠶᠡᠬᠡ ᠶᠠᠪᠤᠳᠠᠯ᠎ᠢ ᠠᠳᠭᠤᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠯ᠎ᠡ ᠵᠦᠢᠯ᠎ᠦᠨ ᠠᠵᠢᠯ᠎ᠤᠨ ᠤᠷᠤᠭ᠍ᠰᠢᠲᠠᠢ ᠶᠠᠪᠤᠭ᠍ᠳᠠᠬᠤ᠂ ᠥᠨᠳᠥᠷ ᠪᠦᠲᠦᠮᠵᠢᠲᠡᠢ ᠬᠡᠷᠡᠭ᠌ᠵᠢᠭᠦᠯᠦᠭ᠌ᠳᠡᠬᠦ᠌ ᠎ᠶ᠋ᠢ ᠠᠬᠢᠭᠤᠯᠤᠨ᠎ᠠ᠃

( ᠭᠤᠷᠪᠠ ) ᠥᠨᠳᠥᠷ ᠬᠡᠪ ᠴᠢᠨᠠᠷ ᠪᠦᠬᠦᠢ ᠺᠠᠳ᠋ᠷ ᠪᠠ ᠴᠢᠳᠠᠪᠤᠷᠢᠲᠠᠨ᠎ᠤ ᠡᠩᠨᠡᠭᠡ᠎ᠶ᠋ᠢ ᠪᠠᠢᠭᠤᠯᠤᠨ᠎ᠠ᠃ ᠱᠢᠨ᠎ᠡ ᠴᠠᠭ ᠦᠶ᠎ᠡ ᠎ᠶ᠋ᠢᠨ ᠰᠠᠢᠨ ᠺᠠᠳ᠋ᠷ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ᠂ ᠤᠯᠤᠰ ᠲᠥᠷᠥ᠎ᠶ᠋ᠢᠨ ᠪᠠᠷᠢᠮᠵᠢᠶ᠎ᠠ᠎ᠶ᠋ᠢ ᠳᠣᠪᠣᠢᠯᠭᠠᠵᠤ᠂ ᠱᠢᠨᠵᠢᠯᠡᠬᠦ᠌ ᠤᠬᠠᠭᠠᠨᠴᠢ ᠤᠨᠤᠴᠠᠳᠠᠢ ᠎ᠪᠠᠷ ᠬᠥᠮᠦᠨ ᠰᠣᠩᠭᠣᠨ ᠬᠡᠷᠡᠭ᠌ᠯᠡᠵᠦ᠍᠂ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠬᠠᠮᠠᠭᠠᠯᠠᠬᠤ ᠣᠪᠣᠷ ᠣᠨᠴᠠᠭᠠᠶ ᠡᠷᠡᠰ ᠪᠠᠲᠤ᠂ ᠬᠦᠨᠳᠦ ᠴᠢᠬᠤᠯᠠ ᠵᠠᠷᠴᠢᠮ᠎ᠤᠨ ᠵᠥᠪ ᠪᠤᠷᠤᠭᠤ᠎ᠶ᠋ᠢ ᠲᠣᠳᠣᠷᠬᠠᠶ ᠢᠯᠭᠠᠬᠤ ᠵᠣᠭ᠍ᠰᠣᠯᠲᠠ ᠣᠨᠴᠠᠭᠠᠶ ᠰᠡᠷᠭᠡᠭ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠠᠵᠢᠯᠯᠠᠭ᠎ᠠ ᠣᠨᠴᠠᠭᠠᠶ ᠡᠷᠡᠰ ᠪᠠᠲᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠠᠢᠷᠠᠯᠠᠬᠤ ᠬᠠᠢᠷ᠎ᠠ ᠰᠡᠳᠭᠢᠯᠭᠡ ᠣᠨᠴᠠᠭᠠᠶ ᠴᠢᠩ ᠦᠨᠡᠨᠴᠢ ᠺᠠᠳ᠋ᠷ᠎ᠤᠨ ᠡᠩᠨᠡᠭᠡ᠎ᠶ᠋ᠢ ᠴᠢᠷᠮᠠᠢᠨ ᠪᠠᠢᠭᠤᠯᠵᠤ᠂ ᠡᠯ᠎ᠡ ᠱᠠᠲᠤᠨ᠎ᠤ ᠤᠳᠤᠷᠢᠳᠭᠤ ᠡᠷᠬᠡ᠎ᠶ᠋ᠢ ᠢᠮᠠᠭ᠍ᠲᠠ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌ ᠺᠠᠳ᠋ᠷ ᠎ᠤᠨ ᠭᠠᠷ ᠎ᠲᠤ ᠡᠵᠡᠮᠳᠡᠬᠦ᠌᠎ᠶ᠋ᠢ ᠦᠨᠡᠨ ᠬᠦ᠌ ᠪᠠᠲᠤᠯᠠᠨ᠎ᠠ᠃ ᠦᠨᠳᠦᠰᠦᠨ ᠱᠠᠲᠤᠨ᠎ᠤ ᠨᠢᠭᠡᠳᠦᠭᠡᠷ ᠹᠷᠣᠨᠲ ᠪᠠ ᠬᠦᠴᠢᠷ ᠪᠡᠷᠬᠡᠱᠢᠶᠡᠯ ᠎ᠲᠡᠶ ᠭᠠᠵᠠᠷ ᠣᠷᠣᠨ᠎ᠳᠤ ᠴᠢᠬᠤᠯᠠ ᠶᠡᠬᠡ ᠠᠵᠢᠯ ᠪᠠ ᠴᠢᠬᠤᠯᠠ ᠶᠡᠬᠡ ᠲᠡᠮᠡᠴᠡᠯ ᠎ᠦᠨ ᠳᠤᠮᠳᠠ ᠺᠠᠳ᠋ᠷ᠎ᠢ ᠬᠥᠮᠦᠵᠢᠭᠦᠯᠦᠨ ᠪᠣᠯᠪᠠᠰᠤᠷᠠᠭᠤᠯᠬᠤ ᠵᠢ ᠴᠢᠬᠤᠯᠠᠴᠢᠯᠠᠵᠦ᠂ ᠨᠡᠩ ᠤᠯᠠᠨ ᠰᠠᠢ᠌ᠨ ᠺᠠᠳ᠋ᠷ᠎ᠢ ᠰᠠᠯᠬᠢ ᠪᠣᠷᠣᠭᠠᠨ᠎ᠤ ᠳᠤᠮᠳᠠ ᠢᠳᠡᠷᠡᠭᠦᠨ᠎ᠢᠶᠡᠷ ᠬᠥᠮᠦᠵᠢᠭᠦᠯᠦᠨ᠎ᠠ᠃ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶ᠋ᠢ ᠤᠶᠠᠯᠳᠤᠭᠤᠯᠬᠤ᠂ ᠵᠣᠷᠢᠭ᠍ᠵᠢᠭᠤᠯᠬᠤ ᠪᠠ ᠬᠦᠯᠢᠶᠡᠰᠦᠯᠡᠬᠦ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ 《ᠭᠤᠷᠪᠠ᠎ᠶ᠋ᠢ ᠢᠯᠭᠠᠬᠤ》ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠵᠣᠷᠢᠭ᠍ᠲᠠᠢ ᠎ᠪᠠᠷ ᠬᠠᠷᠢᠭᠤᠴᠠᠯᠭ᠎ᠠ ᠡᠭᠦᠷᠭᠡᠯᠡᠵᠦ᠍ ᠴᠢᠳᠠᠮᠠᠭᠠᠢ᠎ᠪᠠᠷ ᠵᠢᠳᠬᠦᠯ ᠴᠢᠷᠮᠠᠢᠯᠭ᠎ᠠ ᠭᠠᠷᠭᠠᠬᠤ ᠺᠠᠳ᠋ᠷ᠎ᠢ ᠤᠷᠮᠠᠱᠢᠭᠤᠯᠤᠨ ᠬᠠᠮᠠᠭᠠᠯᠠᠬᠤ ᠎ᠶ᠋ᠢ ᠴᠢᠩᠭᠠᠳᠬᠠᠨ᠎ᠠ᠃ ᠵᠠᠯᠠᠭᠤ ᠺᠠᠳ᠋ᠷ᠎ᠢ ᠱᠢᠯᠢᠨ ᠳᠡᠪᠱᠢᠭᠦᠯᠬᠦ᠌ ᠠᠷᠭ᠎ᠠ ᠬᠡᠯᠪᠡᠷᠢ ᠪᠣᠯᠤᠨ ᠦᠰᠦᠨ ᠪᠣᠢᠵᠢᠬᠤ ᠠᠷᠭ᠎ᠠ ᠵᠠᠮ᠎ᠢ ᠱᠢᠯᠢᠳᠡᠭ᠌ᠵᠢᠭᠦᠯᠵᠦ᠍᠂ ᠡᠯ᠎ᠡ ᠨᠠᠰᠤᠨ᠎ᠤ ᠱᠠᠲᠤᠨ᠎ᠤ ᠺᠠᠳ᠋ᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠮᠡᠭ᠌ᠲᠡᠢ ᠺᠠᠳ᠋ᠷ᠂ ᠴᠥᠭᠡᠨ ᠲᠣᠭᠠᠲᠤ ᠦᠨᠳᠦᠰᠦᠲᠡᠨ ᠎ᠦ ᠺᠠᠳ᠋ᠷ ᠪᠣᠯᠤᠨ ᠨᠠᠮ᠎ᠤᠨ ᠭᠠᠳᠠᠨᠠᠬᠢ ᠺᠠᠳ᠋ᠷ᠎ᠢ ᠬᠥᠮᠦᠵᠢᠭᠦᠯᠵᠦ᠍ ᠱᠢᠯᠢᠨ ᠳᠡᠪᠱᠢᠭᠦᠯᠬᠦ᠌ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠠᠵᠢᠯ ᠎ᠠᠴᠠ ᠎ᠪᠠᠨ ᠳᠠᠷᠬᠠᠯᠠᠭ᠍ᠳᠠᠭ᠍ᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷ᠎ᠤᠨ ᠦᠢᠯᠡᠴᠢᠯᠡᠭᠡ ᠬᠠᠮᠢᠶᠠᠷᠤᠯᠲᠠ᠎ᠶ᠋ᠢ ᠴᠢᠩᠭᠠᠳᠭᠠᠨ᠎ᠠ᠃ 《 ᠨᠢᠭᠡ ᠲᠥᠪ ᠤᠯᠠᠨ ᠴᠡᠭ 》᠎ᠦ᠋ᠨ ᠴᠢᠳᠠᠪᠤᠷᠢᠲᠠᠨ᠎ᠤ ᠠᠵᠢᠯ᠎ᠤᠨ ᠱᠢᠨ᠎ᠡ ᠪᠠᠢᠷᠢᠱᠢᠯ᠎ᠢ ᠪᠠᠢᠭᠤᠯᠬᠤ᠎ᠪᠠᠷ ᠭᠠᠷᠳᠠᠴᠠ ᠪᠣᠯᠭᠠᠵᠤ᠂ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠴᠢᠳᠠᠪᠤᠷᠢᠲᠠᠨ᠎ᠤ ᠦᠢᠯᠡᠴᠢᠯᠡᠭᠡ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠴᠢᠳᠠᠪᠤᠷᠢᠲᠠᠨ᠎ᠢ ᠬᠥᠮᠦᠵᠢᠭᠦᠯᠬᠦ᠌ ᠴᠢᠳᠠᠪᠤᠷᠢᠲᠠᠨ᠎ᠢ ᠲᠠᠨᠢᠬᠤ ᠴᠢᠳᠠᠪᠤᠷᠢᠲᠠᠨ᠎ᠢ ᠬᠠᠢᠷᠠᠯᠠᠬᠤ ᠴᠢᠳᠠᠪᠤᠷᠢᠲᠠᠨ᠎ᠢ ᠬᠡᠷᠡᠭ᠌ᠯᠡᠬᠦ᠌ ᠰᠠᠢ᠌ᠨ ᠰᠠᠢᠬᠠᠨ ᠣᠷᠴᠢᠨ ᠨᠦᠬᠦᠴᠡᠯ᠎ᠢ ᠪᠤᠢ ᠪᠣᠯᠭᠠᠨ᠎ᠠ᠃

(ᠲᠦᠷᠪᠡ )ᠦᠨᠳᠦᠰᠦᠨ ᠱᠠᠲᠤᠨ ᠎ᠤ ᠨᠠᠮ ᠎ᠤᠨ ᠵᠣᠬᠢᠶᠠᠨ ᠪᠠᠢᠭᠤᠯᠤᠯᠲᠠ ᠎ᠵᠢᠨ ᠪᠦᠬᠦ᠌ ᠲᠠᠯ᠎ᠠ ᠎ᠪᠠᠷ ᠲᠠᠪᠱᠢᠬᠤ ᠪᠦᠬᠦ᠌ ᠲᠠᠯ᠎ᠠ ᠎ᠪᠠᠷ ᠬᠠᠲᠠᠭᠤᠵᠢᠬᠤ ᠎ᠶ᠋ᠢ ᠠᠬᠢᠭᠤᠯᠤᠨ᠎ᠠ᠃ 《 ᠲᠠᠪᠤᠨ ᠲᠠᠯ᠎ᠠ᠎ᠵᠢ ᠵᠤᠬᠢᠴᠠᠭᠤᠯᠬᠤ᠂ ᠦᠨᠳᠦᠰᠦᠨ ᠱᠠᠲᠤ᠎ᠶ᠋ᠢ ᠶᠡᠬᠡ᠎ᠪᠡᠷ ᠠᠳᠭᠤᠬᠤ 》᠎ᠵᠢ ᠪᠠᠷᠢᠮᠲᠠᠯᠠᠵᠤ᠂ ᠵᠣᠬᠢᠶᠠᠨ ᠪᠠᠢᠭᠤᠯᠬᠤ ᠬᠦᠴᠦᠨ᠎ᠢ ᠳᠡᠭᠡᠭ᠌ᠰᠢᠯᠡᠭᠦᠯᠬᠦ᠌ ᠎ᠪᠡᠷ ᠭᠤᠤᠯᠳᠠᠯᠭ᠎ᠠ ᠪᠣᠯᠭᠠᠵᠤ᠂ ᠤᠯᠤᠰ ᠲᠥᠷᠥ ᠎ᠶ᠋ᠢᠨ ᠴᠢᠳᠠᠮᠵᠢ ᠪᠠ ᠵᠣᠬᠢᠶᠠᠨ ᠪᠠᠢᠭᠤᠯᠬᠤ ᠴᠢᠳᠠᠮᠵᠢ᠎ᠶ᠋ᠢ ᠴᠢᠩᠭᠠᠳᠭᠠᠵᠤ᠂ ᠨᠠᠮ᠎ᠤᠨ ᠪᠠᠢᠭᠤᠯᠤᠯᠲᠠ᠎ᠶ᠋ᠢ ᠠᠳᠭᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠵᠢ ᠠᠬᠢᠭᠤᠯᠬᠤ᠂ ᠦᠨᠳᠦᠰᠦᠨ ᠱᠠᠲᠤᠨ᠎ᠤ ᠵᠠᠰᠠᠯᠲᠠ᠎ᠵᠢ ᠠᠬᠢᠭᠤᠯᠬᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ᠎ᠶ᠋ᠢ ᠭᠦᠨᠵᠡᠭᠡᠶ ᠠᠬᠢᠭᠤᠯᠵᠤ᠂ ᠦᠨᠳᠦᠰᠦᠨ ᠱᠠᠲᠤᠨ ᠎ᠤ ᠨᠠᠮ ᠎ᠤᠨ ᠵᠣᠬᠢᠶᠠᠨ ᠪᠠᠢᠭᠤᠯᠤᠯᠲᠠ᠎ᠵᠢᠨ ᠳᠠᠢᠴᠢᠨ ᠪᠡᠬᠢᠯᠡᠯᠲᠡ᠎ᠵᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠎ᠠ᠃ ᠵᠣᠬᠢᠶᠠᠨ ᠪᠠᠢᠭᠤᠯᠤᠯᠲᠠ᠎ᠵᠢᠨ ᠱᠢᠰᠲ᠋ᠧᠮ᠎ᠢ ᠲᠡᠭᠦᠯᠳᠡᠷᠵᠢᠭᠦᠯᠵᠤ᠂ ᠵᠣᠬᠢᠶᠠᠨ ᠪᠠᠢᠭᠤᠯᠤᠯᠲᠠ᠎ᠵᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠨᠠᠮ ᠎ᠤᠨ ᠵᠣᠬᠢᠶᠠᠨ ᠪᠠᠢᠭᠤᠯᠤᠯᠲᠠ ᠪᠤᠯᠤᠨ ᠠᠵᠢᠯ ᠎ᠤᠨ ᠪᠦᠷᠬᠦᠴᠡ᠎ᠶ᠋ᠢᠨ ᠪᠦᠳᠤᠮᠵᠢᠳᠤ ᠴᠢᠨᠠᠷ᠎ᠢ ᠴᠢᠩᠭᠠᠷᠠᠭᠤᠯᠤᠨ᠎ᠠ᠃ 《 ᠬᠠᠮᠤᠭ ᠎ᠤᠨ ᠬᠦᠴᠦᠷᠭᠡᠭ ᠨᠠᠮ᠎ᠤᠨ ᠡᠭᠦᠷ 》᠎ᠤ᠋ᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌ ᠎ᠪᠡᠷ ᠭᠠᠷᠳᠠᠴᠠ ᠪᠣᠯᠭᠠᠵᠤ᠂ ᠨᠠᠮ᠎ᠤᠨ ᠡᠭᠦᠷ᠎ᠦᠨ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠢᠭᠤᠯᠤᠯᠲᠠ᠎ᠶ᠋ᠢ ᠠᠬᠢᠭᠤᠯᠤᠨ᠂ ᠨᠠᠮ᠎ᠤᠨ ᠭᠡᠱᠢᠭᠦᠨ᠎ᠦ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠲᠤᠷᠤᠢ ᠪᠠᠭᠤᠷᠠᠶ ᠰᠤᠯᠠ ᠵᠠᠳᠠᠭᠠᠶ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠦᠷᠭᠦᠯᠵᠢᠯᠡᠨ ᠴᠡᠭ᠌ᠴᠡᠯᠡᠬᠦ᠌ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠵᠢ ᠪᠦᠷᠢᠨᠱᠢᠭᠦᠯᠵᠦ᠍᠂ ᠳᠠᠭᠠᠭᠤᠯᠤᠭ᠍ᠴᠢ᠎ᠵᠢᠨ ᠡᠩᠨᠡᠭᠡ᠎ᠵᠢᠨ ᠪᠠᠢᠭᠤᠯᠤᠯᠲᠠ᠎ᠵᠢ ᠴᠢᠩᠭᠠᠳᠭᠠᠨ᠂ ᠭᠠᠴᠠᠭ᠎ᠠ ᠲᠣᠰᠭᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ ᠎ᠵᠢᠨ ᠦᠶ᠋ᠯᠡᠳᠦᠯ᠎ᠢ ᠴᠢᠬᠤᠯᠠᠴᠢᠯᠠᠨ ᠪᠠᠳᠠᠷᠠᠭᠤᠯᠵᠤ᠂ ᠡᠬᠢ ᠪᠠᠶᠠᠯᠢᠭ᠂ ᠦᠶ᠋ᠯᠡᠴᠢᠯᠡᠭᠡ ᠪᠠ ᠬᠠᠮᠢᠶᠠᠷᠤᠯᠲᠠ᠎ᠵᠢ ᠪᠥᠬᠥ᠌ ᠲᠠᠯ᠎ᠠ ᠎ᠪᠠᠷ ᠳᠣᠷᠣᠭ᠍ᠰᠢ ᠪᠠᠭᠤᠯᠭᠠᠬᠤ᠎ᠶ᠋ᠢ ᠠᠬᠢᠭᠤᠯᠤᠨ᠎ᠠ᠃

(ᠲᠠᠪᠤ) ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ᠌ ᠠᠵᠢᠯ᠎ᠢ ᠬᠦᠴᠦᠲᠡᠢ ᠠᠬᠢᠭᠤᠯᠤᠨ᠎ᠠ᠃ ᠲᠥᠪ ᠬᠣᠷᠢᠶᠠᠨ᠎ᠤ ᠨᠠᠢ᠍ᠮᠠᠨ ᠲᠣᠭ᠍ᠲᠠᠭᠠᠯ ᠎ᠤ᠋ᠨ ᠵᠣᠷᠢᠭ ᠰᠠᠨᠠᠭ᠎ᠠ ᠎ᠶ᠋ᠢ ᠴᠢᠩᠭ᠎ᠠ ᠨᠠᠢᠳᠠᠪᠤᠷᠢᠵᠢᠭᠤᠯᠵᠤ᠂《 ᠲᠦᠷᠪᠡᠨ ᠰᠤᠷᠲᠠᠯ》 ᠎ᠢ᠋ ᠥᠴᠦᠬᠡᠨ ᠴᠦ᠍ ᠰᠤᠯᠠᠷᠠᠭᠤᠯᠤᠯ ᠦᠭᠡᠢ ᠵᠠᠯᠠᠷᠠᠭᠤᠯᠤᠨ ᠵᠠᠰᠠᠵᠤ᠂ ᠮᠤᠵᠢᠭᠤᠳᠠ ᠮᠠᠭᠤ ᠳᠠᠳᠭᠠᠯ ᠵᠢᠴᠢ ᠲᠡᠭᠦᠨ᠎ᠦ ᠱᠢᠨ᠎ᠡ ᠬᠠᠨᠳᠤᠰᠢ ᠱᠢᠨ᠎ᠡ ᠬᠤᠪᠢᠷᠠᠮᠠᠯ ᠳᠦᠷᠰᠦ ᠎ᠶ᠋ᠢ ᠴᠢᠨᠭᠭ᠎ᠠ ᠠᠳᠭᠤᠬᠤ᠎ᠵᠢ ᠴᠢᠬᠤᠯᠠᠴᠢᠯᠠᠵᠤ᠂ ᠦᠨᠳᠦᠰᠦᠨ ᠱᠠᠲᠤᠨ᠎ᠤ ᠳᠠᠷᠤᠭᠠᠰᠤ ᠎ᠶ᠋ᠢ ᠬᠥᠩᠭᠡᠷᠡᠭᠦᠯᠬᠦ᠌᠂ ᠠᠷᠪᠢᠯᠠᠨ ᠭᠠᠮᠨᠠᠬᠤ ᠵᠡᠷᠭᠡ ᠠᠵᠢᠯ ᠎ᠢ ᠭᠦᠨᠵᠡᠭᠡᠢᠷᠡᠭᠦᠯᠦᠨ ᠥᠷᠭᠡᠳᠭᠡᠵᠦ᠍᠂ ᠰᠤᠷᠲᠠᠯ ᠎ᠤᠨ ᠪᠠᠢᠭᠤᠯᠤᠯᠲᠠ ᠎ᠵᠢᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ ᠎ᠶ᠋ᠢ ᠲᠠᠰᠤᠷᠠᠯᠳᠠ ᠦᠭᠡᠢ ᠲᠡᠬᠦᠯᠳᠡᠷᠵᠢᠬᠦᠯᠦᠨ᠎ᠠ᠃ ᠰᠠᠬᠢᠯᠭ᠎ᠠ ᠪᠠᠲᠤ ᠪᠠ ᠶᠣᠰᠣ ᠲᠦᠷᠢᠮ᠎ᠢ ᠲᠡᠷᠢᠭᠦᠨ ᠎ᠳᠦ ᠲᠠᠯᠪᠢᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠬᠦ᠌ 《ᠲᠦᠷᠪᠡᠨ ᠵᠦᠢᠯ᠎ᠦᠨ ᠬᠡᠯᠪᠡᠷᠢ》 ᠎ᠵᠢ ᠣᠨᠣᠪᠴᠢᠲᠠᠢ ᠬᠡᠷᠡᠭᠯᠡᠬᠦ᠎ᠵᠢ ᠪᠡᠷᠢᠮᠳᠠᠯᠠᠨ᠎ᠠ᠃ ᠰᠠᠬᠢᠯᠭ᠎ᠠ ᠪᠠᠲᠤ ᠎ᠶ᠋ᠢᠨ ᠬᠢᠨᠠᠯᠲᠠ ᠲᠠᠯᠪᠢᠬᠤ᠂ ᠬᠢᠨᠠᠨ ᠪᠠᠢᠴᠠᠭᠠᠵᠤ ᠬᠢᠨᠠᠯᠲᠠ ᠲᠠᠯᠪᠢᠬᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠪᠠ ᠲᠣᠭᠣᠷᠢᠨ ᠪᠠᠢᠴᠠᠭᠠᠵᠤ ᠬᠢᠨᠠᠯᠲᠠ ᠲᠠᠯᠪᠢᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ᠎ᠶ᠋ᠢ ᠠᠬᠢᠭᠤᠯᠵᠤ᠂ ᠡᠯ᠎ᠡ ᠲᠦᠷᠦᠯ᠎ᠦᠨ ᠬᠢᠨᠠᠯᠲᠠ᠎ᠶ᠋ᠢ ᠨᠡᠪᠲᠡᠷᠡᠭᠦᠯᠵᠦ᠍᠂ 《 ᠨᠢᠭᠡᠳᠦᠭᠡᠷ ᠭᠠᠷ》 ᠪᠣᠯᠤᠨ ᠤᠳᠤᠷᠢᠳᠭᠤ ᠪᠠᠭ᠎ᠲᠤ ᠬᠢᠨᠠᠯᠲᠠ ᠲᠠᠯᠪᠢᠬᠤ᠎ᠶ᠋ᠢ ᠴᠢᠩᠭᠠᠳᠭᠠᠨ᠎ᠠ᠃ 《ᠬᠣᠶᠠᠷ᠎ᠢ ᠤᠭᠳᠤ ᠠᠭᠤᠴᠢᠯᠠᠬᠤ ᠦᠭᠡᠢ》ᠣᠪᠣᠷ᠎ᠢᠶᠠᠷ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢᠷᠡᠭᠦᠯᠵᠦ᠍᠂ ᠱᠢᠰᠲ᠋ᠧᠮᠴᠢ ᠴᠢᠨᠠᠷᠲᠠᠢ ᠣᠷᠣᠨ ᠪᠦᠰᠡ᠎ᠶ᠋ᠢᠨ ᠴᠢᠨᠠᠷᠲᠠᠢ ᠢᠯᠵᠠᠷᠠᠯ᠎ᠤᠨ ᠠᠰᠠᠭᠤᠳᠠᠯ᠎ᠢ ᠡᠷᠡᠰ ᠪᠠᠢᠴᠠᠭᠠᠨ ᠱᠢᠢᠳᠪᠦᠷᠢᠯᠡᠵᠦ᠍᠂ ᠤᠯᠠᠨ ᠲᠦᠮᠡᠨ᠎ᠦ ᠳᠡᠷᠭᠡᠳᠡᠬᠢ ᠢᠯᠵᠠᠷᠠᠯ᠎ᠤᠨ ᠠᠰᠠᠭᠤᠳᠠᠯ᠎ᠢ ᠡᠷᠡᠰ ᠴᠡᠭ᠌ᠴᠡᠯᠡᠨ ᠵᠠᠰᠠᠵᠤ᠂ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ᠂ ᠬᠡᠷᠡᠭ᠎ᠢᠶᠡᠷ ᠪᠠᠢᠭᠤᠯᠤᠯᠲᠠ᠎ᠶ᠋ᠢ ᠠᠬᠢᠭᠤᠯᠬᠤ᠂ ᠬᠡᠷᠡᠭ᠎ᠢᠶᠡᠷ ᠵᠠᠰᠠᠯᠲᠠ᠎ᠶ᠋ᠢ ᠠᠬᠢᠭᠤᠯᠬᠤ᠎ᠶ᠋ᠢ ᠭᠦᠨᠵᠡᠭᠡᠢᠷᠡᠭᠦᠯᠤᠨ᠂ ᠢᠯᠵᠠᠷᠠᠬᠤ᠎ᠠᠴᠠ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ ᠶᠡᠷᠦᠩᠬᠡᠢᠯᠡᠭ᠌ᠰᠡᠨ ᠦᠷ᠎ᠡ ᠪᠦᠲᠦᠮᠵᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃ ᠨᠡᠭᠦᠷᠡᠰᠦᠨ᠎ᠦ ᠡᠬᠢ ᠪᠠᠶᠠᠯᠢᠭ᠎ᠤᠨ ᠬᠦᠷᠢᠶᠡᠨ ᠳ᠋ᠡᠬᠢ ᠲᠦᠷᠢᠮ ᠲᠣᠭ᠍ᠲᠠᠭᠠᠯ ᠬᠠᠤᠯᠢ ᠴᠠᠭᠠᠵᠠ᠎ᠠᠴᠠ ᠵᠥᠷᠢᠴᠡᠭ᠌ᠰᠡᠨ ᠠᠰᠠᠭᠤᠳᠠᠯ᠎ᠢ ᠪᠠᠢᠩᠭᠤᠵᠢᠭᠤᠯᠤᠨ ᠵᠠᠰᠠᠬᠤ᠎ᠶ᠋ᠢ ᠠᠬᠢᠭᠤᠯᠵᠤ᠂ ᠮᠥᠩᠭᠥᠨ ᠭᠦᠢᠯᠭᠡᠭᠡᠨ ᠎ᠦ ᠬᠦᠷᠢᠶᠡᠨ ᠎ᠳᠡᠬᠢ ᠢᠯᠵᠠᠷᠠᠯ᠎ᠤᠨ ᠠᠰᠠᠭᠤᠳᠠᠯ ᠪᠠ ᠠᠶᠤᠯ ᠲᠦᠭ᠌ᠰᠢᠭᠦᠷᠢ ᠎ᠶ᠋ᠢᠨ ᠲᠠᠯᠳᠠ ᠭᠡᠮ᠎ᠢ ᠲᠤᠰᠭᠠᠢ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠵᠦ᠍᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠤᠯᠤᠰ ᠲᠦᠷᠦ᠍ ᠬᠠᠤᠯᠢ ᠴᠠᠭᠠᠵᠠ᠂ ᠨᠡᠬᠡᠬᠡᠯᠳᠡ ᠎ᠵᠢᠨ ᠣᠷᠣᠨ ᠪᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ ᠵᠡᠷᠭᠡ ᠬᠦᠷᠢᠶᠡᠨ᠎ᠳᠡᠬᠢ ᠢᠯᠵᠠᠷᠠᠯ᠎ᠢ ᠡᠰᠡᠷᠭᠦᠴᠡᠬᠦ᠌ ᠠᠵᠢᠯ᠎ᠢ ᠰᠠᠢᠲᠤᠷ ᠠᠳᠭᠤᠵᠤ᠂ ᠦᠯᠡᠳᠡᠭᠳᠡᠯ᠎ᠢ ᠬᠦᠴᠦᠯᠡᠨ ᠪᠠᠭᠠᠰᠭᠠᠵᠤ᠂ ᠨᠡᠮᠡᠭ᠌ᠳᠡᠯ᠎ᠦᠨ ᠬᠡᠮᠵᠢᠶ᠎ᠠ ᠎ᠶ᠋ᠢ ᠬᠣᠷᠢᠭ᠍ᠯᠠᠨ ᠵᠣᠭ᠍ᠰᠣᠭᠠᠵᠤ᠂ ᠬᠣᠣᠷᠲᠤ ᠬᠠᠪᠤᠳᠠᠷ᠎ᠢ ᠡᠷᠡᠰ ᠠᠷᠢᠯᠭᠠᠵᠤ᠂ ᠬᠤᠤᠷ᠎ᠤᠨ ᠰᠤᠷᠪᠤᠯᠵᠢ ᠎ᠶ᠋ᠢ ᠠᠷᠢᠯᠭᠠᠨ᠂ ᠲᠠᠷᠬᠠᠭᠠᠭ᠍ᠰᠠᠨ ᠬᠣᠣᠷ᠎ᠢ ᠠᠷᠢᠯᠭᠠᠨ᠎ᠠ᠃ ᠪᠢᠳᠡ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠦᠨ ᠳᠡᠢᠯᠦᠩᠭᠦᠢ ᠢᠯᠠᠯᠲᠠ᠎ᠶ᠋ᠢ ᠨᠢᠭᠡᠨᠲᠡ ᠣᠯᠤᠭ᠍ᠰᠠᠨ ᠪᠠᠢᠨ᠎ᠠ᠂ ᠡᠨᠡ ᠬᠦ᠌ ᠡᠷᠭᠡᠪᠰᠢ ᠢᠯᠡᠯᠳᠡ ᠤᠯᠬᠤ ᠲᠡᠮᠡᠴᠡᠯ᠎ᠢ ᠨᠡᠢᠳᠡ ᠳ᠋ᠤᠨᠢ ᠲᠤᠭᠤᠰᠢᠯᠠᠭᠤᠯᠵᠤ᠂ ᠨᠢᠭᠡ ᠮᠥᠴᠡ ᠴᠦ᠍ ᠵᠣᠭ᠍ᠰᠣᠯ ᠦᠭᠡᠢ ᠡᠴᠦᠰ᠎ᠲᠦᠨᠢ ᠲᠤᠯᠲᠠᠯ᠎ᠠ ᠬᠢᠵᠦ᠍᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷᠴᠤᠳ᠎ᠢ ᠰᠤᠷᠲᠠᠯ ᠴᠢᠬᠡᠴᠢ ᠤᠪᠤᠷ ᠲᠦᠪ ᠲᠦᠷᠦ ᠪᠠᠷᠢᠬᠤ ᠣᠷᠴᠢᠨ ᠨᠥᠬᠥᠴᠡᠯ ᠎ᠤᠨ ᠲᠤᠮᠳᠠ ᠨᠡᠩ ᠰᠠᠢᠳᠤᠷ ᠠᠵᠢᠯ ᠬᠢᠵᠦ᠍ ᠦᠢᠯᠡᠰ ᠪᠤᠰᠬᠠᠨ᠂ ᠲᠦᠷᠦ ᠬᠦᠷᠦᠨ ᠎ᠤ ᠲᠦᠪᠰᠢᠨ ᠰᠠᠷᠠᠭᠤᠯ ᠤᠯᠤᠰ ᠲᠦᠷᠦ᠍ ᠎ᠶ᠋ᠢᠨ ᠠᠮᠢ ᠠᠬᠤᠢ ᠎ᠵᠢᠨ ᠲᠤᠳᠤᠷ᠎ᠠ ᠦᠨᠳᠦᠰᠦᠲᠡᠨ᠎ᠨᠦᠭᠦᠳ ᠎ᠦᠨ ᠠᠷᠠᠳ ᠤᠯᠠᠨ᠎ᠢ ᠮᠠᠨ᠎ᠤ ᠨᠠᠮ᠎ᠳᠤ ᠨᠡᠩ ᠢᠯᠡᠭᠦᠦ ᠢᠲᠡᠭᠡᠯ ᠳᠦᠭᠦᠷᠡᠩ ᠪᠤᠯᠭᠠᠨ᠎ᠠ᠃

ᠨᠥᠬᠥᠳ ᠡ! ᠠᠤᠭ᠎ᠠ ᠶᠡᠬᠡ ᠦᠢᠯᠡᠰ᠎ᠢ ᠡᠷᠡᠮᠡᠬᠡᠢᠯᠡᠨ ᠲᠡᠮᠡᠴᠡᠬᠦ᠌ ᠳᠤᠮᠳᠠ ᠴᠣᠭ᠍ᠴᠠᠯᠠᠵᠤ᠂ ᠢᠷᠠᠭᠤ ᠭᠠᠢᠬᠠᠮᠱᠢᠭ᠍ᠲᠤ ᠬᠠᠭᠤᠳᠠᠰᠤ ᠎ᠶ᠋ᠢ ᠡᠷᠡᠯᠬᠡᠭᠯᠡᠨ ᠤᠷᠤᠭ᠍ᠰᠢᠯᠠᠬᠤ ᠳᠤᠮᠳᠠ ᠪᠢᠴᠢᠭ᠌ᠯᠡᠨ᠎ᠡ᠃ ᠨᠠᠮ᠎ᠤᠨ ᠵᠠᠭᠤᠨ ᠵᠢᠯ᠎ᠦᠨ ᠭᠡᠷᠡᠯ ᠰᠠᠴᠤᠷᠠᠩᠭᠤᠢ ᠲᠡᠦᠬᠡ᠎ᠶ᠋ᠢᠨ ᠱᠢᠨ᠎ᠡ ᠭᠠᠷᠤᠭ᠎ᠠ᠎ᠳᠤ ᠵᠣᠭ᠍ᠰᠣᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤ᠋ᠨ ᠵᠢᠯᠤᠭᠤᠳᠤᠯᠭ᠎ᠠ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠴᠢᠭ᠌ᠯᠡᠯ᠎ᠢ ᠵᠢᠭᠠᠭᠰᠠᠨ ᠪᠤᠯᠬᠤᠷ ᠪᠢᠳᠡᠨ᠎ᠦ ᠢᠲᠡᠭᠡᠯ ᠵᠣᠷᠢᠭ ᠲᠡᠬᠦᠯᠳᠡᠷ᠂ ᠡᠷᠴᠢ ᠵᠤᠷᠢᠭ ᠪᠠᠳᠤ ᠪᠡᠬᠢ ; ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠤᠷᠳᠠᠬᠤ᠎ᠳ᠋ᠤ᠂ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠳᠣᠲᠣᠨᠣ ᠬᠠᠯᠠᠮᠵᠢᠯᠠᠯ᠂ ᠪᠦᠬᠦ᠌ ᠣᠷᠣᠨ᠎ᠤ 2400 ᠭᠠᠷᠤᠢ ᠲᠦᠮᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠯᠠᠭᠤᠨ ᠬᠦᠰᠡᠯ ᠡᠷᠡᠮᠡᠯᠵᠡᠯ᠎ᠲᠤᠤᠷ᠎ᠠ ᠪᠢᠳᠡᠨ᠎ᠦ ᠡᠷᠴᠢ ᠵᠣᠷᠢᠭ ᠪᠠᠳᠠᠷᠠᠨᠭᠭᠤᠢ᠂ ᠣᠮᠣᠭ ᠵᠣᠷᠢᠭ ᠲᠡᠭᠦᠯᠳᠡᠷ᠃ ᠪᠢᠳᠡ ᠰᠢ᠎ᠶ᠋ᠢᠨ ᠫᠢᠩ ᠨᠥᠬᠥᠷ ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠵᠢ ᠵᠣᠷᠢᠭ᠍ᠲᠠᠢ ᠡᠭᠦᠷᠭᠡᠯᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠵᠠᠮ ᠨᠡᠭᠡᠭᠡᠨ ᠤᠷᠤᠭ᠍ᠰᠢᠯᠠᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ ᠎ᠶ᠋ᠢᠨ ᠲᠥᠯᠥᠭᠡ ᠡᠷᠡᠰ ᠭᠤᠢᠪᠢᠰᠢ ᠦᠭᠡᠢ ᠲᠡᠮᠡᠴᠡᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠯᠳᠡ᠎ᠲᠠᠶ ᠬᠤᠷᠠᠯᠳᠤᠬᠤ ᠎ᠶ᠋ᠢ ᠤᠭ᠍ᠲᠤᠵᠤ᠂ ᠨᠠᠮ ᠪᠣᠯᠤᠨ ᠠᠷᠠᠳ ᠲᠦᠮᠡᠨ ᠎ᠳᠦ ᠨᠡᠩ ᠶᠡᠬᠡ ᠢᠷᠠᠭᠤ ᠠᠯᠳᠠᠷ᠎ᠢ ᠲᠡᠮᠡᠴᠡᠨ ᠤᠯᠵᠤ ᠦᠭᠰᠤᠬᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面