ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-12 20:18:20

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠎ᠬᠤᠷᠠᠯ ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ

ᠲᠤᠰ ᠰᠣᠨᠢᠨ᠎ᠤ ᠱᠢᠭᠦᠮᠵᠢᠯᠡᠭ᠌ᠴᠢ

ᠨᠢᠭᠡ ᠰᠡᠳᠭᠢᠯ ᠨᠢᠭᠡ ᠵᠣᠷᠢᠭ ᠲᠠᠢ ᠪᠠᠢᠬᠤ ᠪᠣᠯ ᠬᠠᠮᠤᠭ᠎ᠤᠨ ᠬᠦᠴᠦᠷᠬᠡᠭ ᠶᠡᠬᠡ ᠬᠦᠴᠦᠨ ᠮᠥᠨ᠂ ᠦᠨᠳᠦᠰᠦᠲᠡᠨ᠎ᠦ ᠪᠦᠯᠬᠦᠮᠳᠡᠯ ᠪᠣᠯ ᠬᠠᠮᠤᠭ᠎ᠤᠨ ᠪᠠᠲᠤ ᠪᠡᠬᠢ ᠰᠠᠭᠤᠷᠢ ᠮᠥᠨ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠨᠠᠮ᠎ᠤᠨ ᠦᠨᠳᠦᠰᠦᠲᠡᠨ᠎ᠦ ᠠᠵᠢᠯ᠎ᠢ ᠲᠤᠪᠤᠢ᠌ᠮ᠎ᠠ ᠪᠠᠢᠷᠢᠨ᠎ᠳᠤ ᠲᠠᠯᠪᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃ ᠡᠨᠡ ᠪᠣᠯ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠨᠡᠢᠴᠡᠭ᠌ᠰᠡᠨ᠂ ᠱᠢᠨ᠎ᠡ ᠴᠠᠭ ᠦᠶ᠎ᠡ᠎ᠶ᠋ᠢᠨ ᠱᠠᠭᠠᠷᠳᠠᠯᠭ᠎ᠠ᠎ᠶ᠋ᠢ ᠢᠯᠡᠷᠡᠭᠦᠯᠦᠭ᠌ᠰᠡᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ᠎ᠠ᠂ ᠣᠷᠣᠨ ᠳᠠᠶᠠᠭᠠᠷ᠎ᠢᠶᠠᠨ ᠨᠠᠷᠢᠨ ᠬᠢᠨᠠᠮᠠᠭᠠᠶ᠎ᠰᠤᠷᠤᠯᠴᠠᠵᠤ᠂᠎ᠭᠦᠨᠵᠡᠭᠡᠶ᠎ᠣᠢᠯᠠᠭᠠᠵᠤ᠂᠎ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠲᠠᠶ ᠨᠢᠭᠡᠳᠭᠡᠵᠦ᠍᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠳᠤᠭᠤᠯᠵᠤ᠂ ᠭᠠᠷ ᠬᠣᠯᠪᠣᠨ ᠰᠡᠳᠭᠢᠯ ᠨᠢᠭᠡᠳᠴᠦ᠍᠂ ᠱᠢᠨ᠎ᠡ ᠴᠠᠭ ᠦᠶ᠎ᠡ᠎ᠶ᠋ᠢᠨ᠎ᠦᠨᠳᠦᠰᠦᠲᠡᠨ᠎ᠦ᠎ᠠᠵᠢᠯ᠎ᠤᠨ᠎ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ ᠬᠡᠷᠡᠭ᠌ᠲᠡᠶ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠨ ᠪᠠᠢᠭᠤᠯᠤᠭ᠍ᠰᠠᠨ ᠠᠩᠬᠠᠳᠠᠭ᠍ᠴᠢ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠮᠥᠨ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》ᠬᠡᠰᠡᠨ ᠡᠷᠬᠢᠮ ᠳᠡᠭᠡᠳᠦ ᠎ᠢᠷᠠᠭᠤ ᠠᠯᠳᠠᠷ᠎ᠲᠠᠶ ᠶᠤᠮ᠃ ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ ᠠᠶᠤᠯ ᠲᠦᠭ᠌ᠰᠢᠭᠦᠷᠢ ᠥᠷᠢᠰᠥᠯᠳᠦᠭᠡᠨ᠎ᠳᠦ ᠲᠤᠯᠭᠠᠷᠠᠬᠤ ᠪᠦᠷᠢ ᠪᠢᠳᠡ ᠶᠡᠷᠦ ᠨᠢ 《ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠡᠶ ᠴᠢᠷᠮᠠᠢᠨ ᠪᠦᠯᠬᠦᠮᠳᠡᠵᠦ᠍᠂ ᠲᠠᠢ᠌ᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ᠎ᠢ ᠲᠠᠢ᠌ᠴᠢᠯᠠᠬᠤ》ᠵᠢ ᠴᠢᠬᠤᠯᠠᠴᠢᠯᠠᠬᠰᠠᠭᠠᠷ ᠢᠷᠡᠪᠡ; ᠨᠡᠢᠭᠡᠮ᠎ᠦᠨ ᠬᠥᠭ᠌ᠵᠢᠯᠲᠡ ᠲᠠᠪᠱᠢᠯᠳᠠ᠎ᠲᠠᠢ ᠵᠣᠬᠢᠴᠠᠬᠤ᠎ᠳᠤ ᠪᠢᠳᠡ ᠨᠡᠩ ᠴᠤ᠌ 《ᠬᠠᠮᠤᠭ᠎ᠤᠨ ᠶᠡᠬᠡ ᠶᠡᠷᠦᠩᠬᠡᠢ ᠬᠤᠷᠢᠶᠠᠭ᠍ᠴᠢ ᠲᠣᠭ᠎ᠠ᠎ᠶ᠋ᠢ ᠪᠦᠷᠢᠯᠳᠦᠭᠦᠯᠵᠦ᠍᠂ ᠬᠠᠮᠤᠭ᠎ᠤᠨ ᠶᠡᠬᠡ ᠢᠵᠢᠯᠢ ᠲᠥᠪᠲᠦ ᠲᠣᠭᠣᠷᠢᠭ᠎ᠢ ᠵᠢᠷᠤᠬᠤ》ᠵᠢ ᠰᠠᠨᠠᠭᠠᠴᠢᠯᠠᠪᠠ᠃ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠢ ᠶᠡᠬᠡ᠎ᠪᠡᠷ ᠪᠠᠳᠠᠷᠠᠭᠤᠯᠵᠤ᠂ ᠨᠠᠮ᠎ᠤᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ᠎ᠪᠦᠬᠦ᠌᠎ᠲᠠᠯ᠎ᠠ᠎ᠪᠠᠷ᠎ᠲᠤᠭᠤᠱᠢᠯᠠᠭᠤᠯᠤᠨ᠂᠎ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠨ ᠦᠨᠳᠦᠰᠦᠲᠡᠨ᠎ᠦ᠎ᠠᠵᠢᠯ᠎ᠢ᠎ᠴᠢᠩᠭᠠᠳᠭᠠᠨ᠎ᠰᠠᠢᠵᠢᠷᠠᠭᠤᠯᠪᠠᠯ ᠪᠢᠳᠠ ᠥᠭᠡᠷᠡᠴᠢᠯᠡᠯᠲᠡ ᠬᠥᠭ᠌ᠵᠢᠯᠲᠡ ᠵᠢ ᠠᠬᠢᠭᠤᠯᠵᠤ᠂ ᠬᠦᠰᠡᠯ ᠵᠡᠭᠦᠳᠦ᠍᠎ᠪᠡᠨ ᠲᠡᠷᠭᠡᠯᠰᠢᠬᠦᠯᠬᠦ᠎ᠳᠤ ᠭᠦᠨ ᠵᠤᠵᠠᠭᠠᠨ ᠢᠲᠡᠭᠡᠯ᠎ᠲᠠᠶ᠂ ᠰᠠᠯᠬᠢ ᠪᠣᠷᠣᠭᠠᠨ᠎ᠳᠤ ᠰᠠᠭᠠᠲᠠᠯ ᠦᠭᠡᠢ ᠤᠷᠤᠭ᠍ᠰᠢᠯᠠᠵᠤ ᠣᠮᠣᠭ ᠲᠡᠭᠦᠯᠳᠡᠷ ᠤᠷᠤᠭ᠍ᠰᠢᠯᠠᠬᠤ ᠬᠦᠴᠦᠷᠬᠡᠭ ᠶᠡᠬᠡ ᠬᠦᠴᠦᠨ ᠴᠢᠳᠠᠯ᠎ᠲᠠᠶ ᠪᠤᠯᠵᠤ ᠴᠢᠳᠠᠨ᠎ᠠ ᠭᠡᠳᠡᠭ᠎ᠢ ᠲᠡᠦᠬᠡ ᠪᠠ ᠪᠣᠳᠠᠲᠤ ᠠᠬᠤᠢ ᠭᠦᠢᠴᠡᠳ ᠭᠡᠷᠡᠴᠢᠯᠡᠪᠠ᠃

ᠦᠨᠳᠤᠰᠤ ᠬᠦᠨ ᠪᠤᠯ ᠰᠠᠶᠢ ᠨᠠᠪᠴᠢ ᠨᠠᠮᠠᠭ᠎ᠠ ᠢᠬᠴᠤ ᠰᠠᠬᠤᠯᠢᠭ ᠪᠠᠢᠵᠤ ᠴᠢᠳᠠᠨ᠎ᠠ᠃ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠨᠢ ᠡᠭᠡ ᠣᠷᠣᠨ᠎ᠤ ᠨᠢᠭᠡᠳᠦᠯ ᠪᠠ ᠬᠢᠯᠢ ᠬᠢᠵᠠᠭᠠᠷ᠎ᠤᠨ ᠲᠣᠭ᠍ᠲᠠᠭᠤᠨ ᠪᠠᠢᠳᠠᠯ᠎ᠳᠤ ᠬᠣᠯᠪᠣᠭ᠍ᠳᠠᠵᠤ᠂ ᠦᠨᠳᠦᠰᠦᠲᠡᠨ᠎ᠦ ᠪᠦᠯᠬᠦᠮᠳᠡᠯ ᠪᠠ ᠨᠡᠢᠭᠡᠮ᠎ᠦᠨ ᠲᠣᠭ᠍ᠲᠠᠭᠤᠨ ᠪᠠᠢᠳᠠᠯ᠎ᠳᠤ ᠬᠣᠯᠪᠣᠭ᠍ᠳᠠᠵᠤ᠂ ᠤᠯᠤᠰ ᠣᠷᠣᠨ᠎ᠤ ᠥᠨᠢ ᠮᠦᠨᠭᠭᠡ ᠵᠢᠨ ᠠᠮᠤᠷ ᠲᠦᠪᠱᠢᠨ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠬᠣᠯᠪᠣᠭ᠍ᠳᠠᠵᠤ ᠪᠠᠢᠳᠠᠭ᠃ ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠤᠨ ᠰᠠᠭᠤᠷᠢ ᠰᠠᠢ᠌ᠨ ᠪᠠᠢᠨ᠎ᠠ᠂ ᠭᠡᠪᠡᠴᠦ᠍ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ ᠮᠥᠨ ᠮᠠᠰᠢ ᠤᠯᠠᠨ ᠠᠶᠤᠯ ᠲᠦᠭ᠌ᠰᠢᠭᠦᠷᠢ ᠥᠷᠢᠰᠥᠯᠳᠦᠭᠡᠨ᠎ᠳᠦ ᠲᠤᠯᠭᠠᠷᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠲᠤᠢᠯ᠎ᠤᠨ ᠴᠢᠬᠤᠯᠠ ᠴᠢᠨᠠᠷ᠂ ᠠᠬᠤᠢᠴᠢ ᠲᠤᠯᠭᠠᠮ ᠴᠢᠨᠠᠷ ᠪᠠ ᠣᠨᠴᠠᠭᠠᠢ ᠪᠤᠳᠤᠯᠢᠶᠠᠨᠲᠤ ᠴᠢᠨᠠᠷ᠎ᠢ ᠭᠦᠨᠵᠡᠭᠡᠢ ᠲᠠᠨᠢᠵᠤ᠂ ᠦᠨᠳᠦᠰᠦᠲᠡᠨ᠎ᠦ ᠠᠵᠢᠯ᠎ᠳᠠᠬᠢ ᠴᠢᠬᠤᠯᠠ ᠶᠡᠬᠡ ᠬᠠᠷᠢᠴᠠᠭ᠎ᠠ᠎ᠶ᠋ᠢ ᠵᠥᠪ ᠡᠵᠡᠮᠱᠢᠨ ᠰᠠᠢᠲᠤᠷ ᠱᠢᠢᠳᠪᠦᠷᠢᠯᠡᠬᠦ ᠬᠡᠷᠡᠭᠳᠡᠢ᠂ ᠦᠨᠳᠦᠰᠦᠲᠡᠨ᠎ᠦ ᠠᠵᠢᠯ᠎ᠢ ᠡᠩ᠎ᠦᠨ ᠴᠢᠨᠠᠷᠲᠠᠢ᠂ ᠬᠡᠷᠡᠭ ᠶᠠᠪᠤᠳᠠᠯ᠎ᠤᠨ ᠴᠢᠨᠠᠷᠲᠠᠢ ᠠᠵᠢᠯ ᠪᠣᠯᠭᠠᠵᠤ ᠶᠠᠭᠠᠬᠢᠭ᠍ᠰᠠᠨ ᠴᠤ᠌ ᠪᠣᠯᠬᠤ ᠦᠭᠡᠢ᠂ ᠦᠨᠳᠦᠰᠦᠲᠡᠨ᠎ᠦ ᠪᠦᠯᠬᠦᠮᠳᠡᠯ᠂ ᠬᠢᠯᠢ ᠬᠢᠵᠠᠭᠠᠷ᠎ᠤᠨ ᠲᠣᠭ᠍ᠲᠠᠭᠤᠨ ᠪᠠᠢᠳᠠᠯ᠎ᠢ ᠬᠠᠮᠠᠭᠠᠯᠠᠬᠤ ᠲᠠᠯ᠎ᠠ ᠪᠠᠷ ᠡᠨᠳᠡᠯ ᠭᠠᠷᠭᠠᠵᠤ ᠶᠠᠭᠠᠬᠢᠭ᠍ᠰᠠᠨ᠎ᠴᠣ᠌ ᠪᠣᠯᠬᠤ ᠦᠭᠡᠢ᠂ ᠦᠨᠳᠦᠰᠦᠲᠡᠨ᠎ᠦ ᠬᠦᠷᠢᠶᠡᠨ᠎ᠳᠦ ᠳᠤᠮᠳᠠᠳᠤ᠎ᠶ᠋ᠢᠨ ᠦᠨᠳᠦᠰᠦᠲᠡᠨ᠎ᠦ᠎ᠠᠭᠤᠤ᠎ᠶᠡᠬᠡ᠎ᠰᠡᠷᠭᠦᠨ ᠮᠠᠨᠳᠤᠯᠲᠠ᠎ᠶ᠋ᠢᠨ ᠠᠬᠢᠴᠠ᠎ᠶ᠋ᠢ ᠨᠥᠯᠥᠭᠡᠯᠡᠬᠦ᠌ ᠴᠢᠨᠠᠭ᠍ᠰᠢᠯᠠᠪᠠᠯ ᠤᠳᠠᠭᠠᠱᠢᠷᠠᠭᠤᠯᠬᠤ᠎ᠴᠢᠬᠤᠯᠠ ᠶᠡᠬᠡ ᠠᠰᠠᠭᠤᠳᠠᠯ ᠭᠠᠷᠭᠠᠵᠤ ᠶᠠᠭᠠᠬᠢᠭ᠍ᠰᠠᠨ ᠴᠤ᠌ ᠪᠣᠯᠬᠤ ᠦᠭᠡᠢ᠃

ᠲᠡᠦᠬᠡ᠎ᠶ᠋ᠢᠨ᠎ᠱᠢᠨ᠎ᠡ᠎ᠭᠠᠷᠤᠭ᠎ᠠ᠎ᠳᠡᠭᠡᠷ᠎ᠡ ᠵᠣᠭ᠍ᠰᠣᠵᠤ᠂ ᠱᠢᠨ᠎ᠡ ᠲᠡᠮᠡᠴᠡᠯ᠎ᠦᠨ ᠠᠶᠠᠨ᠎ᠢᠶᠠᠨ ᠡᠬᠢᠯᠡᠭᠦᠯᠵᠤ᠂ ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠬᠤ᠎ᠳᠤ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠢᠷᠠᠭᠤ ᠠᠯᠳᠠᠷ᠎ᠲᠠᠶ᠂ ᠡᠨᠡ ᠨᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠦᠨᠳᠦᠰᠦᠲᠡᠨ ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠥᠷᠭᠡᠨ᠎ᠢᠶᠡᠷ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠤᠯᠲᠠ᠎ᠶ᠋ᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠵᠦ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ ᠵᠢᠨ ᠱᠢᠰᠲ᠋ᠧᠮ ᠪᠠ ᠎ᠵᠠᠰᠠᠯᠲᠠ ᠎ᠵᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠂ 《ᠭᠤᠷᠪᠠᠨ ᠰᠠᠯᠵᠦ᠍ ᠴᠢᠳᠠᠬᠤ ᠦᠭᠡᠢ》᠂ 《ᠲᠠᠪᠤᠨ ᠬᠠᠮᠲᠤ᠎ᠶ᠋ᠢᠨ ᠲᠠᠨᠢᠯᠲᠠ》ᠵᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ᠎ᠳᠦ ᠭᠦᠨ ᠬᠠᠳᠠᠩᠱᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠡᠭᠦᠷᠢᠳᠡ ᠳᠡᠯᠭᠡᠷᠡᠭᠦᠯᠦᠨ ᠪᠠᠳᠠᠷᠠᠭᠤᠯᠬᠤ ᠵᠢ ᠪᠢᠳᠠᠨ᠎ᠳᠤ ᠱᠠᠭᠠᠷᠳᠠᠵᠦ ᠪᠠᠢᠨ᠎ᠠ᠃

ᠰᠠᠨᠠᠵᠦ ᠶᠠᠪᠤᠪᠠᠯ ᠪᠦᠲᠦᠨ᠎ᠡ᠂ ᠰᠠᠵᠢᠯᠠᠵᠦ ᠶᠠᠪᠤᠪᠠᠯ ᠬᠦᠷᠦᠨ᠎ᠡ᠃ ᠪᠢᠳᠡ ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ 《ᠬᠥᠲᠥᠯᠪᠦᠷᠢ》᠎ᠶ᠋ᠢ ᠴᠢᠩᠭ᠎ᠠ ᠠᠳᠭᠤᠵᠤ᠂ ᠠᠯᠢᠪᠠ ᠠᠵᠢᠯ᠎ᠢ ᠴᠥᠮ ᠡᠭᠦᠨ᠎ᠳᠦ ᠲᠥᠪᠯᠡᠷᠡᠭᠦᠯᠵᠦ᠍᠂ ᠦᠷᠭᠦᠯᠵᠢᠯᠡᠨ ᠬᠦᠴᠦᠯᠡᠵᠦ᠍᠂ ᠤᠳᠠᠭᠠᠨ ᠳᠠᠭᠠᠭᠠᠮᠠᠭᠠᠶ᠎ᠪᠠᠷ ᠵᠢᠳᠬᠦᠬᠦ᠌᠎ᠶ᠋ᠢ ᠪᠠᠷᠢᠮᠲᠠᠯᠠᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠢᠷᠠᠭᠤ ᠠᠯᠳᠠᠷ ᠢᠴᠢᠭᠦᠷᠢ ᠭᠤᠳᠤᠮᠰᠢᠭ ᠵᠢᠡᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠤᠢᠯᠠᠭᠠᠭᠳᠠᠬᠤᠨ᠎ᠢ ᠪᠠᠲᠤ ᠪᠠᠬᠢ ᠪᠣᠶ ᠪᠣᠯᠭᠠᠪᠠᠯ ᠲᠠᠪᠠᠵᠦ ᠴᠢᠳᠠᠰᠢ ᠥᠬᠡᠶ ᠪᠡᠷᠬᠡ ᠪᠣᠭᠣᠮᠲᠠ ᠭᠡᠵᠦ᠍ ᠥᠬᠡᠶ᠂ ᠲᠤᠭᠤᠯᠵᠤ ᠴᠢᠳᠠᠰᠢ ᠥᠬᠡᠶ ᠬᠦᠴᠢᠷ ᠪᠡᠷᠬᠡᠱᠢᠶᠡᠯ ᠭᠡᠵᠦ᠍ ᠥᠬᠡᠶ᠂ ᠪᠦᠲᠦᠭᠡᠵᠦ᠍ ᠴᠢᠳᠠᠰᠢ ᠥᠬᠡᠶ ᠠᠭᠤᠤ ᠦᠶ᠋ᠯᠡᠰ ᠭᠡᠵᠦ᠍ ᠥᠬᠡᠶ ᠶᠤᠮ᠃

ᠪᠦᠯᠬᠦᠮᠳᠡᠨ ᠲᠡᠮᠡᠴᠡᠪᠡᠯ ᠠᠭᠤᠯᠠ ᠤᠰᠤ᠎ᠶ᠋ᠢ ᠴᠤ᠌ ᠲᠠᠪᠠᠨ ᠲᠤᠭᠤᠯᠵᠤ ᠴᠢᠳᠠᠨ᠎ᠠ ; ᠰᠡᠳᠬᠢᠯ ᠨᠢᠬᠡᠳᠦᠨ ᠬᠦᠴᠦ ᠪᠡᠨ ᠬᠠᠮᠳᠤᠳᠬᠠᠪᠠᠯ ᠢᠷᠡᠭᠡᠳᠦᠶ ᠬᠦᠰᠡᠯ ᠡᠷᠡᠮᠡᠯᠵᠡᠯ ᠵᠢᠡᠷ ᠪᠢᠯᠬᠠᠨ᠎ᠠ᠃ ᠤᠮᠠᠷᠠᠲᠤ ᠬᠢᠯᠢ᠎ᠶ᠋ᠢᠨ 2400 ᠭᠠᠷᠤᠶ ᠲᠦᠮᠡᠨ ᠬᠥᠪᠡᠭᠦᠳ ᠥᠬᠢᠳ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠥᠬᠡᠶ ᠡᠭᠦᠳᠪᠡᠯ ᠥᠪᠥᠷ ᠮᠣᠩᠭᠣᠯ᠎ᠤᠨ ᠮᠠᠷᠭᠠᠰᠢ ᠯᠠᠪᠲᠠᠶ ᠨᠠᠩ ᠰᠠᠢᠨ ᠰᠠᠢᠬᠠᠨ ᠪᠣᠯᠵᠣ᠂ ᠥᠪᠥᠷ ᠮᠣᠩᠭᠣᠯ᠎ᠤᠨ ᠢᠷᠡᠭᠡᠳᠦᠶ ᠨᠠᠩ ᠬᠡᠷᠡᠯ ᠰᠠᠴᠤᠷᠠᠩᠭᠤᠶ ᠪᠣᠯᠵᠥ ᠴᠢᠳᠠᠬᠤ ᠨᠢ ᠯᠠᠪᠳᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面