2021-12-11 20:08:32
12 ᠰᠠᠷ᠎ᠠ᠎ᠶ᠋ᠢᠨ 3᠎ᠤ᠋ ᠡᠳᠦᠷ᠂ ᠱᠢᠯᠢ᠎ᠶ᠋ᠢᠨ ᠭᠣᠣᠯ ᠠᠢᠮᠠᠭ᠎ᠤᠨ ᠨᠠᠮ᠎ᠤᠨ ᠬᠣᠷᠢᠶ᠎ᠠ ᠵᠢᠨ ᠱᠦᠵᠢ ᠶᠤᠤ ᠶᠦᠩ ᠪᠥᠸᠧ ᠤᠳᠤᠷᠢᠳᠭᠤ ᠺᠠᠳ᠋ᠷᠴᠤᠳ᠎ᠤᠨ ᠶᠡᠬᠡ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ᠌ ᠠᠢᠮᠠᠭ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷᠴᠤᠳ᠎ᠤᠨ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠴᠢ ᠵᠣᠷᠢᠭ᠎ᠢᠶᠠᠨ ᠬᠥᠪᠴᠢᠯᠡᠨ᠂ ᠠᠤᠭ᠎ᠠ ᠵᠢᠷᠤᠭ ᠲᠥᠰᠦᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠰᠠᠢ᠌ᠨ ᠰᠠᠢᠬᠠᠨ ᠬᠦᠰᠡᠯ ᠵᠡᠭᠦᠳᠦ᠍᠎ᠵᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠪᠡᠷ ᠴᠢᠷᠮᠠᠢᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠱᠢᠨ᠎ᠡ ᠬᠤᠪᠢ ᠨᠡᠮᠡᠷᠢ ᠦᠵᠡᠭᠦᠯᠬᠦ᠌᠎ᠵᠢ ᠴᠢᠨᠠᠬᠰᠢᠳᠠ ᠲᠠᠢᠴᠢᠯᠠᠨ ᠵᠤᠷᠢᠬᠵᠢᠭᠤᠯᠪᠠ᠃
ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢᠨ ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ ᠴᠢᠬᠤᠯᠠ ᠴᠠᠭ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃ ᠪᠦᠬᠦ᠌ ᠠᠢᠮᠠᠭ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠷᠠᠯᠳᠤᠭ᠍ᠰᠠᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠵᠤ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠲᠠᠢ ᠭᠤᠢᠪᠢᠰᠢ ᠦᠭᠡᠢ ᠪᠠᠲᠤ ᠨᠢᠭᠡᠳᠭᠡᠵᠦ᠍᠂ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ ᠪᠠᠲᠤ ᠦᠢᠯᠡᠳᠦᠯᠭᠡᠵᠢᠭᠦᠯᠵᠦ᠍᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠵᠤ᠂ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠯᠢ᠎ᠶ᠋ᠢᠨ ᠭᠣᠣᠯ ᠠᠢᠮᠠᠭ᠎ᠲᠤ ᠲᠡᠷᠡ ᠶᠣᠰᠣᠭᠠᠷ ᠨᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠴᠢᠬᠤᠯᠠ ᠡᠭᠦᠷᠭᠡ ᠮᠥᠨ᠂ ᠣᠳᠣᠬᠢᠴᠢᠯᠠᠭ᠍ᠰᠠᠨ ᠱᠢᠯᠢ᠎ᠶ᠋ᠢᠨ ᠭᠣᠣᠯ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠳᠤ ᠴᠢᠬᠤᠯᠠ ᠶᠡᠬᠡ ᠪᠥᠭᠡᠳ ᠠᠯᠤᠰ ᠬᠡᠳᠦ᠍᠎ᠶ᠋ᠢᠨ ᠠᠴᠢ ᠬᠣᠯᠪᠣᠭ᠍ᠳᠠᠯ᠎ᠲᠠᠶ ᠶᠤᠮ᠃ ᠪᠥᠬᠥ᠌ ᠠᠢᠮᠠᠭ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠷᠢᠨ ᠨᠢᠮᠪᠠᠶ ᠲᠥᠯᠥᠪᠵᠢᠭᠦᠯᠦᠨ ᠪᠠᠢᠷᠢᠯᠠᠭᠤᠯᠵᠤ᠂ ᠨᠠᠷᠢᠨ ᠬᠢᠨᠠᠮᠠᠭᠠᠶ ᠤᠯᠠᠮᠵᠢᠯᠠᠨ ᠰᠤᠷᠤᠯᠴᠠᠵᠤ᠂ ᠤᠳᠤᠷᠢᠳᠭᠤ ᠺᠠᠳ᠋ᠷ᠎ᠤᠨ ᠥᠯᠢᠭᠡᠷ ᠳᠠᠭᠤᠷᠢᠶᠠᠯ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠦᠨᠳᠦᠰᠦᠨ ᠱᠠᠲᠤᠨ᠎ᠳᠤ ᠬᠠᠨᠳᠤᠭᠤᠯᠵᠤ᠂ ᠭᠤᠤᠯᠳᠠᠯᠭ᠎ᠠ᠎ᠲᠠᠶ ᠬᠥᠮᠦᠰ᠎ᠲᠦ ᠠᠩᠬᠠᠷᠤᠯ᠎ᠢᠶᠠᠨ ᠲᠥᠪᠯᠡᠷᠡᠭᠦᠯᠬᠦ᠌᠎ᠶ᠋ᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠢ ᠲᠠᠰᠤᠷᠠᠯᠲᠠ ᠥᠬᠡᠶ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠦᠳᠲᠡᠷ ᠲᠦᠷᠭᠡᠨ ᠦᠨᠳᠦᠰᠦᠨ ᠱᠠᠲᠤᠨ ᠳᠤ ᠭᠦᠨᠵᠡᠭᠡᠢᠷᠡᠵᠦ᠍᠂ ᠣᠯᠠᠨ ᠲᠦᠮᠡᠨ᠎ᠦ ᠳᠤᠮᠳᠠ ᠭᠦᠨᠵᠡᠭᠡᠢᠷᠡᠵᠦ᠍᠂ ᠬᠥᠮᠦᠰ᠎ᠦᠨ ᠰᠡᠳᠭᠢᠯ᠎ᠳᠦ ᠬᠠᠳᠠᠩᠱᠢᠬᠤᠶ᠋ᠢ ᠪᠠᠲᠤᠯᠠᠬᠤ ᠭᠡᠷᠡᠭᠲᠡᠢ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠤᠬᠠᠭᠤᠯᠤᠨ ᠲᠠᠢᠯᠪᠤᠷᠢᠯᠠᠬᠤ᠎ᠶ᠋ᠢ ᠡᠮᠬᠢ ᠵᠢᠷᠤᠮ᠎ᠲᠠᠶ ᠠᠬᠢᠭᠤᠯᠵᠤ᠂ ᠰᠣᠨᠢᠨ ᠰᠡᠳᠬᠦᠯ᠂ ᠷᠠᠳᠢᠣ᠋᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ᠎ᠤᠨ ᠲᠠᠪᠴᠠᠩ᠎ᠤᠨ ᠡᠬᠢ ᠪᠠᠶᠠᠯᠢᠭ᠎ᠢ ᠨᠡᠢᠳᠭᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ᠎ᠢ ᠪᠦᠷᠢᠯᠳᠦᠭᠦᠯᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠭᠤᠨ᠎ᠢ ᠴᠠᠭ ᠲᠤᠬᠠᠶ᠎ᠳᠤᠨᠢ ᠡᠯ᠎ᠡ ᠠᠵᠢᠯ ᠲᠥᠷᠥᠯ ᠪᠠ ᠥᠷᠭᠡᠨ ᠣᠯᠠᠨ ᠮᠠᠯᠴᠢᠨ ᠲᠠᠷᠢᠶᠠᠴᠢᠨ ᠣᠯᠠᠨ ᠲᠦᠮᠡᠨᠦᠳᠤᠮᠳᠠᠳᠠᠮᠵᠢᠭᠤᠯᠵᠤ᠂ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠪᠦᠲᠦᠮᠵᠢᠲᠡᠶ ᠨᠢᠭ᠍ᠲᠠᠷᠠᠭᠤᠯᠤᠨ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠨᠡᠢᠯᠡᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠶ ᠭᠡᠵᠤ ᠴᠢᠬᠤᠯᠠᠴᠢᠯᠠᠪᠠ᠃
ᠬᠤᠷᠠᠯ᠎ᠡᠴᠡ᠂ ᠡᠯ᠎ᠡ ᠱᠠᠳᠤ ᠡᠯ᠎ᠡ ᠰᠠᠯᠠᠭ᠎ᠠ ᠮᠥᠴᠢᠷ᠎ᠦᠨ ᠬᠢᠨ ᠥᠪᠡᠷᠲᠡᠭᠡᠨ ᠵᠠᠰᠠᠬᠤ ᠣᠷᠣᠨᠤᠠᠷᠪᠠᠨᠨᠢᠭᠡᠳᠦᠭᠡᠷᠤᠳᠠᠭᠠᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠳᠤᠷᠠᠳᠤᠭ᠍ᠰᠠᠨ ᠬᠠᠷᠠᠯᠲᠠ ᠪᠠ ᠡᠭᠦᠷᠭᠡ᠎ᠪᠡᠷ ᠪᠠᠷᠢᠮᠵᠢᠶᠠᠯᠠᠵᠤ᠂ ᠶᠠᠭ ᠥᠷᠨᠢᠭᠦᠯᠵᠦ᠍ ᠪᠠᠢᠭ᠎ᠠ ᠪᠠᠢᠭᠤᠯᠭ᠎ᠠ ᠨᠢᠭᠡᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠪᠠ ᠨᠡᠢᠭᠡᠮ᠎ᠦᠨ ᠠᠮᠤᠷ ᠲᠦᠪᠱᠢᠨ ᠲᠣᠭ᠍ᠲᠠᠭᠤᠨ᠎ᠤ ᠠᠶᠤᠯ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠪᠡᠷ ᠠᠭᠤᠯᠭ᠎ᠠ ᠪᠣᠯᠭᠠᠭ᠍ᠰᠠᠨ《ᠬᠤᠤᠰ ᠵᠠᠭᠤ》ᠵᠢᠨ ᠪᠣᠭᠣᠮᠲᠠ ᠱᠢᠪᠲᠤᠯᠬᠤ ᠠᠵᠢᠯᠯᠠᠭ᠎ᠠ ᠲᠠᠶ ᠤᠶᠠᠯᠳᠤᠭᠤᠯᠤᠨ᠂ ᠣᠳᠣᠬᠠᠨ᠎ᠤ ᠠᠵᠢᠯ᠎ᠢ ᠪᠦᠬᠦ᠌ ᠲᠠᠯ᠎ᠠ᠎ᠪᠠᠷ ᠰᠢᠯᠤᠭᠤᠳᠬᠠᠵᠦ᠂ ᠵᠥᠷᠢᠶ᠎ᠡ ᠳᠤᠲᠠᠭᠤᠳᠠᠯ᠎ᠢ ᠣᠨᠣᠪᠴᠢᠲᠠᠶ ᠡᠷᠢᠨ᠂ ᠰᠡᠳᠭᠢᠴᠡ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠵᠤ᠂ ᠬᠦᠴᠦᠨᠢᠶᠡᠨᠲᠥᠪᠯᠡᠷᠡᠭᠦᠯᠦᠨᠨᠠᠢᠳᠠᠪᠤᠷᠢᠵᠢᠭᠤᠯᠤᠯᠲᠠᠶ᠋ᠢ ᠠᠳᠭᠤᠨ᠂ ᠪᠥᠬᠥ᠌ ᠬᠦᠴᠦᠨ᠎ᠢᠶᠡᠷ᠎ᠢᠶᠡᠨ ᠬᠥᠭ᠌ᠵᠢᠯᠲᠡᠶ᠋ᠢᠠᠬᠢᠭᠤᠯᠵᠤ᠂ ᠠᠵᠤ ᠠᠬᠤᠢ᠎ᠶ᠋ᠢᠨ ᠡᠷᠬᠢᠯᠳᠠ᠂ ᠠᠮᠢ ᠠᠬᠤᠶ᠎ᠣᠷᠴᠢᠨ ᠲᠣᠭᠣᠷᠢᠨ᠎ᠤ ᠬᠠᠮᠠᠭᠠᠯᠠᠯᠲᠠ᠂ ᠬᠤᠳᠠ ᠬᠥᠳᠡᠭᠡ᠎ᠶ᠋ᠢᠨ ᠪᠦᠳᠦᠭᠡᠠ ᠪᠠᠢᠭᠤᠯᠤᠯᠲᠠ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠲᠣᠭ᠍ᠲᠠᠭᠤᠨ ᠪᠠᠢᠳᠠᠯ᠎ᠢ ᠬᠠᠮᠠᠭᠠᠯᠠᠬᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠨᠠᠮ᠎ᠤᠨ ᠪᠠᠢᠭᠤᠯᠤᠯᠲᠠ᠎ᠶ᠋ᠢᠨ ᠡᠯ᠎ᠡ ᠵᠦᠶ᠋ᠯ᠎ᠦᠨ ᠠᠵᠢᠯ ᠢ᠋ ᠨᠢᠭᠡᠳᠦᠯᠲᠡᠢ ᠲᠥᠯᠥᠪᠯᠡᠨᠰᠠᠢᠲᠤᠷᠬᠢᠵᠦ᠂ᠥᠪᠡᠷᠲᠡᠭᠡᠨᠵᠠᠰᠠᠬᠤᠣᠷᠣᠨᠤᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠢᠯ᠎ᠤᠨ ᠳᠤᠮᠳᠠ᠎ᠪᠠᠨ ᠢᠯᠡᠷᠡᠭᠦᠯᠬᠦ᠌᠂ ᠠᠵᠢᠯᠯᠠᠭ᠎ᠠ ᠳᠡᠭᠡᠷ᠎ᠡ᠎ᠪᠡᠨ ᠨᠠᠢᠳᠠᠪᠤᠷᠢᠵᠢᠭᠤᠯᠬᠤ ᠪᠡᠷ ᠴᠢᠷᠮᠠᠢᠵᠤ᠂ ᠪᠦᠬᠦ᠌ ᠠᠢᠮᠠᠭ᠎ᠤᠨ《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠴᠦ᠂ ᠱᠢᠯᠢᠳᠡᠭ ᠠᠮᠵᠢᠯᠳᠠ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠭᠡᠷᠡᠭᠲᠡᠢ ᠭᠡᠵᠦ ᠱᠠᠭᠠᠷᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃