2021-12-12 20:11:04
12 ᠰᠠᠷ᠎ᠠ᠎ᠶ᠋ᠢᠨ 1 ᠤ᠋ ᠡᠳᠦᠷ᠂ ᠤᠯᠠᠭᠠᠨᠴᠠᠪ ᠬᠤᠳᠠ ᠵᠢᠨ ᠬᠢᠨ ᠪᠦᠬᠦ᠌ ᠬᠤᠳᠠ᠎ᠶ᠋ᠢᠨ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠱ᠌ᠢ ᠲᠡᠶ ᠹᠸᠩ ᠱᠦᠵᠢ᠎ᠶ᠋ᠢᠨ ᠤᠯᠠᠭᠠᠨᠴᠠᠪ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮᠦᠨᠬᠢᠨᠠᠨ ᠵᠥᠪᠯᠡᠬᠦ᠌ ᠳᠦ ᠣᠷᠣᠯᠴᠠᠬᠤ ᠦᠶ᠎ᠡ ᠶ᠋ᠢᠨ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠪᠦᠬᠦ᠌ ᠬᠤᠳᠠ᠎ᠶ᠋ᠢᠨ ᠰᠤᠷᠤᠯᠴᠠᠨ ᠤᠬᠠᠭᠤᠯᠵᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠪᠠᠢᠷᠢᠯᠠᠭᠤᠯᠪᠠ᠃
ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠮᠠᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯᠦᠨᠤᠢᠶ᠋ᠢᠨ ᠴᠢᠬᠤᠯᠠ ᠴᠠᠭ ᠮᠥᠴᠡ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠭᠡᠳ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤᠱᠢᠨᠡᠠᠶᠠᠨᠢᠡᠬᠢᠯᠡᠭᠦᠯᠬᠦ᠌ᠵᠠᠩᠭᠢᠯᠠᠭᠠᠶ᠋ᠢᠨᠴᠠᠭᠦᠶᠡ ᠳᠦ ᠬᠤᠷᠠᠯᠳᠤᠭᠤᠯᠤᠭ᠍ᠰᠠᠨ ᠨᠢᠭᠡ ᠤᠳᠠᠭ᠎ᠠ᠎ᠶ᠋ᠢᠨ ᠮᠠᠰᠢ ᠴᠢᠬᠤᠯᠠ ᠬᠤᠷᠠᠯ ᠪᠣᠯᠤᠨ᠎ᠠ᠂ ᠢᠯᠠᠩᠭᠤᠶ᠎ᠠ ᠱ᠌ᠢ᠎ᠲᠡᠶ ᠹᠸᠩ ᠱᠦᠵᠢ᠎ᠶ᠋ᠢᠨ ᠤᠯᠠᠭᠠᠨᠴᠠᠪ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠶᠠᠷᠢᠶ᠎ᠠ ᠨᠢ ᠪᠦᠬᠦ᠌ ᠬᠤᠳᠠ᠎ᠶ᠋ᠢᠨ ᠬᠠᠮᠲᠤ᠎ᠪᠠᠷ ᠪᠠᠶᠠᠵᠢᠬᠤ᠂ ᠪᠣᠬᠢᠷᠲᠤᠯ ᠦᠭᠡᠢ ᠬᠥᠭ᠌ᠵᠢᠯᠲᠡ᠂ ᠭᠠᠳᠠᠭᠠᠳᠤ ᠨᠡᠭᠡᠭᠡᠯᠳᠠ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠠᠵᠢᠯᠯᠠᠭᠠᠨ᠎ᠤ ᠵᠦᠭ᠌ᠯᠡᠭᠦᠷ ᠬᠠᠩᠭᠠᠵᠠᠢ᠃ ᠪᠦᠬᠦ᠌ ᠬᠤᠳᠠ ᠳᠠᠶᠠᠭᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠡᠵᠡᠮᠰᠢᠵᠤ᠂ ᠵᠣᠷᠢᠭ ᠰᠠᠨᠠᠭᠠᠨ᠎ᠤ ᠮᠥᠨ ᠴᠢᠨᠠᠷ᠎ᠢ ᠣᠨᠣᠪᠴᠢᠲᠠᠢ ᠡᠵᠡᠮᠳᠡᠵᠦ᠍᠂ᠤᠬᠠᠭᠤᠯᠤᠨᠰᠤᠷᠳᠠᠯᠴᠢᠯᠠᠵᠦᠤᠬᠠᠭᠤᠯᠤᠨ ᠲᠠᠢᠯᠪᠤᠷᠢᠯᠠᠬᠤ ᠪᠠ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢ ᠵᠣᠬᠢᠶᠠᠨ ᠪᠠᠢᠭᠤᠯᠵᠤ ᠠᠬᠢᠭᠤᠯᠬᠤ ᠠᠵᠢᠯ᠎ᠢ ᠪᠦᠬᠦ᠌ ᠲᠠᠯ᠎ᠠ᠎ᠪᠠᠷ ᠰᠠᠢᠲᠤᠷ ᠬᠢᠵᠦ᠍᠂ ᠪᠦᠬᠦ᠌ ᠬᠤᠳᠠ᠎ᠶ᠋ᠢᠨ ᠡᠯ᠎ᠡ ᠵᠦᠢᠯ᠎ᠦᠨ ᠠᠵᠢᠯ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠢ ᠬᠡᠵᠤ ᠵᠢᠭᠠᠵᠤ ᠭᠠᠷᠭᠠᠪᠠ᠃
ᠬᠤᠷᠠᠯ᠎ᠡᠴᠡ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠤᠯᠤᠰ ᠲᠥᠷᠥ᠎ᠶ᠋ᠢᠨ ᠤᠳᠤᠷᠢᠳᠤᠮᠵᠢ ᠪᠣᠯᠤᠨ ᠥᠷᠲᠡᠭ᠎ᠦᠨ ᠬᠥᠭᠡᠭᠡᠴᠡᠯᠳᠦᠯ᠎ᠢ ᠪᠠᠲᠤᠳᠭᠠᠵᠤ᠂ ᠤᠰᠤᠨ᠎ᠤ ᠠᠮᠢ ᠠᠬᠤᠶ ᠶ᠋ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠤ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠬᠠᠮᠠᠭᠠᠯᠠᠬᠤᠪᠠᠵᠠᠰᠠᠨ ᠰᠡᠷᠭᠦᠭᠡᠬᠦ᠌᠎ᠶ᠋ᠢ ᠴᠢᠩᠭᠠᠳᠭᠠᠵᠤ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠱᠠᠯᠠᠪᠳᠠᠭᠤᠯᠤᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤᠶ᠋ᠢᠴᠢᠩᠭᠠᠠᠳᠭᠤᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ ᠬᠡᠷᠡᠭ᠌ᠲᠡᠶ᠃ 《ᠭᠤᠷᠪᠠ᠎ᠶ᠋ᠢ ᠬᠤᠪᠢᠷᠠᠭᠤᠯᠬᠤ》 ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠡᠵᠡᠮᠳᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠬᠡᠯᠪᠡᠷᠢ᠎ᠪᠡᠨ ᠬᠤᠪᠢᠷᠠᠭᠤᠯᠬᠤ᠎ᠶ᠋ᠢ ᠭᠦᠨᠵᠡᠭᠡᠢ ᠠᠬᠢᠭᠤᠯᠵᠤ᠂ ᠠᠵᠤ ᠦᠢᠯᠡᠰ᠎ᠦᠨ ᠪᠦᠯᠦᠭ᠌ᠵᠢᠯ᠎ᠢ ᠪᠠᠢᠭᠤᠯᠤᠨ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠵᠤ᠂ ᠨᠡᠭᠡᠭᠡᠯᠲᠡ ᠬᠥᠭ᠌ᠵᠢᠯᠲᠡ᠎ᠪᠡᠷ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠠᠵᠤ ᠠᠬᠤᠢ ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ ᠬᠡᠷᠡᠭ᠌ᠲᠡᠢ᠃ ᠠᠷᠠᠳ᠎ᠤᠨ ᠠᠮᠢᠳᠤᠷᠠᠯ ᠠᠵᠠ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠰᠠᠢᠲᠤᠷ ᠪᠡᠬᠢᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠦᠢᠯᠡᠰ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ ᠱᠢᠨᠡᠴᠢᠯᠡᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ ᠵᠢᠷᠭᠠᠯᠲᠤ ᠲᠦᠷᠦᠭ᠌ᠳᠡᠯ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ᠃ ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠡᠭᠦᠳᠦᠨ ᠪᠠᠢᠭᠤᠯᠬᠤ ᠵᠢ ᠭᠦᠨᠵᠡᠭᠡᠢ ᠠᠬᠢᠭᠤᠯᠵᠤ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ᠎ᠶ᠋ᠢ ᠢᠮᠠᠭ᠍ᠲᠠ ᠪᠠᠷᠢᠮᠲᠠᠯᠠᠵᠤ᠂ ᠦᠨᠳᠦᠰᠦᠲᠡᠨ᠎ᠦ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ ᠬᠡᠷᠡᠭ᠌ᠲᠡᠢ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠢᠮᠠᠭ᠍ᠲᠠ ᠲᠤᠭᠤᠱᠢᠯᠠᠭᠤᠯᠵᠤ᠂ 《ᠲᠦᠷᠪᠡᠨ ᠰᠤᠷᠲᠠᠯ》 ᠢ᠋ ᠴᠥᠬᠥᠷᠡᠰᠢ ᠦᠭᠡᠢ ᠵᠠᠯᠠᠷᠠᠭᠤᠯᠵᠤ᠂ ᠢᠯᠵᠠᠷᠡᠯ᠎ᠢ ᠡᠰᠡᠷᠭᠦᠴᠡᠬᠦ᠌ ᠰᠦᠷᠲᠦ ᠪᠠᠢᠳᠠᠯ᠎ᠢ ᠪᠠᠲᠤᠯᠠᠵᠤ᠂ ᠬᠡᠷᠡᠭ᠎ᠢᠶᠡᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠬᠤᠶ᠋ᠢᠲᠠᠰᠤᠷᠠᠯᠳᠠᠦᠭᠡᠢᠭᠦᠨᠵᠡᠭᠡᠢᠷᠡᠭᠦᠯᠵᠦ᠍᠂ᠭᠣᠣᠯᠴᠣᠭ᠍ᠴᠠᠶ᠋ᠢᠨ ᠬᠠᠷᠢᠭᠤᠴᠠᠯᠭ᠎ᠠ᠎ᠶ᠋ᠢ ᠦᠨᠡᠨᠬᠦ᠌ᠡᠭᠦᠷᠭᠡᠯᠡᠵᠦ᠍᠂ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ ᠬᠡᠵᠤ ᠴᠢᠬᠤᠯᠠᠴᠢᠯᠠᠪᠠ᠃
ᠬᠤᠷᠠᠯ᠎ᠡᠴᠡ ᠪᠠᠰᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠴᠢᠩᠭ᠎ᠠ ᠬᠠᠮᠢᠶᠠᠷᠤᠨ ᠴᠢᠩᠭ᠎ᠠ ᠡᠵᠡᠮᠳᠡᠵᠦ᠍᠂ ᠣᠷᠣᠬᠤ ᠡᠭᠦᠳᠡ᠎ᠶ᠋ᠢ ᠪᠠᠳᠤ ᠰᠠᠬᠢᠬᠤ ᠬᠡᠷᠡᠭ᠌ᠲᠡᠢ᠃ ᠳᠤᠮᠳᠠ ᠥᠨᠳᠥᠷ ᠲᠦᠭ᠌ᠰᠢᠭᠦᠷᠢᠲᠡᠶ ᠭᠠᠵᠠᠷ ᠣᠷᠣᠨ᠎ᠡᠴᠡ ᠲᠣᠰ ᠬᠣᠲᠠ᠎ᠳᠤ ᠢᠷᠡᠭ᠌ᠰᠡᠨ ᠬᠥᠮᠦᠰ᠎ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠨᠢᠭᠡᠬᠥᠮᠦᠨᠢᠴᠦ᠍ᠣᠷᠬᠢᠭ᠍ᠳᠠᠭᠤᠯᠵᠤᠪᠤᠯᠬᠤᠦᠬᠡᠢ᠃ ᠭᠤᠤᠯᠳᠠᠯᠭ᠎ᠠ ᠳᠠᠢᠠᠶᠤᠯᠲᠦᠭ᠌ᠰᠢᠭᠦᠷᠢᠲᠡᠶ ᠲᠠᠯᠠᠪᠤᠷ ᠭᠠᠵᠠᠷ᠎ᠢ ᠴᠢᠩᠭ᠎ᠠ ᠬᠠᠮᠢᠶᠠᠷᠴᠤ᠌᠂ ᠪᠠᠢᠩᠭᠤᠵᠢᠭᠤᠯᠤᠬᠰᠠᠨ ᠵᠢᠩᠬᠢᠨᠢ ᠪᠠᠢᠯᠳᠤᠭᠠᠨᠴᠢᠯᠠᠬᠰᠠᠨ ᠰᠤᠷᠢᠯᠳᠠ ᠵᠢ ᠦᠷᠨᠢᠬᠦᠯᠵᠤ᠂ ᠸᠠᠺᠼᠢᠨ᠎ᠤ ᠲᠠᠷᠢᠯᠭ᠎ᠠ᠎ᠶ᠋ᠢᠨ ᠠᠵᠢᠯ᠎ᠢ ᠰᠠᠢᠲᠤᠷ ᠠᠳᠭᠤᠵᠤ᠂ ᠪᠦᠬᠦ᠌ ᠠᠷᠠᠳ᠎ᠤᠨ ᠬᠢᠵᠢᠭ᠎ᠢ ᠰᠡᠷᠭᠡᠢᠯᠡᠬᠦ᠌ ᠪᠠᠲᠤ ᠪᠡᠬᠢ ᠰᠡᠷᠭᠡᠢᠯᠡᠯᠲᠡ᠎ᠶ᠋ᠢᠨ ᠱᠤᠭᠤᠮ᠎ᠢ ᠴᠣᠭ᠍ᠴᠠᠯᠠᠬᠤ ᠬᠡᠷᠡᠭ᠌ᠲᠡᠢ ᠬᠡᠵᠤ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃