ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-13 10:22:10

ᠵᠣᠬᠢᠶᠠᠭ᠍ᠴᠢ᠄ ᠲᠤᠰ ᠰᠣᠨᠢᠨ᠎ᠤ ᠱᠢᠭᠦᠮᠵᠢᠯᠡᠭ᠌ᠴᠢ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ


《ᠤᠯᠤᠰ᠎ᠤᠨ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠬᠡᠷᠡᠭ᠌ᠲᠡᠢ》᠂《ᠤᠯᠠᠨ ᠨᠡᠢᠲᠡ᠎ᠶ᠋ᠢᠨ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ》᠂ 《ᠨᠡᠢᠭᠡᠮ᠎ᠦᠨ ᠲᠣᠭ᠍ᠲᠠᠭᠤᠨ ᠪᠠ ᠠᠮᠤᠷ ᠲᠦᠪᠱᠢᠨ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭ᠌ᠲᠡᠢ》᠁ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠨᠡᠩ ᠥᠨᠳᠥᠷ ᠲᠦᠪᠱᠢᠨ ᠪᠦᠬᠦᠢ ᠠᠮᠤᠭᠤᠯᠠᠨᠭᠳᠤ ᠥᠪᠥᠷ ᠮᠣᠩᠭᠣᠯ᠎ᠢ ᠪᠦᠲᠦᠭᠡᠨ ᠪᠠᠢᠭᠤᠯᠬᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠰᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠴᠢᠬᠤᠯᠠ ᠶᠡᠬᠡ ᠪᠠᠢᠷᠢᠯᠠᠭᠤᠯᠤᠯᠲᠠ ᠎ᠶ᠋ᠢᠨ ᠲᠣᠭᠣᠷᠢᠨ ᠎ᠳᠤ᠂ ᠎ᠥᠪᠥᠷ ᠮᠣᠩᠭᠣᠯ᠎ᠤᠨ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌᠎ᠳᠦ ᠴᠢᠭ᠌ᠯᠡᠯ᠎ᠢ ᠲᠣᠳᠣᠷᠬᠠᠢᠯᠠᠵᠤ᠂ ᠵᠢᠯᠤᠭᠤᠳᠤᠯᠭ᠎ᠠ ᠬᠠᠩᠭᠠᠪᠠ᠃

ᠥᠪᠥᠷ ᠮᠣᠩᠭᠣᠯ ᠡᠬᠡ ᠤᠯᠤᠰ᠎ᠤᠨ ᠤᠮᠠᠷᠠᠲᠤ ᠬᠢᠯᠢ᠎ᠳᠦ ᠪᠠᠢᠷᠢᠯᠠᠵᠤ᠂ ᠬᠢᠯᠢ᠎ᠶ᠋ᠢᠨ ᠱᠤᠭᠤᠮ᠎ᠤᠨ ᠣᠷᠳᠣ 4200 ᠭᠠᠷᠤᠶ ᠺᠢᠯᠣᠮᠧᠲ᠋ᠷ᠎ᠲᠦ ᠬᠦᠷᠴᠦ᠍᠂ ᠬᠢᠯᠢ ᠳᠠᠭᠠᠤ ᠨᠡᠢᠲᠡ 20 ᠬᠢᠯᠢ᠎ᠶ᠋ᠢᠨ ᠬᠣᠱᠢᠭᠤ ᠬᠣᠲᠠ ᠲᠣᠭᠣᠷᠢᠭ᠎ᠲᠠᠶ ᠪᠠᠢᠵᠤ᠂ 7 ᠠᠢᠮᠠᠭ ᠬᠣᠲᠠ᠎ᠳᠤ ᠲᠠᠷᠬᠠᠵᠤ᠂ ᠨᠡᠷ᠎ᠡ ᠨᠢᠳᠡᠷ᠎ᠲᠡᠬᠡᠨ ᠨᠡᠢᠴᠡᠭ᠌ᠰᠡᠨ ᠡᠬᠡ ᠤᠯᠤᠰ᠎ᠤᠨ《ᠤᠮᠠᠷᠠᠲᠤ ᠶᠡᠬᠡ ᠡᠭᠦᠳᠡ》᠂ ᠨᠡᠢᠰᠯᠡᠯ᠎ᠦᠨ 《ᠤᠨᠠᠭᠤᠯᠢ ᠭᠤᠤᠯ》 ᠪᠠᠢᠵᠤ᠂ ᠤᠯᠤᠰ᠎ᠤᠨ ᠠᠮᠤᠷ ᠲᠦᠪᠱᠢᠨ ᠲᠣᠭ᠍ᠲᠠᠭᠤᠨ᠎ᠤ ᠶᠡᠬᠡ ᠲᠠᠯ᠎ᠠ᠎ᠳᠤ ᠪᠠᠢᠷᠢ ᠰᠠᠭᠤᠷᠢ᠎ᠪᠠᠷ ᠴᠢᠬᠤᠯᠠ ᠪᠥᠭᠡᠳ ᠬᠠᠷᠢᠭᠤᠴᠠᠯᠭ᠎ᠠ᠎ᠪᠠᠷ ᠬᠦᠨᠳᠦ ᠪᠠᠢᠳᠠᠭ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠡᠷᠬᠡᠪᠰᠢ ᠬᠣᠷᠢᠭ᠎ᠠ ᠱᠤᠭᠤᠮ᠎ᠤᠨ ᠰᠡᠳᠭᠢᠬᠦᠢ ᠪᠣᠯᠤᠨ ᠲᠦᠭ᠌ᠰᠢᠭᠦᠷᠢ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠶᠡᠬᠡ ᠠᠮᠤᠷ ᠲᠦᠪᠱᠢᠨ᠎ᠦ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠶᠡᠬᠡ ᠠᠮᠤᠷ ᠲᠠᠢᠪᠤᠩ᠎ᠤᠨ ᠱᠢᠰᠲᠸᠮ᠎ᠢ ᠲᠡᠭᠦᠯᠳᠡᠷᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ ᠪᠣᠯᠤᠨ ᠥᠨᠳᠥᠷ ᠲᠦᠪᠱᠢᠨ ᠪᠦᠬᠦᠢ ᠠᠮᠤᠷ ᠲᠦᠪᠱᠢᠨ᠎ᠦ ᠰᠠᠢ᠌ᠨ ᠬᠤᠷᠱᠢᠯᠴᠠᠭ᠎ᠠ ᠵᠢ ᠠᠬᠢᠭᠤᠯᠵᠤ᠂ ᠨᠡᠢᠭᠡᠮ ᠨᠡᠩ ᠠᠮᠤᠷ ᠲᠣᠭ᠍ᠲᠠᠭᠤᠨ᠂ ᠠᠷᠠᠳ ᠲᠦᠮᠡᠨ ᠨᠡᠩ ᠠᠮᠤᠷ ᠠᠮᠤᠭᠤᠯᠠᠩ ᠪᠠᠢᠬᠤ᠎ᠶ᠋ᠢ ᠪᠠᠲᠤᠯᠠᠵᠤ᠂ ᠥᠪᠥᠷ ᠮᠣᠩᠭᠣᠯ᠎ᠤᠨ ᠲᠣᠭ᠍ᠲᠠᠭᠤᠨ ᠪᠠᠢᠳᠠᠯ᠎ᠢᠶᠠᠷ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠵᠤ᠂ ᠨᠡᠢᠰᠯᠡᠯ᠎ᠦᠨ ᠠᠮᠤᠷ ᠲᠦᠪᠱᠢᠨ᠎ᠢ ᠬᠠᠮᠠᠭᠠᠯᠠᠬᠤ ᠬᠡᠷᠡᠭ᠌ᠲᠡᠢ᠃

ᠠᠮᠤᠷ ᠎ᠲᠦᠪᠱᠢᠨ ᠪᠠᠢᠬᠤ ᠎ᠳᠠᠭᠠᠨ ᠠᠶᠤᠯ ᠲᠦᠭ᠌ᠰᠢᠭᠦᠷᠢ᠎ᠶ᠋ᠢ ᠪᠣᠳᠣᠯᠬᠢᠯᠠᠵᠤ᠂ ᠪᠤᠳᠤᠯᠬᠢᠯᠠᠪᠠᠰᠤ ᠪᠡᠯᠡᠳᠭᠡᠯ᠎ᠲᠡᠶ ᠪᠤᠯᠳᠠᠬ; ᠪᠡᠯᠡᠳᠭᠡᠯ᠎ᠲᠡᠶ ᠪᠣᠯ ᠪᠠᠯᠢᠳᠠᠬᠤ ᠦᠭᠡᠢ᠂ ᠡᠨᠡ ᠬᠦ᠌ ᠶᠤᠰᠤ ᠵᠢ ᠵᠢᠷᠤᠮᠯᠡᠨ ᠰᠠᠬᠢᠬᠤ ᠭᠡᠷᠡᠭᠳᠠᠢ᠃ ᠣᠳᠣᠬᠠᠨ᠎ᠳᠤ᠂ ᠡᠷᠢᠨ ᠵᠠᠭᠤᠨ᠎ᠤ ᠬᠢᠵᠢᠭ᠎ᠦᠨ ᠪᠠᠢᠳᠠᠯ ᠪᠣᠯᠤᠨ ᠵᠠᠭᠤᠨ ᠵᠢᠯ᠎ᠦᠨ ᠬᠤᠪᠢᠰᠤᠯᠳᠠ ᠰᠣᠯᠪᠢᠴᠠᠵᠤ᠂ ᠳᠡᠯᠡᠬᠡᠶ᠎ᠶ᠋ᠢᠨ ᠪᠠᠢᠳᠠᠯ᠎ᠳᠤ ᠬᠤᠪᠢᠷᠠᠯᠲᠠ ᠭᠠᠷᠴᠤ᠌᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ ᠨᠡᠢᠭᠡᠮ᠎ᠳᠦ ᠭᠦᠨᠵᠡᠭᠡᠶ ᠬᠤᠪᠢᠰᠤᠯᠲᠠ ᠭᠠᠷᠴᠤ᠌᠂ ᠤᠷᠢᠳᠴᠢᠯᠠᠨ ᠮᠡᠳᠡᠵᠦ᠍ ᠪᠣᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠡᠯ᠎ᠡ ᠵᠦᠶ᠋ᠯ᠎ᠦᠨ ᠠᠶᠤᠯ ᠲᠦᠭ᠌ᠰᠢᠭᠦᠷᠢ ᠤᠷᠢᠳ ᠡᠮᠦᠨ᠎ᠡ ᠪᠠᠢᠭ᠎ᠠ ᠦᠭᠡᠢ ᠶᠤᠮ᠃ ᠠᠮᠤᠷ ᠲᠦᠪᠱᠢᠨ ᠲᠣᠭ᠍ᠲᠠᠭᠤᠨ ᠪᠠᠢᠳᠠᠯ᠎ᠢ ᠬᠠᠮᠠᠭᠠᠯᠠᠬᠤ᠎ᠳᠤ ᠮᠠᠰᠢ ᠤᠯᠠᠨ ᠱᠢᠨ᠎ᠡ ᠪᠠᠢᠳᠠᠯ ᠱᠢᠨ᠎ᠡ ᠠᠰᠠᠭᠤᠳᠠᠯ ᠲᠤᠯᠭᠠᠷᠠᠵᠤ ᠪᠠᠢᠬᠤ ᠪᠣᠯᠬᠣᠷ ᠡᠷᠬᠡᠪᠰᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠬᠦᠴᠦᠯᠡᠨ ᠱᠢᠢᠳᠪᠦᠷᠢᠯᠡᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ᠂ ᠡᠷᠬᠡᠪᠰᠢ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠤᠯᠤᠰ ᠲᠦᠷᠦ᠍᠎ᠶ᠋ᠢᠨ ᠠᠮᠤᠷ ᠲᠦᠪᠱᠢᠨ᠎ᠦ ᠡᠨᠡ ᠬᠦ᠌ ᠬᠥᠪᠴᠢ᠎ᠶ᠋ᠢ ᠴᠢᠩᠭᠠᠯᠠᠵᠤ᠂ ᠤᠬᠠᠮᠰᠠᠷ᠎ᠡᠴᠡ᠎ᠪᠠᠨ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠲᠡᠷᠢᠭᠦᠨ ᠴᠢᠬᠤᠯᠠ ᠶᠠᠪᠤᠳᠠᠯ᠂ ᠲᠡᠷᠢᠭᠦᠨ ᠴᠢᠬᠤᠯᠠ ᠡᠭᠦᠷᠭᠡ ᠪᠣᠯᠭᠠᠨ ᠠᠳᠭᠤᠵᠤ᠂ ᠴᠠᠭ ᠢᠮᠠᠭ᠍ᠲᠠ ᠰᠠᠨᠠᠭᠠᠱᠢᠷᠠᠨ ᠵᠣᠪᠠᠨᠢᠬᠤ ᠤᠬᠠᠮᠰᠠᠷ ᠪᠣᠯᠤᠨ ᠲᠡᠮᠡᠴᠡᠯ᠎ᠦᠨ ᠵᠣᠷᠢᠭ ᠰᠠᠨᠠᠭ᠎ᠠ᠎ᠪᠡᠨ ᠪᠠᠳᠤᠯᠠᠵᠤ᠂ ᠡᠷᠡᠰ ᠪᠠᠲᠤ ᠤᠯᠤᠰ ᠲᠦᠷᠦ᠍᠎ᠶ᠋ᠢᠨ ᠵᠣᠭ᠍ᠰᠣᠯᠲᠠ ᠪᠣᠯᠤᠨ ᠵᠥᠪ ᠲᠦᠷᠦ᠍᠎ᠶ᠋ᠢᠨ ᠪᠤᠳᠤᠯᠭ᠎ᠠ ᠠᠷᠭ᠎ᠠ ᠪᠤᠳᠤᠯᠭ᠎ᠠ᠂ ᠱᠢᠨᠵᠢᠯᠡᠬᠦ᠌ ᠤᠬᠠᠭᠠᠨᠴᠢ ᠠᠷᠭ᠎ᠠ ᠪᠠᠷᠢᠯ᠎ᠢ ᠤᠶᠠᠯᠳᠤᠭᠤᠯᠵᠤ᠂ ᠤᠯᠤᠰ᠎ᠤᠨ ᠲᠦᠷᠦ᠍᠎ᠶ᠋ᠢᠨ ᠡᠷᠬᠡ᠎ᠶ᠋ᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ ᠪᠣᠯᠤᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠬᠤ ᠬᠡᠷᠡᠭ᠌ᠲᠡᠢ᠃ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠪᠦᠬᠦ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠤᠬᠠᠮᠰᠠᠷ᠎ᠢ ᠴᠢᠩᠭᠠᠳᠭᠠᠵᠤ᠂ ᠬᠢᠯᠢ ᠬᠢᠵᠠᠭᠠᠷ᠎ᠢ ᠪᠡᠬᠢᠵᠢᠭᠦᠯᠦᠨ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠪᠤᠯᠤᠳ ᠬᠡᠷᠡᠮ ᠲᠡᠮᠦᠷ ᠬᠠᠨ᠎ᠠ᠎ᠶ᠋ᠢ ᠴᠣᠭ᠍ᠴᠠᠯᠠᠬᠤ ᠭᠡᠷᠡᠭᠲᠡᠢ᠃

ᠤᠯᠤᠰ᠎ᠤᠨ ᠠᠮᠤᠷ ᠲᠦᠪᠱᠢᠨ ᠪᠣᠯ ᠤᠯᠤᠰ᠎ᠢ ᠠᠮᠤᠷᠵᠢᠭᠤᠯᠤᠨ ᠲᠦᠷᠦ ᠵᠢ ᠲᠦᠪᠱᠢᠳᠭᠡᠬᠦ᠌᠎ᠶ᠋ᠢᠨ ᠴᠢᠬᠤᠯᠠ ᠰᠠᠭᠤᠷᠢ ᠮᠥᠨ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠦᠨᠳᠦᠰᠦᠨ ᠠᠱᠢᠭ ᠲᠤᠰᠠ ᠮᠥᠨ᠃ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠣᠷᠳᠣ ᠬᠤᠭᠤᠴᠠᠭᠠᠨ᠎ᠤ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠮᠥᠨ᠂ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤ ᠥᠪᠥᠷ ᠮᠣᠩᠭᠣᠯ᠎ᠢ ᠪᠥᠲᠥᠭᠡᠨ ᠪᠠᠢᠭᠤᠯᠬᠤ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠮᠥᠨ᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠠᠮᠢ ᠨᠠᠰᠤᠨ᠎ᠤ ᠠᠮᠤᠷ ᠲᠦᠪᠱᠢᠨ᠎ᠢ ᠬᠠᠮᠠᠭᠠᠯᠠᠬᠤ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠣᠯᠠᠨ ᠨᠡᠢᠲᠡ᠎ᠶ᠋ᠢᠨ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠭᠡᠷᠡᠭᠲᠡᠢ᠃ ᠪᠥᠬᠥ᠌ ᠣᠷᠣᠨ᠎ᠤ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ᠎ᠬᠢᠨ ᠥᠪᠡᠷᠲᠡᠭᠡᠨ ᠎ᠵᠠᠰᠠᠬᠤ ᠎ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠎ᠶᠡᠬᠡ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠠᠶᠤᠯᠬᠦᠢ ᠦᠶ᠋ᠯᠡᠳᠪᠦᠷᠢᠯᠡᠯ᠎ᠦᠨ᠎ᠬᠠᠷᠢᠭᠤᠴᠠᠯᠭ᠎ᠠ᠎ᠶ᠋ᠢᠨ᠎ᠲᠦᠷᠢᠮ᠎ᠢ᠎ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ᠂ ᠠᠮᠢᠳᠤ ᠪᠣᠳᠠᠰ᠎ᠤᠨ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠢᠳᠡᠭᠡᠨ ᠪᠠ ᠡᠮ᠎ᠦᠨ ᠵᠦᠶ᠋ᠯ ᠵᠡᠷᠭᠡ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ ᠦᠶ᠋ᠯᠡᠳᠬᠦᠨ ᠪᠠ ᠦᠶ᠋ᠯᠡᠴᠢᠯᠡᠭᠡ᠎ᠳᠦ ᠬᠣᠯᠪᠣᠭ᠍ᠳᠠᠬᠤ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠵᠠᠰᠠᠬᠤ ᠱᠢᠰᠲ᠋ᠧᠮ᠎ᠦᠨ ᠪᠠᠢᠭᠤᠯᠤᠯᠲᠠ᠎ᠶ᠋ᠢ ᠠᠬᠢᠭᠤᠯᠵᠤ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠲᠠᠶ ᠲᠡᠮᠡᠴᠡᠬᠦ᠌ ᠭᠠᠮᠱᠢᠭ᠎ᠡᠴᠡ ᠠᠪᠤᠷᠬᠠᠸ᠋ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠷᠠᠳ ᠲᠦᠮᠡᠨ᠎ᠦ ᠠᠮᠤᠷ ᠠᠮᠤᠭᠤᠯᠠᠩ᠎ᠠᠵᠤ᠎ᠲᠦᠷᠦᠬᠦ᠂ ᠨᠡᠢᠭᠡᠮ᠎ᠦᠨ ᠠᠮᠤᠷ ᠲᠣᠭ᠍ᠲᠠᠭᠤᠨ᠎ᠢ ᠨᠥᠯᠥᠭᠡᠯᠡᠬᠦ᠌ ᠭᠤᠤᠯᠳᠠᠯᠭ᠎ᠠ᠎ᠲᠠᠶ ᠬᠦᠴᠢᠷ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠵᠦ᠍᠂ ᠠᠮᠢ ᠨᠠᠰᠤ᠎ᠶ᠋ᠢ ᠨᠠᠩ ᠠᠮᠤᠷ ᠲᠦᠪᠱᠢᠨ᠂ ᠠᠮᠢᠳᠤᠷᠠᠯ᠎ᠢ ᠨᠠᠩ ᠰᠠᠢᠨ ᠰᠠᠢᠬᠠᠨ ᠪᠣᠯᠭᠠᠬᠤ ᠭᠡᠷᠡᠭᠲᠡᠢ᠃

ᠠᠮᠤᠷ ᠲᠦᠪᠱᠢᠨ ᠪᠠᠢᠮᠠᠨᠵᠢᠨ ᠰᠠᠶᠢ ᠲᠣᠭ᠍ᠲᠠᠭᠤᠨ ᠪᠠᠢᠵᠤ ᠴᠢᠳᠠᠨ᠎ᠠ᠂ ᠲᠣᠭ᠍ᠲᠠᠭᠤᠨ ᠪᠠᠢᠮᠠᠨᠵᠢᠨ ᠰᠠᠶᠢ ᠬᠥᠭ᠌ᠵᠢᠵᠦ᠍ ᠴᠢᠳᠠᠨ᠎ᠠ᠃ ᠨᠡᠢᠭᠡᠮ᠎ᠦᠨ ᠲᠣᠭ᠍ᠲᠠᠭᠤᠨ ᠪᠠ ᠠᠮᠤᠷ ᠲᠦᠪᠱᠢᠨ ᠪᠣᠯ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠤᠭ᠎ᠤᠨ ᠦᠨᠳᠦᠰᠦᠨ᠂ ᠬᠠᠮᠤᠭ᠎ᠤᠨ ᠲᠦᠭᠡᠮᠡᠯ ᠬᠦᠰᠡᠯ ᠡᠷᠡᠮᠡᠯᠵᠡᠯ ᠮᠥᠨ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠶ᠋ᠢᠨ《ᠵᠠᠪᠠᠯ ᠰᠣᠩᠭᠣᠬᠤ ᠵᠦᠶ᠋ᠯ》 ᠮᠥᠨ᠃ ᠱᠢᠨ᠎ᠡ ᠴᠠᠭ ᠦᠶ᠎ᠡ᠎ᠶ᠋ᠢᠨ《ᠹᠸᠩ ᠴᠢᠶᠣᠤ᠎ᠶ᠋ᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠵᠦ᠍᠂ ᠡᠯ᠎ᠡ ᠲᠦᠷᠦᠯ᠎ᠦᠨ ᠡᠶᠡᠳᠡᠭᠦᠯᠬᠦ᠌ ᠬᠣᠯᠪᠣᠭᠠᠯᠠᠨ ᠪᠠᠢᠭᠤᠯᠬᠤ ᠬᠣᠯᠪᠣᠭᠠᠯᠠᠨ ᠵᠠᠰᠠᠬᠤ ᠬᠣᠯᠪᠣᠭᠠᠯᠠᠨ ᠵᠣᠬᠢᠴᠠᠭᠤᠯᠬᠤ ᠠᠵᠢᠯ᠎ᠢ ᠴᠢᠩᠭᠠᠳᠭᠠᠵᠤ᠂ ᠨᠡᠢᠭᠡᠮ᠎ᠦᠨ ᠰᠡᠳᠭᠢᠴᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠬᠤ ᠭᠡᠷᠡᠭᠲᠡᠢ;ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠪᠠᠨ ᠢᠯᠡᠳᠭᠡᠬᠦ᠌᠂ ᠠᠱᠢᠭ ᠲᠤᠰᠠ᠎ᠶ᠋ᠢ ᠵᠣᠬᠢᠴᠠᠭᠤᠯᠬᠤ᠂ ᠡᠷᠬᠡ ᠠᠱᠢᠭ᠎ᠢ ᠪᠠᠲᠤᠯᠠᠬᠤ ᠵᠠᠮ᠎ᠢ ᠱᠢᠯᠤᠭᠤᠳᠭᠠᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠭᠡᠷᠡᠭᠲᠡᠢ; ᠨᠡᠢᠭᠡᠮ᠎ᠦᠨ ᠲᠠᠯ᠎ᠠ᠎ᠶ᠋ᠢᠨ ᠤᠶᠤᠨᠲᠤ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤᠵᠢᠭᠤᠯᠤᠨ ᠥᠷᠨᠢᠭᠦᠯᠵᠦ᠍᠂ ᠨᠡᠢᠭᠡᠮ᠎ᠦᠨ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠱᠢᠨ᠎ᠡ ᠪᠠᠢᠷᠢᠱᠢᠯ᠎ᠢ ᠪᠤᠢ ᠪᠣᠯᠭᠠᠬᠤ ᠭᠡᠷᠡᠭᠲᠡᠢ᠃

ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠪᠡᠯ ᠰᠠᠶᠢ ᠰᠠᠢᠲᠤᠷ ᠬᠢᠵᠦ᠍ ᠴᠢᠳᠠᠮᠠᠭᠠᠢ ᠪᠦᠲᠦᠭᠡᠵᠦ᠍ ᠴᠢᠳᠠᠨ᠎ᠠ; ᠦᠨᠡᠨ ᠬᠦ᠌ ᠠᠳᠭᠤᠵᠤ ᠪᠣᠳᠠᠲᠠᠢ ᠠᠵᠢᠯᠯᠠᠪᠠᠯ ᠰᠠᠶᠢ ᠲᠠᠰᠤᠷᠠᠯᠲᠠ ᠦᠭᠡᠢ ᠤᠷᠤᠭ᠍ᠰᠢᠯᠠᠵᠤ ᠴᠢᠳᠠᠨ᠎ᠠ᠃ ᠱᠢᠨ᠎ᠡ ᠲᠡᠮᠡᠴᠡᠯ ᠤ᠋ᠨ ᠠᠶᠠᠨ᠎ᠳᠤ᠂ ᠪᠢᠳᠡ ᠨᠡᠩ ᠯᠠᠪᠳᠠᠭᠤᠨ ᠪᠠᠲᠤᠲᠠᠢ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠶ᠎ᠡ᠎ᠪᠡᠷ᠂ ᠭᠡᠷ ᠣᠷᠣᠨ᠎ᠢᠶᠠᠨ ᠰᠠᠢᠲᠤᠷ ᠰᠠᠬᠢᠨ ᠬᠠᠮᠠᠭᠠᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠢᠲᠤᠷ ᠰᠠᠬᠢᠨ ᠬᠠᠮᠠᠭᠠᠯᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠡᠩ ᠠᠮᠤᠷ ᠲᠠᠢᠪᠤᠩ ᠠᠵᠤ ᠲᠦᠷᠦᠭᠦᠯᠵᠦ᠍᠂ ᠨᠡᠢᠭᠡᠮ᠎ᠦᠨ ᠶᠡᠬᠡ ᠲᠠᠯ᠎ᠠ᠎ᠶ᠋ᠢ ᠨᠡᠩ ᠠᠮᠤᠷ ᠲᠣᠭ᠍ᠲᠠᠭᠤᠨ ᠡᠮᠬᠢ ᠳᠢᠭ᠌ᠯᠢᠮ᠎ᠲᠡᠶ ᠪᠣᠯᠭᠠᠵᠤ᠂ ᠡᠬᠡ ᠤᠯᠤᠰ᠎ᠤᠨ 《ᠤᠮᠠᠷᠠᠲᠤ ᠶᠡᠭᠡ ᠡᠭᠦᠳᠡ》᠂ ᠨᠡᠢᠰᠯᠡᠯ᠎ᠦᠨ 《ᠤᠨᠠᠭᠤᠯᠢ ᠭᠣᠣᠯ》 ᠢ᠋ ᠡᠪᠳᠡᠷᠡᠰᠢ ᠦᠭᠡᠢ ᠪᠠᠲᠤ ᠪᠡᠬᠢ ᠪᠣᠯᠭᠠᠪᠠᠯ᠂ ᠯᠠᠪᠲᠠᠢ ᠡᠬᠡ ᠤᠯᠤᠰ᠎ᠤᠨ ᠤᠮᠠᠷᠠᠲᠤ ᠬᠢᠯᠢ᠎ᠳᠦ ᠬᠠᠳᠠ ᠴᠢᠯᠠᠭᠤ ᠮᠡᠲᠦ ᠪᠠᠲᠤ ᠪᠡᠬᠢ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠴᠣᠭ᠍ᠴᠠᠯᠠᠵᠤ᠂ ᠨᠠᠮ᠎ᠤᠨ ᠲᠥᠪ ᠬᠣᠷᠢᠶ᠎ᠠ᠎ᠶ᠋ᠢ ᠰᠡᠳᠭᠢᠯ ᠠᠮᠤᠷ ᠪᠠᠢᠯᠭᠠᠵᠤ᠂ ᠠᠷᠠᠳ ᠤᠯᠠᠨ᠎ᠢ ᠰᠡᠳᠭᠢᠯ ᠠᠮᠤᠷ ᠪᠠᠢᠯᠭᠠᠵᠤ ᠴᠢᠳᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面