ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-13 10:29:47

ᠵᠣᠬᠢᠶᠠᠭ᠍ᠴᠢ᠄ ​ᠮᠧᠢ ᠭᠠᠩ ᠢᠳᠡᠷᠡᠬᠦᠨ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 12 ᠎ᠤ᠋ᠨ ᠡᠳᠦᠷ᠂ ᠰᠤᠷᠪᠤᠯᠵᠢᠯᠠᠭ᠍ᠴᠢ ᠮᠠᠨᠵᠤᠤᠷ ᠬᠤᠳᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠎ᠤᠨ᠎ᠵᠢᠯᠣᠭᠣᠳᠭᠤ ᠭᠠᠵᠠᠷ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠣᠢᠯᠠᠭᠠᠭ᠍ᠰᠠᠨ᠎ᠢᠶᠠᠷ᠂ ᠮᠠᠨᠵᠤᠤᠷ ᠬᠤᠳᠠ᠎ᠶ᠋ᠢᠨ ᠬᠢᠨ ᠠᠰᠫᠢᠷᠠᠨᠲ᠎ᠤᠨ ᠱᠢᠯᠭᠠᠯᠲᠠ᠎ᠶ᠋ᠢᠨ ᠠᠮᠤᠷ ᠲᠦᠪᠱᠢᠨ ᠤᠷᠤᠭ᠍ᠰᠢᠲᠠᠢ ᠶᠠᠪᠤᠭ᠍ᠳᠠᠬᠤ᠎ᠶ᠋ᠢ ᠪᠠᠲᠤᠯᠠᠵᠤ᠂《ᠱᠢᠯᠭᠠᠭᠤᠯᠬᠤ ᠶᠣᠰᠣᠲᠠᠢ᠎ᠶ᠋ᠢ ᠨᠢ ᠪᠦᠬᠦᠨ᠎ᠢ ᠱᠢᠯᠭᠠᠭᠤᠯᠬᠤ》 ᠵᠢ ᠪᠡᠶᠡᠯᠡᠭᠦᠯᠬᠦ ᠪᠡᠷ ᠪᠤᠢ᠃

12ᠰᠠᠷ᠎ᠠ᠎ᠶ᠋ᠢᠨ6᠎ᠤ᠋ ᠡᠳᠦᠷ᠎ᠡᠴᠡ ᠡᠬᠢᠯᠡᠨ᠂ ᠮᠠᠨᠵᠤᠤᠷ ᠬᠣᠲᠠ ᠵᠠᠭᠤᠴᠢᠯᠠᠭᠤᠷ᠎ᠢᠶᠠᠷ ᠠᠯᠪᠠᠨ ᠵᠠᠷ ᠨᠡᠢᠲᠡᠯᠡᠵᠦ᠍᠂ ᠵᠢᠷᠬᠢᠶ᠎ᠡ ᠵᠢᠨ ᠴᠤᠭ᠍ᠯᠠᠷᠠᠯ᠂ ᠬᠠᠯᠠᠮᠱᠢᠯ ᠤᠲᠠᠰᠤ ᠭᠠᠷᠭᠠᠬᠤ ᠵᠢᠴᠢ ᠬᠥᠯᠥᠨ ᠪᠣᠢᠷ᠎ᠤᠨ ᠱᠢᠯᠭᠠᠯᠲᠠ᠎ᠶ᠋ᠢᠨ ᠲᠥᠪ᠎ᠲᠡᠶ ᠮᠡᠳᠡᠭᠡ ᠵᠠᠩᠭᠢ᠎ᠶ᠋ᠢᠨ ᠬᠠᠷᠢᠴᠠᠭᠤᠯᠤᠯ ᠬᠢᠬᠦ᠌ ᠵᠡᠷᠭᠡ ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ᠂ ᠨᠡᠢᠲᠡ 669 ᠱᠢᠯᠭᠠᠭᠤᠯᠤᠭ᠍ᠴᠢ᠎ᠶ᠋ᠢ ᠳᠡᠩᠰᠡᠯᠠᠪᠠ᠃ ᠡᠭᠦᠨ᠎ᠳᠦ ᠤᠤᠯ᠎ᠤᠨ ᠱᠢᠯᠭᠠᠯᠲᠠ᠎ᠶ᠋ᠢᠨ ᠴᠡᠭ᠎ᠦᠨ ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ ᠎ᠲᠠᠬᠢ᠎ᠱᠢᠯᠭᠠᠭᠤᠯᠤᠭ᠍ᠴᠢ᠎ᠶ᠋ᠢᠨ ᠲᠣᠭ᠎ᠠ 603 ᠪᠠᠢᠵᠤ᠂ ᠤᠤᠯ᠎ᠤᠨ ᠱᠢᠯᠭᠠᠯᠲᠠ᠎ᠶ᠋ᠢᠨ ᠴᠡᠭ᠎ᠦᠨ ᠬᠠᠢᠯᠠᠷ ᠲᠣᠭᠣᠷᠢᠭ᠎ᠡᠴᠡ ᠭᠠᠳᠠᠨᠠᠬᠢ ᠭᠠᠵᠠᠷ ᠣᠷᠣᠨ (ᠣᠷᠣᠨ᠎ᠤ ᠭᠠᠳᠠᠨᠠᠬᠢ᠎ᠶ᠋ᠢ ᠪᠠᠭ᠍ᠲᠠᠭᠠᠨ᠎ᠠ)ᠤ᠋ ᠮᠠᠨᠵᠤᠤᠷ ᠬᠣᠲᠠ᠎ᠳᠤ ᠬᠤᠴᠤᠷᠭᠠᠵᠤ ᠠᠪᠤᠬᠰᠡᠨ ᠰᠢᠯᠭᠠᠭᠤᠯᠤᠬᠴᠢ 66 ᠪᠠᠢᠨ᠎ᠠ᠃

ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠨᠢᠭᠡᠨᠲᠡ ᠠᠵᠢᠯ᠎ᠤᠨ ᠲᠤᠰᠭᠠᠶ ᠠᠩᠭᠢ ᠪᠠᠢᠭᠤᠯᠵᠤ᠂ ᠰᠤᠷᠭᠠᠨ ᠬᠥᠮᠦᠵᠢᠯ᠎ᠦᠨ ᠶᠠᠮᠤᠨ ᠵᠢᠴᠢ ᠬᠣᠯᠪᠣᠭ᠍ᠳᠠᠯ ᠪᠥᠬᠥᠶ ᠮᠤᠵᠢ ᠣᠷᠣᠨ᠎ᠢ ᠢᠳᠡᠪᠬᠢᠲᠡᠶ ᠵᠣᠬᠢᠴᠠᠭᠤᠯᠤᠨ ᠭᠠᠳᠠᠷ ᠮᠤᠵᠢ(ᠦᠪᠡᠷᠳᠡᠭᠡᠨ ᠵᠠᠰᠬᠠᠤ ᠣᠷᠣᠨ ᠰᠢᠭᠤᠳ ᠬᠠᠷᠢᠶ᠎ᠡ ᠬᠣᠲᠠ)ᠶ᠋ᠢᠨ ᠱᠢᠯᠭᠠᠭᠤᠯᠤᠭ᠍ᠴᠢ᠎ᠶ᠋ᠢᠨ ᠱᠢᠯᠭᠠᠯᠲᠠ᠎ᠶ᠋ᠢᠨ ᠬᠠᠭᠤᠳᠠᠰᠤ ᠵᠢ ᠳᠠᠮᠵᠢᠭᠤᠯᠤᠨ ᠬᠦᠷᠭᠡᠬᠦ᠌ ᠠᠰᠠᠭᠤᠳᠠᠯ᠎ᠢ ᠱᠢᠶ᠋ᠳᠪᠦᠷᠢᠯᠡᠵᠦ᠍᠂ ᠡᠯ᠎ᠡ ᠵᠦᠶ᠋ᠯ᠎ᠦᠨ ᠱᠢᠯᠭᠠᠯᠲᠠ᠎ᠶ᠋ᠢᠨ ᠶᠠᠪᠤᠳᠠᠯ᠎ᠤᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠤ ᠪᠠᠢᠨ᠎ᠠ᠃

ᠥᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠥ᠂ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠨ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠥ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠪᠡᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠥ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠥ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠬᠦᠯᠵᠥ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠲᠤᠯᠠᠬᠤ》ᠠᠵᠢᠯ᠎ᠢ ᠦᠷᠭᠦᠯᠵᠢᠯᠡᠨ ᠰᠠᠢᠲᠤᠷ ᠬᠢᠵᠥ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢᠵᠢᠷᠠᠭᠤᠯᠵᠥ᠂ᠬᠣᠷᠸ᠎ᠠ ᠠᠵᠤ ᠠᠬᠤᠢ᠎ᠶ᠋ᠢᠨ ᠶᠡᠬᠡ ᠲᠠᠯ᠎ᠠ᠎ᠶ᠋ᠢ ᠬᠦᠴᠦᠯᠡᠨ ᠲᠣᠭ᠍ᠲᠠᠪᠤᠷᠢᠵᠢᠭᠤᠯᠵᠥ᠂ ᠠᠵᠤ ᠠᠬᠤᠢ᠎ᠶ᠋ᠢᠨ ᠡᠷᠬᠢᠯᠳᠠ᠎ᠢ ᠵᠣᠬᠢᠰᠲᠠᠢ ᠬᠡᠪᠴᠢᠶᠠᠨ᠎ᠳᠤ ᠪᠠᠢᠯᠭᠠᠵᠥ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠪᠠᠯ ᠪᠢᠳᠠ ᠯᠠᠪᠲᠠᠶ ᠡᠷᠡᠭᠦᠯ ᠲᠣᠭ᠍ᠲᠠᠭᠤᠨ ᠠᠵᠤ ᠠᠬᠤᠢ᠎ᠶ᠋ᠢᠨ ᠣᠷᠴᠢᠨ ᠳᠤᠭᠤᠷᠢᠨ᠂ ᠲᠦᠷᠦ᠍ ᠲᠦᠪᠱᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠣᠷᠴᠢᠨ ᠲᠣᠭᠣᠷᠢᠨ᠎ᠢ ᠪᠠᠲᠤᠯᠠᠵᠤ᠂ ᠱᠢᠯᠢᠳᠡᠭ ᠠᠮᠵᠢᠯᠳᠠ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠵᠥ ᠴᠢᠳᠠᠨ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ᠎ᠲᠥᠷᠥ᠎ᠶ᠋ᠢᠨ᠎ᠣᠢᠯᠠᠭᠠᠬᠤ᠎ᠴᠢᠳᠠᠪᠤᠷᠢ᠂ ᠤᠯᠤᠰ ᠲᠥᠷᠥ᠎ᠶ᠋ᠢᠨ ᠬᠦᠢᠴᠡᠳᠬᠡᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠪᠣᠳᠠᠲᠤ ᠠᠵᠢᠯᠯᠠᠭ᠎ᠠ ᠎ᠪᠠᠷ᠎ᠢᠶᠠᠨ ᠨᠠᠮ᠎ᠤᠨ ᠲᠥᠪ ᠬᠣᠷᠢᠶᠠᠨ᠎ᠤ᠎ᠱᠢᠶ᠋ᠳᠪᠦᠷᠢᠲᠦ᠎ᠪᠣᠳᠣᠯᠭ᠎ᠠ᠎ᠪᠠᠢᠷᠢᠯᠠᠭᠤᠯᠤᠯᠲᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠵᠤ᠂ ᠱᠢᠨ᠎ᠡ᠎ᠴᠠᠭ᠎ᠦᠶ᠎ᠡ᠎ᠶ᠋ᠢᠨ᠎ᠳᠤᠮᠳᠠᠳᠤ᠎ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠶ᠋ᠯᠡᠰ᠎ᠢ ᠲᠠᠰᠤᠷᠠᠯᠲᠠ ᠥᠬᠡᠶ ᠤᠷᠤᠭ᠍ᠰᠢ ᠠᠬᠢᠭᠤᠯᠰᠤᠭᠠᠢ᠃

(ᠱᠢᠨᠬᠤᠸᠠ ᠬᠣᠷᠢᠶᠠᠨ᠎ᠤ ᠪᠡᠭᠡᠵᠢᠩ᠎ᠦᠨ12 ᠰᠠᠷ᠎ᠠ᠎ᠶ᠋ᠢᠨ11᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面